ᠵᠢᠦ ᠶᠤᠸᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠬᠤᠷᠢᠨᠭᠡᠷ ᠲᠣᠮᠢᠯᠠᠭᠰᠠᠨ ᠰᠠᠯᠪᠤᠷᠢ ᠭᠠᠭᠴᠠᠭᠠᠷ ᠰᠠᠭᠤᠭ᠎ᠠ ᠨᠠᠰᠤᠲᠠᠨ ᠳᠤ ᠭᠡᠷᠡᠴᠢ ᠬᠦᠷᠭᠡᠵᠦ ᠥᠭᠪᠡ
ᠨᠡᠶᠢᠲᠡᠯᠡᠭᠰᠡᠨ ᠴᠠᠭ᠄
2023/12/26
C:\Users\Administrator\Desktop\新闻照片\图片1(1).jpg
    ᠣᠶᠢᠷ᠎ᠠ ᠳᠤ᠂ ᠵᠢᠦ ᠶᠤᠸᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠬᠤᠷᠢᠨᠭᠡᠷ ᠲᠣᠮᠢᠯᠠᠭᠰᠠᠨ ᠰᠠᠯᠪᠤᠷᠢ ᠶᠢᠨ ᠲᠤᠰᠠᠯᠠᠭᠴᠢ ᠴᠠᠭᠳᠠᠭ᠎ᠠ ᠲᠣᠰᠬᠤᠨ ᠳᠤ ᠰᠠᠭᠤᠭ᠎ᠠ ᠡᠷᠦᠬᠡ ᠳᠤ ᠬᠦᠷᠴᠦ ᠬᠢᠨᠠᠨ ᠪᠠᠶᠢᠴᠠᠭᠠᠬᠤ ᠦᠶ᠎ᠡ ᠳᠤ ᠨᠢᠭᠡ ᠭᠠᠭᠴᠠᠭᠠᠷ ᠰᠠᠭᠤᠭ᠎ᠠ ᠨᠠᠰᠤᠲᠠᠨ ᠪᠠᠶᠢᠬᠤ ᠶᠢ ᠣᠯᠵᠤ ᠮᠡᠳᠡᠵᠡᠶ᠃ ᠡᠷᠦᠬᠡ ᠠᠮᠠ ᠶᠢᠨ ᠳᠡᠪᠲᠡᠷ ᠨᠢ ᠬᠡᠲᠦᠷᠬᠡᠶ ᠤᠷᠲᠤ ᠬᠤᠭᠤᠴᠠᠭ᠎ᠠ ᠬᠡᠷᠡᠭᠯᠡᠭᠰᠡᠨ ᠠᠴᠠ ᠪᠣᠯᠵᠤ ᠲᠡᠭᠦᠨ ᠤ ᠳᠡᠭᠡᠷᠡᠬᠢ ᠦᠰᠦᠭ ᠤᠨ ᠲᠢᠭ ᠨᠢ ᠡᠯᠡᠭᠳᠡᠭᠡᠳ ᠲᠣᠳᠣᠷᠬᠠᠶ ᠬᠠᠷᠠᠭᠳᠠᠬᠤ ᠦᠭᠡᠶ ᠪᠣᠯᠵᠠᠶ᠃ ᠬᠤᠷᠢᠨᠭᠡᠷ ᠲᠣᠮᠢᠯᠠᠭᠰᠠᠨ ᠰᠠᠯᠪᠤᠷᠢ ᠶᠢᠨ ᠲᠣᠰᠬᠤᠨ ᠳᠤ ᠰᠠᠭᠤᠭ᠎ᠠ ᠨᠠᠰᠤᠲᠠᠨ ᠤ ᠬᠥᠳᠡᠯᠵᠦ ᠪᠠᠷᠢᠬᠤ ᠳᠤ ᠳᠥᠭᠦᠮ ᠦᠭᠡᠢ ᠪᠠᠶᠢᠬᠤ ᠶᠢ ᠦᠵᠡᠭᠡᠳ ᠰᠠᠨᠠᠭᠠᠴᠢᠯᠠᠭ᠎ᠠ ᠠᠴᠠ ᠪᠠᠨ ᠲᠣᠮᠢᠯᠠᠭᠰᠠᠨ ᠰᠠᠯᠪᠤᠷᠢ ᠳᠤ ᠣᠴᠢᠵᠤ ᠰᠢᠨ᠎ᠡ ᠡᠷᠦᠬᠡ ᠠᠮᠠ ᠶᠢᠨ ᠳᠡᠪᠲᠡᠷ ᠰᠣᠯᠢᠵᠤ ᠥᠭᠬᠦ ᠪᠠᠷ ᠳᠤᠷᠠᠳᠤᠭᠰᠠᠨ ᠪᠥᠭᠡᠳ ᠨᠠᠰᠤᠲᠠᠨ ᠳᠤ᠄ ︽ᠡᠷᠦᠬᠡ ᠠᠮᠠ ᠶᠢᠨ ᠳᠡᠪᠲᠡᠷ ᠢ ᠰᠢᠨ᠎ᠡ ᠪᠠᠷ ᠰᠣᠯᠢᠭᠰᠠᠨ ᠤ ᠳᠠᠷᠠᠭ᠎ᠠ ᠪᠢ ᠲᠠᠨ ᠳᠤ ᠬᠦᠷᠭᠡᠵᠦ ᠥᠭᠭᠦᠶ᠎ᠡ᠂ ᠬᠦᠴᠢᠷᠳᠡᠯ ᠲᠠᠢ ᠪᠣᠯ ᠪᠢᠳᠡᠨ ᠲᠠᠢ ᠬᠠᠷᠢᠯᠴᠠᠬᠤ ᠳᠤ ᠭᠦᠷᠪᠡᠯ ᠪᠢᠳᠡ ᠬᠡᠷ ᠲᠤᠨᠢ ᠣᠴᠢᠵᠤ ᠦᠢᠯᠡᠴᠢᠯᠡᠵᠦ ᠪᠣᠯᠤᠨ᠎ᠠ︾ ᠭᠡᠵᠦ ᠵᠠᠬᠢᠪᠠ᠃ ᠳᠠᠷᠠᠭ᠎ᠠ ᠡᠳᠦᠷ ᠤᠨ ᠬᠢᠨᠢ ᠬᠠᠷ᠎ᠠ ᠥᠷᠯᠥᠭᠡ᠂ ᠲᠣᠮᠢᠯᠠᠭᠰᠠᠨ ᠰᠠᠯᠪᠤᠷᠢ ᠶᠢᠨ ᠲᠣᠰᠬᠤᠨ ᠳᠤ ᠰᠠᠭᠤᠭ᠎ᠠ ᠲᠤᠰᠠᠯᠠᠬᠤ ᠴᠠᠭᠳᠠᠭ᠎ᠠ ᠡᠷᠦᠬᠡ ᠠᠮᠠ ᠶᠢᠨ ᠳᠡᠪᠲᠡᠷ ᠢᠶᠠᠨ ᠠᠪᠴᠤ᠂ ᠳᠡᠭᠡᠷᠡᠬᠢ ᠭᠡᠷ ᠤᠨ ᠬᠠᠶ᠋ᠢᠭ ᠢ ᠦᠨᠳᠦᠰᠦᠯᠡᠨ ᠨᠠᠰᠤᠲᠠᠨ ᠤ ᠭᠡᠷ ᠲᠤ ᠬᠦᠷᠴᠦ ᠢᠷᠡᠪᠡ᠃ ᠡᠪᠦᠭᠡᠨ ᠡᠷᠦᠬᠡ ᠠᠮᠠ ᠶᠢᠨ ᠳᠡᠪᠲᠡᠷ ᠢᠶᠠᠨ ᠪᠠᠷᠢᠭᠠᠳ ᠶᠡᠭᠡ ᠪᠠᠶᠠᠷᠯᠠᠵᠤ᠂ ᠴᠠᠭᠳᠠᠭ᠎ᠠ ᠶᠢᠨ ᠭᠠᠷ ᠢ ᠠᠳᠬᠤᠨ ᠵᠠᠯᠭᠠᠭ᠎ᠠ ᠪᠠᠷ ᠲᠠᠯᠠᠷᠬᠠᠪᠠ᠃ ᠤᠤᠯ ᠨᠢ᠂ ᠨᠠᠰᠤᠲᠠᠨ ᠰᠢᠨ᠎ᠡ ᠡᠷᠦᠬᠡ ᠠᠮᠠ ᠶᠢᠨ ᠳᠡᠪᠲᠡᠷ ᠢᠶᠠᠷ ᠲᠤᠬᠠᠶᠢᠯᠠᠭᠰᠠᠨ ᠠᠵᠢᠯ ᠢᠶᠠᠨ ᠭᠦᠢᠴᠡᠳᠭᠡᠬᠦ ᠴᠢᠬᠤᠯᠠᠲᠠᠶ ᠪᠠᠶᠢᠵᠠᠶ᠂ ᠵᠢᠯ ᠬᠤᠭᠤᠴᠠᠭ᠎ᠠ ᠨᠢ ᠬᠡᠲᠦ ᠣᠷᠳᠣ᠂ ᠥᠰᠥᠭ ᠤᠨ ᠲᠢᠭ ᠨᠢ ᠪᠠᠯᠠᠷᠬᠠᠶ ᠤᠴᠢᠷ ᠠᠴᠠ ᠡᠷᠦᠬᠡ ᠠᠮᠠ ᠶᠢᠨ ᠳᠡᠪᠲᠡᠷ ᠲᠠᠬᠢ ᠮᠡᠳᠡᠭᠡ ᠵᠠᠩᠭᠢ ᠶᠢ ᠲᠣᠳᠣᠷᠬᠠᠶ ᠣᠯᠵᠤ ᠦᠵᠡᠬᠦ ᠥᠬᠡᠶ᠂ ᠡᠷᠦᠬᠡ ᠠᠮᠠ ᠶᠢᠨ ᠳᠡᠪᠲᠡᠷ ᠢ ᠶᠠᠭᠠᠬᠢᠵᠤ ᠭᠦᠢᠴᠡᠳᠭᠡᠬᠦ ᠶᠢ ᠴᠦ ᠮᠡᠳᠡᠬᠦ ᠥᠬᠡᠶ ᠪᠠᠶᠢᠵᠤ᠂ ᠤᠤᠯ ᠨᠢ ᠲᠣᠮᠢᠯᠠᠭᠰᠠᠨ ᠰᠠᠯᠪᠤᠷᠢ ᠳᠤ ᠣᠴᠢᠵᠤ ᠯᠠᠪᠯᠠᠨ ᠠᠰᠠᠭᠤᠶ᠎ᠠ ᠭᠡᠵᠦ ᠪᠤᠳᠤᠵᠤ ᠪᠠᠶᠢᠭᠰᠠᠨ ᠪᠣᠯᠪᠠᠴᠤ ᠬᠥᠯ ᠭᠠᠷ ᠨᠢ ᠳᠥᠭᠦᠮ ᠦᠭᠡᠢ ᠪᠠᠶᠢᠵᠤ᠂ ᠠᠷᠭ᠎ᠠ ᠪᠤᠰᠤ ᠬᠤᠶᠢᠰᠢᠯᠠᠭᠤᠯᠤᠭᠰᠠᠭᠠᠷ ᠢᠷᠡᠵᠡᠶ᠃ ᠲᠡᠷᠡ ᠶᠠᠭ ᠰᠠᠨᠠᠭ᠎ᠠ ᠵᠣᠪᠠᠵᠤ ᠪᠠᠶᠢᠭᠰᠠᠨ ᠦᠶ᠎ᠡ ᠳᠤ ᠴᠠᠭᠳᠠᠭ᠎ᠠ ᠨᠥᠬᠦᠷ ᠢ ᠬᠡᠷ ᠲᠤᠨᠢ ᠬᠦᠷᠭᠡᠵᠦ ᠥᠭᠬᠦ ᠶᠢ ᠪᠤᠳᠤᠭ᠎ᠠ ᠥᠬᠡᠶ ᠪᠠᠶᠢᠯ᠎ᠠ᠃    ᠠᠷᠠᠳ ᠲᠦᠮᠡᠨ ᠬᠦᠰᠡᠯ ᠱᠠᠭᠠᠷᠳᠠᠯᠭ᠎ᠠ ᠲᠠᠢ ᠪᠣᠯᠪᠠᠰᠤ ᠪᠢᠳᠡ ᠬᠠᠷᠢᠭᠤ ᠳᠤᠰᠬᠠᠯ ᠲᠠᠢ᠂ ᠠᠷᠠᠳ ᠲᠦᠮᠡᠨ ᠬᠡᠷᠡᠭᠴᠡᠭᠡ ᠲᠠᠢ ᠪᠣᠯᠪᠠᠰᠤ ᠪᠢ ᠦᠢᠯᠡᠰ ᠪᠦᠲᠦᠭᠡᠮᠦᠶ᠃ ᠵᠢᠤ ᠶᠤᠸᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠬᠢᠨ ᠢᠮᠠᠭᠲᠠ ᠤᠯᠠᠨ ᠲᠦᠮᠡᠨ ᠤ ︽ᠪᠠᠴᠢᠮᠳᠠᠬᠤ ᠳᠤ ᠬᠦᠴᠢᠷᠳᠡᠬᠦ ᠳᠤ ᠵᠣᠪᠠᠭ᠋ᠤ︾ ᠠᠰᠠᠭᠤᠳᠠᠯ ᠢ ᠰᠢᠢᠳᠪᠦᠷᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠤᠨ ᠠᠮᠢᠳᠤᠷᠠᠯ ᠤᠨ ᠪᠠᠭ᠎ᠠ ᠶᠠᠪᠤᠳᠠᠯ ᠢ ᠬᠠᠯᠠᠮᠵᠢᠯᠠᠬᠤ ᠶᠢ ᠪᠠᠷᠢᠮᠲᠠᠯᠠᠵᠤ᠂ ᠤᠯᠠᠨ ᠲᠦᠮᠡᠨ ᠳᠤ ᠬᠠᠯᠠᠭᠤᠨ ᠳᠣᠲᠣᠨᠣ ᠠᠷᠠᠳ ᠲᠤ ᠲᠦᠬᠦᠮ ᠦᠵᠡᠭᠦᠯᠬᠦ ᠦᠢᠯᠡᠴᠢᠯᠡᠭᠡ ᠬᠠᠩᠭᠠᠵᠤ᠂ ᠠᠷᠠᠳ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠶᠢ ᠠᠷᠠᠳ ᠲᠦᠮᠡᠨ ᠳᠤ ᠦᠢᠯᠡᠴᠢᠯᠡᠭᠦᠯᠬᠦ ᠶᠢ ᠦᠨᠡᠨᠬᠦ ᠪᠡᠶᠡᠯᠡᠭᠦᠯᠦᠨ᠎ᠡ᠃   
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号