︽ᠰᠢ ᠶᠢᠨ ᠫᠢᠩ ︿ᠨᠢᠭᠡ ᠪᠦᠰᠡ ᠨᠢᠭᠡ ᠵᠠᠮ﹀᠎ ᠤᠨ ᠲᠤᠬᠠᠢ ᠶᠠᠷᠢᠭᠰᠠᠨ ᠨᠢ ︵2023 ᠣᠨ ᠤ ᠬᠡᠪᠯᠡᠯ︶︾ ᠭᠡᠬᠦ ᠨᠣᠮ ᠢ ᠬᠡᠪᠯᠡᠨ ᠲᠠᠷᠬᠠᠭᠠᠪᠠ
ᠨᠡᠶᠢᠲᠡᠯᠡᠭᠰᠡᠨ ᠴᠠᠭ᠄
2023/12/26
    ᠰᠢᠨᠬᠤᠸᠠ ᠬᠤᠷᠢᠶ᠎ᠠ ᠶᠢᠨ ᠪᠡᠭᠡᠵᠢᠩ ᠤᠨ 12 ᠰᠠᠷ᠎ᠠ ᠶᠢᠨ 24᠎ ᠤ ᠴᠠᠭᠢᠯᠭᠠᠨ ᠮᠡᠳᠡᠭᠡ ᠨᠠᠮ ᠤᠨ ᠲᠥᠪ ᠬᠤᠷᠢᠶ᠎ᠠ ᠶᠢᠨ ᠨᠠᠮ ᠤᠨ ᠲᠡᠦᠬᠡ ᠪᠠ ᠲᠤᠯᠭᠤᠷ ᠪᠢᠴᠢᠭ ᠤᠨ ᠰᠤᠳᠤᠯᠭᠠᠨ ᠤ ᠬᠦᠷᠢᠶᠡᠯᠡᠩ ᠤᠨ ᠨᠠᠶᠢᠷᠠᠭᠤᠯᠤᠭᠰᠠᠨ ︽ᠰᠢ ᠶᠢᠨ ᠫᠢᠩ ︿ᠨᠢᠭᠡ ᠪᠦᠰᠡ ᠨᠢᠭᠡ ᠵᠠᠮ﹀᠎ ᠤᠨ ᠲᠤᠬᠠᠢ ᠶᠠᠷᠢᠭᠰᠠᠨ ᠨᠢ ︵2023 ᠣᠨ ᠤ ᠬᠡᠪᠯᠡᠯ︶︾ ᠭᠡᠬᠦ ᠨᠣᠮ ᠢ ᠣᠶᠢᠷ᠎ᠠ ᠳᠤ ᠲᠥᠪ ᠤᠨ ᠲᠤᠯᠭᠤᠷ ᠪᠢᠴᠢᠭ ᠤᠨ ᠬᠡᠪᠯᠡᠯ ᠤᠨ ᠬᠤᠷᠢᠶ᠎ᠠ ᠠᠴᠠ ᠬᠡᠪᠯᠡᠭᠦᠯᠵᠦ᠂ ᠪᠦᠭᠦ ᠤᠯᠤᠰ ᠲᠤ ᠲᠠᠷᠬᠠᠭᠠᠪᠠ᠃    ᠡᠨᠡ ᠬᠦ ᠲᠤᠰᠬᠠᠢ ᠰᠡᠳᠦᠪᠲᠦ ᠵᠣᠬᠢᠶᠠᠯ ᠤᠨ ᠲᠡᠭᠦᠪᠦᠷᠢ ᠳᠤ ᠰᠢ ᠶᠢᠨ ᠫᠢᠩ ᠨᠥᠬᠦᠷ ᠤᠨ 2013 ᠣᠨ ᠤ 9 ᠰᠠᠷ᠎ᠠ ᠠᠴᠠ 2023 ᠣᠨ ᠤ 11 ᠰᠠᠷ᠎ᠠ ᠪᠤᠯᠲᠠᠯᠠᠭᠢ ᠬᠤᠭᠤᠴᠠᠭᠠᠨ ᠳᠠᠬᠢ ︽ᠨᠢᠭᠡ ᠪᠦᠰᠡ ᠨᠢᠭᠡ ᠵᠠᠮ︾᠎ ᠢ ᠬᠠᠮᠲᠤ ᠪᠠᠷ ᠪᠦᠲᠦᠭᠡᠨ ᠪᠠᠶᠢᠭᠤᠯᠬᠤ ᠲᠤᠬᠠᠢ 78 ᠴᠢᠬᠤᠯᠠ ᠵᠣᠬᠢᠶᠠᠯ ᠢ ᠣᠷᠣᠭᠤᠯᠵᠠᠢ᠃    ︽ᠨᠢᠭᠡ ᠪᠦᠰᠡ ᠨᠢᠭᠡ ᠵᠠᠮ︾᠎ ᠢ ᠬᠠᠮᠲᠤ ᠪᠠᠷ ᠪᠦᠲᠦᠭᠡᠨ ᠪᠠᠶᠢᠭᠤᠯᠬᠤ ᠨᠢ ᠳᠤᠮᠳᠠᠳᠤ ᠤᠯᠤᠰ ᠠᠴᠠ ᠢᠷᠡᠯᠲᠡ ᠲᠠᠢ᠂ ᠦᠷ᠎ᠡ ᠪᠦᠲᠦᠭᠡᠯ ᠪᠠ ᠠᠵᠠ ᠲᠣᠭᠢᠶᠠᠯ ᠨᠢ ᠳᠡᠯᠡᠬᠡᠢ ᠳ᠋ᠠᠬᠢᠨ ᠳᠤ ᠬᠠᠷᠢᠶᠠᠯᠠᠭᠳᠠᠨ᠎ᠠ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ︽ᠨᠢᠭᠡ ᠪᠦᠰᠡ ᠨᠢᠭᠡ ᠵᠠᠮ︾᠎ ᠢ ᠬᠠᠮᠲᠤ ᠪᠠᠷ ᠪᠦᠲᠦᠭᠡᠨ ᠪᠠᠶᠢᠭᠤᠯᠬᠤ ᠰᠠᠨᠠᠭᠠᠴᠢᠯᠠᠭ᠎ᠠ ᠶᠢ ᠪᠦᠲᠦᠭᠡᠯᠴᠢ ᠴᠢᠨᠠᠷᠲᠠᠢ ᠪᠠᠷ ᠳᠤᠷᠠᠳᠴᠤ᠂ ᠡᠯ᠎ᠡ ᠤᠯᠤᠰ ᠤᠨ ᠠᠷᠠᠳ ᠲᠦᠮᠡᠨ ᠤ ᠡᠩᠬᠡ ᠲᠠᠶᠢᠪᠤᠩ ᠪᠣᠯᠣᠨ ᠬᠥᠭᠵᠢᠯᠲᠡ ᠶᠢ ᠬᠥᠭᠡᠭᠡᠴᠡᠯᠳᠦᠬᠦ ᠬᠠᠮᠲᠤ ᠶᠢᠨ ᠬᠦᠰᠡᠯ ᠵᠡᠭᠦᠳᠦ ᠳᠤ ᠠᠩᠬᠠᠷᠤᠯ ᠢᠶᠠᠨ ᠬᠠᠨᠳᠤᠭᠤᠯᠵᠤ᠂ ᠳᠡᠯᠡᠬᠡᠢ ᠳ᠋ᠠᠬᠢᠨ ᠳᠤ ᠳᠣᠷᠣᠨᠠᠳᠠᠬᠢᠨ ᠤ ᠤᠶᠤᠨ ᠤᠬᠠᠭᠠᠨ ᠢᠶᠠᠷ ᠪᠢᠯᠬᠠᠭᠰᠠᠨ ᠬᠠᠮᠲᠤ ᠪᠠᠷ ᠴᠡᠴᠡᠭᠯᠡᠨ ᠬᠥᠭᠵᠢᠬᠦ ᠨᠢᠭᠡᠨ ᠲᠥᠰᠥᠯ ᠢ ᠬᠠᠩᠭᠠᠵᠤ᠂ ᠳᠡᠯᠡᠬᠡᠢ ᠨᠡᠶᠢᠭᠡᠮ ᠢᠯᠠᠩᠭᠤᠶ᠎ᠠ ᠬᠠᠮᠲᠤ ᠪᠠᠷ ᠪᠦᠲᠦᠭᠡᠨ ᠪᠠᠶᠢᠭᠤᠯᠬᠤ ᠤᠯᠤᠰ ᠤᠨ ᠢᠳᠡᠪᠬᠢᠲᠡᠢ ᠴᠤᠤᠷᠢᠶᠠᠲᠤᠯ ᠢ ᠣᠯᠵᠠᠢ᠃ ︽ᠨᠢᠭᠡ ᠪᠦᠰᠡ ᠨᠢᠭᠡ ᠵᠠᠮ︾᠎ ᠢ ᠬᠠᠮᠲᠤ ᠪᠠᠷ ᠪᠦᠲᠦᠭᠡᠨ ᠪᠠᠶᠢᠭᠤᠯᠬᠤ ᠨᠢ ᠬᠠᠮᠲᠤ ᠪᠠᠷ ᠵᠥᠪᠳᠡᠯᠴᠡᠬᠦ ᠬᠠᠮᠲᠤ ᠪᠠᠷ ᠪᠠᠶᠢᠭᠤᠯᠬᠤ ᠬᠠᠮᠲᠤ ᠪᠠᠷ ᠡᠳ᠋ᠯᠡᠬᠦ ᠶᠢ ᠪᠠᠷᠢᠮᠲᠠᠯᠠᠵᠤ᠂ ᠠᠳᠠᠯᠢ ᠪᠤᠰᠤ ᠪᠣᠯᠪᠠᠰᠤᠨ᠂ ᠰᠣᠶᠣᠯ᠂ ᠨᠡᠶᠢᠭᠡᠮ ᠤᠨ ᠪᠠᠶᠢᠭᠤᠯᠤᠯ᠂ ᠬᠥᠭᠵᠢᠯᠲᠡ ᠶᠢᠨ ᠱᠠᠲᠤᠨ ᠤ ᠵᠥᠷᠢᠶ᠎ᠡ ᠶᠢ ᠳᠠᠪᠠᠵᠤ᠂ ᠡᠯ᠎ᠡ ᠤᠯᠤᠰ ᠤᠨ ᠶᠠᠪᠤᠯᠴᠠᠭᠠᠨ ᠤ ᠰᠢᠨ᠎ᠡ ᠵᠠᠮ ᠢ ᠨᠡᠭᠡᠭᠡᠵᠦ᠂ ᠤᠯᠠᠨ ᠤᠯᠤᠰ ᠤᠨ ᠬᠠᠮᠲᠤᠷᠠᠯᠴᠠᠭᠠᠨ ᠤ ᠰᠢᠨ᠎ᠡ ᠪᠦᠳᠦᠭᠦᠪᠴᠢ ᠲᠥᠰᠥᠪ ᠢ ᠪᠠᠶᠢᠭᠤᠯᠵᠤ᠂ ᠬᠥᠮᠥᠨ ᠲᠥᠷᠥᠯᠬᠢᠲᠡᠨ ᠤ ᠬᠠᠮᠲᠤ ᠶᠢᠨ ᠬᠥᠭᠵᠢᠯᠲᠡ ᠶᠢᠨ ᠬᠠᠮᠤᠭ ᠤᠨ ᠶᠡᠭᠡ ᠶᠡᠷᠦᠩᠬᠡᠢ ᠬᠤᠷᠢᠶᠠᠭᠴᠢ ᠲᠤᠭ᠎ᠠ ᠶᠢ ᠲᠥᠪᠯᠡᠷᠡᠭᠦᠯᠵᠦ᠂ ᠥᠷᠭᠡᠨ ᠬᠦᠷᠢᠶᠡᠯᠡᠯ ᠢ ᠣᠯᠣᠭᠰᠠᠨ ᠪᠦᠭᠦ ᠪᠥᠮᠪᠥᠷᠴᠡᠭ ᠤᠨ ᠤᠯᠠᠨ ᠨᠡᠶᠢᠲᠡ ᠶᠢᠨ ᠦᠢᠯᠡᠳᠬᠦᠨ ᠪᠠ ᠤᠯᠠᠨ ᠤᠯᠤᠰ ᠤᠨ ᠬᠠᠮᠲᠤᠷᠠᠯᠴᠠᠭᠠᠨ ᠤ ᠲᠠᠪᠴᠠᠩ ᠪᠣᠯᠵᠤ᠂ ᠬᠠᠮᠲᠤ ᠪᠠᠷ ᠪᠦᠲᠦᠭᠡᠨ ᠪᠠᠶᠢᠭᠤᠯᠬᠤ ᠤᠯᠤᠰ ᠤᠨ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ᠶᠢ ᠪᠡᠶᠡᠯᠡᠭᠦᠯᠵᠦ᠂ ᠳᠡᠯᠡᠬᠡᠢ ᠶᠢᠨ ᠡᠯ᠎ᠡ ᠤᠯᠤᠰ ᠤᠨ ᠬᠥᠭᠵᠢᠯᠲᠡ ᠳᠤ ᠰᠢᠨ᠎ᠡ ᠠᠵᠠ ᠲᠣᠭᠢᠶᠠᠯ ᠬᠠᠩᠭᠠᠭᠰᠠᠨ ᠢᠶᠠᠷ ᠪᠠᠷᠠᠬᠤ ᠦᠭᠡᠢ ᠪᠠᠰᠠ ᠳᠤᠮᠳᠠᠳᠤ ᠤᠯᠤᠰ ᠤᠨ ᠨᠡᠭᠡᠭᠡᠯᠲᠡᠲᠤ ᠬᠥᠭᠵᠢᠯᠲᠡ ᠳᠤ ᠰᠢᠨ᠎ᠡ ᠣᠷᠣᠨ ᠵᠠᠢ ᠶᠢ ᠨᠡᠭᠡᠭᠡᠵᠦ ᠥᠭᠴᠡᠢ᠃ ︽ᠨᠢᠭᠡ ᠪᠦᠰᠡ ᠨᠢᠭᠡ ᠵᠠᠮ︾᠎ ᠢ ᠬᠠᠮᠲᠤ ᠪᠠᠷ ᠪᠦᠲᠦᠭᠡᠨ ᠪᠠᠶᠢᠭᠤᠯᠬᠤ ᠨᠢ ᠲᠡᠦᠬᠡ ᠶᠢᠨ ᠵᠥᠪ ᠲᠠᠯ᠎ᠠ ᠳᠤ ᠵᠣᠭᠰᠣᠵᠤ᠂ ᠴᠠᠭ ᠦᠶ᠎ᠡ ᠶᠢᠨ ᠲᠠᠪᠰᠢᠯᠳᠠ ᠶᠢᠨ ᠯᠣᠭᠢᠭ ᠲᠠᠢ ᠨᠡᠶᠢᠴᠡᠵᠦ᠂ ᠬᠥᠮᠥᠨ ᠤ ᠶᠢᠷᠲᠢᠨᠴᠦ ᠶᠢᠨ ᠵᠥᠪ ᠵᠠᠮ ᠢᠶᠠᠷ ᠵᠠᠮᠨᠠᠭᠰᠠᠨ ᠢ ᠪᠣᠳᠠᠲᠤ ᠶᠠᠪᠤᠳᠠᠯ ᠭᠡᠷᠡᠴᠢᠯᠡᠪᠡ᠃ ᠰᠢ ᠶᠢᠨ ᠫᠢᠩ ᠨᠥᠬᠦᠷ ︽ᠨᠢᠭᠡ ᠪᠦᠰᠡ ᠨᠢᠭᠡ ᠵᠠᠮ︾᠎ ᠢ ᠬᠠᠮᠲᠤ ᠪᠠᠷ ᠪᠦᠲᠦᠭᠡᠨ ᠪᠠᠶᠢᠭᠤᠯᠬᠤ ᠶᠢᠨ ᠵᠢᠯᠤᠭᠤᠳᠬᠤ ᠵᠠᠷᠴᠢᠮ᠂ ᠪᠠᠶᠠᠯᠢᠭ ᠠᠭᠤᠯᠤᠭᠳᠠᠬᠤᠨ᠂ ᠬᠠᠷᠠᠯᠲᠠ ᠠᠷᠭ᠎ᠠ ᠵᠠᠮ ᠵᠡᠷᠭᠡ ᠶᠢᠨ ᠲᠤᠬᠠᠢ ᠭᠦᠨᠵᠡᠭᠡᠢ ᠲᠣᠳᠣᠷᠬᠠᠶᠢᠯᠠᠨ ᠥᠭᠦᠯᠡᠭᠰᠡᠨ ᠨᠢ ︽ᠨᠢᠭᠡ ᠪᠦᠰᠡ ᠨᠢᠭᠡ ᠵᠠᠮ︾᠎ ᠤᠨ ᠤᠯᠠᠨ ᠤᠯᠤᠰ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ᠂ ︽ᠨᠢᠭᠡ ᠪᠦᠰᠡ ᠨᠢᠭᠡ ᠵᠠᠮ︾᠎ ᠢ ᠬᠠᠮᠲᠤ ᠪᠠᠷ ᠴᠢᠨᠠᠷ ᠰᠠᠶᠢᠲᠠᠢ ᠪᠦᠲᠦᠭᠡᠨ ᠪᠠᠶᠢᠭᠤᠯᠬᠤ ᠶᠢ ᠯᠠᠪᠳᠠᠭᠤᠨ ᠪᠠᠲᠤᠲᠠᠢ ᠠᠬᠢᠭᠤᠯᠬᠤ᠂ ᠳᠡᠯᠡᠬᠡᠢ ᠶᠢᠨ ᠡᠯ᠎ᠡ ᠤᠯᠤᠰ ᠤᠨ ᠣᠳᠣᠬᠢᠴᠢᠯᠠᠯᠲᠠ ᠶᠢ ᠪᠡᠶᠡᠯᠡᠭᠦᠯᠬᠦ ᠶᠢ ᠠᠬᠢᠭᠤᠯᠬᠤ᠂ ᠨᠡᠭᠡᠭᠡᠯᠲᠡᠲᠡᠢ ᠪᠠᠭᠲᠠᠭᠠᠮᠵᠢᠲᠠᠢ᠂ ᠬᠤᠯᠪᠣᠯᠳᠤᠨ ᠨᠡᠪᠲᠡᠷᠡᠯᠴᠡᠬᠦ᠂ ᠬᠠᠮᠲᠤ ᠪᠠᠷ ᠬᠥᠭᠵᠢᠬᠦ ᠳᠡᠯᠡᠬᠡᠢ ᠶᠢᠷᠲᠢᠨᠴᠦ ᠶᠢ ᠪᠦᠲᠦᠭᠡᠨ ᠪᠠᠶᠢᠭᠤᠯᠬᠤ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠬᠤ ᠳᠤ ᠲᠦᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃   
 
ᠢᠷᠡᠯᠲᠡ᠄ ᠦᠪᠦᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号