ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠬᠤᠷᠠᠩᠳᠠ ᠭᠧᠨᠧᠷᠠᠯ ᠤᠨ ᠴᠡᠷᠢᠭ ᠤᠨ ᠴᠣᠯᠠ ᠳᠤ ᠳᠡᠪᠰᠢᠭᠦᠯᠬᠦ ᠶᠣᠰᠣᠯᠠᠯ ᠶᠠᠪᠤᠭᠤᠯᠪᠠ ᠰᠢ ᠶᠢᠨ ᠫᠢᠩ ᠵᠠᠷᠯᠢᠭ ᠤᠨ ᠪᠢᠴᠢᠭ ᠭᠠᠷᠳᠠᠭᠤᠯᠤᠭᠰᠠᠨ ᠪᠥᠭᠡᠳ ᠴᠣᠯᠠ ᠳᠤ ᠳᠡᠪᠰᠢᠭᠰᠡᠨ ᠣᠹᠢᠼᠧᠷ ᠲᠤ ᠪᠠᠶᠠᠷ ᠬᠦᠷᠭᠡᠵᠡᠢ
ᠨᠡᠶᠢᠲᠡᠯᠡᠭᠰᠡᠨ ᠴᠠᠭ᠄
2023/12/26
    ᠰᠢᠨᠬᠤᠸᠠ ᠬᠤᠷᠢᠶ᠎ᠠ ᠶᠢᠨ ᠪᠡᠭᠡᠵᠢᠩ ᠤᠨ 12 ᠰᠠᠷ᠎ᠠ ᠶᠢᠨ 25᠎ ᠤ ᠴᠠᠬᠢᠯᠭᠠᠨ ᠮᠡᠳᠡᠭ᠊᠎ᠡ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠬᠤᠷᠠᠩᠳᠠ ᠭᠧᠨᠧᠷᠠᠯ ᠤᠨ ᠴᠡᠷᠢᠭ ᠤᠨ ᠴᠣᠯᠠ ᠳᠤ ᠳᠡᠪᠰᠢᠭᠦᠯᠬᠦ ᠶᠣᠰᠣᠯᠠᠯ 25᠎ ᠤ ᠡᠳᠦᠷ ᠪᠡᠭᠡᠵᠢᠩ ᠤᠨ ᠪᠠ ᠢ ᠶᠡᠭᠡ ᠠᠰᠠᠷ ᠲᠤ ᠶᠠᠪᠤᠭᠳᠠᠪᠠ᠃ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠴᠣᠯᠠ ᠳᠤ ᠳᠡᠪᠰᠢᠭᠦᠯᠬᠦ ᠶᠣᠰᠣᠯᠠᠯ ᠳᠤ ᠣᠷᠣᠯᠴᠠᠵᠠᠢ᠃
C:\Users\Administrator\Desktop\新闻照片\6383917973178281573537704.jpg
    12 ᠰᠠᠷ᠎ᠠ ᠶᠢᠨ 25᠎ ᠤ ᠡᠳᠦᠷ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠬᠤᠷᠠᠩᠳᠠ ᠭᠧᠨᠧᠷᠠᠯ ᠤᠨ ᠴᠡᠷᠢᠭ ᠤᠨ ᠴᠣᠯᠠ ᠳᠤ ᠳᠡᠪᠰᠢᠭᠦᠯᠬᠦ ᠶᠣᠰᠣᠯᠠᠯ ᠪᠡᠭᠡᠵᠢᠩ ᠤᠨ ᠪᠠ ᠢ ᠶᠡᠭᠡ ᠠᠰᠠᠷ ᠲᠤ ᠶᠠᠪᠤᠭᠳᠠᠪᠠ᠃ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠴᠣᠯᠠ ᠳᠤ ᠳᠡᠪᠰᠢᠭᠦᠯᠬᠦ ᠶᠣᠰᠣᠯᠠᠯ ᠳᠤ ᠣᠷᠣᠯᠴᠠᠵᠠᠢ ᠃ ᠵᠢᠷᠤᠭ ᠪᠣᠯ᠂ ᠰᠢ ᠶᠢᠨ ᠫᠢᠩ ᠵᠡᠷᠭᠡ ᠤᠳᠤᠷᠢᠳᠬᠤ ᠨᠥᠬᠦᠳ ᠬᠤᠷᠠᠩᠳᠠ ᠭᠧᠨᠧᠷᠠᠯ ᠤᠨ ᠴᠡᠷᠢᠭ ᠤᠨ ᠴᠣᠯᠠ ᠳᠤ ᠳᠡᠪᠰᠢᠭᠰᠡᠨ ᠣᠹᠢᠼᠧᠷ ᠲᠠᠢ ᠬᠠᠮᠲᠤ ᠶᠢᠨ ᠭᠡᠷᠡᠯ ᠵᠢᠷᠤᠭ ᠲᠠᠲᠠᠭᠤᠯᠵᠤ ᠪᠠᠶᠢᠭ᠎ᠠ ᠨᠢ᠃ ᠰᠢᠨᠬᠤᠸᠠ ᠬᠤᠷᠢᠶ᠎ᠠ ᠶᠢᠨ ᠰᠤᠷᠪᠤᠯᠵᠢᠯᠠᠭᠴᠢ ᠯᠢ ᠭᠠᠩ ᠰᠡᠭᠦᠳᠡᠷᠯᠡᠪᠡ᠃    ᠦᠳᠡ ᠶᠢᠨ ᠡᠮᠦᠨᠡᠬᠢ 11 ᠴᠠᠭ ᠤᠨ ᠦᠶ᠎ᠡ ᠪᠠᠷ᠂ ᠴᠣᠯᠠ ᠳᠤ ᠳᠡᠪᠰᠢᠭᠦᠯᠬᠦ ᠶᠣᠰᠣᠯᠠᠯ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠳᠤᠮᠳᠠ ᠡᠬᠢᠯᠡᠪᠡ᠃ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠳᠡᠳ᠋ ᠲᠡᠷᠢᠭᠦᠯᠡᠭᠴᠢ ᠵᠠᠩ ᠶᠢᠦ ᠰᠢᠶᠠ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠤᠨ ᠭᠠᠷ ᠤᠨ ᠦᠰᠦᠭ ᠵᠢᠷᠤᠭᠰᠠᠨ ᠬᠤᠷᠠᠩᠳᠠ ᠭᠧᠨᠧᠷᠠᠯ ᠤᠨ ᠴᠡᠷᠢᠭ ᠤᠨ ᠴᠣᠯᠠ ᠳᠤ ᠳᠡᠪᠰᠢᠭᠦᠯᠬᠦ ᠵᠠᠷᠯᠢᠭ ᠢ ᠤᠩᠰᠢᠨ ᠨᠡᠶᠢᠲᠡᠯᠡᠪᠡ᠃ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠳᠡᠳ᠋ ᠲᠡᠷᠢᠭᠦᠯᠡᠭᠴᠢ ᠾᠧ ᠸᠧᠢ ᠳ᠋ᠦᠩ ᠴᠣᠯᠠ ᠳᠤ ᠳᠡᠪᠰᠢᠭᠦᠯᠬᠦ ᠶᠣᠰᠣᠯᠠᠯ ᠢ ᠡᠷᠬᠢᠯᠡᠪᠡ᠃    ᠡᠨᠡ ᠤᠳᠠᠭ᠎ᠠ ᠬᠤᠷᠠᠩᠳᠠ ᠭᠧᠨᠧᠷᠠᠯ ᠤᠨ ᠴᠡᠷᠢᠭ ᠤᠨ ᠴᠣᠯᠠ ᠳᠤ ᠳᠡᠪᠰᠢᠭᠰᠡᠨ ᠣᠹᠢᠼᠧᠷ ᠪᠣᠯ᠄ ᠡᠮᠦᠨᠡᠳᠦ ᠬᠡᠰᠡᠭ ᠤᠨ ᠪᠠᠶᠢᠯᠳᠤᠭᠠᠨ ᠤ ᠲᠣᠭᠤᠷᠢᠭ ᠤᠨ ᠺᠣᠮᠢᠰᠰᠠᠷ ᠸᠠᠩ ᠸᠧᠨ ᠴᠢᠤᠸᠠᠨ᠂ ᠳᠠᠯᠠᠢ ᠶᠢᠨ ᠴᠡᠷᠢᠭ ᠤᠨ ᠰᠧᠯᠢᠩ ᠬᠤ᠋ ᠵᠥᠩ ᠮᠢᠩ ᠪᠣᠯᠣᠨ᠎ᠠ᠃    ᠬᠤᠷᠠᠩᠳᠠ ᠭᠧᠨᠧᠷᠠᠯ ᠤᠨ ᠴᠡᠷᠢᠭ ᠤᠨ ᠴᠣᠯᠠ ᠳᠤ ᠳᠡᠪᠰᠢᠭᠰᠡᠨ 2 ᠣᠹᠢᠼᠧᠷ ᠴᠤᠭ ᠵᠣᠯᠢ ᠪᠠᠳᠠᠷᠠᠩᠭᠤᠢ ᠪᠠᠷ ᠲᠡᠷᠢᠭᠦᠯᠡᠭᠴᠢ ᠶᠢᠨ ᠲᠠᠶᠢᠰᠠᠨ ᠤ ᠡᠮᠦᠨ᠎ᠡ ᠤᠨ ᠬᠥᠷᠪᠡ᠃ ᠰᠢ ᠶᠢᠨ ᠫᠢᠩ ᠲᠡᠳᠡᠨ ᠳᠤ ᠵᠠᠷᠯᠢᠭ ᠤᠨ ᠪᠢᠴᠢᠭ ᠭᠠᠷᠳᠠᠭᠤᠯᠵᠤ᠂ ᠪᠠᠶᠠᠷ ᠬᠦᠷᠭᠡᠵᠦ ᠪᠠᠶᠢᠬᠤ ᠪᠠᠨ ᠢᠯᠡᠳᠬᠡᠪᠡ᠃ ᠬᠤᠷᠠᠩᠳᠠ ᠭᠧᠨᠧᠷᠠᠯ ᠤᠨ ᠴᠡᠷᠢᠭ ᠤᠨ ᠴᠣᠯᠠ ᠶᠢᠨ ᠮᠥᠷᠥᠨ ᠤ ᠲᠡᠮᠳᠡᠭ ᠢ ᠵᠡᠭᠦᠭᠰᠡᠨ 2 ᠣᠹᠢᠼᠧᠷ ᠰᠢ ᠶᠢᠨ ᠫᠢᠩ ᠳᠤ ᠶᠣᠰᠣᠯᠠᠵᠤ᠂ ᠶᠣᠰᠣᠯᠠᠯ ᠳᠤ ᠣᠷᠣᠯᠴᠠᠭᠰᠠᠨ ᠪᠥᠬᠦ ᠨᠥᠬᠦᠳ ᠲᠤ ᠶᠣᠰᠣᠯᠠᠭᠰᠠᠨ ᠳᠤ ᠲᠠᠯᠠᠪᠠᠢ ᠳᠠᠶᠠᠭᠠᠷ ᠨᠢᠵᠢᠭᠢᠨᠡᠲᠡᠯ᠎ᠡ ᠠᠯᠠᠭ᠎ᠠ ᠲᠠᠰᠢᠵᠠᠭᠠᠪᠠ᠃    ᠴᠣᠯᠠ ᠳᠤ ᠳᠡᠪᠰᠢᠭᠦᠯᠬᠦ ᠶᠣᠰᠣᠯᠠᠯ ᠬᠠᠩᠭᠢᠨᠠᠮ᠎ᠠ ᠬᠦᠴᠦᠲᠡᠢ ᠴᠡᠷᠢᠭ ᠤᠨ ᠳᠠᠭᠤᠤ ᠶᠢᠨ ᠳᠤᠮᠳᠠ ᠲᠡᠭᠦᠰᠪᠡ᠃ ᠳᠠᠷᠠᠭ᠎ᠠ ᠨᠢ᠂ ᠰᠢ ᠶᠢᠨ ᠫᠢᠩ ᠵᠡᠷᠭᠡ ᠤᠳᠤᠷᠢᠳᠬᠤ ᠨᠥᠬᠦᠳ ᠬᠤᠷᠠᠩᠳᠠ ᠭᠧᠨᠧᠷᠠᠯ ᠤᠨ ᠴᠡᠷᠢᠭ ᠤᠨ ᠴᠣᠯᠠ ᠳᠤ ᠳᠡᠪᠰᠢᠭᠰᠡᠨ ᠣᠹᠢᠼᠧᠷ ᠲᠠᠢ ᠬᠠᠮᠲᠤ ᠶᠢᠨ ᠭᠡᠷᠡᠯ ᠵᠢᠷᠤᠭ ᠲᠠᠲᠠᠭᠤᠯᠪᠠ᠃    ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠭᠡᠰᠢᠭᠦᠨ ᠯᠢᠦ ᠵᠧᠨ ᠯᠢ᠂ ᠮᠢᠶᠣᠤ ᠬᠤᠸᠠ᠂ ᠵᠠᠩ ᠱᠧᠩ ᠮᠢᠨ᠂ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠪᠠᠶᠢᠭᠤᠯᠭ᠎ᠠ ᠶᠢᠨ ᠡᠯ᠎ᠡ ᠰᠠᠯᠠᠭ᠎ᠠ ᠮᠥᠴᠢᠷ᠂ ᠪᠡᠭᠡᠵᠢᠩ ᠳᠤ ᠰᠠᠭᠤᠭ᠎ᠠ ᠴᠡᠷᠢᠭ ᠠᠩᠭᠢ ᠶᠢᠨ ᠬᠤᠯᠪᠣᠭᠳᠠᠯ ᠪᠦᠬᠦᠢ ᠨᠢᠭᠡᠴᠢ ᠶᠢᠨ ᠭᠤᠣᠯ ᠬᠠᠷᠢᠭᠤᠴᠠᠯᠭᠠᠲᠠᠨ ᠨᠥᠬᠦᠳ ᠴᠣᠯᠠ ᠳᠤ ᠳᠡᠪᠰᠢᠭᠦᠯᠬᠦ ᠶᠣᠰᠣᠯᠠᠯ ᠳᠤ ᠣᠷᠣᠯᠴᠠᠵᠠᠢ᠃
 
ᠢᠷᠡᠯᠲᠡ᠄ ᠦᠪᠦᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号