ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠡᠮ ᠡᠮᠨᠡᠯᠭᠡ ᠳᠤᠲᠠᠭᠳᠠᠵᠤ ᠪᠠᠶᠢᠭ᠎ᠠ ᠬᠦᠴᠢᠷ ᠠᠰᠠᠭᠤᠳᠠᠯ ᠢ ᠢᠳᠡᠪᠬᠢᠲᠡᠶ ᠰᠢᠢᠳᠪᠤᠷᠢᠯᠡᠵᠣ ᠥᠭᠪᠡ
ᠨᠡᠶᠢᠲᠡᠯᠡᠭᠰᠡᠨ ᠴᠠᠭ᠄
2023/12/28
      ᠣᠶᠢᠷ᠎ᠠ ᠳᠤ᠂ ᠵᠢᠦ ᠶᠤᠸᠠᠨ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠤᠳᠤᠷᠢᠳᠤᠯᠭ᠎ᠠ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠤᠶᠠᠷᠬᠤᠳᠳᠤᠭ ᠭᠤᠳᠤᠮᠵᠢ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠵᠡᠷᠭᠡ ᠡᠯ᠎ᠡ ᠲᠠᠯ᠎ᠠ ᠶᠢᠨ ᠡᠬᠢ ᠪᠠᠶᠠᠯᠢᠭ ᠢ ᠢᠳᠡᠪᠬᠢᠲᠡᠶ ᠪᠠᠷ ᠵᠣᠬᠢᠴᠠᠭᠤᠯᠵᠤ᠂ ᠮᠠᠨ ᠤ ᠲᠣᠭᠤᠷᠢᠭ ᠤᠨ 4 ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠳᠤ 2000 N95 ᠠᠮᠠᠪᠴᠢ᠂ 200 ᠬᠠᠮᠠᠭᠠᠯᠠᠯᠲᠠ ᠶᠢᠨ ᠬᠤᠪᠴᠠᠰᠤ᠂ 300 ᠪᠡᠶ᠎ᠡ ᠶᠢᠨ ᠳᠤᠯᠠᠭᠠᠨ ᠤ ᠬᠡᠮᠵᠢᠭᠦᠷ᠂ ᠬᠠᠯᠠᠭᠤᠨ ᠢ ᠠᠷᠢᠯᠭᠠᠵᠤ ᠡᠪᠡᠳᠬᠦ ᠶᠢ ᠵᠣᠭᠰᠣᠭᠠᠬᠤ ᠡᠮ 1000 ᠬᠠᠪᠲᠠᠭᠠᠶ᠂ ᠬᠠᠨᠢᠶᠠᠳᠤ ᠶᠢ ᠵᠣᠭᠰᠣᠭᠠᠬᠤ ᠡᠮ 200 ᠬᠠᠶᠢᠷᠴᠠᠭ ᠪᠠ 500 ᠬᠢᠲᠠᠳ ᠡᠮ ᠨᠥᠭᠡᠴᠡᠯᠡᠵᠦ᠂ ᠴᠢᠩᠭ᠎ᠠ ᠠᠷᠢᠭᠤᠳᠬᠠᠬᠤ ᠪᠠᠷ ᠳᠡᠮᠵᠢᠨ ᠬᠠᠷᠢᠶ᠎ᠠ ᠣᠷᠣᠨ ᠤ ᠪᠠᠨ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠳᠤ ᠬᠦᠷᠭᠡᠵᠦ᠂ ᠨᠠᠰᠤᠲᠠᠶᠢᠴᠤᠳ ᠤᠨ ᠡᠮ ᠬᠡᠷᠡᠭᠯᠡᠬᠦ ᠳᠤ ᠬᠦᠴᠢᠷᠲᠡᠶ ᠠᠰᠠᠭᠤᠳᠠᠯ ᠢ ᠰᠢᠢᠳᠪᠤᠷᠢᠯᠡᠵᠠᠢ᠃      ᠲᠤᠰ ᠡᠭᠡᠯᠵᠢ ᠶᠢᠨ ᠬᠢᠵᠢᠭ ᠤᠨ ᠪᠠᠶᠢᠳᠠᠯ ᠡᠭᠦᠰᠦᠭᠰᠡᠨ ᠠᠴᠠ ᠨᠠᠰᠢ ᠣᠷᠣᠨ ᠤ ᠠᠷᠠᠳ ᠤᠨ ᠶᠠᠪᠤᠳᠠᠯ ᠤᠨ ᠲᠣᠪᠴᠢᠶ᠎ᠠ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠰᠡᠷᠭᠡᠶᠢᠯᠡᠨ ᠡᠵᠡᠮᠳᠡᠬᠦ ᠬᠡᠮᠵᠢᠶ᠎ᠡ ᠶᠢ ᠦᠷᠭᠦᠯᠵᠢᠯᠡᠨ ᠲᠡᠭᠦᠯᠳᠡᠷᠵᠢᠭᠦᠯᠵᠦ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠲᠣᠭᠤᠷᠢᠭ ᠤᠨ ᠤᠳᠤᠷᠢᠳᠤᠯᠭ᠎ᠠ ᠠᠴᠠ ᠡᠯ᠎ᠡ ᠪᠠᠶᠢᠭᠤᠯᠤᠮᠵᠢ ᠲᠠᠢ ᠬᠤᠯᠪᠣᠭᠠᠯᠠᠵᠤ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ ᠶᠢᠨ ᠪᠠᠶᠢᠴᠠᠭᠠᠯᠲᠠ ᠶᠢᠨ ᠠᠷᠭ᠎ᠠ ᠪᠠᠷ ᠳᠡᠮᠵᠢᠨ᠂ ᠡᠳᠦᠷ ᠪᠦᠷᠢ ᠡᠯ᠎ᠡ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠪᠢᠲᠡᠭᠦᠮᠵᠢᠯᠡᠭᠰᠡᠨ ᠮᠠᠶ᠋ᠢᠭ ᠤᠨ ᠬᠠᠮᠢᠶᠠᠷᠤᠯᠲᠠ ᠵᠢᠴᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠲᠣᠭᠤᠷᠢᠨ ᠪᠠᠶᠢᠴᠠᠭᠠᠵᠤ᠂ ᠡᠷᠡᠭᠦᠯ ᠬᠠᠮᠠᠭᠠᠯᠠᠯ ᠡᠷᠡᠭᠦᠯ ᠬᠠᠮᠠᠭᠠᠯᠠᠯ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠬᠠᠯᠳᠠᠪᠤᠷᠢᠯᠠᠭᠰᠠᠳ ᠢ ᠰᠢᠯᠵᠢᠭᠦᠯᠦᠨ ᠵᠥᠭᠡᠭᠡᠪᠦᠷᠢᠯᠡᠬᠦ᠂ ᠡᠮᠨᠡᠨ ᠵᠠᠰᠠᠬᠤ ᠲᠣᠭᠲᠠᠭᠰᠠᠨ ᠨᠢᠭᠡᠴᠡ ᠶᠢ ᠲᠣᠳᠣᠷᠬᠠᠶᠢᠯᠠᠵᠤ᠂ ᠴᠠᠭ ᠲᠤᠬᠠᠶ ᠳᠤᠨᠢ ᠵᠣᠯᠭᠠᠭᠤᠯᠬᠤ᠂ ᠰᠢᠢᠳᠪᠤᠷᠢᠯᠡᠬᠦ ᠶᠢ ᠦᠨᠡᠨ ᠬᠦ ᠪᠠᠲᠤᠯᠠᠬᠤ ᠶᠢᠨ ᠬᠠᠮᠲᠤ ᠡᠯ᠎ᠡ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠬᠡᠷᠡᠭᠯᠡᠬᠦ ᠡᠮ ᠵᠢᠴᠢ ᠡᠳ᠋ ᠪᠣᠳᠠᠰ ᠤᠨ ᠬᠡᠷᠡᠭᠴᠡᠭᠡ ᠶᠢ ᠴᠠᠭ ᠲᠤᠬᠠᠶ ᠳᠤᠨᠢ ᠪᠦᠷᠢᠳᠬᠡᠵᠦ᠂ ᠵᠣᠬᠢᠴᠠᠭᠤᠯᠤᠨ ᠪᠠᠲᠤᠯᠠᠬᠤ ᠠᠵᠢᠯ ᠢ ᠴᠠᠭ ᠲᠤᠬᠠᠶ ᠳᠤᠨᠢ ᠰᠠᠶᠢᠲᠤᠷ ᠬᠢᠵᠦ᠂ ᠨᠠᠰᠤᠲᠠᠶᠢᠴᠤᠳ ᠲᠤ ᠡᠷᠡᠭᠦᠯ ᠮᠡᠨᠳᠦ ᠶᠢᠨ ︽ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ︾᠎ ᠢ ᠦᠨᠡᠨ ᠬᠦ ᠪᠠᠶᠢᠭᠤᠯᠵᠤ ᠥᠭᠭᠦᠨ᠎ᠡ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号