ᠵᠢᠦ ᠶᠤᠸᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠬᠤᠶᠠᠷᠬᠤᠳᠳᠤᠭ ᠤᠨ ᠲᠣᠮᠢᠯᠠᠭᠰᠠᠨ ᠰᠠᠯᠪᠤᠷᠢ ᠬᠡᠭᠡᠷ᠎ᠡ ᠶᠢᠨ ᠠᠮᠢᠲᠠᠨ ᠤ ︽ᠬᠤᠨ ᠭᠠᠯᠠᠭᠤ︾᠎ ᠶᠢ ᠠᠪᠤᠷᠠᠨ ᠲᠤᠰᠠᠯᠠᠪᠠ
ᠨᠡᠶᠢᠲᠡᠯᠡᠭᠰᠡᠨ ᠴᠠᠭ᠄
2023/12/28
C:\Users\Administrator\Desktop\新闻照片\图片1.jpg
    2023 ᠣᠨ ᠤ 12 ᠰᠠᠷ᠎ᠠ ᠶᠢᠨ 26᠎ ᠤ ᠡᠳᠦᠷ᠂ ᠪᠤᠭᠤᠲᠤ ᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠢᠦ ᠶᠤᠸᠠᠨ ᠬᠤᠪᠢᠶᠠᠷᠢ ᠲᠣᠭᠤᠷᠢᠭ ᠤᠨ ᠲᠣᠪᠴᠢᠶ᠎ᠠ ᠶᠢᠨ ᠬᠤᠶᠠᠷᠬᠤᠳᠳᠤᠭ ᠤᠨ ᠲᠣᠮᠢᠯᠠᠭᠰᠠᠨ ᠰᠠᠯᠪᠤᠷᠢ ᠶᠢᠨ ᠬᠢᠨ ᠤᠯᠠᠨ ᠲᠦᠮᠡᠨ ᠤ ᠲᠤᠰᠠᠯᠠᠮᠵᠢ ᠭᠤᠶᠤᠴᠢᠯᠠᠬᠤ ᠤᠲᠠᠰᠤ ᠶᠢ ᠲᠤᠰᠴᠤ᠂ ᠨᠢᠭᠡᠨ ᠰᠢᠷᠬᠠᠲᠤᠭᠰᠠᠨ ᠰᠡᠵᠢᠭᠯᠡᠯᠲᠡᠢ ᠨᠡᠷ᠎ᠡ ᠦᠭᠡᠢ ︽ᠲᠤᠮᠤ ᠭᠠᠯᠠᠭᠤ︾ ᠪᠠᠶᠢᠬᠤ ᠶᠢ ᠣᠯᠵᠤ ᠮᠡᠳᠡᠭᠡᠳ ᠠᠷᠠᠳ ᠤᠨ ᠴᠠᠭᠳᠠᠭ᠎ᠠ ᠠᠴᠠ ᠲᠤᠰᠠᠯᠠᠮᠵᠢ ᠭᠤᠶᠤᠵᠠᠢ᠃    ᠲᠤᠰᠠᠯᠠᠮᠵᠢ ᠭᠤᠶᠤᠭᠰᠠᠨ ᠤ ᠳᠠᠷᠠᠭ᠎ᠠ ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ ᠶᠢᠨ ᠠᠷᠠᠳ ᠤᠨ ᠴᠠᠭᠳᠠᠭ᠎ᠠ ᠲᠤᠬᠠᠶ ᠶᠢᠨ ᠲᠠᠯᠠᠪᠤᠷ ᠲᠤ ᠲᠦᠷᠭᠡᠨ ᠬᠦᠷᠴᠦ ᠪᠠᠶᠢᠴᠠᠭᠠᠨ ᠦᠵᠡᠭᠰᠡᠨ ᠳᠤ᠂ ᠲᠤᠬᠠᠶ ᠶᠢᠨ ᠲᠠᠯᠠᠪᠤᠷ ᠲᠤ ᠬᠦᠷᠴᠦ ᠢᠷᠡᠭᠰᠡᠨ ᠤ ᠳᠠᠷᠠᠭ᠎ᠠ ︽ᠲᠣᠮᠣ ᠭᠠᠯᠠᠭᠤ︾ ᠤᠤᠯ ᠣᠷᠣᠨ ᠳᠠᠭᠠᠨ ᠬᠥᠳᠡᠯᠦᠯ ᠥᠬᠡᠶ ᠪᠠᠶᠢᠭᠰᠠᠨ ᠢ ᠣᠯᠵᠤ ᠮᠡᠳᠡᠵᠡᠶ᠃ ᠠᠩᠬ᠎ᠠ ᠠᠯᠬᠤᠮ ᠤᠨ ᠪᠠᠶᠢᠴᠠᠭᠠᠯᠲᠠ ᠪᠠᠷ ᠳᠡᠮᠵᠢᠨ᠂ ᠡᠨᠡ ᠬᠦ ︽ᠲᠣᠮᠣ ᠭᠠᠯᠠᠭᠤ︾᠎ ᠶᠢᠨ ᠥᠪᠴᠢ ᠪᠡᠶ᠎ᠡ ᠶᠢᠨ ᠥᠲᠥ ᠨᠢ ᠴᠠᠭᠠᠨ ᠴᠠᠶᠢᠪᠤᠷ ᠥᠩᠭᠡ ᠲᠠᠢ᠂ ᠪᠡᠶ᠎ᠡ ᠶᠢᠨ ᠢᠯᠡᠷᠡᠯ ᠨᠢ ᠮᠠᠰᠢ ᠰᠠᠶᠢᠨ᠂ ᠪᠡᠶ᠎ᠡ ᠳᠡᠭᠡᠷ᠎ᠡ ᠨᠢ ᠢᠯᠡᠷᠬᠡᠶ ᠭᠠᠳᠠᠷ ᠰᠢᠷᠬ᠎ᠠ ᠥᠬᠡᠶ ᠪᠣᠯᠪᠠᠴᠤ ᠪᠡᠶ᠎ᠡ ᠨᠢ ᠲᠠᠮᠢᠷ ᠥᠬᠡᠶ᠂ ᠨᠢᠭᠡᠨᠲᠡ ᠨᠢᠰᠬᠦ ᠴᠢᠳᠠᠪᠤᠷᠢ ᠪᠠᠨ ᠠᠯᠳᠠᠭᠰᠠᠨ ᠪᠠᠶᠢᠨ᠎ᠠ᠃ ᠳᠠᠷᠠᠭ᠎ᠠ ᠪᠠᠷ ᠨᠢ ᠠᠷᠠᠳ ᠤᠨ ᠴᠠᠭᠳᠠᠭ᠎ᠠ ︽ᠲᠣᠮᠣ ᠭᠠᠯᠠᠭᠤ︾᠎ ᠶᠢ ᠬᠡᠭᠡᠷ᠎ᠡ ᠶᠢᠨ ᠠᠮᠢᠲᠠᠨ ᠢ ᠠᠪᠤᠷᠠᠨ ᠲᠤᠰᠠᠯᠠᠬᠤ ᠥᠷᠲᠡᠭᠡᠨ ᠳᠤ ᠬᠦᠷᠭᠡᠵᠡᠶ᠃    ︽ᠲᠣᠮᠣ ᠭᠠᠯᠠᠭᠤ︾᠎ ᠶᠢ ᠤᠯᠤᠰ ᠤᠨ ᠬᠤᠶᠠᠳᠤᠭᠠᠷ ᠳᠡᠰ ᠤᠨ ᠬᠠᠮᠠᠭᠠᠯᠠᠯᠲᠠ ᠶᠢᠨ ᠠᠮᠢᠲᠠᠨ ᠤ ᠬᠤᠨ ᠭᠠᠯᠠᠭᠤ ᠭᠡᠵᠦ ᠳᠣᠲᠣᠯᠠᠵᠠᠶ᠃ ᠣᠳᠣᠬᠠᠨ ᠳᠤ᠂ ᠰᠢᠷᠬᠠᠲᠤᠭᠰᠠᠨ ᠬᠠᠯᠢᠭᠤᠨ ᠭᠠᠯᠠᠭᠤ ᠶᠢ ᠬᠡᠭᠡᠷ᠎ᠡ ᠶᠢᠨ ᠠᠮᠢᠲᠠᠨ ᠢ ᠠᠪᠤᠷᠠᠨ ᠲᠤᠰᠠᠯᠠᠬᠤ ᠥᠷᠲᠡᠭᠡᠨ ᠳᠤ ᠲᠣᠬᠢᠲᠠᠶ ᠲᠣᠬᠢᠷᠠᠭᠤᠯᠵᠠᠶ᠃   
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号