ᠣᠶᠢᠷ᠎ᠠ ᠳᠤ᠂ ᠵᠢᠦ ᠶᠤᠸᠠᠨ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠤᠳᠤᠷᠢᠳᠤᠯᠭ᠎ᠠ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠤᠶᠠᠷᠬᠤᠳᠳᠤᠭ ᠭᠤᠳᠤᠮᠵᠢ ᠶᠢᠨ ᠡᠷᠡᠭᠦᠯ ᠬᠠᠮᠠᠭᠠᠯᠠᠯ ᠤᠨ | ᠬᠤᠷᠢᠶ᠎ᠠ ᠵᠡᠷᠭᠡ ᠡᠯ᠎ᠡ ᠲᠠᠯ᠎ᠠ ᠶᠢᠨ ᠡᠬᠢ ᠪᠠᠶᠠᠯᠢᠭ ᠢ ᠢᠳᠡᠪᠬᠢᠲᠡᠶ ᠪᠠᠷ ᠵᠣᠬᠢᠴᠠᠭᠤᠯᠵᠤ᠂ ᠮᠠᠨ ᠤ ᠲᠣᠭᠤᠷᠢᠭ ᠤᠨ 4 | ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠳᠤ 2000 N95 ᠠᠮᠠᠪᠴᠢ᠂ 200 ᠬᠠᠮᠠᠭᠠᠯᠠᠯᠲᠠ ᠶᠢᠨ | ᠬᠤᠪᠴᠠᠰᠤ᠂ 300 ᠪᠡᠶ᠎ᠡ ᠶᠢᠨ ᠳᠤᠯᠠᠭᠠᠨ ᠤ ᠬᠡᠮᠵᠢᠭᠦᠷ᠂ ᠬᠠᠯᠠᠭᠤᠨ ᠢ ᠠᠷᠢᠯᠭᠠᠵᠤ ᠡᠪᠡᠳᠬᠦ ᠶᠢ ᠵᠣᠭᠰᠣᠭᠠᠬᠤ ᠡᠮ | 1000 ᠬᠠᠪᠲᠠᠭᠠᠶ᠂ ᠬᠠᠨᠢᠶᠠᠳᠤ ᠶᠢ ᠵᠣᠭᠰᠣᠭᠠᠬᠤ ᠡᠮ 200 ᠬᠠᠶᠢᠷᠴᠠᠭ ᠪᠠ 500 ᠬᠢᠲᠠᠳ ᠡᠮ ᠨᠥᠭᠡᠴᠡᠯᠡᠵᠦ᠂ | ᠴᠢᠩᠭ᠎ᠠ ᠠᠷᠢᠭᠤᠳᠬᠠᠬᠤ ᠪᠠᠷ ᠳᠡᠮᠵᠢᠨ ᠬᠠᠷᠢᠶ᠎ᠠ ᠣᠷᠣᠨ ᠤ ᠪᠠᠨ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠳᠤ | ᠬᠦᠷᠭᠡᠵᠦ᠂ ᠨᠠᠰᠤᠲᠠᠶᠢᠴᠤᠳ ᠤᠨ ᠡᠮ ᠬᠡᠷᠡᠭᠯᠡᠬᠦ ᠳᠤ ᠬᠦᠴᠢᠷᠲᠡᠶ ᠠᠰᠠᠭᠤᠳᠠᠯ ᠢ ᠰᠢᠢᠳᠪᠤᠷᠢᠯᠡᠵᠠᠢ᠃ | ᠲᠤᠰ ᠡᠭᠡᠯᠵᠢ ᠶᠢᠨ ᠬᠢᠵᠢᠭ ᠤᠨ ᠪᠠᠶᠢᠳᠠᠯ ᠡᠭᠦᠰᠦᠭᠰᠡᠨ ᠠᠴᠠ ᠨᠠᠰᠢ ᠣᠷᠣᠨ ᠤ ᠠᠷᠠᠳ ᠤᠨ ᠶᠠᠪᠤᠳᠠᠯ ᠤᠨ | ᠲᠣᠪᠴᠢᠶ᠎ᠠ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ | ᠰᠡᠷᠭᠡᠶᠢᠯᠡᠨ ᠡᠵᠡᠮᠳᠡᠬᠦ ᠬᠡᠮᠵᠢᠶ᠎ᠡ ᠶᠢ ᠦᠷᠭᠦᠯᠵᠢᠯᠡᠨ ᠲᠡᠭᠦᠯᠳᠡᠷᠵᠢᠭᠦᠯᠵᠦ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ | ᠴᠢᠩᠭ᠎ᠠ ᠨᠠᠶᠢᠳᠠᠪᠤᠷᠢᠵᠢᠭᠤᠯᠵᠤ᠂ ᠲᠣᠭᠤᠷᠢᠭ ᠤᠨ ᠤᠳᠤᠷᠢᠳᠤᠯᠭ᠎ᠠ ᠠᠴᠠ ᠡᠯ᠎ᠡ ᠪᠠᠶᠢᠭᠤᠯᠤᠮᠵᠢ ᠲᠠᠢ ᠬᠤᠯᠪᠣᠭᠠᠯᠠᠵᠤ᠂ | ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ ᠶᠢᠨ ᠪᠠᠶᠢᠴᠠᠭᠠᠯᠲᠠ ᠶᠢᠨ ᠠᠷᠭ᠎ᠠ ᠪᠠᠷ ᠳᠡᠮᠵᠢᠨ᠂ ᠡᠳᠦᠷ ᠪᠦᠷᠢ | ᠡᠯ᠎ᠡ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠪᠢᠲᠡᠭᠦᠮᠵᠢᠯᠡᠭᠰᠡᠨ ᠮᠠᠶ᠋ᠢᠭ ᠤᠨ ᠬᠠᠮᠢᠶᠠᠷᠤᠯᠲᠠ ᠵᠢᠴᠢ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ | ᠲᠣᠭᠤᠷᠢᠨ ᠪᠠᠶᠢᠴᠠᠭᠠᠵᠤ᠂ ᠡᠷᠡᠭᠦᠯ ᠬᠠᠮᠠᠭᠠᠯᠠᠯ ᠡᠷᠡᠭᠦᠯ ᠬᠠᠮᠠᠭᠠᠯᠠᠯ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ | ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠬᠠᠯᠳᠠᠪᠤᠷᠢᠯᠠᠭᠰᠠᠳ ᠢ ᠰᠢᠯᠵᠢᠭᠦᠯᠦᠨ ᠵᠥᠭᠡᠭᠡᠪᠦᠷᠢᠯᠡᠬᠦ᠂ ᠡᠮᠨᠡᠨ | ᠵᠠᠰᠠᠬᠤ ᠲᠣᠭᠲᠠᠭᠰᠠᠨ ᠨᠢᠭᠡᠴᠡ ᠶᠢ ᠲᠣᠳᠣᠷᠬᠠᠶᠢᠯᠠᠵᠤ᠂ ᠴᠠᠭ ᠲᠤᠬᠠᠶ ᠳᠤᠨᠢ ᠵᠣᠯᠭᠠᠭᠤᠯᠬᠤ᠂ ᠰᠢᠢᠳᠪᠤᠷᠢᠯᠡᠬᠦ ᠶᠢ | ᠦᠨᠡᠨ ᠬᠦ ᠪᠠᠲᠤᠯᠠᠬᠤ ᠶᠢᠨ ᠬᠠᠮᠲᠤ ᠡᠯ᠎ᠡ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠬᠡᠷᠡᠭᠯᠡᠬᠦ ᠡᠮ ᠵᠢᠴᠢ | ᠡᠳ᠋ ᠪᠣᠳᠠᠰ ᠤᠨ ᠬᠡᠷᠡᠭᠴᠡᠭᠡ ᠶᠢ ᠴᠠᠭ ᠲᠤᠬᠠᠶ ᠳᠤᠨᠢ ᠪᠦᠷᠢᠳᠬᠡᠵᠦ᠂ ᠵᠣᠬᠢᠴᠠᠭᠤᠯᠤᠨ ᠪᠠᠲᠤᠯᠠᠬᠤ ᠠᠵᠢᠯ ᠢ ᠴᠠᠭ | ᠲᠤᠬᠠᠶ ᠳᠤᠨᠢ ᠰᠠᠶᠢᠲᠤᠷ ᠬᠢᠵᠦ᠂ ᠨᠠᠰᠤᠲᠠᠶᠢᠴᠤᠳ ᠲᠤ ᠡᠷᠡᠭᠦᠯ ᠮᠡᠨᠳᠦ ᠶᠢᠨ ︽ᠠᠮᠤᠷ ᠲᠦᠪᠰᠢᠨ ᠤ | ᠰᠡᠷᠭᠡᠶᠢᠯᠡᠯᠲᠡ ᠶᠢᠨ ᠱᠤᠭᠤᠮ︾ ᠢ ᠦᠨᠡᠨ ᠬᠦ ᠪᠠᠶᠢᠭᠤᠯᠵᠤ ᠥᠭᠭᠦᠨ᠎ᠡ᠃ |