ᠰᠢᠨ᠎ᠡ ᠵᠢᠯ ᠢ ᠤᠭᠲᠤᠵᠤ  ᠭᠡᠷ ᠬᠤᠷᠢᠶᠠᠯᠠᠯ ᠬᠠᠶᠢᠷ᠎ᠠ ᠬᠠᠯᠠᠮᠵᠢ ᠶᠢ ᠬᠦᠷᠭᠡᠨ᠎ᠡ — ᠮᠠᠷᠭᠠᠰᠢ ᠰᠢᠨᠵᠢᠯᠡᠬᠦ ᠤᠬᠠᠭᠠᠨ ᠮᠡᠷᠭᠡᠵᠢᠯ ᠭᠡᠷ ᠬᠤᠷᠢᠶᠠᠯᠠᠯ ᠨᠠᠮ ᠤᠨ ᠡᠭᠦᠷ ᠲᠠᠢ ᠬᠠᠮᠲᠤᠷᠠᠭᠰᠠᠨ ᠰᠢᠨ᠎ᠡ ᠵᠢᠯ ᠤᠨ ᠪᠠᠶᠠᠷ ᠠᠴᠠ ᠡᠮᠦᠨᠡᠬᠢ ᠲᠣᠬᠤᠨᠢᠭᠤᠯᠬᠤ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2023/12/29
C:\Users\Administrator\Desktop\新闻照片\30.jpg
    12 ᠰᠠᠷ᠎ᠠ ᠶᠢᠨ 28᠎ ᠤ ᠡᠳᠦᠷ ᠮᠠᠷᠭᠠᠰᠢ ᠰᠢᠨᠵᠢᠯᠡᠬᠦ ᠤᠬᠠᠭᠠᠨ ᠮᠡᠷᠭᠡᠵᠢᠯ ᠭᠡᠷ ᠬᠤᠷᠢᠶᠠᠯᠠᠯ ᠤᠨ ᠬᠢᠨ ᠵᠣᠣ ᠨᠠᠨ ᠪᠠᠭ᠎ᠠ ᠰᠤᠷᠭᠠᠭᠤᠯᠢ ᠲᠠᠢ ᠬᠠᠮᠲᠤᠷᠠᠨ ︽ᠰᠢᠨ᠎ᠡ ᠵᠢᠯ ᠤᠨ ᠪᠠᠶᠠᠷ ᠠᠴᠠ ᠡᠮᠦᠨᠡᠬᠢ ᠲᠣᠬᠤᠨᠢᠭᠤᠯᠬᠤ︾ ᠠᠵᠢᠯᠯᠠᠭ᠎ᠠ ᠥᠷᠨᠢᠭᠦᠯᠵᠦ᠂ ᠬᠠᠷᠢᠶᠠᠲᠤ ᠣᠷᠣᠨ ᠤ ᠬᠦᠴᠢᠷᠳᠡᠯᠲᠡᠶ ᠣᠯᠠᠨ ᠲᠦᠮᠡᠨ ᠳᠤ ᠬᠠᠶᠢᠷ᠎ᠠ ᠬᠠᠯᠠᠮᠵᠢ ᠶᠢᠨ ᠡᠳ᠋ ᠪᠣᠳᠠᠰ ᠵᠢᠴᠢ ᠰᠢᠨ᠎ᠡ ᠵᠢᠯ ᠤᠨ ᠢᠷᠥᠭᠡᠯ ᠳᠡᠪᠰᠢᠭᠦᠯᠪᠡ᠃
C:\Users\Administrator\Desktop\新闻照片\31.jpg
    ᠭᠡᠷ ᠬᠤᠷᠢᠶᠠᠯᠠᠯ ᠤᠨ ᠳᠡᠳ᠋ ᠱᠦᠵᠢ ᠯᠢᠦ ᠬᠠᠢ ᠴᠢᠩ ᠤᠨ ᠳᠠᠭᠠᠭᠤᠯᠭ᠎ᠠ ᠪᠠᠷ᠂ ᠭᠡᠷ ᠬᠤᠷᠢᠶᠠᠯᠠᠯ ᠤᠨ ᠠᠵᠢᠯᠲᠠᠳ ᠵᠢᠴᠢ ᠵᠤᠤ ᠨᠠᠨ ᠪᠠᠭ᠎ᠠ ᠰᠤᠷᠭᠠᠭᠤᠯᠢ ᠶᠢᠨ ᠪᠠᠭᠰᠢ ᠨᠠᠷ ᠬᠦᠴᠢᠷᠳᠡᠯᠲᠡᠢ ᠤᠯᠠᠨ ᠲᠦᠮᠡᠨ ᠤ ᠭᠡᠷ ᠲᠤ ᠬᠦᠷᠴᠦ ᠡᠷᠬᠢᠨ ᠦᠵᠡᠵᠦ ᠲᠣᠬᠤᠨᠢᠭᠤᠯᠬᠤ ᠠᠵᠢᠯᠯᠠᠭ᠎ᠠ ᠥᠷᠨᠢᠭᠦᠯᠵᠡᠢ᠃ ᠵᠡᠮᠳᠡᠭ ᠤᠯᠠᠨ ᠲᠦᠮᠡᠨ ᠯᠢ ᠢᠦᠢ ᠮᠧᠢ ᠶᠢᠨ ᠭᠡᠷ ᠲᠤ᠂ ᠯᠢᠦ ᠱᠦᠵᠢ ᠵᠢᠴᠢ ᠵᠤᠤ ᠨᠠᠨ ᠪᠠᠭ᠎ᠠ ᠰᠤᠷᠭᠠᠭᠤᠯᠢ ᠶᠢᠨ ᠪᠠᠭᠰᠢ ᠯᠢ ᠢᠦᠢ ᠮᠧᠢ ᠶᠢᠨ ᠪᠡᠶ᠎ᠡ ᠶᠢᠨ ᠪᠠᠶᠢᠳᠠᠯ ᠢ ᠨᠠᠷᠢᠨ ᠤᠢᠢᠯᠠᠭᠠᠭᠰᠠᠨ ᠪᠥᠭᠡᠳ ᠲᠣᠬᠤᠨᠢᠭᠤᠯᠬᠤ ᠪᠣᠳᠠᠰ ᠬᠦᠷᠭᠡᠪᠡ᠃ ᠡᠭᠦᠨ ᠤ ᠬᠠᠮᠲᠤ᠂ ᠲᠡᠳᠡᠨ ᠤ ᠠᠮᠢᠳᠤᠷᠠᠯ ᠤᠨ ᠬᠦᠴᠢᠷᠳᠡᠯ ᠢ ᠨᠠᠷᠢᠨ ᠬᠢᠨᠠᠮᠠᠭᠠᠢ ᠰᠣᠨᠣᠰᠴᠤ᠂ ᠲᠡᠳᠡᠨ ᠳᠤ ᠪᠡᠶ᠎ᠡ ᠪᠠᠨ ᠰᠠᠶᠢᠲᠤᠷ ᠭᠠᠮᠨᠠᠵᠤ ᠂ ᠬᠦᠴᠢᠷᠳᠡᠯ ᠪᠠᠶᠢᠪᠠᠯ ᠴᠠᠭ ᠲᠤᠬᠠᠢ ᠳᠤᠨᠢ ᠲᠤᠰᠬᠠᠵᠤ᠂ ᠭᠡᠷ ᠬᠤᠷᠢᠶᠠᠯᠠᠯ ᠤᠨ ᠬᠢᠨ ᠪᠦᠬᠦ ᠬᠦᠴᠦᠨ ᠢᠶᠠᠷ ᠢᠶᠠᠨ ᠬᠠᠪᠰᠤᠷᠤᠨ ᠰᠢᠢᠳᠪᠦᠷᠢᠯᠡᠵᠦ ᠥᠭᠭᠦᠨ᠎ᠡ ᠭᠡᠪᠡ᠃
C:\Users\Administrator\Desktop\新闻照片\32.jpg
    ᠲᠣᠰ ᠤᠳᠠᠭᠠᠨ ᠤ ᠲᠣᠬᠤᠨᠢᠭᠤᠯᠬᠤ ᠠᠵᠢᠯᠯᠠᠭ᠎ᠠ ᠨᠢ ᠣᠯᠠᠨ ᠲᠦᠮᠡᠨ ᠪᠣᠯᠤᠨ ᠭᠡᠷ ᠬᠤᠷᠢᠶᠠᠯᠠᠯ ᠤᠨ ᠬᠤᠭᠤᠷᠣᠨᠳᠣᠬᠢ ᠵᠠᠶ ᠶᠢ ᠣᠶᠢᠷᠠᠲᠤᠭᠤᠯᠵᠤ᠂ ᠭᠡᠷ ᠬᠤᠷᠢᠶᠠᠯᠠᠯ ᠤᠨ ᠬᠠᠯᠠᠮᠵᠢᠯᠠᠯ ᠢ ᠬᠦᠴᠢᠷᠳᠡᠯᠲᠡᠶ ᠣᠯᠠᠨ ᠲᠦᠮᠡᠨ ᠤ ᠭᠠᠷ ᠲᠤ ᠬᠦᠷᠭᠡᠵᠦ᠂ ᠲᠡᠳᠡᠨ ᠳᠤ ᠭᠡᠷ ᠬᠤᠷᠢᠶᠠᠯᠠᠯ ᠤᠨ ᠶᠡᠭᠡ ᠬᠡᠷ ᠪᠦᠯᠢ ᠶᠢᠨ ᠬᠠᠯᠠᠭᠤᠨ ᠳᠤᠯᠠᠭᠠᠨ ᠢ ᠬᠦᠷᠲᠡᠭᠡᠵᠦ ᠂ ᠵᠣᠯ ᠵᠢᠷᠭᠠᠯᠲᠤ ᠲᠥᠷᠥᠭᠳᠡᠯ ᠢ ᠨᠡᠮᠡᠭᠳᠡᠭᠦᠯᠦᠨ᠂ ᠡᠶ᠎ᠡ ᠵᠣᠬᠢᠴᠠᠯ ᠲᠠᠢ ᠭᠡᠷ ᠬᠤᠷᠢᠶᠠᠯᠠᠯ ᠢ ᠪᠥᠲᠥᠭᠡᠨ ᠪᠠᠶᠢᠭᠤᠯᠬᠤ ᠳᠤ ᠰᠠᠭᠤᠷᠢ ᠶᠢ ᠪᠠᠲᠤᠳᠬᠠᠵᠠᠶ᠃   
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号