ᠵᠢᠥ ᠶᠤᠸᠠᠨ ᠲᠣᠭᠤᠷᠢᠭ ᠤᠨ 2023 ᠣᠨ ᠤ ᠴᠢᠬᠤᠯᠠ ᠶᠡᠭᠡ ᠵᠦᠢᠯᠡᠰ ᠤᠨ ᠬᠠᠮᠤᠭ ᠤᠨ ᠰᠢᠨ᠎ᠡ ᠠᠬᠢᠴᠠ ᠶᠢᠨ ᠪᠠᠶᠢᠳᠠᠯ
ᠨᠡᠶᠢᠲᠡᠯᠡᠭᠰᠡᠨ ᠴᠠᠭ᠄
2023/12/29
    2023 ᠣᠨ ᠳᠤ ᠮᠠᠨ ᠤ ᠲᠣᠭᠤᠷᠢᠭ ᠤᠨ ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠨᠢ 5000 ᠲᠦᠮᠡᠨ ᠲᠥᠭᠦᠷᠢᠭ ᠠᠴᠠ ᠳᠡᠭᠡᠭᠰᠢ᠂ ᠠᠵᠤ ᠠᠬᠤᠶᠢᠯᠠᠯ ᠤᠨ ᠪᠠᠯᠠ ᠣᠷᠣᠭᠤᠯᠤᠯᠲᠠ ᠨᠢ ᠳ᠋ᠦᠩᠰᠢᠭᠤᠷ ᠲᠥᠭᠦᠷᠢᠭ ᠠᠴᠠ ᠳᠡᠭᠡᠭᠰᠢᠬᠢ 68 ᠴᠢᠬᠤᠯᠠ ᠶᠡᠭᠡ ᠵᠦᠢᠯᠡᠰ ᠢ ᠬᠡᠷᠡᠭᠵᠢᠭᠦᠯᠵᠦ᠂ ᠶᠡᠷᠦᠩᠬᠡᠶ ᠪᠠᠯᠠ ᠣᠷᠣᠭᠤᠯᠤᠯᠲᠠ ᠨᠢ 845.88 ᠳ᠋ᠦᠩᠰᠢᠭᠤᠷ ᠲᠥᠭᠦᠷᠢᠭ ᠲᠤ ᠬᠦᠷᠴᠦ᠂ ᠲᠣᠰ ᠵᠢᠯ ᠳᠤ 185.7 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠬᠤ ᠪᠠᠷ ᠲᠥᠯᠥᠪᠯᠡᠵᠦ ᠪᠣᠶ᠃ ᠣᠳᠣᠬᠠᠨ ᠪᠣᠯᠲᠠᠯ᠎ᠠ᠂ 68 ᠴᠢᠬᠤᠯᠠ ᠶᠡᠭᠡ ᠵᠦᠢᠯᠡᠰ ᠢ ᠪᠦᠬᠦᠨ ᠢ ᠠᠵᠢᠯ ᠡᠬᠢᠯᠡᠭᠦᠯᠦᠨ ᠰᠡᠷᠭᠦᠭᠡᠵᠦ᠂ ᠨᠢᠭᠡᠨᠲᠡ 218.3 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠵᠦ᠂ ᠪᠠᠯᠠ ᠣᠷᠣᠭᠤᠯᠤᠯᠲᠠ ᠶᠢᠨ ᠨᠣᠷᠮ᠎ᠠ 115.1% ᠶᠢ ᠪᠡᠶᠡᠯᠡᠭᠦᠯᠪᠡ᠂ ᠡᠭᠦᠨ ᠳᠤ ᠠᠵᠤ ᠦᠢᠯᠡᠰ ᠤᠨ ᠲᠥᠷᠥᠯ ᠤᠨ 35 ᠴᠢᠬᠤᠯᠠ ᠶᠡᠭᠡ ᠵᠦᠢᠯᠡᠰ ᠪᠠᠶᠢᠵᠤ᠂ 186.9 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠵᠦ᠂ ᠪᠠᠯᠠ ᠣᠷᠣᠭᠤᠯᠤᠯᠲᠠ ᠶᠢᠨ ᠨᠣᠷᠮ᠎ᠠ 115.4% ᠶᠢ ᠪᠡᠶᠡᠯᠡᠭᠦᠯᠪᠡ᠃    ᠪᠦᠲᠦᠭᠡᠨ ᠪᠠᠶᠢᠭᠤᠯᠤᠯᠲᠠ ᠶᠢᠨ ᠰᠢᠨᠵᠢ ᠴᠢᠨᠠᠷ ᠢᠶᠠᠷ ᠬᠤᠪᠢᠶᠠᠪᠠᠯ᠄ 34 ᠵᠦᠢᠯᠡᠰ ᠢ ᠰᠢᠨ᠎ᠡ ᠪᠠᠷ ᠠᠵᠢᠯ ᠡᠬᠢᠯᠡᠭᠦᠯᠵᠦ᠂ 156.5 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠪᠡᠯᠡ ᠣᠷᠣᠭᠤᠯᠤᠯᠲᠠ ᠶᠢᠨ ᠨᠣᠷᠮ᠎ᠠ 115.5% ᠶᠢ ᠪᠡᠶᠡᠯᠡᠭᠦᠯᠪᠡ︔ 34 ᠵᠦᠢᠯᠡᠰ ᠢ ᠦᠷᠭᠦᠯᠵᠢᠯᠡᠨ ᠪᠠᠶᠢᠭᠤᠯᠵᠤ᠂ 57.3 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠪᠡᠶᠡᠯᠡᠭᠦᠯᠦᠭᠰᠡᠨ ᠪᠡᠯᠡ ᠮᠥᠩᠭᠦ ᠶᠢᠨ ᠨᠣᠷᠮ᠎ᠠ 113.9% ᠳᠤ ᠬᠦᠷᠪᠡ᠃    ᠠᠵᠢᠯ ᠲᠥᠷᠥᠯ ᠢᠶᠠᠷ ᠨᠢ ᠲᠥᠷᠥᠯ ᠬᠤᠪᠢᠶᠠᠬᠤ᠄ ᠠᠵᠤ ᠦᠢᠯᠡᠳᠪᠦᠷᠢ ᠶᠢᠨ ᠵᠦᠢᠯᠡᠰ 28᠂ 180.1 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠵᠦ᠂ ᠪᠠᠯᠠ ᠣᠷᠣᠭᠤᠯᠤᠯᠲᠠ ᠶᠢᠨ ᠨᠣᠷᠮ᠎ᠠ 116.8% ᠶᠢ ᠪᠡᠶᠡᠯᠡᠭᠦᠯᠪᠡ︔ ᠦᠢᠯᠡᠴᠢᠯᠡᠭᠡᠨ ᠤ ᠦᠢᠯᠡᠰ ᠤᠨ ᠵᠦᠢᠯᠡᠰ 6᠂ 7.9 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠵᠦ᠂ ᠪᠠᠯᠠ ᠣᠷᠣᠭᠤᠯᠤᠯᠲᠠ ᠶᠢᠨ ᠨᠣᠷᠮ᠎ᠠ 97.5% ᠶᠢ ᠪᠡᠶᠡᠯᠡᠭᠦᠯᠪᠡ︔ ᠲᠠᠷᠢᠶᠠᠯᠠᠩ ᠮᠠᠯ ᠠᠵᠤ ᠠᠬᠤᠢ ᠶᠢᠨ ᠵᠦᠢᠯᠡᠰ 4᠂ 1.8 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠪᠡᠯᠡ ᠣᠷᠣᠭᠤᠯᠤᠯᠲᠠ ᠶᠢᠨ ᠨᠣᠷᠮ᠎ᠠ 100% ᠳᠤ ᠬᠦᠷᠪᠡ︔ ᠰᠠᠭᠤᠷᠢ ᠲᠥᠬᠦᠭᠡᠷᠦᠮᠵᠢ ᠶᠢᠨ ᠵᠦᠢᠯᠡᠰ 11 ᠪᠠᠶᠢᠵᠤ᠂ 4.7 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠪᠡᠯᠡ ᠣᠷᠣᠭᠤᠯᠤᠯᠲᠠ ᠶᠢᠨ ᠨᠣᠷᠮ᠎ᠠ 100.2% ᠢ ᠪᠡᠶᠡᠯᠡᠭᠦᠯᠪᠡ︔ ᠨᠡᠶᠢᠭᠡᠮ ᠤᠨ ᠦᠢᠯᠡᠰ ᠤᠨ ᠵᠦᠢᠯᠡᠰ 4 ᠪᠠᠶᠢᠵᠤ᠂ 5.2 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠪᠡᠯᠡ ᠣᠷᠣᠭᠤᠯᠤᠯᠲᠠ ᠶᠢᠨ ᠨᠣᠷᠮ᠎ᠠ 337.6% ᠶᠢ ᠪᠡᠶᠡᠯᠡᠭᠦᠯᠪᠡ︔ ᠭᠠᠵᠠᠷ ᠬᠥᠷᠥᠩᠭᠡ ᠶᠢᠨ ᠵᠦᠢᠯᠡᠰ 15 ᠪᠠᠶᠢᠵᠤ᠂ 14 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠪᠡᠯᠡ ᠣᠷᠣᠭᠤᠯᠤᠯᠲᠠ ᠶᠢᠨ ᠨᠣᠷᠮ᠎ᠠ 90.7% ᠶᠢ ᠪᠡᠶᠡᠯᠡᠭᠦᠯᠪᠡ᠃    ᠪᠠᠯᠠ ᠣᠷᠣᠭᠤᠯᠤᠯᠲᠠ ᠶᠢᠨ ᠭᠤᠤᠯ ᠴᠣᠭᠴᠠ ᠪᠠᠷ ᠲᠥᠷᠥᠯ ᠬᠤᠪᠢᠶᠠᠪᠠᠯ᠄ ᠠᠵᠤ ᠠᠬᠤᠶᠢᠯᠠᠯ ᠤᠨ ᠪᠠᠯᠠ ᠣᠷᠣᠭᠤᠯᠤᠯᠲᠠ ᠶᠢᠨ  ᠵᠦᠢᠯᠡᠰ 59 ᠪᠠᠶᠢᠵᠤ᠂ 207.2 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠵᠦ᠂ ᠪᠠᠯᠠ ᠣᠷᠣᠭᠤᠯᠤᠯᠲᠠ ᠶᠢᠨ ᠨᠣᠷᠮ᠎ᠠ 113.3% ᠳᠤ ᠬᠥᠷᠪᠡ︔ ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠶᠢᠨ ᠵᠦᠢᠯᠡᠰ 9 ᠪᠠᠶᠢᠵᠤ᠂ 6.6 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠵᠦ᠂ ᠪᠠᠯᠠ ᠣᠷᠣᠭᠤᠯᠤᠯᠲᠠ ᠶᠢᠨ ᠨᠣᠷᠮ᠎ᠠ 228.3% ᠳᠤ ᠬᠥᠷᠪᠡ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号