ᠵᠢᠦ ᠶᠤᠸᠠᠨ ᠲᠣᠭᠤᠷᠢᠭ ᠤᠨ ᠣᠷᠣᠨ ᠰᠠᠭᠤᠴᠠ ᠶᠢᠨ ᠪᠠᠲᠤᠯᠠᠭ᠎ᠠ ᠶᠢᠨ ᠦᠢᠯᠡᠰ ᠤᠨ ᠬᠥᠭᠵᠢᠯᠲᠡ ᠶᠢᠨ ᠲᠥᠪ ᠨᠤᠷᠠᠭᠰᠠᠨ ᠵᠠᠮ ᠢ ᠵᠠᠰᠠᠨ ᠰᠡᠷᠭᠦᠭᠡᠪᠡ
ᠨᠡᠶᠢᠲᠡᠯᠡᠭᠰᠡᠨ ᠴᠠᠭ᠄
2023/12/4
    ︽12345︾ ᠬᠤᠳᠠ ᠶᠢᠨ ᠠᠷᠠᠳ ᠤᠨ ᠦᠢᠯᠡᠴᠢᠯᠡᠭᠡᠨ ᠤ ᠬᠠᠯᠠᠮᠰᠢᠯ ᠤᠲᠠᠰᠤ ᠶᠢᠨ ᠠᠵᠢᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠴᠢᠨᠠᠭᠰᠢᠳᠠ ᠳᠡᠭᠡᠭᠰᠢᠯᠡᠭᠦᠯᠬᠦ ᠶᠢᠨ ᠲᠥᠯᠥᠭᠡ᠂ ᠵᠢᠤ ᠶᠤᠸᠠᠨ ᠲᠣᠭᠤᠷᠢᠭ ᠤᠨ ᠣᠷᠣᠨ ᠰᠠᠭᠤᠴᠠ ᠶᠢᠨ ᠪᠠᠲᠤᠯᠠᠭ᠎ᠠ ᠶᠢᠨ ᠦᠢᠯᠡᠰ ᠤᠨ ᠬᠥᠭᠵᠢᠯᠲᠡ ᠶᠢᠨ ᠲᠥᠪ ︽ᠤᠴᠢᠷ ᠪᠦᠬᠦᠨ ᠢ ᠨᠠᠶᠢᠳᠠᠪᠤᠷᠢᠵᠢᠭᠤᠯᠬᠤ᠂ ᠶᠠᠪᠤᠳᠠᠯ ᠪᠦᠬᠦᠨ ᠳᠤ ᠬᠠᠷᠢᠭᠤ ᠥᠭᠬᠦ︾ ᠠᠵᠢᠯ ᠤᠨ ᠤᠢᠢᠯᠠᠭᠠᠭᠳᠠᠬᠤᠨ ᠢ ᠪᠠᠷᠢᠮᠲᠠᠯᠠᠵᠤ᠂ ᠤᠯᠠᠨ ᠲᠦᠮᠡᠨ ᠤ ᠬᠦᠴᠢᠷ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠵᠦ᠂ ︽12345︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠦᠬᠦᠮ ᠦᠵᠡᠭᠦᠯᠬᠦ ᠲᠠᠪᠴᠠᠩ ᠤᠨ ᠠᠷᠭ᠎ᠠ ᠵᠠᠮ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠰᠢᠢᠳᠪᠦᠷᠢᠯᠡᠵᠦ ᠳᠠᠭᠤᠰᠬᠠᠬᠤ ᠨᠤᠷᠮ᠎ᠠ ᠪᠣᠯᠤᠨ ᠬᠠᠨᠤᠮᠵᠢᠲᠠᠢ ᠨᠤᠷᠮ᠎ᠠ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠤᠯᠠᠨ ᠲᠦᠮᠡᠨ ᠤ ︽ᠰᠡᠳᠬᠢᠯ ᠬᠠᠨᠤᠮᠵᠢᠲᠠᠢ ᠪᠠᠶᠢᠬᠤ ᠬᠥᠭᠦᠷᠭᠡ︾᠎ ᠶᠢ ᠴᠣᠭᠴᠠᠯᠠᠪᠠ᠃    11 ᠰᠠᠷ᠎ᠠ ᠶᠢᠨ 21᠎ ᠤ ᠡᠳᠦᠷ ᠯᠢᠦ ᠠᠪᠠᠭ᠋ᠠᠶ ᠮᠠᠨ ᠤ ᠲᠥᠪ ᠲᠤ ᠵᠢᠦ ᠶᠤᠸᠠᠨ ᠲᠣᠭᠤᠷᠢᠭ ᠤᠨ ᠪᠣᠯᠪᠠᠰᠤᠨ ᠵᠠᠮ ᠠᠴᠠ ᠳ᠋ᠦᠩ ᠾᠧ ᠬᠦᠷᠬᠦ 35 ᠳ᠋ᠤᠭᠠᠷ ᠵᠠᠮ ᠤᠨ ᠥᠷᠲᠡᠭᠡᠨ ᠤ ᠫᠠᠶᠢᠰᠠ ᠶᠢᠨ ᠲᠡᠨᠳᠡ ᠵᠠᠮ ᠴᠥᠮᠥᠷᠡᠭᠰᠡᠨ ᠪᠥᠭᠡᠳ ᠨᠡᠯᠢᠶᠡᠳ ᠤᠷᠲᠤ ᠬᠤᠭᠤᠴᠠᠭ᠎ᠠ ᠦᠷᠭᠦᠯᠵᠢᠯᠡᠭᠰᠡᠨ ᠪᠠᠶᠢᠳᠠᠯ ᠢ ᠲᠤᠰᠬᠠᠪᠠ᠂ ᠴᠠᠬᠢᠯᠭᠠᠨ ᠬᠥᠳᠡᠯᠭᠡᠭᠦᠷᠲᠦ ᠲᠡᠷᠭᠡ ᠤᠨᠤᠬᠤ ᠪᠤᠶᠤ ᠲᠡᠷᠭᠡ ᠵᠢᠯᠣᠭᠤᠳᠤᠨ ᠥᠩᠭᠡᠷᠡᠬᠦ ᠳᠤ ᠬᠦᠨᠳᠦ ᠨᠣᠴᠢᠲᠠᠶ ᠳᠣᠩᠰᠣᠯᠤᠯ ᠡᠭᠦᠰᠴᠦ᠂ ᠨᠡᠯᠢᠶᠡᠳ ᠶᠡᠭᠡ ᠠᠮᠤᠷ ᠲᠦᠪᠰᠢᠨ ᠤ ᠳᠠᠯᠳᠠ ᠬᠡᠮ ᠣᠷᠣᠰᠢᠵᠤ ᠪᠠᠶᠢᠨ᠎ᠠ ᠭᠡᠪᠡ᠃ ᠮᠠᠨ ᠤ ᠲᠥᠪ ᠯᠢᠦ ᠠᠪᠠᠭ᠋ᠠᠶ ᠶᠢᠨ ᠭᠤᠶᠤᠴᠢᠯᠠᠯ ᠢ ᠣᠯᠤᠭᠰᠠᠨ ᠤ ᠳᠠᠷᠠᠭ᠎ᠠ᠂ ᠠᠵᠢᠯᠲᠠᠳ ᠲᠡᠷᠡ ᠳᠠᠷᠤᠶ ᠳᠤᠨᠢ ᠲᠤᠬᠠᠶ ᠶᠢᠨ ᠭᠠᠵᠠᠷ ᠲᠤᠨᠢ ᠬᠦᠷᠴᠦ ᠬᠠᠶᠢᠨ ᠪᠠᠶᠢᠴᠠᠭᠠᠵᠠᠶ᠃ ᠬᠢᠨᠠᠨ ᠬᠠᠷᠭᠤᠭᠤᠯᠤᠭᠰᠠᠨ ᠤ ᠳᠠᠷᠠᠭ᠎ᠠ᠂ ᠮᠠᠨ ᠤ ᠲᠥᠪ ᠠᠴᠠ ᠠᠵᠢᠯᠲᠠᠨ ᠲᠣᠬᠢᠷᠠᠭᠤᠯᠵᠤ᠂ 11 ᠰᠠᠷ᠎ᠠ ᠶᠢᠨ 24᠎ ᠤ ᠡᠳᠦᠷ ᠤᠲᠠᠰᠤ ᠢᠷᠡᠭᠰᠡᠳ ᠤᠨ ᠲᠤᠰᠬᠠᠭᠰᠠᠨ ᠵᠠᠮ ᠢ ᠵᠠᠰᠠᠨ ᠰᠡᠯᠪᠢᠭᠰᠡᠨ ᠪᠥᠭᠡᠳ ᠠᠵᠢᠯ ᠤᠨ ᠦᠷ᠎ᠡ ᠪᠦᠲᠦᠭᠡᠯ ᠢᠶᠠᠨ ᠴᠠᠭ ᠲᠤᠬᠠᠶ ᠳᠤᠨᠢ ᠤᠲᠠᠰᠤ ᠢᠷᠡᠭᠦᠯᠦᠭᠰᠡᠳ ᠲᠤ ᠬᠠᠷᠢᠭᠤ ᠲᠤᠰᠬᠠᠪᠠ᠂ ᠯᠢᠦ ᠠᠪᠠᠭ᠋ᠠᠶ ᠮᠠᠰᠢ ᠬᠠᠨᠤᠮᠵᠢᠲᠠᠶ ᠪᠠᠶᠢᠬᠤ ᠪᠠᠨ ᠢᠯᠡᠳᠬᠡᠪᠡ᠃
C:\Users\Administrator\Desktop\新闻照片\4.jpg
    ᠳᠠᠷᠠᠭᠠᠴᠢ ᠶᠢᠨ ᠠᠯᠬᠤᠮ ᠳᠤ᠂ ᠵᠢᠤ ᠶᠤᠸᠠᠨ ᠲᠣᠭᠤᠷᠢᠭ ᠤᠨ ᠣᠷᠣᠨ ᠰᠠᠭᠤᠴᠠ ᠶᠢᠨ ᠪᠠᠲᠤᠯᠠᠭ᠎ᠠ ᠶᠢᠨ ᠦᠢᠯᠡᠰ ᠤᠨ ᠬᠥᠭᠵᠢᠯᠲᠡ ᠶᠢᠨ ᠲᠥᠪ ︽12345︾ ᠬᠤᠳᠠ ᠶᠢᠨ ᠠᠷᠠᠳ ᠤᠨ ᠬᠠᠯᠠᠮᠰᠢᠯ ᠦᠢᠯᠡᠴᠢᠯᠡᠭᠡᠨ ᠤ ᠲᠠᠪᠴᠠᠩ ︽ᠤᠯᠠᠨ ᠲᠦᠮᠡᠨ ᠤ ᠠᠰᠢᠭ ᠲᠤᠰᠠ ᠳᠤ ᠪᠠᠭ᠎ᠠ ᠶᠠᠪᠤᠳᠠᠯ ᠭᠡᠵᠦ ᠦᠬᠡᠢ︾ ᠭᠡᠬᠦ ᠠᠵᠢᠯ ᠤᠨ ᠵᠠᠷᠴᠢᠮ ᠢ ᠦᠷᠭᠦᠯᠵᠢᠯᠡᠨ ᠪᠠᠷᠢᠮᠲᠠᠯᠠᠵᠤ᠂ ᠬᠠᠯᠠᠮᠰᠢᠯ ᠤᠲᠠᠰᠤᠨ ᠤ ᠠᠷᠠᠳ ᠤᠨ ᠪᠠᠶᠢᠳᠠᠯ ᠤᠨ ᠡᠮᠴᠢᠯᠡᠭᠡᠨ ᠤ ᠲᠠᠰᠤᠭ ᠤᠨ ᠲᠣᠭᠲᠠᠴᠠ ᠶᠢ ᠳᠠᠰᠤᠷᠠᠯᠳᠠ ᠦᠬᠡᠢ ᠪᠦᠷᠢᠨᠰᠢᠬᠦᠯᠵᠦ᠂ ᠤᠯᠠᠨ ᠲᠦᠮᠡᠨ ᠤ ︽ᠪᠠᠴᠢᠮ᠂ ᠬᠦᠴᠢᠷ᠂ ᠵᠣᠪᠠᠨᠢᠯ᠂ ᠬᠦᠰᠡᠯ︾᠎ ᠢ ᠬᠦᠴᠦᠯᠡᠨ ᠰᠢᠢᠳᠪᠦᠷᠢᠯᠡᠵᠦ᠂  ᠭᠡᠷ ᠬᠤᠷᠢᠶᠠᠯᠠᠯ ᠤᠨ ᠰᠠᠭᠤᠭᠠᠯᠢ ᠠᠷᠠᠳ ᠤᠨ ᠬᠦᠷᠲᠡᠮᠵᠢ ᠶᠢᠨ ᠳᠦᠷᠦᠭᠳᠡᠯ᠂ ᠵᠢᠷᠭᠠᠯᠲᠤ ᠳᠦᠷᠦᠭᠳᠡᠯ ᠪᠣᠯᠤᠨ ᠠᠮᠤᠷ ᠲᠦᠪᠰᠢᠨ ᠤ ᠳᠦᠷᠦᠭᠳᠡᠯ ᠢ ᠪᠦᠲᠦᠮᠵᠢᠲᠡᠢ ᠳᠡᠭᠡᠭᠰᠢᠯᠡᠭᠦᠯᠦᠨ᠎ᠡ
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号