︽12345︾ ᠬᠤᠳᠠ ᠶᠢᠨ ᠠᠷᠠᠳ ᠤᠨ ᠦᠢᠯᠡᠴᠢᠯᠡᠭᠡᠨ ᠤ ᠬᠠᠯᠠᠮᠰᠢᠯ ᠤᠲᠠᠰᠤ ᠶᠢᠨ ᠠᠵᠢᠯ ᠤᠨ ᠴᠢᠨᠠᠷ | ᠴᠢᠨᠰᠠᠭ᠎ᠠ ᠦᠷ᠎ᠡ ᠪᠦᠲᠦᠮᠵᠢ ᠶᠢ ᠴᠢᠨᠠᠭᠰᠢᠳᠠ ᠳᠡᠭᠡᠭᠰᠢᠯᠡᠭᠦᠯᠬᠦ ᠶᠢᠨ ᠲᠥᠯᠥᠭᠡ᠂ ᠵᠢᠤ ᠶᠤᠸᠠᠨ ᠲᠣᠭᠤᠷᠢᠭ ᠤᠨ | ᠣᠷᠣᠨ ᠰᠠᠭᠤᠴᠠ ᠶᠢᠨ ᠪᠠᠲᠤᠯᠠᠭ᠎ᠠ ᠶᠢᠨ ᠦᠢᠯᠡᠰ ᠤᠨ ᠬᠥᠭᠵᠢᠯᠲᠡ ᠶᠢᠨ ᠲᠥᠪ ︽ᠤᠴᠢᠷ ᠪᠦᠬᠦᠨ ᠢ | ᠨᠠᠶᠢᠳᠠᠪᠤᠷᠢᠵᠢᠭᠤᠯᠬᠤ᠂ ᠶᠠᠪᠤᠳᠠᠯ ᠪᠦᠬᠦᠨ ᠳᠤ ᠬᠠᠷᠢᠭᠤ ᠥᠭᠬᠦ︾ ᠠᠵᠢᠯ ᠤᠨ ᠤᠢᠢᠯᠠᠭᠠᠭᠳᠠᠬᠤᠨ ᠢ ᠪᠠᠷᠢᠮᠲᠠᠯᠠᠵᠤ᠂ | ᠤᠯᠠᠨ ᠲᠦᠮᠡᠨ ᠤ ᠬᠦᠴᠢᠷ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠵᠦ᠂ ︽12345︾ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠦᠬᠦᠮ ᠦᠵᠡᠭᠦᠯᠬᠦ ᠲᠠᠪᠴᠠᠩ ᠤᠨ ᠠᠷᠭ᠎ᠠ ᠵᠠᠮ ᠤᠨ ᠦᠢᠯᠡᠳᠦᠯ ᠢ | ᠭᠦᠢᠴᠡᠳ ᠪᠠᠳᠠᠷᠠᠭᠤᠯᠵᠤ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠰᠢᠢᠳᠪᠦᠷᠢᠯᠡᠵᠦ ᠳᠠᠭᠤᠰᠬᠠᠬᠤ ᠨᠤᠷᠮ᠎ᠠ | ᠪᠣᠯᠤᠨ ᠬᠠᠨᠤᠮᠵᠢᠲᠠᠢ ᠨᠤᠷᠮ᠎ᠠ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠤᠯᠠᠨ ᠲᠦᠮᠡᠨ ᠤ ︽ᠰᠡᠳᠬᠢᠯ | ᠬᠠᠨᠤᠮᠵᠢᠲᠠᠢ ᠪᠠᠶᠢᠬᠤ ᠬᠥᠭᠦᠷᠭᠡ︾ ᠶᠢ ᠴᠣᠭᠴᠠᠯᠠᠪᠠ᠃ | 11 ᠰᠠᠷ᠎ᠠ ᠶᠢᠨ 21 ᠤ ᠡᠳᠦᠷ ᠯᠢᠦ ᠠᠪᠠᠭ᠋ᠠᠶ ᠮᠠᠨ ᠤ ᠲᠥᠪ ᠲᠤ ᠵᠢᠦ ᠶᠤᠸᠠᠨ ᠲᠣᠭᠤᠷᠢᠭ ᠤᠨ ᠪᠣᠯᠪᠠᠰᠤᠨ | ᠵᠠᠮ ᠠᠴᠠ ᠳ᠋ᠦᠩ ᠾᠧ ᠬᠦᠷᠬᠦ 35 ᠳ᠋ᠤᠭᠠᠷ ᠵᠠᠮ ᠤᠨ ᠥᠷᠲᠡᠭᠡᠨ ᠤ ᠫᠠᠶᠢᠰᠠ ᠶᠢᠨ ᠲᠡᠨᠳᠡ ᠵᠠᠮ ᠴᠥᠮᠥᠷᠡᠭᠰᠡᠨ | ᠪᠥᠭᠡᠳ ᠨᠡᠯᠢᠶᠡᠳ ᠤᠷᠲᠤ ᠬᠤᠭᠤᠴᠠᠭ᠎ᠠ ᠦᠷᠭᠦᠯᠵᠢᠯᠡᠭᠰᠡᠨ ᠪᠠᠶᠢᠳᠠᠯ ᠢ ᠲᠤᠰᠬᠠᠪᠠ᠂ ᠴᠠᠬᠢᠯᠭᠠᠨ ᠬᠥᠳᠡᠯᠭᠡᠭᠦᠷᠲᠦ | ᠲᠡᠷᠭᠡ ᠤᠨᠤᠬᠤ ᠪᠤᠶᠤ ᠲᠡᠷᠭᠡ ᠵᠢᠯᠣᠭᠤᠳᠤᠨ ᠥᠩᠭᠡᠷᠡᠬᠦ ᠳᠤ ᠬᠦᠨᠳᠦ ᠨᠣᠴᠢᠲᠠᠶ ᠳᠣᠩᠰᠣᠯᠤᠯ ᠡᠭᠦᠰᠴᠦ᠂ ᠨᠡᠯᠢᠶᠡᠳ | ᠶᠡᠭᠡ ᠠᠮᠤᠷ ᠲᠦᠪᠰᠢᠨ ᠤ ᠳᠠᠯᠳᠠ ᠬᠡᠮ ᠣᠷᠣᠰᠢᠵᠤ ᠪᠠᠶᠢᠨ᠎ᠠ ᠭᠡᠪᠡ᠃ ᠮᠠᠨ ᠤ ᠲᠥᠪ ᠯᠢᠦ ᠠᠪᠠᠭ᠋ᠠᠶ ᠶᠢᠨ | ᠭᠤᠶᠤᠴᠢᠯᠠᠯ ᠢ ᠣᠯᠤᠭᠰᠠᠨ ᠤ ᠳᠠᠷᠠᠭ᠎ᠠ᠂ ᠠᠵᠢᠯᠲᠠᠳ ᠲᠡᠷᠡ ᠳᠠᠷᠤᠶ ᠳᠤᠨᠢ ᠲᠤᠬᠠᠶ ᠶᠢᠨ ᠭᠠᠵᠠᠷ ᠲᠤᠨᠢ ᠬᠦᠷᠴᠦ | ᠬᠠᠶᠢᠨ ᠪᠠᠶᠢᠴᠠᠭᠠᠵᠠᠶ᠃ ᠬᠢᠨᠠᠨ ᠬᠠᠷᠭᠤᠭᠤᠯᠤᠭᠰᠠᠨ ᠤ ᠳᠠᠷᠠᠭ᠎ᠠ᠂ ᠮᠠᠨ ᠤ ᠲᠥᠪ ᠠᠴᠠ ᠠᠵᠢᠯᠲᠠᠨ ᠲᠣᠬᠢᠷᠠᠭᠤᠯᠵᠤ᠂ | 11 ᠰᠠᠷ᠎ᠠ ᠶᠢᠨ 24 ᠤ ᠡᠳᠦᠷ ᠤᠲᠠᠰᠤ ᠢᠷᠡᠭᠰᠡᠳ ᠤᠨ ᠲᠤᠰᠬᠠᠭᠰᠠᠨ ᠵᠠᠮ ᠢ ᠵᠠᠰᠠᠨ ᠰᠡᠯᠪᠢᠭᠰᠡᠨ ᠪᠥᠭᠡᠳ | ᠠᠵᠢᠯ ᠤᠨ ᠦᠷ᠎ᠡ ᠪᠦᠲᠦᠭᠡᠯ ᠢᠶᠠᠨ ᠴᠠᠭ ᠲᠤᠬᠠᠶ ᠳᠤᠨᠢ ᠤᠲᠠᠰᠤ ᠢᠷᠡᠭᠦᠯᠦᠭᠰᠡᠳ ᠲᠤ ᠬᠠᠷᠢᠭᠤ ᠲᠤᠰᠬᠠᠪᠠ᠂ ᠯᠢᠦ | ᠠᠪᠠᠭ᠋ᠠᠶ ᠮᠠᠰᠢ ᠬᠠᠨᠤᠮᠵᠢᠲᠠᠶ ᠪᠠᠶᠢᠬᠤ ᠪᠠᠨ ᠢᠯᠡᠳᠬᠡᠪᠡ᠃ | | | | | ᠳᠠᠷᠠᠭᠠᠴᠢ ᠶᠢᠨ ᠠᠯᠬᠤᠮ ᠳᠤ᠂ ᠵᠢᠤ ᠶᠤᠸᠠᠨ ᠲᠣᠭᠤᠷᠢᠭ ᠤᠨ ᠣᠷᠣᠨ ᠰᠠᠭᠤᠴᠠ ᠶᠢᠨ ᠪᠠᠲᠤᠯᠠᠭ᠎ᠠ ᠶᠢᠨ | ᠦᠢᠯᠡᠰ ᠤᠨ ᠬᠥᠭᠵᠢᠯᠲᠡ ᠶᠢᠨ ᠲᠥᠪ ︽12345︾ ᠬᠤᠳᠠ ᠶᠢᠨ ᠠᠷᠠᠳ ᠤᠨ ᠬᠠᠯᠠᠮᠰᠢᠯ ᠦᠢᠯᠡᠴᠢᠯᠡᠭᠡᠨ ᠤ | ᠲᠠᠪᠴᠠᠩ ︽ᠤᠯᠠᠨ ᠲᠦᠮᠡᠨ ᠤ ᠠᠰᠢᠭ ᠲᠤᠰᠠ ᠳᠤ ᠪᠠᠭ᠎ᠠ ᠶᠠᠪᠤᠳᠠᠯ ᠭᠡᠵᠦ ᠦᠬᠡᠢ︾ ᠭᠡᠬᠦ ᠠᠵᠢᠯ ᠤᠨ ᠵᠠᠷᠴᠢᠮ ᠢ | ᠦᠷᠭᠦᠯᠵᠢᠯᠡᠨ ᠪᠠᠷᠢᠮᠲᠠᠯᠠᠵᠤ᠂ ᠬᠠᠯᠠᠮᠰᠢᠯ ᠤᠲᠠᠰᠤᠨ ᠤ ᠠᠷᠠᠳ ᠤᠨ ᠪᠠᠶᠢᠳᠠᠯ ᠤᠨ ᠡᠮᠴᠢᠯᠡᠭᠡᠨ ᠤ ᠲᠠᠰᠤᠭ ᠤᠨ | ᠲᠣᠭᠲᠠᠴᠠ ᠶᠢ ᠳᠠᠰᠤᠷᠠᠯᠳᠠ ᠦᠬᠡᠢ ᠪᠦᠷᠢᠨᠰᠢᠬᠦᠯᠵᠦ᠂ ᠤᠯᠠᠨ ᠲᠦᠮᠡᠨ ᠤ ︽ᠪᠠᠴᠢᠮ᠂ ᠬᠦᠴᠢᠷ᠂ ᠵᠣᠪᠠᠨᠢᠯ᠂ | ᠬᠦᠰᠡᠯ︾ ᠢ ᠬᠦᠴᠦᠯᠡᠨ ᠰᠢᠢᠳᠪᠦᠷᠢᠯᠡᠵᠦ᠂ ᠭᠡᠷ ᠬᠤᠷᠢᠶᠠᠯᠠᠯ ᠤᠨ ᠰᠠᠭᠤᠭᠠᠯᠢ ᠠᠷᠠᠳ ᠤᠨ ᠬᠦᠷᠲᠡᠮᠵᠢ ᠶᠢᠨ | ᠳᠦᠷᠦᠭᠳᠡᠯ᠂ ᠵᠢᠷᠭᠠᠯᠲᠤ ᠳᠦᠷᠦᠭᠳᠡᠯ ᠪᠣᠯᠤᠨ ᠠᠮᠤᠷ ᠲᠦᠪᠰᠢᠨ ᠤ ᠳᠦᠷᠦᠭᠳᠡᠯ ᠢ ᠪᠦᠲᠦᠮᠵᠢᠲᠡᠢ ᠳᠡᠭᠡᠭᠰᠢᠯᠡᠭᠦᠯᠦᠨ᠎ᠡ | ᠃ | |