ᠰᠢ ᠶᠢᠨ ᠫᠢᠩ ᠪᠧᠯᠤᠷᠦ᠋ᠰᠢᠶ᠎ᠠ ᠶᠢᠨ ᠶᠡᠷᠦᠩᠬᠡᠶᠢᠯᠡᠭᠴᠢ ᠯᠦᠺᠠᠱᠧᠨᠺᠧ ᠲᠠᠢ ᠠᠭᠤᠯᠵᠠᠪᠠ
ᠨᠡᠶᠢᠲᠡᠯᠡᠭᠰᠡᠨ ᠴᠠᠭ᠄
2023/12/5
    ᠰᠢᠨᠬᠤᠸᠠ ᠬᠤᠷᠢᠶ᠎ᠠ ᠶᠢᠨ ᠪᠡᠭᠡᠵᠢᠩ ᠤᠨ 12 ᠰᠠᠷ᠎ᠠ ᠶᠢᠨ 4᠎ ᠤ ᠴᠠᠭᠢᠯᠭᠠᠨ ᠮᠡᠳᠡᠭᠡ 12 ᠰᠠᠷ᠎ᠠ ᠶᠢᠨ 4᠎ ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠳ᠋ᠢᠶᠣᠣ ᠢᠦᠢ ᠲᠠᠢ ᠳᠠᠬᠢ ᠲᠥᠷᠥ ᠶᠢᠨ ᠵᠣᠴᠢᠳ ᠤᠨ ᠪᠠᠭᠤᠳᠠᠯ ᠳᠤ ᠪᠧᠯᠤᠷᠦ᠋ᠰᠢᠶ᠎ᠠ ᠶᠢᠨ ᠶᠡᠷᠦᠩᠬᠡᠶᠢᠯᠡᠭᠴᠢ ᠯᠦᠺᠠᠱᠧᠨᠺᠧ ᠲᠠᠢ ᠠᠭᠤᠯᠵᠠᠪᠠ᠃    ᠰᠢ ᠶᠢᠨ ᠫᠢᠩ᠂ ᠡᠨᠡ ᠵᠢᠯ ᠤᠨ 2 ᠰᠠᠷ᠎ᠠ ᠶᠢᠨ ᠰᠡᠭᠦᠯᠴᠢ ᠪᠠᠷ᠂ ᠶᠡᠷᠦᠩᠬᠡᠶᠢᠯᠡᠭᠴᠢ ᠠᠪᠤᠭᠠᠢ ᠳᠤᠮᠳᠠᠳᠤ ᠤᠯᠤᠰ ᠲᠤ ᠠᠮᠵᠢᠯᠲᠠ ᠲᠠᠢ ᠪᠠᠷ ᠲᠥᠷᠥ ᠶᠢᠨ ᠶᠠᠪᠤᠳᠠᠯ ᠤᠨ ᠠᠶᠢᠯᠴᠢᠯᠠᠯᠲᠠ ᠬᠢᠵᠦ᠂ ᠪᠢᠳᠡ ᠳᠤᠮᠳᠠᠳᠤ ᠪᠧᠯᠤᠷᠦ᠋ᠰᠢᠶ᠎ᠠ ᠶᠢᠨ ᠬᠠᠷᠢᠯᠴᠠᠭᠠᠨ ᠤ ᠥᠨᠳᠥᠷ ᠲᠦᠪᠰᠢᠨ ᠪᠦᠬᠦᠢ ᠬᠥᠭᠵᠢᠯᠲᠡ ᠶᠢ ᠠᠬᠢᠭᠤᠯᠬᠤ ᠲᠤᠬᠠᠢ ᠴᠢᠬᠤᠯᠠ ᠬᠠᠮᠲᠤ ᠶᠢᠨ ᠲᠠᠨᠢᠯᠲᠠ ᠲᠠᠢ ᠪᠣᠯᠪᠠ᠃ ᠨᠢᠭᠡ ᠵᠢᠯ ᠤᠨ ᠲᠤᠷᠰᠢ᠂ ᠬᠤᠶᠠᠷ ᠤᠯᠤᠰ ᠤᠨ ᠤᠯᠤᠰ ᠲᠦᠷᠦ ᠶᠢᠨ ᠢᠲᠡᠭᠡᠯᠴᠡᠭᠡ ᠨᠡᠩ ᠪᠠᠬᠢᠵᠢᠵᠦ᠂ ᠤᠯᠠᠨ ᠤᠯᠤᠰ ᠤᠨ ᠬᠠᠮᠵᠢᠯᠴᠠᠭ᠎ᠠ ᠨᠡᠩ ᠨᠢᠭᠲᠠᠷᠠᠵᠠᠢ᠃ ᠳᠤᠮᠳᠠᠳᠤ ᠤᠯᠤᠰ ᠢᠮᠠᠭᠲᠠ ᠪᠠᠶᠢᠯᠳᠤᠬᠤ ᠪᠣᠳᠣᠯᠭ᠎ᠠ ᠶᠢᠨ ᠥᠨᠳᠥᠷᠴᠡ ᠪᠣᠯᠣᠨ ᠠᠯᠤᠰ ᠭᠡᠳᠤ ᠶᠢᠨ ᠬᠠᠷᠠᠭᠠᠰᠤ ᠠᠴᠠ ᠳᠤᠮᠳᠠᠳᠤ ᠪᠧᠯᠤᠷᠦ᠋ᠰᠢᠶ᠎ᠠ ᠶᠢᠨ ᠬᠠᠷᠢᠯᠴᠠᠭ᠎ᠠ ᠳᠤ ᠬᠠᠨᠳᠤᠵᠤ᠂ ᠪᠧᠯᠤᠷᠦ᠋ᠰᠢᠶ᠎ᠠ ᠶᠢᠨ ᠲᠤᠰ ᠤᠯᠤᠰ ᠤᠨ ᠢᠶᠠᠨ ᠪᠠᠶᠢᠳᠠᠯ ᠳᠤ ᠨᠡᠶᠢᠴᠡᠭᠰᠡᠨ ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠡᠷᠡᠰ ᠳᠡᠮᠵᠢᠵᠦ᠂ ᠭᠠᠳᠠᠭᠠᠳᠤ ᠶᠢᠨ ᠬᠦᠴᠦᠨ ᠤ ᠪᠧᠯᠤᠷᠦ᠋ᠰᠢᠶ᠎ᠠ ᠶᠢᠨ ᠳᠣᠲᠣᠭᠠᠳᠤ ᠵᠠᠰᠠᠭ ᠲᠤ ᠭᠠᠷ ᠲᠦᠷᠦᠭᠦ ᠶᠢ ᠡᠰᠡᠷᠭᠦᠴᠡᠨ᠎ᠡ᠃ ᠳᠤᠮᠳᠠᠳᠤ ᠤᠯᠤᠰ ᠳᠤᠷᠠᠲᠠᠶ᠎ᠠ ᠪᠧᠯᠤᠷᠦ᠋ᠰᠢᠶ᠎ᠠ ᠯᠤᠭ᠎ᠠ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭ᠎ᠠ ᠪᠠᠨ ᠦᠷᠭᠦᠯᠵᠢᠯᠡᠨ ᠴᠢᠩᠭᠠᠳᠬᠠᠵᠤ᠂ ᠬᠠᠷᠢᠯᠴᠠᠨ ᠳᠡᠮᠵᠢᠬᠦ ᠪᠠᠨ ᠪᠠᠲᠤᠳᠬᠠᠵᠤ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠠᠬᠢᠭᠤᠯᠵᠤ᠂ ᠳᠤᠮᠳᠠᠳᠤ ᠪᠧᠯᠤᠷᠦ᠋ᠰᠢᠶ᠎ᠠ ᠶᠢᠨ ᠬᠠᠷᠢᠯᠴᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠦᠨ᠎ᠡ ᠭᠡᠵᠦ ᠵᠢᠭᠠᠵᠤ ᠭᠠᠷᠭᠠᠪᠠ᠃    ᠰᠢ ᠶᠢᠨ ᠫᠢᠩ᠂ ᠠᠷᠪᠠᠨ ᠵᠢᠯ ᠤᠨ ᠡᠮᠦᠨ᠎ᠡ ᠪᠢ ︽ᠨᠢᠭᠡ ᠪᠦᠰᠡ ᠨᠢᠭᠡ ᠵᠠᠮ︾᠎ ᠢ ᠬᠠᠮᠲᠤ ᠪᠠᠷ ᠪᠦᠲᠦᠭᠡᠨ ᠪᠠᠶᠢᠭᠤᠯᠬᠤ ᠰᠠᠨᠠᠭᠠᠴᠢᠯᠠᠭ᠎ᠠ ᠶᠢ ᠳᠤᠷᠠᠳᠴᠤ᠂ ᠣᠲᠣ ᠨᠢᠭᠡᠨᠲᠡ 150 ᠭᠠᠷᠤᠢ ᠤᠯᠤᠰ ᠬᠠᠮᠲᠤᠷᠠᠯᠴᠠᠭ᠎ᠠ ᠳᠤ ᠣᠷᠣᠯᠴᠠᠬᠰᠠᠨ ᠪᠠᠶᠢᠨ᠎ᠠ᠃ ᠲᠦᠷᠦᠭᠦᠬᠡᠨ᠂ ᠪᠢ ᠳᠤᠮᠳᠠᠳᠤ ᠤᠯᠤᠰ ︽ᠨᠢᠭᠡ ᠪᠦᠰᠡ ᠨᠢᠭᠡ ᠵᠠᠮ︾᠎ ᠢ ᠴᠢᠨᠠᠷ ᠰᠠᠶᠢᠲᠠᠢ ᠬᠠᠮᠲᠤ ᠪᠠᠷ ᠪᠦᠲᠦᠭᠡᠨ ᠪᠠᠶᠢᠭᠤᠯᠬᠤ ᠶᠢ ᠳᠡᠮᠵᠢᠬᠦ ᠨᠠᠢᠮᠠᠨ ᠵᠦᠢᠯ ᠤᠨ ᠠᠵᠢᠯᠯᠠᠭ᠎ᠠ ᠶᠢ ᠳᠤᠷᠠᠳᠪᠠ᠂ ᠪᠧᠯᠤᠷᠦ᠋ᠰᠢᠶ᠎ᠠ ᠶᠢᠨ ᠬᠢᠨ ᠤ ᠦᠷᠭᠦᠯᠵᠢᠯᠡᠨ ᠢᠳᠡᠪᠬᠢᠲᠡᠢ ᠣᠷᠣᠯᠴᠠᠵᠤ᠂ ᠡᠭᠦᠨ ᠤ ᠳᠤᠮᠳᠠ ᠠᠴᠠ ᠨᠠᠩ ᠣᠯᠠᠨ ᠦᠨᠡᠨ ᠪᠣᠳᠠᠲᠠᠢ ᠬᠥᠭᠵᠢᠯᠲᠡ ᠶᠢᠨ ᠠᠵᠠ ᠲᠣᠭᠢᠶᠠᠯ ᠣᠯᠬᠤ ᠶᠢ ᠪᠠᠶᠠᠷᠯᠠᠨ ᠤᠭᠲᠤᠵᠤ ᠪᠠᠶᠢᠨ᠎ᠠ᠃ ᠬᠤᠶᠠᠷ ᠲᠠᠯ᠎ᠠ ᠪᠠᠷ ᠢᠶᠠᠨ ᠳᠤᠮᠳᠠᠳᠤ ᠪᠧᠯᠤᠷᠦ᠋ᠰᠢᠶ᠎ᠠ ᠶᠢᠨ ᠠᠵᠤ ᠦᠢᠯᠡᠳᠪᠦᠷᠢ ᠶᠢᠨ ᠬᠦᠷᠢᠶᠡᠯᠡᠩ ᠵᠡᠷᠭᠡ ᠲᠦᠷᠦᠯ ᠵᠦᠢᠯ ᠢ ᠰᠠᠶᠢᠲᠤᠷ ᠬᠡᠷᠡᠭᠵᠢᠭᠦᠯᠵᠦ᠂ ᠳᠤᠮᠳᠠᠳᠤ ᠪᠧᠯᠤᠷᠦ᠋ᠰᠢᠶ᠎ᠠ ᠶᠢᠨ ᠠᠵᠤ ᠦᠢᠯᠡᠳᠪᠦᠷᠢ ᠶᠢᠨ ᠬᠠᠮᠲᠤᠷᠠᠯᠴᠠᠭ᠎ᠠ ᠶᠢᠨ ᠨᠡᠩ ᠤᠯᠠᠨ ᠦᠷ᠎ᠡ ᠪᠦᠲᠦᠭᠡᠯ ᠣᠯᠬᠤ ᠶᠢ ᠠᠬᠢᠭᠤᠯᠤᠶ᠎ᠠ᠃ ᠬᠤᠶᠠᠷ ᠲᠠᠯ᠎ᠠ ᠪᠠᠷ ᠢᠶᠠᠨ ᠬᠢᠯᠢ ᠠᠯᠤᠰᠯᠠᠭᠰᠠᠨ ᠲᠡᠭᠡᠭᠡᠪᠦᠷᠢ ᠶᠢᠨ ᠳᠥᠭᠦᠮᠴᠢᠯᠡᠯᠲᠡ ᠶᠢᠨ ᠲᠦᠪᠰᠢᠨ ᠢ ᠳᠡᠭᠡᠭᠰᠢᠯᠡᠭᠦᠯᠵᠦ᠂ ᠠᠵᠤ ᠠᠬᠤᠢ ᠠᠷᠠᠯᠵᠢᠶ᠎ᠠ ᠪᠣᠯᠣᠨ ᠬᠥᠮᠥᠰ ᠤᠨ ᠶᠠᠪᠤᠯᠴᠠᠭ᠎ᠠ ᠶᠢ ᠠᠬᠢᠭᠤᠯᠤᠶ᠎ᠠ᠃ ᠲᠣᠭᠲᠠᠮᠠᠯ ᠬᠤᠭᠤᠴᠠᠭ᠎ᠠ ᠲᠠᠢ ᠪᠠᠷ ᠰᠣᠶᠣᠯ ᠤᠨ ᠡᠳᠦᠷ ᠤᠨ ᠠᠵᠢᠯᠯᠠᠭ᠎ᠠ ᠶᠢ ᠬᠠᠷᠢᠯᠴᠠᠨ ᠡᠷᠭᠢᠯᠡᠵᠦ᠂ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ᠂ ᠪᠡᠶ᠎ᠡ ᠶᠢᠨ ᠲᠠᠮᠢᠷ᠂ ᠵᠢᠭᠤᠯᠴᠢᠯᠠᠯ ᠤᠨ ᠬᠠᠮᠲᠤᠷᠠᠯᠴᠠᠭ᠎ᠠ ᠶᠢ ᠥᠷᠭᠡᠳᠬᠡᠵᠦ᠂ ᠬᠤᠶᠠᠷ ᠤᠯᠤᠰ ᠤᠨ ᠵᠠᠯᠠᠭᠤᠴᠤᠳ ᠤᠨ ᠰᠣᠯᠢᠯᠴᠠᠭ᠎ᠠ ᠬᠠᠮᠲᠤᠷᠠᠯᠴᠠᠭ᠎ᠠ ᠥᠷᠨᠢᠭᠦᠯᠬᠦ ᠶᠢ ᠳᠡᠮᠵᠢᠵᠦ᠂ ᠬᠤᠶᠠᠷ ᠤᠯᠤᠰ ᠤᠨ ᠠᠷᠠᠳ ᠲᠦᠮᠡᠨ ᠤ ᠣᠶᠢᠯᠠᠭᠠᠯᠴᠠᠭ᠎ᠠ ᠪᠠ ᠨᠥᠬᠦᠷᠯᠡᠯ ᠢ ᠵᠤᠵᠠᠭᠠᠳᠬᠠᠶ᠎ᠠ᠃ ᠳᠤᠮᠳᠠᠳᠤ ᠪᠧᠯᠤᠷᠦ᠋ᠰᠢᠶ᠎ᠠ ᠬᠤᠶᠠᠷ ᠲᠠᠯ᠎ᠠ ᠪᠣᠯ ᠪᠦᠭᠦ ᠪᠥᠮᠪᠥᠷᠴᠡᠭ ᠤᠨ ᠵᠠᠰᠠᠯᠲᠠ ᠶᠢᠨ ᠰᠢᠰᠲ᠋ᠧᠮ ᠤᠨ ᠥᠭᠡᠷᠡᠴᠢᠯᠡᠯᠲᠡ ᠪᠣᠯᠣᠨ ᠪᠦᠲᠦᠭᠡᠨ ᠪᠠᠶᠢᠭᠤᠯᠤᠯᠲᠠ ᠳᠤ ᠣᠷᠤᠯᠴᠠᠬᠤ ᠴᠢᠬᠤᠯᠠ ᠬᠦᠴᠦᠨ ᠪᠣᠯᠣᠨ᠎ᠠ᠃ ᠳᠤᠮᠳᠠᠳᠤ ᠤᠯᠤᠰ ᠳᠤᠷᠠᠲᠠᠶ᠎ᠠ ᠪᠧᠯᠤᠷᠦ᠋ᠰᠢᠶ᠎ᠠ ᠯᠤᠭ᠎ᠠ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ᠂ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠵᠡᠷᠭᠡ ᠤᠯᠠᠨ ᠲᠠᠯ᠎ᠠ ᠶᠢᠨ ᠲᠣᠭᠲᠠᠴᠠ ᠶᠢᠨ ᠳᠣᠲᠣᠷᠠᠬᠢ ᠵᠣᠬᠢᠴᠠᠭᠤᠯᠭ᠎ᠠ ᠪᠠ ᠬᠠᠮᠵᠢᠯᠴᠠᠭ᠎ᠠ ᠪᠠᠨ ᠴᠢᠩᠭᠠᠳᠬᠠᠵᠤ᠂ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠤᠨ᠎ᠠ ᠭᠡᠵᠦ ᠴᠢᠬᠤᠯᠠᠴᠢᠯᠠᠪᠠ᠃    ᠯᠦᠺᠠᠱᠧᠨᠺᠧ᠂ ᠲᠡᠷᠢᠭᠦᠯᠡᠭᠴᠢ ᠰᠢ ᠶᠢᠨ ᠫᠢᠩ ᠤᠨ ᠤᠳᠤᠷᠢᠳᠤᠯᠭ᠎ᠠ ᠳᠣᠣᠷ᠎ᠠ᠂ ᠳᠤᠮᠳᠠᠳᠤ ᠤᠯᠤᠰ ᠤᠨ ᠬᠥᠭᠵᠢᠯᠲᠡ ᠯᠤᠲᠤ ᠶᠡᠭᠡ ᠠᠮᠵᠢᠯᠲᠠ ᠣᠯᠵᠤ᠂ 14 ᠳ᠋ᠦᠩᠰᠢᠭᠤᠷ ᠭᠠᠷᠤᠢ ᠳᠤᠮᠳᠠᠳᠤ ᠤᠯᠤᠰ ᠤᠨ ᠠᠷᠠᠳ ᠲᠦᠮᠡᠨ ᠤ ᠵᠣᠯ ᠵᠢᠷᠭᠠᠯᠲᠤ ᠠᠮᠢᠳᠤᠷᠠᠯ ᠳᠡᠯᠡᠬᠡᠢ ᠳ᠋ᠠᠬᠢᠨ ᠳᠤ ᠴᠢᠬᠤᠯᠠ ᠬᠤᠪᠢ ᠨᠡᠮᠡᠷᠢ ᠦᠵᠡᠭᠦᠯᠪᠡ᠃ ᠲᠡᠷᠢᠭᠦᠯᠡᠭᠴᠢ ᠰᠢ ᠶᠢᠨ ᠫᠢᠩ ᠤᠨ ᠲᠦᠷᠦ ᠶᠢ ᠵᠠᠰᠠᠵᠤ ᠵᠠᠰᠠᠭ ᠢ ᠡᠷᠭᠢᠯᠡᠭᠰᠡᠨ ᠠᠮᠵᠢᠯᠲᠠ ᠲᠠᠢ ᠲᠤᠷᠰᠢᠯᠭ᠎ᠠ ᠨᠢ ᠡᠯ᠎ᠡ ᠲᠠᠯ᠎ᠠ ᠶᠢᠨ ᠬᠢᠨ ᠳᠤ ᠠᠰᠢᠭ ᠬᠦᠷᠲᠡᠭᠡᠵᠦ᠂ ᠰᠤᠷᠤᠯᠴᠠᠭᠤᠰᠢᠲᠠᠢ ᠲᠣᠯᠢᠯᠠᠭᠤᠰᠢᠲᠠᠢ ᠶᠤᠮ᠃ ᠳᠤᠮᠳᠠᠳᠤ ᠤᠯᠤᠰ ᠦᠷᠭᠦᠯᠵᠢᠯᠡᠨ ᠬᠦᠴᠦᠷᠬᠡᠭᠵᠢᠨ ᠬᠥᠭᠵᠢᠬᠦ ᠶᠢ ᠪᠧᠯᠤᠷᠦ᠋ᠰᠢᠶ᠎ᠠ ᠶᠢᠨ ᠬᠢᠨ ᠴᠢᠩ ᠰᠡᠳᠬᠢᠯ ᠠᠴᠠ ᠪᠠᠨ ᠬᠦᠰᠡᠵᠦ ᠪᠠᠶᠢᠨ᠎ᠠ᠂ ᠡᠨᠡ ᠨᠢ ᠪᠦᠭᠦ ᠳᠡᠯᠡᠬᠡᠢ ᠶᠢᠨ ᠡᠩᠬᠡ ᠲᠠᠶᠢᠪᠤᠩ ᠳᠠᠪᠰᠢᠯᠲᠠ ᠶᠢᠨ ᠦᠢᠯᠡᠰ ᠲᠤ ᠠᠰᠢᠭᠲᠠᠢ ᠶᠤᠮ᠃ ᠪᠧᠯᠤᠷᠦ᠋ᠰᠢᠶ᠎ᠠ ᠳᠤᠮᠳᠠᠳᠤ ᠤᠯᠤᠰ ᠯᠤᠭ᠎ᠠ ᠶᠢᠨ ᠨᠥᠭᠦᠷᠰᠡᠭ ᠬᠠᠷᠢᠯᠴᠠᠭ᠎ᠠ ᠪᠠᠨ ᠭᠤᠶᠢᠪᠢᠰᠢ ᠦᠭᠡᠢ ᠬᠥᠭᠵᠢᠭᠦᠯᠵᠦ᠂ ᠳᠤᠷᠠᠲᠠᠶ᠎ᠠ ᠳᠤᠮᠳᠠᠳᠤ ᠤᠯᠤᠰ ᠯᠤᠭ᠎ᠠ ᠳᠡᠭᠡᠳᠦ ᠳᠠᠪᠬᠤᠷᠭ᠎ᠠ ᠶᠢᠨ ᠶᠠᠪᠤᠯᠴᠠᠭ᠎ᠠ ᠪᠠᠨ ᠨᠢᠭᠲᠠᠷᠠᠭᠤᠯᠵᠤ᠂ ᠬᠠᠷᠢᠯᠴᠠᠨ ᠳᠡᠮᠵᠢᠬᠦ ᠪᠠᠨ ᠪᠠᠲᠤᠳᠬᠠᠵᠤ᠂ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠤᠯᠠᠨ ᠤᠯᠤᠰ ᠤᠨ ᠪᠠ ᠤᠯᠠᠨ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭ᠎ᠠ ᠪᠠᠨ ᠴᠢᠩᠭᠠᠳᠬᠠᠵᠤ᠂ ᠪᠧᠯᠤᠷᠦ᠋ᠰᠢᠶ᠎ᠠ ᠳᠤᠮᠳᠠᠳᠤ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢᠨ ᠨᠡᠩ ᠶᠡᠭᠡ ᠬᠥᠭᠵᠢᠯᠲᠡ ᠲᠠᠢ ᠪᠤᠯᠬᠤ ᠶᠢ ᠠᠬᠢᠭᠤᠯᠤᠨ᠎ᠠ᠃ ᠪᠧᠯᠤᠷᠦ᠋ᠰᠢᠶ᠎ᠠ ᠶᠢᠨ ᠬᠢᠨ ᠲᠡᠷᠢᠭᠦᠯᠡᠭᠴᠢ ᠰᠢ ᠶᠢᠨ ᠫᠢᠩ ᠤᠨ ᠳᠤᠷᠠᠳᠤᠭᠰᠠᠨ ︽ᠨᠢᠭᠡ ᠪᠦᠰᠡ ᠨᠢᠭᠡ ᠵᠠᠮ︾᠎ ᠢ ᠬᠠᠮᠲᠤ ᠪᠠᠷ ᠪᠦᠲᠦᠭᠡᠨ ᠪᠠᠶᠢᠭᠤᠯᠬᠤ ᠵᠡᠷᠭᠡ ᠪᠦᠭᠦ ᠪᠥᠮᠪᠥᠷᠴᠡᠭ ᠤᠨ ᠰᠠᠨᠠᠭᠠᠴᠢᠯᠠᠭ᠎ᠠ ᠪᠣᠯ ᠳᠡᠯᠡᠬᠡᠢ ᠨᠡᠶᠢᠭᠡᠮ ᠤᠨ ᠬᠠᠮᠲᠤ ᠶᠢᠨ ᠲᠠᠨᠢᠯᠲᠠ ᠪᠣᠯᠣᠨ ᠬᠠᠮᠲᠤᠷᠠᠯᠴᠠᠭ᠎ᠠ ᠶᠢ ᠦᠨᠡᠨ ᠬᠦ ᠨᠢᠭᠲᠠᠷᠠᠭᠤᠯᠬᠤ ᠠᠭᠤᠤ ᠶᠡᠭᠡ ᠦᠢᠯᠡᠰ ᠪᠣᠯᠣᠨ᠎ᠠ ᠭᠡᠳᠡᠭ ᠢ ᠪᠠᠲᠤ ᠢᠲᠡᠭᠡᠵᠦ ᠪᠠᠶᠢᠨ᠎ᠠ᠂ ᠦᠷᠭᠦᠯᠵᠢᠯᠡᠨ ᠢᠳᠡᠪᠬᠢᠲᠡᠢ ᠣᠷᠣᠯᠴᠠᠨ᠎ᠠ ᠭᠡᠵᠦ ᠢᠯᠡᠳᠬᠡᠪᠡ᠃    ᠬᠤᠶᠠᠷ ᠤᠯᠤᠰ ᠤᠨ ᠲᠡᠷᠢᠭᠦᠨ ᠪᠠᠰᠠ ᠦᠺᠷᠠᠶᠢᠨ ᠤ ᠬᠢᠮᠤᠷᠠᠯ ᠵᠡᠷᠭᠡ ᠠᠰᠠᠭᠤᠳᠠᠯ ᠤᠨ ᠲᠤᠬᠠᠢ ᠰᠠᠨᠠᠯ ᠢᠶᠠᠨ ᠰᠣᠯᠢᠯᠴᠠᠪᠠ᠃    ᠼᠠᠢ ᠴᠢ᠂ ᠸᠠᠩ ᠢ ᠠᠭᠤᠯᠵᠠᠯᠲᠠ ᠳᠤ ᠣᠷᠣᠯᠴᠠᠵᠠᠢ᠃
 
ᠢᠷᠡᠯᠲᠡ᠄ ᠦᠪᠦᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号