ᠣᠷᠣᠨ ᠨᠤᠲᠤᠭ ᠤᠨ ᠡᠪᠦᠯ ᠬᠠᠪᠤᠷ ᠤᠨ ᠠᠮᠢᠳᠤᠷᠠᠯ ᠤᠨ ᠬᠦᠴᠢᠷᠳᠡᠯ ᠢ ᠠᠪᠤᠷᠠᠨ ᠲᠤᠰᠠᠯᠠᠬᠤ ᠠᠵᠢᠯ ᠥᠷᠨᠢᠭᠦᠯᠬᠦ ᠶᠢ ᠳᠡᠮᠵᠢᠬᠦ ᠪᠠᠷ ᠤᠷᠢᠳᠴᠢᠯᠠᠨ 48.46 ᠳ᠋ᠦᠩᠰᠢᠭᠤᠷ ᠲᠥᠭᠦᠷᠢᠭ ᠪᠠᠭᠤᠯᠭᠠᠪᠠ︕
ᠨᠡᠶᠢᠲᠡᠯᠡᠭᠰᠡᠨ ᠴᠠᠭ᠄
2023/12/5
    ᠡᠳ᠋ ᠤᠨ ᠵᠠᠰᠠᠭ ᠤᠨ ᠶᠠᠮᠤᠨ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠶᠠᠮᠤᠨ ᠠᠴᠠ ᠲᠥᠪ ᠤᠨ ᠪᠠᠶᠢᠭᠠᠯᠢ ᠶᠢᠨ ᠭᠠᠮᠰᠢᠭ ᠠᠴᠠ ᠠᠪᠤᠷᠬᠠᠤ ᠪᠠᠯᠠ ᠮᠦᠡᠭᠭᠦ ᠶᠢ 48.46 ᠳ᠋ᠦᠩᠰᠢᠭᠤᠷ ᠲᠥᠭᠦᠷᠢᠭ ᠪᠠᠭᠤᠯᠭᠠᠵᠤ᠂ ᠣᠷᠣᠨ ᠨᠤᠲᠤᠭ ᠤᠨ ᠭᠠᠮᠰᠢᠭᠳᠠᠭᠰᠠᠨ ᠣᠯᠠᠨ ᠲᠦᠮᠡᠨ ᠤ ᠡᠪᠦᠯ ᠬᠠᠪᠤᠷ ᠤᠨ ᠲᠦᠷ ᠴᠠᠭ ᠤᠨ ᠠᠮᠢᠳᠤᠷᠠᠯ ᠤᠨ ᠬᠦᠴᠢᠷᠳᠡᠯ ᠢ ᠠᠪᠤᠷᠠᠨ ᠲᠤᠰᠠᠯᠠᠬᠤ ᠠᠵᠢᠯ ᠥᠷᠨᠢᠭᠦᠯᠬᠦ ᠶᠢ ᠳᠡᠮᠵᠢᠵᠦ᠂ ᠭᠠᠮᠰᠢᠭᠳᠠᠭᠰᠠᠨ ᠣᠯᠠᠨ ᠲᠦᠮᠡᠨ ᠤ ᠠᠮᠢᠳᠤᠷᠠᠯ ᠤᠨ ᠬᠦᠴᠢᠷᠳᠡᠯ ᠢ ᠦᠨᠡᠨ ᠬᠦ ᠰᠢᠢᠳᠪᠦᠷᠢᠯᠡᠵᠦ᠂ ᠠᠮᠤᠷ ᠲᠦᠪᠰᠢᠨ ᠬᠠᠯᠠᠭᠤᠨ ᠳᠤᠯᠠᠭᠠᠨ ᠢᠶᠠᠷ ᠡᠪᠦᠯᠵᠢᠬᠦ ᠶᠢ ᠦᠨᠡᠨ ᠬᠦ ᠪᠠᠲᠤᠯᠠᠵᠦ ᠪᠤᠢ᠃   ᠡᠨᠡ ᠵᠢᠯ ᠵᠡᠭᠦᠨ ᠬᠤᠶᠢᠲᠤ ᠣᠷᠣᠨ᠂ ᠤᠮᠠᠷᠠᠲᠤ ᠣᠷᠣᠨ ᠵᠡᠷᠭᠡ ᠮᠤᠵᠢ ᠣᠷᠣᠨ ᠬᠦᠨᠳᠦ ᠨᠣᠴᠢᠲᠠᠶ ᠭᠠᠮᠰᠢᠭ ᠲᠤ ᠲᠠᠭᠠᠷᠢᠭᠳᠠᠵᠦ᠂ ᠡᠪᠦᠯ ᠬᠠᠪᠤᠷ ᠤᠨ ᠠᠪᠤᠷᠠᠨ ᠲᠤᠰᠠᠯᠠᠬᠤ ᠡᠭᠦᠷᠭᠡ ᠨᠡᠯᠢᠶᠡᠳ ᠬᠦᠨᠳᠦ ᠪᠠᠶᠢᠭ᠎ᠠ ᠪᠣᠳᠠᠲᠤ ᠪᠠᠶᠢᠳᠠᠯ ᠳᠤ ᠴᠢᠭᠯᠡᠭᠦᠯᠦᠨ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠶᠠᠮᠤᠨ᠂ ᠡᠳ᠋ ᠤᠨ ᠵᠠᠰᠠᠭ ᠤᠨ ᠶᠠᠮᠤᠨ ᠤᠷᠢᠳᠴᠢᠯᠠᠨ ᠮᠡᠳᠡᠭᠳᠡᠯ ᠳᠠᠷᠤᠮᠠᠯᠯᠠᠨ ᠲᠠᠷᠬᠠᠭᠠᠵᠤ᠂ ᠸᠢᠳᠢᠤ᠋ ᠬᠤᠷᠠᠯ ᠬᠤᠷᠠᠯᠳᠤᠭᠤᠯᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠦ᠂ ᠣᠯᠠᠨ ᠠᠵᠢᠯ ᠤᠨ ᠳᠤᠭᠤᠶᠢᠯᠠᠩ ᠲᠣᠮᠢᠯᠠᠨ ᠭᠠᠮᠰᠢᠭᠳᠠᠭᠰᠠᠨ ᠣᠷᠣᠨ ᠤ ᠨᠢᠭᠡᠳᠦᠭᠡᠷ ᠹᠷᠣᠨᠲ ᠲᠤ ᠭᠦᠨᠵᠡᠭᠡᠶᠢᠷᠡᠭᠦᠯᠵᠦ᠂ ᠡᠯ᠎ᠡ ᠭᠠᠵᠠᠷ ᠤᠨ ᠬᠢᠨ ᠢ ᠵᠢᠯᠤᠭᠤᠳᠤᠨ ᠰᠢᠪᠠᠳᠠᠵᠤ ᠪᠠᠶᠢᠭᠠᠳ ᠠᠪᠤᠷᠠᠨ ᠲᠤᠰᠠᠯᠠᠬᠤ ᠡᠲᠡᠭᠡᠳ ᠤᠨ ᠪᠠᠶᠢᠳᠠᠯ ᠢ ᠴᠠᠭ ᠲᠤᠬᠠᠶ ᠳᠤᠨᠢ ᠪᠠᠶᠢᠴᠠᠭᠠᠨ ᠣᠶᠢᠯᠠᠭᠠᠵᠤ᠂ ᠠᠪᠤᠷᠠᠨ ᠲᠤᠰᠠᠯᠠᠬᠤ ᠬᠡᠷᠡᠭᠴᠡᠭᠡ ᠶᠢ ᠣᠨᠣᠴᠠᠲᠠᠶ ᠪᠠᠷ ᠪᠦᠷᠢᠳᠬᠡᠨ ᠳᠡᠭᠡᠭᠰᠢ ᠮᠡᠳᠡᠭᠦᠯᠵᠦ᠂ ᠪᠠᠯᠠ ᠮᠥᠩᠭᠦ ᠪᠠᠭᠤᠯᠭᠠᠬᠤ ᠴᠠᠭ ᠢ ᠥᠩᠭᠡᠷᠡᠭᠰᠡᠨ ᠵᠢᠯ ᠤᠨ ᠬᠢ ᠠᠴᠠ ᠪᠠᠨ ᠶᠡᠭᠡ ᠬᠡᠮᠵᠢᠶ᠎ᠡ ᠪᠠᠷ ᠤᠷᠢᠳᠴᠢᠯᠠᠭᠤᠯᠤᠬᠰᠠᠨ ᠪᠠᠶᠢᠨ᠎ᠠ᠃   
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号