ᠰᠤᠷᠭᠠᠨ ᠬᠥᠮᠦᠵᠢᠯ ᠤᠨ ᠶᠠᠮᠤᠨ᠄ ᠰᠤᠷᠤᠭᠴᠢᠳ ᠤᠨ ᠡᠪᠡᠳᠴᠢᠯᠡᠭᠰᠡᠨ ᠬᠤᠭᠤᠴᠠᠭᠠᠨ ᠳᠠᠬᠢ ᠳᠠᠰᠬᠠᠯ ᠤᠨ ᠲᠤᠬᠠᠢ ᠬᠠᠲᠠᠭᠤ ᠱᠠᠭᠠᠷᠳᠠᠯᠭ᠎ᠠ ᠲᠠᠯᠪᠢᠬᠤ ᠦᠭᠡᠢ ᠪᠠᠶᠢᠵᠤ ᠪᠣᠯᠤᠨ᠎ᠠ ᠭᠡᠵᠦ ᠲᠣᠳᠣᠷᠬᠠᠶ ᠲᠣᠭᠲᠠᠭᠠᠪᠠ︕
ᠨᠡᠶᠢᠲᠡᠯᠡᠭᠰᠡᠨ ᠴᠠᠭ᠄
2023/12/6
    ᠰᠤᠷᠪᠤᠯᠵᠢᠯᠠᠭᠴᠢ 12 ᠰᠠᠷ᠎ᠠ ᠶᠢᠨ 5 ᠤ ᠡᠳᠦᠷ ᠰᠤᠷᠭᠠᠨ ᠬᠥᠮᠦᠵᠢᠯ ᠤᠨ ᠶᠠᠮᠤᠨ ᠠᠴᠠ ᠣᠶᠢᠯᠠᠭᠠᠭᠰᠠᠨ ᠢᠶᠠᠷ᠂ ︽ᠡᠪᠦᠯ ᠤᠨ ᠤᠯᠠᠷᠢᠯ ᠤᠨ ᠰᠤᠷᠭᠠᠭᠤᠯᠢ ᠶᠢᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠬᠤᠷᠢᠬᠯᠠᠬᠤ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ᠢ ᠣᠶᠢᠷ᠎ᠠ ᠳᠤ ᠳᠠᠷᠤᠮᠠᠯᠯᠠᠨ ᠲᠠᠷᠬᠠᠭᠠᠵᠤ᠂ ᠡᠯ᠎ᠡ ᠭᠠᠵᠠᠷ ᠤᠨ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠪᠣᠯᠤᠨ ᠰᠤᠷᠭᠠᠭᠤᠯᠢ ᠨᠤᠭᠤᠳ ᠬᠢᠵᠢᠭ ᠤᠨ ᠪᠠᠶᠢᠳᠠᠯ ᠢ ᠰᠢᠯᠭᠠᠨ ᠪᠠᠶᠢᠴᠠᠭᠠᠬᠤ ᠰᠢᠰᠲ᠋ᠧᠮ ᠤᠨ ᠪᠠᠶᠢᠭᠤᠯᠤᠯᠲᠠ ᠪᠠᠨ ᠴᠢᠩᠭᠠᠳᠬᠠᠵᠤ᠂ ᠪᠠᠭᠰᠢ ᠰᠤᠷᠤᠭᠴᠢᠳ ᠢ ᠰᠢᠪᠠᠳᠠᠨ ᠡᠳᠦᠷ ᠲᠤᠲᠤᠮ ᠤᠨ ᠬᠠᠮᠠᠭᠠᠯᠠᠯᠲᠠ ᠪᠠ ᠡᠷᠡᠭᠦᠯ ᠮᠡᠨᠳᠦ ᠶᠢᠨ ᠬᠢᠨᠠᠨ ᠪᠠᠶᠢᠴᠠᠭᠠᠯᠳᠠ ᠶᠢ ᠰᠠᠶᠢᠲᠤᠷ ᠬᠢᠯᠭᠡᠬᠦ ᠬᠡᠷᠡᠭᠲᠡᠶ ᠭᠡᠵᠦ ᠱᠠᠭᠠᠷᠳᠠᠪᠠ᠃ ᠰᠤᠷᠤᠭᠴᠢᠳ ᠤᠨ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠢ ᠴᠢᠬᠤᠯᠠᠴᠢᠯᠠᠵᠤ᠂ ᠰᠤᠷᠤᠭᠴᠢᠳ ᠤᠨ ᠡᠪᠡᠳᠴᠢᠯᠡᠭᠰᠡᠨ ᠬᠤᠭᠤᠴᠠᠭᠠᠨ ᠳᠠᠬᠢ ᠳᠠᠰᠬᠠᠯ ᠤᠨ ᠬᠠᠲᠠᠭᠤ ᠱᠠᠭᠠᠷᠳᠠᠯᠭ᠎ᠠ ᠲᠠᠯᠪᠢᠬᠤ ᠦᠭᠡᠢ ᠪᠠᠶᠢᠵᠤ ᠪᠣᠯᠤᠨ᠎ᠠ ᠬᠡᠪᠡ᠃   ᠮᠡᠳᠡᠭᠳᠡᠯ ᠳᠤ᠂ ᠡᠯ᠎ᠡ ᠭᠠᠵᠠᠷ ᠤᠨ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠪᠣᠯᠤᠨ ᠰᠤᠷᠭᠠᠭᠤᠯᠢ ᠨᠤᠭᠤᠳ ᠠᠷᠭᠠᠴᠠᠬᠤ ᠲᠥᠰᠦᠯ ᠢᠶᠠᠨ ᠲᠡᠭᠦᠯᠳᠡᠷᠵᠢᠭᠦᠯᠵᠦ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠵᠢᠭᠠᠨ ᠰᠤᠷᠭᠠᠯᠲᠠ ᠶᠢ ᠡᠮᠬᠢ ᠵᠢᠷᠤᠮ ᠲᠠᠢ ᠵᠣᠯᠭᠠᠭᠤᠯᠬᠤ ᠶᠢ ᠰᠠᠶᠢᠲᠤᠷ ᠬᠢᠵᠦ᠂ ᠡᠪᠡᠳᠴᠢᠨ ᠠᠴᠠ ᠪᠣᠯᠵᠣ ᠬᠢᠴᠢᠶᠡᠯ ᠰᠠᠭᠠᠲᠠᠭᠰᠠᠨ ᠰᠣᠷᠣᠭᠴᠢ ᠳᠤ᠂ ᠰᠦᠯᠵᠢᠶᠡᠨ ᠳᠡᠭᠡᠷᠡᠬᠢ ᠡᠯᠪᠡᠭ ᠪᠠᠶᠠᠯᠢᠭ ᠵᠢᠭᠠᠨ ᠰᠤᠷᠭᠠᠯᠲᠠ ᠶᠢᠨ ᠡᠬᠢ ᠪᠠᠶᠠᠯᠢᠭ ᠢ ᠠᠰᠢᠭᠯᠠᠨ ᠬᠡᠷ ᠲᠡᠭᠡᠨ ᠰᠠᠭᠤᠵᠤ ᠰᠤᠷᠤᠯᠴᠠᠬᠤ ᠶᠢ ᠵᠢᠯᠣᠭᠤᠳᠴᠤ᠂ ᠬᠢᠴᠢᠶᠡᠯ ᠵᠢᠭᠠᠬᠤ ᠪᠠᠭᠰᠢ ᠨᠠᠷ ᠬᠡᠷ ᠤᠨ ᠠᠬᠠᠮᠠᠳ ᠲᠠᠢ ᠣᠶᠢᠷ᠎ᠠ ᠶᠢᠨ ᠬᠤᠭᠤᠴᠠᠭᠠᠨ ᠤ ᠵᠢᠭᠠᠨ ᠰᠤᠷᠭᠠᠯᠲᠠ ᠶᠢᠨ ᠭᠤᠤᠯᠳᠠᠯᠭ᠎ᠠ ᠪᠠᠨ ᠴᠠᠭ ᠲᠤᠬᠠᠶ ᠳᠤᠨᠢ ᠨᠡᠪᠲᠡᠷᠡᠯᠴᠡᠨ ᠵᠣᠯᠭᠠᠭᠤᠯᠬᠤ ᠬᠡᠷᠡᠭᠲᠡᠶ᠃ ᠠᠮᠢᠰᠬᠤᠯ ᠤᠨ ᠵᠠᠮ ᠤᠨ ᠡᠪᠡᠳᠴᠢᠨ ᠤ ᠶᠠᠪᠤᠴᠠ ᠶᠢᠨ ᠣᠨᠴᠠᠯᠢᠭ ᠲᠠᠢ ᠤᠶᠠᠯᠳᠤᠭᠤᠯᠤᠨ᠂ ᠬᠡᠷ ᠤᠨ ᠠᠬᠠᠮᠠᠳ ᠢ ᠬᠥᠲᠥᠯᠦᠨ ᠵᠢᠯᠣᠭᠤᠳᠴᠤ ᠪᠠᠶᠢᠭᠠᠳ ᠡᠪᠡᠳᠴᠢᠯᠡᠭᠰᠡᠨ ᠰᠤᠷᠤᠭᠴᠢᠳ ᠢ ᠰᠠᠶᠢᠳᠤᠷ ᠡᠮᠨᠡᠨ ᠵᠠᠰᠠᠭᠤᠯᠬᠤ ᠪᠠ ᠠᠮᠠᠷᠠᠭᠤᠯᠵᠤ᠂ ᠰᠤᠷᠭᠠᠭᠤᠯᠢ ᠳᠤ ᠪᠠᠨ ᠪᠤᠴᠠᠵᠤ ᠬᠢᠴᠢᠶᠡᠯ ᠣᠷᠣᠬᠤ ᠲᠣᠬᠢᠷᠠᠭᠤᠯᠤᠯᠲᠠ ᠶᠢ ᠦᠨᠡᠨ ᠬᠦ ᠰᠢᠨᠵᠢᠯᠡᠬᠦ ᠤᠬᠠᠭᠠᠨᠴᠢ ᠪᠠᠷ ᠬᠢᠬᠦ ᠬᠡᠷᠡᠭᠲᠡᠶ ᠭᠡᠵᠦ ᠱᠠᠭᠠᠷᠳᠠᠪᠠ᠃   
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号