ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠵᠢᠷᠤᠮ ᠤᠨ ᠡᠮᠴᠢᠯᠡᠭᠡᠨ ᠤ ᠠᠵᠢᠯᠯᠠᠭ᠎ᠠ ᠨᠢ ᠬᠥᠮᠦᠰ ᠤᠨ ᠰᠡᠳᠬᠢᠯ ᠢ ᠳᠤᠯᠠᠭᠠᠴᠠᠭᠤᠯᠤᠨ᠎ᠠ
ᠨᠡᠶᠢᠲᠡᠯᠡᠭᠰᠡᠨ ᠴᠠᠭ᠄
2023/12/7
    ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠡᠷᠡᠭᠦᠯ ᠮᠡᠨᠳᠦ ᠶᠢ ᠨᠠᠩ ᠰᠠᠶᠢᠨ ᠰᠠᠬᠢᠨ ᠬᠠᠮᠠᠭᠠᠯᠠᠵᠤ᠂ ᠰᠠᠭᠤᠭᠠᠯᠢ ᠠᠷᠠᠳ ᠢ ᠬᠡᠷ ᠠᠴᠠ ᠪᠠᠨ ᠭᠠᠷᠬᠤ ᠥᠬᠡᠶ ᠪᠠᠷ ᠰᠦᠢᠳᠬᠡᠯ ᠬᠤᠷᠢᠶᠠᠬᠤ ᠥᠬᠡᠶ ᠡᠮᠴᠢᠯᠡᠭᠡᠨ ᠤ ᠦᠢᠯᠡᠴᠢᠯᠡᠭᠡ ᠶᠢ ᠬᠦᠷᠲᠡᠭᠡᠬᠦ ᠶᠢᠨ ᠲᠥᠯᠥᠭᠡ᠂ 12 ᠰᠠᠷ᠎ᠠ ᠶᠢᠨ 6᠎ ᠤ ᠡᠳᠦᠷ ᠤᠨ ᠦᠳᠡ ᠶᠢᠨ ᠡᠮᠦᠨ᠎ᠡ᠂ ᠬᠤᠩ ᠰᠢᠶᠠᠩ ᠭᠡᠷ ᠬᠤᠷᠢᠶᠠᠯᠠᠯ ᠪᠤᠭᠤᠲᠤ ᠬᠤᠲᠠ ᠶᠢᠨ ᠵᠢᠦ ᠶᠤᠸᠠᠨ ᠲᠣᠭᠤᠷᠢᠭ ᠤᠨ ᠬᠢᠲᠠᠳ ᠡᠮᠨᠡᠯᠭᠡ ᠮᠣᠩᠭᠤᠯ ᠡᠮᠨᠡᠯᠭᠡ ᠶᠢᠨ ᠬᠤᠷᠢᠶ᠎ᠠ ᠪᠠ ᠵᠢᠦ ᠶᠤᠸᠠᠨ ᠲᠣᠭᠤᠷᠢᠭ ᠤᠨ ᠡᠮᠨᠡᠯᠭᠡ ᠶᠢᠨ ᠬᠤᠷᠢᠶ᠎ᠠ ᠲᠠᠢ ᠬᠠᠮᠲᠤᠷᠠᠨ ᠲᠣᠮᠣ ᠬᠡᠯᠪᠡᠷᠢ ᠶᠢᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠥᠷᠨᠢᠭᠦᠯᠪᠡ᠃
C:\Users\Administrator\Desktop\新闻照片\1701853017037058573.jpg
    ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠲᠤ᠂ ᠰᠠᠭᠤᠭᠠᠯᠢ ᠠᠷᠠᠳ ᠡᠮᠬᠢ ᠵᠢᠷᠤᠮ ᠲᠠᠢ ᠪᠠᠷ ᠮᠥᠷᠯᠡᠨ ᠵᠢᠭᠰᠠᠵᠤ᠂ ᠡᠮᠴᠢ ᠰᠤᠪᠢᠯᠠᠭᠴᠢᠳ ᠤᠨ ᠲᠡᠳᠡᠨ ᠳᠤ ᠴᠢᠰᠤᠨ ᠳᠠᠷᠤᠯᠲᠠ᠂ ᠴᠢᠰᠤᠨ ᠰᠢᠬᠢᠷ᠂ ᠵᠢᠷᠦᠬᠡᠨ ᠤ ᠯᠤᠭᠰᠢᠯᠲᠠ ᠶᠢᠨ ᠵᠢᠷᠤᠭ᠂ ᠬᠡᠪᠡᠯᠢ ᠶᠢᠨ ᠬᠡᠰᠡᠭ ᠤᠨ ᠪᠤᠳᠤᠭᠲᠤ ᠬᠡᠲᠦ ᠳᠣᠯᠭᠢᠶᠠᠨ ᠵᠡᠷᠭᠡ ᠣᠯᠠᠨ ᠵᠦᠢᠯ ᠤᠨ ᠪᠠᠶᠢᠴᠠᠭᠠᠯᠲᠠ ᠶᠢᠨ ᠦᠢᠯᠡᠴᠢᠯᠡᠭᠡ ᠬᠠᠩᠭᠠᠬᠤ ᠶᠢ ᠬᠦᠯᠢᠶᠡᠨ᠎ᠡ᠃ ᠡᠭᠦᠨ ᠠᠴᠠ ᠭᠠᠳᠠᠨ᠎ᠠ᠂ ᠡᠮᠴᠢ ᠰᠤᠪᠢᠯᠠᠭᠴᠢᠳ ᠰᠠᠭᠤᠭᠠᠯᠢ ᠠᠷᠠᠳ ᠤᠨ ᠪᠡᠶ᠎ᠡ ᠶᠢᠨ ᠪᠠᠶᠢᠳᠠᠯ ᠪᠠ ᠬᠡᠷᠡᠭᠴᠡᠭᠡ ᠶᠢ ᠦᠨᠳᠦᠰᠦᠯᠡᠨ᠂ ᠰᠤᠳᠠᠯ ᠪᠠᠷᠢᠬᠤ᠂ ᠶᠠᠰᠤ ᠪᠠᠷᠢᠬᠤ᠂ ᠵᠡᠭᠦᠦ ᠲᠥᠭᠡᠨᠡᠯᠭᠡ᠂ ᠢᠯᠢᠵᠦ ᠨᠤᠬᠤᠯᠠᠬᠤ ᠪᠠ ᠰᠣᠷᠣᠭᠤᠯ ᠲᠠᠯᠪᠢᠬᠤ ᠵᠡᠷᠭᠡ ᠦᠢᠯᠡᠴᠢᠯᠡᠭᠡ ᠶᠢ ᠬᠠᠩᠭᠠᠵᠤ᠂ ᠲᠡᠳᠡᠨ ᠤ ᠪᠡᠶ᠎ᠡ ᠮᠠᠬᠠᠪᠣᠳ ᠤᠨ ᠡᠯ᠎ᠡ ᠵᠦᠢᠯ ᠤᠨ ᠡᠪ ᠦᠭᠡᠢ ᠪᠠᠶᠢᠳᠠᠯ ᠢ ᠨᠠᠮᠳᠠᠭᠤᠯᠤᠯ᠎ᠠ᠃ ᠡᠭᠦᠨ ᠤ ᠬᠠᠮᠲᠤ ᠣᠳᠣᠬᠠᠨ ᠳᠤ ᠣᠯᠠᠨ ᠡᠭᠦᠰᠳᠡᠭ ᠠᠮᠢᠰᠬᠤᠯ ᠤᠨ ᠵᠠᠮ ᠤᠨ ᠬᠠᠯᠳᠠᠪᠤᠷᠢᠲᠤ ᠡᠪᠡᠳᠴᠢᠨ ᠳᠤ ᠴᠢᠭᠯᠡᠭᠦᠯᠦᠨ᠂ ᠡᠮᠴᠢ ᠰᠤᠪᠢᠯᠠᠭᠴᠢᠳ ᠣᠯᠠᠨ ᠲᠦᠮᠡᠨ ᠤ ᠰᠡᠳᠬᠢᠯ ᠤᠨ ᠰᠡᠵᠢᠭ ᠢ ᠬᠦᠯᠢᠴᠡᠩᠭᠦᠶ ᠪᠠᠷ ᠬᠠᠷᠢᠭᠤᠯᠵᠤ᠂ ᠡᠪᠡᠳᠴᠢᠨ ᠤ ᠪᠠᠶᠢᠳᠠᠯ ᠳᠤᠨᠢ ᠬᠤᠯᠪᠣᠭᠳᠠᠯ ᠪᠥᠬᠦᠶ ᠲᠠᠶᠢᠯᠪᠤᠷᠢᠯᠠᠯᠲᠠ ᠬᠢᠬᠦ ᠶᠢᠨ ᠬᠠᠮᠲᠤ ᠡᠮᠴᠢᠯᠡᠭᠡᠨ ᠤ ᠰᠠᠨᠠᠭᠤᠯᠭ᠎ᠠ ᠥᠭᠪᠡ᠃ ᠲᠣᠰ ᠤᠳᠠᠭᠠᠨ ᠤ ᠠᠵᠢᠯᠯᠠᠭ᠎ᠠ ᠳᠤ ᠰᠢᠭᠤᠳ ᠠᠰᠢᠭ ᠭᠥᠷᠳᠡᠭᠰᠡᠨ ᠣᠯᠠᠨ ᠲᠦᠮᠡᠨ 100 ᠭᠠᠷᠤᠶ ᠪᠠᠶᠢᠵᠤ᠂ ᠣᠯᠠᠨ ᠤ ᠰᠠᠶᠢᠨ ᠦᠨᠡᠯᠡᠯᠲᠡ ᠶᠢ ᠣᠯᠤᠭᠰᠠᠨ ᠪᠠᠶᠢᠨ᠎ᠠ᠃
C:\Users\Administrator\Desktop\新闻照片\1701853017043032959.jpg
    ᠳᠠᠷᠠᠭᠠᠴᠢ ᠶᠢᠨ ᠠᠯᠬᠤᠮ ᠳᠤ᠂ ᠬᠤᠩ ᠰᠢᠶᠠᠩ ᠭᠡᠷ ᠬᠤᠷᠢᠶᠠᠯᠠᠯ ᠤᠨ ᠬᠢᠨ ᠦᠷᠭᠦᠯᠵᠢᠯᠡᠨ ᠤᠯᠠᠨ ᠲᠦᠮᠡᠨ ᠤ ᠬᠡᠷᠡᠭᠴᠡᠭᠡ ᠪᠠᠷ ᠤᠳᠤᠷᠢᠳᠤᠮᠵᠢ ᠪᠣᠯᠭᠠᠵᠤ᠂ ᠪᠣᠳᠠᠲᠤ ᠠᠵᠢᠯᠯᠠᠭ᠎ᠠ ᠪᠠᠷ ᠢᠶᠠᠨ ᠬᠠᠷᠢᠶ᠎ᠠ ᠲᠣᠭᠤᠷᠢᠭ ᠤᠨ ᠠᠷᠠᠳ ᠢᠷᠭᠡᠳ ᠲᠤ ᠦᠢᠯᠡᠴᠢᠯᠡᠵᠦ᠂ ᠬᠠᠶᠢᠷ᠎ᠠ ᠰᠡᠳᠬᠢᠯᠭᠡ ᠪᠠᠷ ᠢᠶᠠᠨ ᠨᠡᠶᠢᠭᠡᠮ ᠤᠨ ᠬᠦᠴᠦᠨ ᠢ ᠨᠢᠭᠲᠠᠷᠠᠭᠤᠯᠵᠤ᠂ ᠤᠯᠠᠨ ᠶᠠᠩᠵᠤ ᠶᠢᠨ ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠠᠷᠠᠳ ᠲᠤ ᠲᠦᠬᠦᠮ ᠦᠵᠡᠭᠦᠯᠬᠦ ᠦᠢᠯᠡᠴᠢᠯᠡᠭᠡ ᠶᠢ ᠦᠨᠡᠨᠬᠦ ᠪᠡᠶᠡᠯᠡᠭᠦᠯᠦᠨ᠎ᠡ᠃   
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号