︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠭᠦᠨ᠎ᠡ︾ ᠰᠠᠷᠠᠭᠤᠯ ᠳᠦᠷᠪᠡᠳᠦᠭᠡᠷ ᠭᠡᠷ ᠬᠤᠷᠢᠶᠠᠯᠠᠯ ︽ᠠᠬᠠᠮᠠᠳ ᠨᠠᠮ ᠤᠨ ᠭᠡᠰᠢᠭᠦᠨ ᠢ ᠬᠠᠶᠢᠷᠠᠯᠠᠨ ᠬᠠᠯᠠᠮᠵᠢᠯᠠᠵᠤ᠂ ᠠᠷᠢᠭᠤᠨ ᠴᠡᠪᠡᠷ ᠢ ᠡᠷᠬᠢᠮᠯᠡᠵᠦ ᠬᠥᠮᠦᠰ ᠤᠨ ᠰᠡᠳᠬᠢᠯ ᠢ ᠳᠤᠯᠠᠭᠠᠴᠠᠭᠤᠯᠬᠤ︾ ᠠᠵᠢᠯᠯᠠᠭ᠎ᠠ ᠥᠷᠨᠢᠭᠦᠯᠵᠡᠢ
ᠨᠡᠶᠢᠲᠡᠯᠡᠭᠰᠡᠨ ᠴᠠᠭ᠄
2023/12/8
    ᠠᠬᠠᠮᠠᠳ ᠨᠠᠮ ᠤᠨ ᠭᠡᠰᠢᠭᠦᠨ ᠤ ᠬᠦᠷᠲᠡᠮᠵᠢ ᠶᠢᠨ ᠲᠦᠷᠦᠭᠳᠡᠯ ᠪᠣᠯᠤᠨ ᠵᠣᠯ ᠵᠢᠷᠭᠠᠯᠲᠤ ᠲᠦᠷᠦᠭᠳᠡᠯ ᠢ ᠴᠢᠨᠠᠭᠰᠢᠳᠠ ᠳᠡᠭᠡᠭᠰᠢᠯᠡᠭᠦᠯᠵᠦ᠂ ᠭᠡᠷ ᠬᠤᠷᠢᠶᠠᠯᠠᠯ ᠤᠨ ᠠᠬᠠᠮᠠᠳ ᠨᠠᠮ ᠤᠨ ᠭᠡᠰᠢᠭᠦᠨ ᠤ ᠠᠮᠢᠳᠤᠷᠠᠯ ᠤᠨ ᠣᠷᠴᠢᠨ ᠲᠣᠭᠤᠷᠢᠨ ᠢ ᠰᠠᠶᠢᠵᠢᠷᠠᠭᠤᠯᠵᠤ᠂ 12 ᠰᠠᠷ᠎ᠠ ᠶᠢᠨ 6᠎ ᠤ ᠦᠳᠡ ᠶᠢᠨ ᠡᠮᠦᠨ᠎ᠡ᠂ ᠰᠠᠷᠠᠭᠤᠯ ᠳᠦᠷᠪᠡᠳᠦᠭᠡᠷ ᠭᠡᠷ ᠬᠤᠷᠢᠶᠠᠯᠠᠯ ᠤᠨ ᠬᠢᠨ ᠨᠠᠮ ᠤᠨ ᠭᠡᠰᠢᠭᠦᠨ ᠰᠠᠶᠢᠨ ᠳᠤᠷ᠎ᠠ ᠶᠢᠨ ᠠᠵᠢᠯᠯᠠᠭᠴᠢ ᠶᠢ ᠵᠣᠬᠢᠶᠠᠨ ᠪᠠᠶᠢᠭᠤᠯᠵᠤ ᠠᠬᠠᠮᠠᠳ ᠨᠠᠮ ᠤᠨ ᠭᠡᠰᠢᠭᠦᠨ ᠸᠠᠩ ᠬᠤᠸᠠ ᠨᠠᠰᠤᠲᠠᠨ ᠤ ᠭᠡᠷ ᠲᠤ ᠬᠦᠷᠴᠦ ᠠᠷᠢᠭᠤᠨ ᠴᠡᠪᠡᠷ ᠡᠷᠡᠭᠦᠯ ᠬᠠᠮᠠᠭᠠᠯᠠᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ᠃
C:\Users\Administrator\Desktop\新闻照片\3.jpg
    ᠨᠠᠮ ᠤᠨ ᠭᠡᠰᠢᠭᠦᠨ ᠰᠠᠶᠢᠨ ᠳᠤᠷ᠎ᠠ ᠶᠢᠨ ᠠᠵᠢᠯᠯᠠᠭᠴᠢ ᠨᠠᠷ ᠱᠦᠭᠦᠷ᠂ ᠵᠦᠯᠭᠦᠭᠦᠷ ᠵᠡᠷᠭᠡ ᠪᠠᠭᠠᠵᠢ ᠪᠠᠨ ᠥᠪᠡᠰᠦᠪᠡᠨ ᠪᠡᠯᠡᠳᠬᠡᠵᠦ ᠨᠠᠰᠤᠲᠠᠨ ᠤ ᠳᠤᠮᠳᠠ ᠢᠷᠡᠬᠦ ᠳᠤ᠂ ᠨᠠᠰᠤᠲᠠᠶᠢᠴᠤᠳ ᠨᠠᠮ ᠤᠨ ᠭᠡᠰᠢᠭᠦᠨ ᠰᠠᠶᠢᠨ ᠳᠤᠷ᠎ᠠ ᠶᠢᠨ ᠠᠵᠢᠯᠯᠠᠭᠴᠢ ᠶᠢᠨ ᠬᠦᠷᠴᠦ ᠢᠷᠡᠭᠰᠡᠨ ᠢ ᠦᠵᠡᠭᠡᠳ ᠲᠦᠢᠯ ᠢᠶᠠᠷ ᠪᠠᠶᠠᠷᠯᠠᠪᠠ᠃ ᠠᠵᠢᠯ ᠢᠶᠠᠨ ᠳᠥᠭᠦᠮᠬᠡᠨ ᠬᠤᠪᠢᠶᠠᠷᠢᠯᠠᠭᠰᠠᠨ ᠤ ᠲᠠᠷᠠᠭ᠎ᠠ᠂ ᠤᠯᠠᠨ ᠢᠶᠠᠷ ᠢᠶᠠᠨ ᠨᠠᠰᠤᠲᠠᠨ ᠤ ᠰᠢᠷᠡᠭᠡ ᠶᠢ ᠵᠦᠯᠭᠦᠵᠦ᠂ ᠭᠠᠵᠠᠷ ᠢ ᠨᠢ ᠱᠦᠭᠦᠷᠳᠡᠵᠦ᠂ ᠬᠦᠷᠢᠶᠡᠨ ᠤ ᠠᠷᠢᠭᠤᠨ ᠴᠡᠪᠡᠷ ᠢ ᠨᠠᠷᠢᠨ ᠬᠢᠨᠠᠮᠠᠭᠠᠢ ᠴᠡᠪᠡᠷᠯᠡᠵᠦ ᠥᠭᠴᠡᠢ᠃ ᠰᠠᠶᠢᠨ ᠳᠤᠷ᠎ᠠ ᠶᠢᠨ ᠦᠢᠯᠡᠴᠢᠯᠡᠭᠴᠢᠳ ᠰᠡᠳᠬᠢᠯ ᠢ ᠨᠢᠭᠡᠳᠬᠡᠨ ᠬᠦᠴᠦ ᠪᠠᠨ ᠬᠠᠮᠲᠤᠳᠬᠠᠵᠤ᠂ ᠭᠡᠷ ᠤᠨ ᠡᠳ᠋ᠯᠡᠯ ᠬᠡᠷᠡᠭᠰᠡᠯ ᠢ ᠮᠠᠰᠢ ᠲᠦᠷᠭᠡᠨ ᠢᠶᠠᠷ ᠠᠷᠴᠢᠵᠤ᠂ ᠠᠮᠢᠳᠤᠷᠠᠯ ᠤᠨ ᠡᠳ᠋ ᠬᠡᠷᠡᠭᠰᠡᠯ ᠢ ᠴᠦ ᠲᠡᠷᠢ ᠲᠡᠭᠰᠢ ᠲᠠᠯᠪᠢᠭᠠᠳ᠂ ᠭᠡᠷ ᠪᠠᠶᠢᠰᠢᠩ ᠢ ᠴᠡᠪᠡᠷ ᠴᠡᠮᠴᠡᠭᠡᠷ ᠪᠣᠯᠭᠠᠭᠰᠠᠨ ᠪᠠᠶᠢᠨ᠎ᠠ᠃
C:\Users\Administrator\Desktop\新闻照片\4.jpg
    ︽ᠠᠬᠠᠮᠠᠳ ᠨᠠᠮ ᠤᠨ ᠭᠡᠰᠢᠭᠦᠨ ᠢ ᠬᠠᠶᠢᠷᠠᠯᠠᠨ ᠬᠠᠯᠠᠮᠵᠢᠯᠠᠵᠤ᠂ ᠠᠷᠢᠭᠤᠨ ᠴᠡᠪᠡᠷ ᠢᠶᠠᠷ ᠬᠥᠮᠦᠰ ᠤᠨ ᠰᠡᠳᠬᠢᠯ ᠢ ᠳᠤᠯᠠᠭᠠᠴᠠᠭᠤᠯᠬᠤ︾ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠪᠠᠷ ᠳᠠᠮᠵᠢᠭᠤᠯᠵᠤ᠂ ᠭᠡᠷ ᠬᠤᠷᠢᠶᠠᠯᠠᠯ ᠤᠨ ᠨᠠᠮ ᠤᠨ ᠭᠡᠰᠢᠭᠦᠨ ᠰᠠᠶᠢᠨ ᠳᠤᠷ᠎ᠠ ᠶᠢᠨ ᠦᠢᠯᠡᠴᠢᠯᠡᠭᠴᠢᠳ ᠬᠠᠶᠢᠷ᠎ᠠ ᠬᠠᠯᠠᠮᠵᠢ ᠪᠠ ᠨᠡᠶᠢᠭᠡᠮ ᠤᠨ ᠬᠠᠷᠢᠭᠤᠴᠠᠯᠭᠠᠲᠤ ᠰᠡᠳᠬᠢᠯᠭᠡ ᠶᠢ ᠣᠶᠢᠯᠠᠭᠠᠵᠤ᠂ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠷᠢᠭ ᠰᠠᠨᠠᠭ᠎ᠠ ᠶᠢ ᠨᠡᠩ ᠰᠠᠶᠢᠲᠤᠷ ᠪᠠᠳᠠᠷᠠᠭᠤᠯᠪᠠ᠃
C:\Users\Administrator\Desktop\新闻照片\5.jpg
    ᠳᠠᠷᠠᠭᠠᠴᠢ ᠶᠢᠨ ᠠᠯᠬᠤᠮ ᠳᠤ᠂ ᠰᠠᠷᠠᠭᠤᠯ ᠳᠦᠷᠪᠡᠳᠦᠭᠡᠷ ᠭᠡᠷ ᠬᠤᠷᠢᠶᠠᠯᠠᠯ ᠤᠨ ᠬᠢᠨ ᠡᠶᠢᠮᠦᠷᠬᠦ ᠠᠵᠢᠯᠯᠠᠭ᠎ᠠ ᠶᠢ ᠨᠡᠩ ᠤᠯᠠᠨ ᠵᠣᠬᠢᠶᠠᠨ ᠪᠠᠶᠢᠭᠤᠯᠵᠤ᠂ ᠨᠡᠩ ᠤᠯᠠᠨ ᠨᠠᠮ ᠤᠨ ᠭᠡᠰᠢᠭᠦᠨ ᠰᠠᠶᠢᠨ ᠳᠤᠷ᠎ᠠ ᠶᠢᠨ ᠠᠵᠢᠯᠯᠠᠭᠴᠢ ᠶᠢ ᠨᠠᠰᠤᠲᠠᠨ ᠢᠶᠠᠨ ᠬᠠᠶᠢᠷᠠᠯᠠᠬᠤ᠂ ᠨᠠᠰᠤᠲᠠᠨ ᠢᠶᠠᠨ ᠬᠦᠨᠳᠦᠯᠡᠬᠦ ᠠᠵᠢᠯᠯᠠᠭ᠎ᠠ ᠳᠤ ᠣᠷᠣᠯᠴᠠᠭᠤᠯᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠬᠠᠯᠠᠮᠵᠢᠯᠠᠯ ᠢ ᠠᠬᠠᠮᠠᠳ ᠨᠠᠮ ᠤᠨ ᠭᠡᠰᠢᠭᠦᠨ ᠤ ᠰᠡᠳᠬᠢᠯ ᠳᠤ ᠦᠨᠡᠨ ᠪᠣᠳᠠᠲᠠᠢ ᠪᠠᠷ ᠤᠯᠠᠮᠵᠢᠯᠠᠬᠤ ᠪᠣᠯᠤᠨ᠎ᠠ᠃   
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号