ᠵᠢᠥ ᠶᠤᠸᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠪᠥᠬᠦ ᠲᠣᠭᠤᠷᠢᠢᠭ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠤᠯ ᠴᠣᠭᠴᠠ ᠶᠢ ᠨᠡᠶᠢᠲᠡᠯᠡᠬᠦ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2023/2/14
                                ᠪᠣᠭᠤᠲᠣ ᠶᠢᠨ ᠵᠢᠦ ᠶᠤᠸᠠᠨ ᠲᠣᠭᠤᠷᠢᠭ ᠤᠨ ᠠᠷᠠᠳ ᠵᠠᠰᠠᠭ ᠤᠨ                                ᠣᠷᠳᠤᠨ ᠤ ᠠᠯᠪᠠᠨ ᠭᠡᠷ ᠤᠨ ᠲᠠᠷᠬᠠᠭᠠᠭᠰᠠᠨ ︹2023︺                                 7 ᠳ᠋ᠤᠭᠠᠷ ᠲᠣᠭᠠᠲᠤ    ᠵᠢᠥ ᠶᠤᠸᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠪᠥᠬᠦ ᠲᠣᠭᠤᠷᠢᠢᠭ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠤᠯ ᠴᠣᠭᠴᠠ ᠶᠢ ᠨᠡᠶᠢᠲᠡᠯᠡᠬᠦ ᠲᠤᠬᠠᠶ ᠮᠡᠳᠡᠭᠳᠡᠯ    ᠡᠯ᠎ᠡ ᠰᠤᠮᠤ ᠪᠠᠯᠭᠠᠰᠤ᠂ ᠵᠡᠭᠡᠯᠢ ᠭᠤᠳᠤᠮᠵᠢ᠂ ᠬᠦᠷᠢᠶᠡᠯᠡᠩ ᠲᠣᠭᠤᠷᠢᠭ᠂ ᠲᠣᠭᠤᠷᠢᠭ ᠤᠨ ᠬᠠᠷᠢᠶ᠎ᠠ᠂ ᠲᠣᠭᠤᠷᠢᠭ ᠲᠤ ᠰᠠᠭᠤᠭ᠎ᠠ ᠡᠯ᠎ᠡ ᠰᠠᠯᠠᠭ᠎ᠠ ᠮᠥᠴᠢᠷ᠂ ᠨᠢᠭᠡᠴᠡ ᠳᠤ᠄    ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠨ ᠬᠠᠤᠯᠢ ᠶᠣᠰᠣᠭᠠᠷ ᠬᠠᠤᠯᠢ ᠬᠡᠷᠡᠭᠵᠢᠭᠦᠯᠬᠦ ᠶᠢ ᠵᠢᠷᠤᠮᠵᠢᠭᠤᠯᠬᠤ᠂ ᠪᠠᠲᠤᠯᠠᠬᠤ ᠪᠠ ᠬᠢᠨᠠᠯᠲᠠ ᠲᠠᠯᠪᠢᠵᠤ᠂ ᠠᠷᠠᠳ ᠢᠷᠭᠡᠨ᠂ ᠬᠠᠤᠯᠢ ᠶᠢᠨ ᠡᠷᠬᠡᠲᠡᠨ ᠪᠣᠯᠤᠨ ᠪᠤᠰᠤᠳ ᠵᠣᠬᠢᠶᠠᠨ ᠪᠠᠶᠢᠭᠤᠯᠤᠯᠲᠠ ᠶᠢᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠠᠬᠢᠭᠤᠯᠬᠤ ᠶᠢᠨ ᠲᠤᠰᠠᠳᠠ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠳᠦᠷᠢᠮ︾᠎ ᠤᠨ ᠲᠣᠭᠲᠠᠭᠠᠯ ᠢ ᠦᠨᠳᠦᠰᠦᠯᠡᠨ᠂ ᠪᠠᠶᠢᠭᠤᠯᠤᠮᠵᠢ ᠶᠢᠨ ᠥᠭᠡᠷᠡᠴᠢᠯᠡᠯᠲᠡ ᠬᠢᠭᠡᠳ ᠡᠭᠦᠷᠭᠡ ᠴᠢᠳᠠᠪᠤᠷᠢ ᠶᠢᠨ ᠲᠣᠬᠢᠷᠠᠭᠤᠯᠤᠯᠲᠠ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠳᠣᠤᠷᠠᠬᠢ ᠮᠡᠲᠦ 36 ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠤᠯ ᠴᠣᠭᠴᠠ ᠶᠢ ᠨᠡᠶᠢᠲᠡᠯᠡᠪᠡ᠃    ᠨᠢᠭᠡ᠂ ᠬᠠᠤᠯᠢ ᠪᠠᠷ ᠲᠣᠭᠲᠠᠭᠠᠭᠰᠠᠨ ᠵᠠᠰᠠᠭ ᠵᠠᠬᠢᠷᠭᠠᠨ ᠤ ᠪᠠᠶᠢᠭᠤᠯᠭ᠎ᠠ    ᠪᠤᠭᠤᠲᠤ ᠬᠤᠲᠠ ᠶᠢᠨ ᠵᠢᠥ ᠶᠤᠸᠠᠨ ᠲᠣᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠪᠤᠭᠤᠲᠤ ᠬᠤᠲᠠ ᠶᠢᠨ ᠵᠢᠥ ᠶᠤᠸᠠᠨ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ᠂ ᠪᠤᠭᠤᠲᠤ ᠬᠤᠲᠠ ᠶᠢᠨ ᠵᠢᠦ ᠶᠤᠸᠠᠨ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ᠂ ᠪᠤᠭᠤᠲᠤ ᠬᠤᠲᠠ ᠶᠢᠨ ᠵᠢᠥ ᠶᠤᠸᠠᠨ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠪᠤᠭᠤᠲᠤ ᠬᠤᠲᠠ ᠶᠢᠨ ᠵᠢᠥ ᠶᠤᠸᠠᠨ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠪᠤᠭᠤᠲᠤ ᠬᠤᠲᠠ ᠶᠢᠨ ᠵᠢᠥ ᠶᠤᠸᠠᠨ ᠲᠣᠭᠤᠷᠢᠭ ᠤᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠪᠤᠭᠤᠲᠤ ᠬᠤᠲᠠ ᠶᠢᠨ ᠵᠢᠥ ᠶᠤᠸᠠᠨ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠪᠤᠭᠤᠲᠤ ᠬᠤᠲᠠ ᠶᠢᠨ ᠵᠢᠥ ᠶᠤᠸᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠥᠩᠭᠦᠨ ᠭᠦᠢᠯᠭᠡᠭᠡᠨ ᠤ ᠠᠵᠢᠯ ᠤᠨ ᠠᠯᠪᠠᠨ ᠬᠡᠷ᠂ ᠪᠤᠭᠤᠲᠤ ᠬᠤᠲᠠ ᠶᠢᠨ ᠵᠢᠥ ᠶᠤᠸᠠᠨ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠂ ᠪᠤᠭᠤᠲᠤ ᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠵᠢᠥ ᠶᠤᠸᠠᠨ ᠲᠣᠭᠤᠷᠢᠭ ᠤᠨ ᠬᠤᠪᠢᠶᠠᠷᠢ ᠲᠣᠪᠴᠢᠶ᠎ᠠ᠂ ᠵᠢᠥ ᠶᠤᠸᠠᠨ ᠲᠣᠭᠤᠷᠢᠭ ᠤᠨ ᠤᠯᠤᠰ ᠤᠨ ᠨᠢᠭᠤᠴᠠ ᠶᠢ ᠬᠠᠮᠠᠭᠠᠯᠠᠬᠤ ᠲᠣᠪᠴᠢᠶ᠎ᠠ᠂ ᠵᠢᠥ ᠶᠤᠸᠠᠨ ᠲᠣᠭᠤᠷᠢᠭ ᠤᠨ ᠰᠣᠨᠢᠨ ᠮᠡᠳᠡᠭᠡ ᠬᠡᠪᠯᠡᠯ ᠤᠨ ᠡᠷᠬᠡ ᠶᠢᠨ ᠲᠣᠪᠴᠢᠶ᠎ᠠ᠂ ᠵᠢᠥ ᠶᠤᠸᠠᠨ ᠲᠣᠭᠤᠷᠢᠭ ᠤᠨ ᠱᠠᠰᠢᠨ ᠰᠤᠷᠲᠠᠬᠤᠨ ᠤ ᠬᠡᠷᠡᠭ ᠶᠠᠪᠤᠳᠠᠯ ᠤᠨ ᠲᠣᠪᠴᠢᠶ᠎ᠠ᠂ ᠪᠤᠭᠤᠲᠤ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠵᠢᠥ ᠶᠤᠸᠠᠨ ᠲᠣᠭᠤᠷᠢᠭ ᠤᠨ ᠬᠤᠪᠢᠶᠠᠷᠢ ᠲᠣᠪᠴᠢᠶ᠎ᠠ᠂ ᠪᠤᠭᠤᠲᠤ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠵᠢᠥ ᠶᠤᠸᠠᠨ ᠲᠣᠭᠤᠷᠢᠭ ᠤᠨ ᠬᠤᠪᠢᠶᠠᠷᠢ ᠲᠣᠪᠴᠢᠶ᠎ᠠ᠂ ᠪᠤᠭᠤᠲᠤ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠵᠢᠥ ᠶᠤᠸᠠᠨ ᠲᠣᠭᠤᠷᠢᠭ ᠤᠨ ᠶᠡᠭᠡ ᠠᠩᠭᠢ᠃ᠬᠤᠶᠠᠷ᠂ ᠬᠠᠤᠯᠢ ᠴᠠᠭᠠᠵᠠ᠂ ᠬᠠᠤᠯᠢ ᠲᠣᠭᠲᠠᠭᠠᠯ ᠠᠴᠠ ᠡᠷᠬᠡ ᠣᠯᠭᠤᠭᠰᠠᠨ ᠵᠣᠬᠢᠶᠠᠨ ᠪᠠᠶᠢᠭᠤᠯᠤᠯᠲᠠ    ᠪᠤᠭᠤᠲᠤ ᠬᠤᠲᠠ ᠶᠢᠨ ᠵᠢᠥ ᠶᠤᠸᠠᠨ ᠲᠣᠭᠤᠷᠢᠭ ᠤᠨ ᠠᠭᠠᠷᠤᠲᠠᠢ ᠰᠤᠮᠤ ᠶᠢᠨ ᠠᠷᠠᠳ ᠤᠨ ᠵᠠᠰᠠᠭ ᠤᠨ ᠣᠷᠳᠣᠨ ᠂ ᠪᠤᠭᠤᠲᠤ ᠬᠤᠲᠠ ᠶᠢᠨ ᠵᠢᠥ ᠶᠤᠸᠠᠨ ᠲᠣᠭᠤᠷᠢᠭ ᠤᠨ ᠬᠤᠶᠠᠷᠬᠤᠳᠳᠤᠭ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠪᠤᠭᠤᠲᠤ ᠬᠤᠲᠠ ᠶᠢᠨ ᠵᠢᠥ ᠶᠤᠸᠠᠨ ᠲᠣᠭᠤᠷᠢᠭ ᠤᠨ ᠳᠠᠯᠠᠨ ᠪᠤᠯᠠᠭ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠪᠤᠭᠤᠲᠤ ᠬᠤᠲᠠ ᠶᠢᠨ ᠵᠢᠥ ᠶᠤᠸᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠢᠷ᠎ᠠ ᠨᠤᠷ᠎ᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠪᠤᠭᠤᠲᠤ ᠬᠤᠲᠠ ᠶᠢᠨ ᠵᠢᠦ ᠶᠤᠸᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠰᠠᠶᠢᠬᠠᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠪᠤᠭᠤᠲᠤ ᠬᠤᠲᠠ ᠶᠢᠨ ᠵᠢᠥ ᠶᠤᠸᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠪᠠᠶᠠᠨᠰᠢᠯᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠪᠤᠭᠤᠲᠤ ᠬᠤᠲᠠ ᠶᠢᠨ ᠵᠢᠥ ᠶᠤᠸᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠠᠷᠠᠭᠤᠯ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠪᠤᠭᠤᠲᠤ ᠬᠤᠲᠠ ᠶᠢᠨ ᠵᠢᠥ ᠶᠤᠸᠠᠨ ᠲᠣᠭᠤᠷᠢᠭ ᠤᠨ ᠨᠠᠪᠴᠢᠨ ᠲᠠᠮᠠᠬᠢ ᠲᠤᠰᠬᠠᠶ ᠬᠤᠳᠠᠯᠳᠤᠬᠤ ᠲᠣᠪᠴᠢᠶ᠎ᠠ᠃    ᠭᠤᠷᠪᠠ᠂ ᠬᠤᠯᠪᠣᠭᠳᠠᠯ ᠪᠦᠬᠦᠢ ᠵᠦᠢᠯᠡᠰ    ︵ᠨᠢᠭᠡ︶ ᠲᠣᠭᠤᠷᠢᠭ ᠤᠨ ᠲᠣᠰ ᠱᠠᠲᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠣᠯ ᠴᠣᠭᠴᠠ ᠶᠢᠨ ᠨᠡᠷᠡᠰ ᠢ ᠬᠠᠮᠲᠤ ᠳᠤᠨᠢ ᠲᠣᠭᠤᠷᠢᠭ ᠤᠨ ᠵᠠᠰᠠᠭ ᠤᠨ ᠣᠷᠳᠣᠨ ᠤ ᠰᠦᠯᠵᠢᠶᠡᠨ ᠳᠡᠭᠡᠷ᠎ᠡ ᠨᠡᠶᠢᠲᠡᠯᠡᠨ᠎ᠡ᠃    ︵ᠬᠤᠶᠠᠷ︶ ᠵᠠᠰᠠᠭ ᠵᠠᠬᠢᠷᠭᠠᠨ ᠤ ᠪᠠᠶᠢᠭᠤᠯᠭ᠎ᠠ ᠨᠢ ᠬᠠᠤᠯᠢ ᠴᠠᠭᠠᠵᠠ᠂ ᠬᠠᠤᠯᠢ ᠲᠣᠭᠲᠠᠭᠠᠯ᠂ ᠲᠦᠷᠢᠮ ᠲᠣᠭᠲᠠᠭᠠᠯ ᠢ ᠦᠨᠳᠦᠰᠦᠯᠡᠨ ᠨᠠᠶᠢᠳᠠᠯᠭ᠎ᠠ ᠬᠦᠯᠢᠶᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠥᠷᠨᠢᠭᠦᠯᠬᠦ ᠳᠤ᠂ ᠨᠠᠶᠢᠳᠠᠯᠭ᠎ᠠ ᠬᠦᠯᠢᠶᠡᠭᠰᠡᠨ ᠵᠠᠰᠠᠭ ᠵᠠᠬᠢᠷᠭᠠᠨ ᠤ ᠪᠠᠶᠢᠭᠤᠯᠭ᠎ᠠ ᠪᠤᠶᠤ ᠵᠣᠬᠢᠶᠠᠨ ᠪᠠᠶᠢᠭᠤᠯᠤᠯᠲᠠ ᠲᠠᠢ ᠪᠢᠴᠢᠭ ᠤᠨ ᠬᠡᠯᠪᠡᠷᠢ ᠪᠠᠷ ᠨᠠᠶᠢᠳᠠᠯᠭ᠎ᠠ ᠶᠢᠨ ᠬᠡᠯᠡᠯᠴᠡᠭᠡᠷ ᠲᠣᠭᠲᠠᠵᠤ᠂ ᠨᠠᠶᠢᠳᠠᠯᠭ᠎ᠠ ᠬᠦᠯᠢᠶᠡᠭᠰᠡᠨ ᠪᠡᠶᠡᠴᠢ ᠴᠣᠭᠴᠠ ᠪᠠ ᠨᠠᠶᠢᠳᠠᠭᠰᠠᠨ ᠵᠠᠰᠠᠭ ᠵᠠᠬᠢᠷᠭᠠᠨ ᠤ ᠡᠷᠬᠡ ᠲᠤᠰᠢᠶᠠᠯ ᠤᠨ ᠠᠭᠤᠯᠭ᠎ᠠ ᠶᠢ ᠢᠯᠡ ᠪᠣᠯᠭᠠᠬᠤ ᠶᠢᠨ ᠬᠠᠮᠲᠤ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠳᠤ ᠮᠡᠳᠡᠭᠦᠯᠦᠨ ᠳᠠᠩᠰᠠᠯᠠᠭᠤᠯᠬᠤ ᠬᠡᠷᠡᠭᠲᠡᠶ᠃    ︵ᠭᠤᠷᠪᠠ︶ ᠲᠤᠭᠤᠷᠢᠭ ᠤᠨ ᠨᠠᠮ ᠤᠨ ᠬᠤᠷᠢᠶᠠᠨ ᠤ ᠠᠵᠢᠯ ᠤᠨ ᠪᠠᠶᠢᠭᠤᠯᠭ᠎ᠠ ᠳᠤ ᠫᠠᠶᠢᠰᠠ ᠡᠯᠭᠦᠭᠰᠡᠨ ᠪᠠᠶᠢᠭᠤᠯᠤᠮᠵᠢ ᠨᠢ ᠬᠠᠮᠢᠶ᠎ᠠ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠤᠨ ᠲᠣᠭᠲᠠᠭᠠᠯ ᠢ ᠦᠨᠳᠦᠰᠦᠯᠡᠨ᠂ ᠫᠠᠶᠢᠰᠠ ᠡᠯᠭᠦᠬᠦ ᠪᠠᠶᠢᠭᠤᠯᠤᠮᠵᠢ ᠶᠢᠨ ᠨᠡᠷ᠎ᠡ ᠪᠠᠷ ᠭᠠᠳᠠᠭᠰᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠥᠷᠨᠢᠭᠦᠯᠦᠨ᠎ᠡ᠃    ︵ᠲᠦᠷᠪᠡ︶ ᠬᠤᠶᠢᠰᠢᠳᠠ᠂ ᠲᠣᠭᠤᠷᠢᠭ ᠤᠨ ᠲᠠᠰ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠤᠯ ᠴᠣᠭᠴᠠ ᠶᠢ ᠪᠠᠶᠢᠭᠤᠯᠬᠤ᠂ ᠰᠠᠯᠭᠠᠬᠤ᠂ ᠨᠡᠶᠢᠯᠡᠭᠦᠯᠬᠦ ᠵᠢᠴᠢ ᠭᠤᠤᠯ ᠴᠣᠭᠴᠠ ᠶᠢᠨ ᠬᠢᠷᠢ ᠬᠡᠮ ᠢ ᠬᠦᠴᠦᠨ ᠥᠬᠡᠶ ᠪᠣᠯᠭᠠᠬᠤ ᠵᠡᠷᠭᠡ ᠪᠠᠶᠢᠳᠠᠯ ᠭᠠᠷᠤᠭᠰᠠᠨ ᠪᠠᠶᠢᠪᠠᠯ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠳᠤ ᠴᠠᠭ ᠲᠤᠬᠠᠶ ᠳᠤᠨᠢ ᠮᠡᠳᠡᠭᠦᠯᠵᠦ ᠳᠠᠬᠢᠨ ᠬᠢᠨᠠᠨ ᠬᠠᠷᠭᠤᠭᠤᠯᠬᠤ ᠬᠡᠷᠡᠭᠲᠡᠶ᠃    ᠲᠤᠰ ᠮᠡᠳᠡᠭᠳᠡᠯ ᠢ ᠪᠠᠭᠤᠯᠭᠠᠭᠰᠠᠨ ᠤ ᠳᠠᠷᠠᠭ᠎ᠠ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠮᠵᠢ ᠡᠭᠦᠨ ᠢᠶᠠᠷ ᠪᠠᠷᠢᠮᠵᠢᠶ᠎ᠠ ᠪᠣᠯᠭᠠᠨ᠎ᠠ᠂ ᠡᠭᠦᠨ ᠠᠴᠠ ᠡᠮᠦᠨ᠎ᠡ ᠨᠡᠶᠢᠲᠡᠯᠡᠭᠰᠡᠨ ᠬᠤᠯᠪᠣᠭᠳᠠᠯ ᠪᠦᠬᠦᠢ ᠬᠠᠤᠯᠢ ᠬᠡᠷᠡᠭᠵᠢᠭᠦᠯᠬᠦ ᠭᠤᠤᠯ ᠴᠣᠭᠴᠠ ᠶᠢᠨ ᠬᠢᠷᠢ ᠭᠡᠮ ᠢ ᠨᠤᠲᠠᠯᠠᠭᠰᠠᠨ ᠪᠢᠴᠢᠭ ᠮᠠᠲ᠋ᠧᠷᠢᠶᠠᠯ ᠢ ᠳᠠᠬᠢᠵᠤ ᠬᠡᠷᠡᠭᠵᠢᠭᠦᠯᠬᠦ ᠦᠭᠡᠶ᠃                          ᠵᠢᠦ ᠶᠤᠸᠠᠨ ᠲᠣᠭᠤᠷᠢᠭ ᠤᠨ ᠠᠷᠠᠳ ᠶᠢᠨ ᠵᠠᠰᠠᠭ ᠤᠨ ᠣᠷᠳᠣᠨ ᠤ ᠠᠯᠪᠠᠨ ᠭᠡᠷ                              2023 ᠣᠨ ᠤ 2 ᠰᠠᠷ᠎ᠠ ᠶᠢᠨ 14᠎ ᠤ ᠡᠳᠦᠷ
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号