ᠤᠯᠤᠰ ᠤᠨ AAAA ᠳᠡᠰ ᠤᠨ ᠵᠤᠭᠠᠴᠠᠯ ᠤᠨ ᠦᠵᠡᠮᠵᠢ ᠶᠢᠨ ᠣᠷᠣᠨ — ᠰᠦᠷᠯᠢᠭ ᠰᠠᠶᠢᠬᠠᠨ ᠮᠡᠷᠭᠡᠨ ︵ᠰᠢᠨᠬᠤᠸᠠ ᠬᠤᠷᠢᠶᠠᠨ ᠤ ᠪᠡᠭᠡᠵᠢᠩ ᠤᠨ 1 ᠰᠠᠷ᠎ᠠ ᠶᠢᠨ 1 ᠤ ᠴᠠᠬᠢᠯᠭᠠᠨ ᠮᠡᠳᠡᠭᠡ︶
ᠨᠡᠶᠢᠲᠡᠯᠡᠭᠰᠡᠨ ᠴᠠᠭ᠄
2023/2/17
      ᠦᠵᠡᠰᠬᠦᠯᠡᠩᠲᠦ ᠰᠠᠶᠢᠬᠠᠨ ᠮᠡᠷᠭᠡᠨ ᠤᠨ ᠵᠤᠭᠠᠴᠠᠯ ᠤᠨ ᠦᠵᠡᠮᠵᠢ ᠶᠢᠨ ᠣᠷᠣᠨ ᠨᠢ ᠪᠤᠭᠤᠲᠤ ᠬᠤᠳᠠ ᠶᠢᠨ ᠬᠥᠨᠳᠡᠯᠡᠨ ᠲᠣᠭᠤᠷᠢᠭ ᠠᠴᠠ ᠪᠠᠷᠠᠭᠤᠨᠰᠢ ᠪᠠᠷᠤᠭ 30 ᠺᠢᠯᠦᠮᠧᠳ᠋ᠷ ᠤᠨ ᠭᠠᠵᠠᠷ ᠲᠤ ᠪᠠᠶᠢᠷᠢᠯᠠᠵᠤ᠂ 2013 ᠣᠨ ᠳᠤ ᠤᠯᠤᠰ ᠤᠨ 4A ᠳᠡᠰ ᠤᠨ ᠦᠵᠡᠮᠵᠢ ᠶᠢᠨ ᠣᠷᠣᠨ ᠢᠶᠠᠷ ᠦᠨᠡᠯᠡᠭᠳᠡᠪᠡ᠃ ᠲᠡᠷᠡ ᠨᠢ ᠮᠤᠨᠠ ᠠᠭᠤᠯᠠ ᠶᠢᠨ ᠡᠮᠦᠨ᠎ᠡ ᠬᠤᠷᠮᠣᠶ ᠶᠢ ᠲᠦᠰᠢᠵᠦ᠂ ᠡᠮᠦᠨᠡᠰᠢ 110 ᠤᠯᠤᠰ ᠤᠨ ᠵᠠᠮ ᠪᠠ ᠪᠤᠭᠤᠲᠤ ᠠᠴᠠ ᠯᠠᠨᠵᠧᠦ ᠬᠥᠷᠬᠦ ᠲᠡᠮᠦᠷ ᠵᠠᠮ ᠠᠴᠠ ᠰᠠᠷ᠎ᠠ ᠳᠤ 1 ᠺᠢᠯᠣᠮᠧᠲᠷ ᠵᠠᠶᠢᠲᠠᠶ ᠪᠠᠶᠢᠵᠤ᠂ ᠵᠡᠭᠦᠨᠰᠢ ᠵᠢᠯ ᠲᠤᠷᠰᠢ ᠭᠤᠷᠤᠬ᠎ᠠ ᠶᠢᠨ ᠤᠰᠤ ᠲᠠᠢ ᠪᠠᠶᠢᠵᠤ᠂ ᠥᠩᠭᠡ ᠦᠵᠡᠮᠵᠢ ᠨᠢ ᠲᠦᠢᠯ ᠤᠨ ᠭᠤᠶᠢᠳᠠ ᠰᠠᠶᠢᠬᠠᠨ ᠪᠠᠶᠢᠳᠠᠭ᠃ ᠮᠡᠷᠭᠡᠨ ᠤᠨ ᠵᠤᠭᠠᠴᠠᠯ ᠤᠨ ᠦᠵᠡᠮᠵᠢ ᠶᠢᠨ ᠣᠷᠣᠨ ᠢ ᠵᠤᠤ ᠰᠦᠮ᠎ᠡ ᠶᠢᠨ ᠦᠵᠡᠮᠵᠢ ᠶᠢᠨ ᠣᠷᠣᠨ ᠪᠠ ᠪᠠᠶᠢᠭᠠᠯᠢ ᠶᠢᠨ ᠦᠵᠡᠮᠵᠢ ᠶᠢᠨ ᠣᠷᠣᠨ ᠭᠡᠵᠦ ᠬᠤᠶᠠᠷ ᠬᠡᠰᠡᠭ ᠬᠤᠪᠢᠶᠠᠨ᠎ᠠ᠃ ᠪᠠᠶᠢᠭᠠᠯᠢ ᠶᠢᠨ ᠦᠵᠡᠮᠵᠢ ᠶᠢᠨ ᠣᠷᠣᠨ ᠳᠤ ᠬᠠᠴᠢᠨ ᠭᠠᠶᠢᠬᠠᠮᠰᠢᠭᠲᠠᠶ ᠪᠠᠶᠢᠭᠠᠯᠢ ᠶᠢᠨ ᠥᠩᠭᠡ ᠦᠵᠡᠮᠵᠢ ᠲᠠᠢ ᠪᠠᠶᠢᠵᠤ᠂ ᠠᠭᠤᠯᠠ ᠬᠠᠳᠠ ᠠᠰᠬ᠎ᠠ ᠬᠠᠲᠠ᠂ ᠴᠡᠴᠡᠭ ᠮᠣᠳᠣ ᠪᠠᠭᠰᠢᠷᠠᠨ ᠤᠷᠭᠤᠵᠤ᠂ ᠵᠢᠭᠦᠷᠲᠡᠨ ᠰᠢᠪᠠᠭᠤ ᠵᠢᠷᠭᠢᠨ ᠵᠢᠷᠭᠢᠵᠦ᠂ ᠬᠦᠷᠬᠢᠷ᠎ᠡ ᠳᠣᠯᠭᠢᠶᠠᠯᠠᠨ ᠤᠷᠤᠰᠴᠤ᠂ ᠬᠠᠴᠢᠨ ᠭᠠᠶᠢᠬᠠᠯᠲᠠᠶ ᠦᠵᠡᠰᠬᠦᠯᠡᠩ ᠰᠠᠶᠢᠬᠠᠨ ᠥᠩᠭᠡ ᠦᠵᠡᠮᠵᠢ ᠨᠢ ᠬᠥᠮᠦᠨ ᠤ ᠰᠡᠳᠬᠢᠯ ᠢ ᠲᠠᠲᠠᠮ᠎ᠠ ᠰᠠᠶᠢᠬᠠᠨ ᠪᠠᠶᠢᠳᠠᠭ᠃ ᠰᠦᠮ᠎ᠡ ᠬᠡᠶᠢᠳ ᠤᠨ ᠬᠤᠶᠢᠲᠤ ᠲᠠᠯ᠎ᠠ ᠳᠤ ᠳᠡᠮᠡᠶ ᠬᠤᠯᠠ ᠦᠭᠡᠶ ᠨᠢ ᠳᠠᠷᠤᠶ ᠮᠡᠷᠭᠡᠨ ᠭᠤᠤ ᠶᠢᠨ ᠠᠮᠠ ᠪᠣᠯᠤᠨ᠎ᠠ᠃ ᠮᠡᠷᠭᠡᠨ ᠤ ᠭᠤᠤ ᠨᠢ ᠲᠡᠦᠬᠡᠨ ᠳᠡᠭᠡᠷ᠎ᠡ ᠮᠤᠨᠢ ᠠᠭᠤᠯᠠ ᠶᠢᠨ ᠡᠮᠦᠨ᠎ᠡ ᠤᠮᠠᠷ᠎ᠠ ᠶᠢ ᠨᠡᠪᠲᠡᠷᠡᠭᠦᠯᠬᠦ ᠨᠢᠭᠡᠨ ᠵᠤᠷᠪᠤᠰ ᠵᠠᠮ ᠪᠠᠶᠢᠵᠤ᠂ ᠤᠷᠭᠤᠮᠠᠯ ᠤᠨ ᠬᠤᠴᠢᠯᠭ᠎ᠠ ᠶᠢᠨ ᠪᠦᠷᠬᠦᠴᠡ ᠶᠢᠨ ᠨᠤᠷᠮ᠎ᠠ ᠨᠢ 90% ᠣᠷᠴᠢᠮ ᠳᠤ ᠬᠦᠷᠴᠦ᠂ ᠭᠠᠵᠠᠷ ᠪᠣᠯᠭᠠᠨ ᠳᠤ ᠡᠪᠡᠰᠦ ᠮᠣᠳᠣ ᠰᠣᠩᠭᠢᠨ᠎ᠠ ᠶᠢᠨ ᠰᠢᠩᠭᠡᠯᠢᠭ ᠲᠠᠢ ᠪᠠᠶᠢᠪᠠ᠃ ᠮᠣᠳᠣᠨ ᠤ ᠳᠣᠲᠣᠷ᠎ᠠ ᠠᠷᠴᠠ ᠠᠷᠪᠢᠨ᠂ ᠪᠠᠰᠠ ᠨᠠᠷᠠᠰᠤ᠂ ᠬᠤᠰᠤ᠂ ᠢᠯᠠᠮ᠎ᠠ᠂ ᠳᠠᠪᠲᠠᠯᠲᠠ ᠵᠡᠷᠭᠡ ᠪᠠᠶᠢᠨ᠎ᠠ᠂ ᠴᠡᠴᠡᠭ ᠡᠪᠡᠰᠦᠨ ᠤ ᠳᠣᠲᠣᠷ᠎ᠠ ᠪᠠᠳᠮ᠎ᠠ᠂ ᠤᠯᠠᠯᠵᠢᠭᠠᠨ᠎ᠠ᠂ ᠰᠦᠨ ᠦᠨᠳᠦᠰᠦ᠂ ᠴᠢᠨ᠋ᠸ᠎ᠠ ᠶᠢᠨ ᠬᠤᠣᠷ ᠵᠡᠷᠭᠡ ᠪᠤᠶ᠃ ᠬᠡᠭᠡᠷ᠎ᠡ ᠶᠢᠨ ᠠᠮᠢᠲᠠᠨ ᠳᠤ ᠰᠠᠷᠮᠠᠭᠴᠢᠨ᠂ ᠦᠨᠡᠭᠡ᠂ ᠶᠠᠯᠠᠲᠠᠨ ᠵᠢᠴᠢ ᠬᠠᠷᠴᠠᠭᠠᠶ᠂ ᠱᠠᠭᠠᠵᠠᠭᠠᠶ᠂ ᠬᠠᠷᠢᠶᠠᠴᠠᠶ᠂ ᠪᠢᠯᠵᠤᠤᠬᠠᠢ ᠵᠡᠷᠭᠡ ᠪᠤᠶ᠃ ᠦᠵᠡᠮᠵᠢ ᠶᠢᠨ ᠣᠷᠣᠨ ᠳᠤ ᠪᠦᠷᠭᠦᠳ ᠤᠨ ᠮᠥᠷᠦ᠋ᠢᠴᠡᠭᠡᠨ ᠢ ᠰᠣᠨᠢᠷᠬᠠᠬᠤ᠂ ᠰᠣᠭᠲᠣᠭᠤ ᠠᠷᠰᠯᠠᠨ ᠤ ᠰᠢᠰᠢᠨ ᠪᠤᠯᠠᠭ᠂ ᠦᠯᠢᠭᠡᠷ ᠤᠨ ᠲᠠᠪᠴᠠᠩ ᠂ ᠲᠡᠮᠡᠭᠡᠨ ᠣᠷᠭᠢᠯ᠂ ᠤᠨᠲᠠᠩᠬᠠᠢ ᠪᠤᠭᠤ ᠶᠢᠨ ᠴᠢᠯᠠᠭᠤ ᠵᠡᠷᠭᠡ ᠦᠵᠡᠮᠵᠢ ᠲᠠᠢ᠂ ᠡᠳᠦᠭᠡ ᠮᠡᠷᠭᠡᠨ ᠤᠨ ᠦᠵᠡᠮᠵᠢ ᠶᠢᠨ ᠣᠷᠣᠨ ᠨᠢᠭᠡᠨᠲᠡ ᠤᠯᠠᠨ ᠲᠦᠮᠡᠨ ᠤ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠤᠨ ᠵᠤᠭ᠎ᠠ ᠴᠡᠩᠭᠡᠯ ᠤᠨ ᠰᠠᠶᠢᠬᠠᠨ ᠭᠠᠵᠠᠷ ᠪᠣᠯᠵᠠᠢ᠃      ᠦᠵᠡᠮᠵᠢ ᠶᠢᠨ ᠣᠷᠣᠨ ᠤ ᠵᠠᠭᠠᠯᠳᠤᠬᠤ ᠳ᠋ᠢᠶᠠᠩᠬᠤᠸᠠ᠄ 0472-5155595      ᠵᠢᠦ ᠶᠤᠸᠠᠨ ᠲᠣᠭᠤᠷᠢᠭ ᠤᠨ ᠵᠢᠭᠤᠯᠴᠢᠯᠠᠯ ᠤᠨ ᠲᠣᠪᠴᠢᠶ᠎ᠠ ᠶᠢᠨ ᠵᠠᠭᠠᠯᠳᠤᠬᠤ ᠤᠲᠠᠰᠤ᠄ 0472-6140859
ᠮᠡᠷᠭᠡᠨ ᠦᠵᠡᠮᠵᠢ ᠶᠢᠨ ᠣᠷᠣᠨ ᠤ ᠬᠠᠶ᠋ᠢᠭ    ᠬᠠᠶ᠋ᠢᠭ᠄ ᠥᠪᠥᠷ ᠮᠣᠩᠭᠤᠯ ᠤᠨ ᠪᠤᠭᠤᠲᠤ ᠬᠤᠲᠠ ᠶᠢᠨ ᠮᠡᠷᠭᠡᠨ ᠭᠤᠤ ᠶᠢᠨ 110 ᠤᠯᠤᠰ ᠤᠨ ᠵᠠᠮ ᠤᠨ 712 ᠺᠢᠯᠣᠮᠧᠲᠷ ᠤᠨ ᠭᠠᠵᠠᠷ    ᠵᠠᠮ ᠬᠠᠷᠢᠯᠴᠠᠭᠠᠨ ᠤ ᠵᠢᠭᠠᠯᠲᠠ᠄    1. ᠰᠢᠭᠤᠳ ᠬᠦᠷᠬᠦ ᠡᠭᠡᠯᠵᠢ ᠶᠢᠨ ᠲᠡᠷᠭᠡ᠄ ︵ᠭᠠᠷᠠᠭ ᠤᠨ ᠵᠢᠷᠭᠤᠭᠠᠨ ᠤ ᠡᠳᠦᠷ︶    ᠳ᠋ᠦᠩ ᠾᠧ ᠶᠢᠨ ᠬᠤᠯᠠ ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠦᠷᠳᠡᠭᠡ ︵7∶00︶ → ᠪᠤᠭᠤᠲᠤ ᠶᠢᠨ ᠡᠮᠨᠡᠯᠭᠡ ᠶᠢᠨ ᠳᠡᠭᠡᠳᠦ ᠰᠤᠷᠭᠠᠭᠤᠯᠢ ︵7∶20︶ → ᠪᠦᠦ ᠱᠢ ᠳᠡᠭᠡᠳᠦ ᠰᠤᠷᠭᠠᠭᠤᠯᠢ ︵7∶40︶ → ᠢ ᠬᠦᠩ ︵8∶00︶ → ᠺᠦᠨ ᠲᠣᠭᠤᠷᠢᠭ ᠤᠨ ᠬᠤᠯᠠ ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠦᠷᠳᠡᠭᠡ ︵8∶30︶ → ᠮᠧᠶ ᠯᠢ ᠭᠠᠩ ᠦᠵᠡᠮᠵᠢ ᠶᠢᠨ ᠣᠷᠣᠨ    2. ᠲᠡᠷᠭᠡ ᠵᠢᠯᠣᠭᠤᠳᠬᠤ ᠳᠤ ᠪᠠᠷᠤᠭ ᠨᠢᠭᠡ ᠴᠠᠭ ᠤᠨ ᠳᠣᠲᠣᠷ᠎ᠠ ᠮᠡᠷᠭᠡᠨ ᠦᠵᠡᠮᠵᠢ ᠶᠢᠨ ᠣᠷᠣᠨ ᠳᠤ ᠬᠦᠷᠴᠦ ᠳᠡᠶᠢᠯᠦᠨ᠎ᠡ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号