2023 ᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ︵ᠨᠢᠭᠡ︶
ᠨᠡᠶᠢᠲᠡᠯᠡᠭᠰᠡᠨ ᠴᠠᠭ᠄
2023/2/20
            ᠵᠠᠰᠠᠭ ᠤᠨ ᠣᠷᠳᠣᠨ ᠤ ᠠᠵᠢᠯ ᠤᠨ ᠮᠡᠳᠡᠭᠦᠯᠦᠯᠲᠡ    —2023 ᠣᠨ ᠤ 1 ᠰᠠᠷ᠎ᠠ ᠶᠢᠨ 9 ᠤ ᠡᠳᠦᠷ ᠪᠤᠭᠤᠲᠤ ᠬᠤᠲᠠ ᠶᠢᠨ ᠵᠢᠥ ᠶᠤᠸᠠᠨ ᠲᠣᠭᠤᠷᠢᠭ ᠤᠨ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠳᠡᠭᠡᠷ᠎ᠡ    ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠳᠠᠷᠤᠭ᠎ᠠ ᠯᠢᠦ ᠰᠢᠶᠤᠤ ᠫᠢᠩᠲᠥᠯᠥᠭᠡᠯᠡᠭᠴᠢᠳ ᠡ᠄    ᠣᠳᠣ ᠪᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠳᠤ ᠠᠵᠢᠯ ᠢᠶᠠᠨ ᠮᠡᠳᠡᠭᠦᠯᠦᠶ᠎ᠡ᠂ ᠬᠢᠨᠠᠨ ᠵᠥᠪᠯᠡᠬᠦ ᠪᠣᠯᠪᠠᠤ᠂ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠪᠣᠯᠤᠨ ᠬᠤᠷᠠᠯ ᠳᠤ ᠰᠤᠯᠠ ᠣᠷᠣᠯᠴᠠᠭᠰᠠᠨ ᠨᠥᠬᠦᠳ ᠰᠠᠨᠠᠯ ᠢᠶᠠᠨ ᠳᠤᠷᠠᠳᠬᠤ ᠪᠣᠯᠪᠠᠤ᠃    ᠨᠢᠭᠡ᠂ 2022 ᠣᠨ ᠤ ᠠᠵᠢᠯ ᠤᠨ ᠡᠷᠭᠢᠴᠡᠭᠦᠯᠦᠯ    ᠥᠩᠭᠡᠷᠡᠭᠰᠡᠨ ᠨᠢᠭᠡ ᠵᠢᠯ ᠪᠣᠯ ᠵᠢᠥ ᠶᠤᠸᠠᠨ ᠲᠣᠭᠤᠷᠢᠭ ᠤᠨ ᠬᠥᠭᠵᠢᠯᠲᠡ ᠶᠢᠨ ᠥᠩᠭᠡᠷᠡᠯᠲᠡ ᠲᠦᠢᠯ ᠤᠨ ᠶᠡᠷᠦ ᠪᠤᠰᠤ ᠶᠢᠨ᠂ ᠲᠦᠢᠯ ᠤᠨ ᠪᠡᠷᠬᠡ ᠬᠠᠲᠠᠭᠤᠵᠢᠯᠲᠠᠢ᠂ ᠲᠦᠢᠯ ᠤᠨ ᠥᠷᠢᠰᠦᠯᠳᠦᠭᠡᠨ ᠲᠠᠢ ᠨᠢᠭᠡ ᠵᠢᠯ ᠪᠣᠯᠤᠨ᠎ᠠ᠃ ᠨᠠᠷᠢᠨ ᠪᠤᠳᠤᠯᠢᠶᠠᠨᠲᠠᠢ ᠬᠤᠪᠢᠷᠠᠯᠲᠠ ᠶᠡᠬᠡᠲᠡᠢ ᠠᠵᠤ ᠠᠬᠤᠢ ᠶᠢᠨ ᠪᠠᠶᠢᠳᠠᠯ᠂ ᠪᠡᠷᠬᠡ ᠬᠠᠲᠠᠭᠤᠵᠢᠯᠲᠠᠢ ᠨᠦᠰᠡᠷ ᠬᠦᠨᠳᠦ ᠬᠥᠭᠵᠢᠯᠲᠡ ᠶᠢᠨ ᠡᠭᠦᠷᠭᠡ᠂ ᠢᠯᠠᠩᠭᠤᠶ᠎ᠠ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠯᠤᠲᠤ ᠶᠡᠭᠡ ᠲᠠᠭᠠᠷᠢᠯᠳᠠ ᠶᠢᠨ ᠡᠮᠦᠨ᠎ᠡ᠂ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ᠂ ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠪᠦᠬᠦᠳᠡ ᠬᠤᠷᠠᠯ ᠪᠣᠯᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠲᠤᠭᠤᠷᠢᠭ ᠤᠨ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ︽ᠬᠢᠵᠢᠭ ᠤᠨ ᠪᠠᠶᠢᠳᠠᠯ ᠢ ᠰᠡᠷᠭᠡᠶᠢᠯᠡᠬᠦ᠂ ᠠᠵᠤ ᠠᠬᠤᠢ ᠶᠢ ᠲᠣᠭᠲᠠᠪᠤᠷᠢᠵᠢᠭᠤᠯᠬᠤ᠂ ᠬᠥᠭᠵᠢᠯᠲᠡ ᠶᠢ ᠠᠮᠤᠷ ᠲᠦᠪᠰᠢᠨ ᠪᠠᠶᠢᠯᠭᠠᠬᠤ︾ ᠴᠢᠬᠤᠯᠠ ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠥᠨᠳᠥᠷ ᠪᠦᠲᠦᠮᠵᠢᠲᠡᠢ ᠨᠢᠭᠡᠳᠦᠯᠲᠡᠢ ᠲᠥᠯᠥᠪᠵᠢᠭᠦᠯᠵᠦ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠡᠷᠡᠮᠡᠬᠡᠶᠢᠯᠡᠨ ᠤᠷᠤᠭᠰᠢᠯᠠᠵᠤ᠂ ᠲᠤᠰ ᠬᠤᠭᠤᠴᠠᠭᠠᠨ ᠤ ᠵᠠᠰᠠᠭ ᠤᠨ ᠣᠷᠳᠣᠨ ᠤ ᠠᠵᠢᠯ ᠤᠨ ᠰᠠᠶᠢᠨ ᠰᠠᠶᠢᠬᠠᠨ ᠡᠬᠢᠯᠡᠯᠲᠡ ᠶᠢ ᠪᠡᠶᠡᠯᠡᠭᠦᠯᠪᠡ᠃ ᠵᠢᠱᠢᠯᠲᠠ ᠪᠠᠷ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠲᠡᠭ ᠢ 341 ᠳ᠋ᠣᠩᠰᠢᠭᠤᠷ ᠲᠦᠭᠦᠷᠢᠭ ᠲᠤ ᠬᠦᠷᠭᠡᠵᠦ᠂ 8% ᠣᠷᠴᠢᠮ ᠢᠶᠠᠷ ᠨᠡᠮᠡᠭᠳᠡᠭᠦᠯᠵᠦ᠂ ᠳᠣᠭᠲᠠᠮᠠᠯ ᠬᠦᠷᠦᠩᠭᠡ ᠶᠢᠨ ᠪᠡᠯᠡ ᠣᠷᠤᠭᠤᠯᠤᠯᠲᠠ ᠶᠢ 20% ᠢᠶᠠᠷ ᠨᠡᠮᠡᠭᠳᠡᠭᠦᠯᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ 20% ᠣᠷᠴᠢᠮ ᠢᠶᠠᠷ ᠨᠡᠮᠡᠭᠳᠡᠭᠦᠯᠵᠦ᠂ ᠡᠩ ᠤᠨ ᠨᠡᠶᠢᠲᠡ ᠶᠢᠨ ᠲᠦᠰᠦᠪ ᠤᠨ ᠣᠷᠤᠯᠭ᠎ᠠ ᠶᠢ 1% ᠣᠷᠴᠢᠮ ᠨᠡᠮᠡᠭᠳᠡᠭᠦᠯᠵᠦ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠢ ᠲᠤᠭ᠎ᠠ ᠶᠢ 1% ᠣᠷᠴᠢᠮ ᠨᠡᠮᠡᠭᠳᠡᠭᠦᠯᠵᠦ᠂ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠡᠵᠡᠮᠳᠡᠵᠦ ᠪᠣᠯᠬᠤ ᠣᠷᠤᠯᠭ᠎ᠠ ᠶᠢ ᠲᠤᠰ ᠲᠤᠰ 6%᠂ 8% ᠣᠷᠴᠢᠮ ᠨᠡᠮᠡᠭᠳᠡᠭᠦᠯᠵᠦ᠂ ᠳᠤᠮᠳᠠᠳᠤ ᠤᠯᠤᠰ ᠤᠨ ᠪᠠᠷᠠᠭᠤᠨ ᠣᠷᠣᠨ ᠤ ᠵᠠᠭᠤᠨ ᠬᠦᠴᠦᠷᠬᠡᠭ ᠣᠷᠣᠨ ᠳᠤ ᠣᠷᠤᠭᠤᠯᠤᠨ᠎ᠠ᠃   ᠪᠢᠳᠡ ᠠᠷᠠᠳ ᠲᠦᠮᠡᠨ ᠢ ᠴᠢᠬᠤᠯᠠᠴᠢᠯᠠᠵᠤ᠂ ᠠᠮᠢ ᠨᠠᠰᠤ ᠶᠢ ᠴᠢᠬᠤᠯᠠᠴᠢᠯᠠᠬᠤ ᠶᠢ ᠪᠠᠷᠢᠮᠲᠠᠯᠠᠵᠤ᠂ ᠶᠡᠭᠡ ᠳᠠᠶᠢᠯᠠᠯᠳᠤᠭᠠᠨ ᠶᠡᠭᠡ ᠰᠢᠯᠭᠠᠯᠲᠠ ᠶᠢᠨ ᠳᠤᠮᠳᠠ ᠠᠷᠠᠳ ᠲᠦᠮᠡᠨ ᠤ ᠠᠮᠤᠷ ᠠᠮᠤᠭᠤᠯᠠᠩ ᠢ ᠪᠦᠬᠦ ᠬᠦᠴᠦ ᠪᠠᠷ ᠢᠶᠠᠨ ᠰᠠᠬᠢᠨ ᠬᠠᠮᠠᠭᠠᠯᠠᠪᠠ᠃ ᠣᠯᠠᠨ ᠡᠭᠡᠯᠵᠢ ᠶᠢᠨ ᠭᠡᠨᠡᠳᠲᠡ ᠶᠢᠨ ᠬᠢᠵᠢᠭ ᠤᠨ ᠪᠠᠶᠢᠳᠠᠯ ᠤᠨ ᠡᠮᠦᠨ᠎ᠡ᠂ ᠪᠥᠬᠦ ᠲᠣᠭᠤᠷᠢᠭ ᠢᠶᠠᠷ ᠢᠶᠠᠨ ᠬᠦᠴᠦ ᠪᠠᠨ ᠬᠠᠮᠲᠤᠳᠬᠠᠨ ᠬᠠᠮᠵᠢᠯᠴᠠᠵᠤ᠂ ᠰᠢᠨᠵᠢᠯᠡᠬᠦ ᠤᠬᠠᠭᠠᠨᠴᠢ ᠪᠠᠷ ᠠᠷᠭᠠᠴᠠᠵᠤ᠂ ᠲᠦᠷᠭᠡᠨ ᠰᠢᠢᠳᠪᠦᠷᠢᠯᠡᠵᠦ᠂ ᠠᠷᠭ᠎ᠠ ᠤᠬᠠᠭᠠᠨ ᠭᠠᠷᠭᠠᠨ ᠰᠢᠯᠵᠢᠭᠦᠯᠦᠨ ᠲᠡᠭᠡᠭᠡᠪᠦᠷᠢᠯᠡᠬᠦ᠂ ᠲᠠᠬᠤᠯ ᠡᠪᠡᠳᠴᠢᠨ ᠤ ᠪᠠᠶᠢᠴᠠᠭᠠᠯᠲᠠ ᠬᠢᠵᠦ ᠡᠬᠢ ᠡᠭᠦᠰᠦᠯ ᠢ ᠨᠢ ᠮᠥᠷᠳᠡᠬᠦ᠂ ᠪᠥᠭᠡᠮ ᠬᠦᠴᠢᠯ ᠤᠨ ᠰᠢᠭᠰᠢᠨ ᠪᠠᠶᠢᠴᠠᠭᠠᠯᠲᠠ᠂ ᠨᠡᠶᠢᠭᠡᠮ ᠤᠨ ᠬᠠᠮᠢᠶᠠᠷᠤᠨ ᠡᠵᠡᠮᠳᠡᠬᠦ᠂ ᠪᠣᠭᠤᠮᠲᠠ ᠶᠢᠨ ᠰᠡᠷᠭᠡᠶᠢᠯᠡᠨ ᠡᠵᠡᠮᠳᠡᠬᠦ ᠵᠡᠷᠭᠡ ᠵᠠᠩᠭᠢᠯᠠᠭ᠎ᠠ ᠶᠢᠨ ᠭᠤᠭᠴᠤᠭ᠎ᠠ ᠶᠢ ᠲᠣᠪᠤᠶᠢᠮ᠎ᠠ ᠰᠠᠶᠢᠲᠤᠷ ᠠᠳᠬᠤᠵᠤ᠂ ᠴᠠᠭ ᠪᠠ ᠪᠠᠶᠢᠳᠠᠯ ᠳᠤ ᠲᠣᠬᠢᠷᠠᠭᠤᠯᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠰᠢᠯᠢᠳᠡᠭᠵᠢᠭᠦᠯᠬᠦ ᠬᠡᠷᠡᠭᠲᠡᠶ᠃ ᠭᠤᠷᠪᠠᠨ ᠵᠢᠯ ᠤᠨ ᠲᠤᠷᠰᠢᠬᠢ ᠬᠠᠮᠤᠭ ᠤᠨ ᠬᠦᠨᠳᠦ ᠬᠡᠴᠡᠭᠦᠦ ᠨᠠᠷᠢᠨ ᠪᠤᠳᠤᠯᠢᠶᠠᠨᠲᠠᠶ ᠬᠢᠵᠢᠭ ᠤᠨ ᠪᠠᠶᠢᠳᠠᠯ ᠤᠨ ᠰᠢᠯᠭᠠᠯᠲᠠ ᠶᠢᠨ ᠡᠮᠦᠨ᠎ᠡ᠂ ᠪᠥᠬᠦ ᠲᠣᠭᠤᠷᠢᠭ ᠤᠨ ᠡᠮᠴᠢ ᠰᠤᠪᠢᠯᠠᠭᠴᠢᠳ ᠬᠢᠵᠢᠭ ᠢ ᠰᠡᠷᠭᠡᠶᠢᠯᠡᠨ ᠡᠵᠡᠮᠳᠡᠬᠦ ᠬᠠᠮᠤᠭ ᠤᠨ ᠰᠠᠶᠢᠨ ᠦᠷ᠎ᠡ ᠪᠦᠲᠦᠮᠵᠢ ᠤᠯᠪᠠ᠃ ᠡᠭᠦᠨ ᠤ ᠬᠠᠮᠲᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ ᠶᠡᠭᠡ ᠰᠤᠷᠭᠠᠭᠤᠯᠢ ᠶᠢᠨ 818 ᠪᠠᠭᠰᠢ ᠰᠤᠷᠤᠭᠴᠢ ᠶᠢ ᠲᠤᠰᠠᠭᠠᠷᠯᠠᠨ ᠡᠮᠨᠡᠵᠦ᠂ ᠪᠦᠬᠦ ᠬᠦᠴᠦᠨ ᠢᠶᠠᠷ ᠢᠶᠠᠨ 2600 ᠭᠠᠷᠤᠢ ᠰᠤᠷᠤᠭᠴᠢᠳ ᠢ ᠬᠠᠮᠠᠭᠠᠯᠠᠵᠤ ᠡᠬᠢᠯᠡᠪᠡ᠃    ᠪᠢᠳᠡ ︽ᠬᠤᠶᠠᠷ ᠰᠢᠨ᠎ᠡ︾ ᠶᠢᠨ ᠤᠳᠤᠷᠢᠳᠤᠮᠵᠢ ᠶᠢ ᠪᠠᠷᠢᠮᠲᠠᠯᠠᠵᠤ᠂ ᠨᠡᠮᠡᠭᠳᠡᠯ ᠤᠨ ᠬᠡᠮᠵᠢᠶ᠎ᠡ ᠶᠢ ᠪᠣᠳᠠᠲᠠᠶ ᠠᠳᠬᠤᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ ᠳᠤᠮᠳᠠ ᠠᠵᠤ ᠠᠬᠤᠶ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠬᠦᠴᠦᠯᠡᠨ ᠠᠬᠢᠭᠤᠯᠪᠠ᠃ ︽ᠭᠤᠷᠪᠠ ᠶᠢ ᠲᠡᠮᠡᠴᠡᠨ ᠤᠯᠬᠤ︾ ᠠᠵᠢᠯ ᠢ ᠪᠥᠬᠦ ᠬᠦᠴᠦᠨ ᠢᠶᠠᠷ ᠢᠶᠠᠨ ᠥᠷᠨᠢᠭᠦᠯᠵᠦ᠂ ᠡᠯ᠎ᠡ ᠲᠥᠷᠥᠯ ᠤᠨ ᠪᠠᠯᠠ ᠮᠥᠩᠭᠦ ᠶᠢ 8.9 ᠳ᠋ᠦᠩᠰᠢᠭᠤᠷ ᠲᠥᠭᠦᠷᠢᠭ᠂ ᠲᠡᠳᠬᠦᠬᠦ ᠲᠥᠷᠥ ᠶᠢᠨ ᠪᠣᠳᠣᠯᠭ᠎ᠠ ᠶᠢ 8 ᠵᠦᠢᠯ᠂ ᠵᠢᠱᠢᠶ᠎ᠡ ᠦᠵᠡᠭᠦᠯᠬᠦ ᠲᠤᠷᠰᠢᠯᠲᠠ ᠶᠢᠨ ᠴᠡᠭ ᠢ 23 ᠴᠢᠷᠮᠠᠶᠢᠨ ᠣᠯᠪᠠ᠃ ᠪᠦᠬᠦ ᠬᠤᠲᠠ ᠶᠢᠨ ᠨᠢᠭᠡᠳᠦᠭᠡᠷ ᠬᠤᠭᠤᠴᠠᠭᠠᠨ ᠤ 2200 ᠮᠦ ᠭᠠᠵᠠᠷ ᠱᠢᠷᠣᠢ ᠶᠢ ᠲᠠᠲᠠᠪᠤᠷᠢᠯᠠᠬᠤ ᠨᠤᠷᠠᠭᠠᠬᠤ 30 ᠡᠳᠦᠷ ᠤᠨ ᠳᠣᠲᠣᠷ᠎ᠠ ᠪᠦᠬᠦ ᠬᠤᠲᠠ ᠶᠢᠨ ︽ᠱᠢᠨ᠎ᠡ ᠲᠡᠮᠳᠡᠭᠯᠡᠯ︾ ᠢ ᠡᠭᠦᠳᠪᠡ᠃ ᠴᠢᠬᠤᠯᠠ ᠶᠡᠭᠡ ᠳᠥᠰᠦᠯ ᠲᠡᠤᠬᠡᠳᠦ ᠴᠢᠨᠠᠷᠲᠠᠢ ᠰᠢᠪᠳᠤᠯᠤᠯᠳᠠ ᠲᠠᠢ ᠪᠤᠯᠵᠤ᠂ ᠶᠡᠷᠦᠩᠬᠡᠢ ᠪᠡᠯᠡ ᠤᠷᠤᠭᠤᠯᠤᠯᠳᠠ ᠨᠢ 242 ᠳ᠋ᠦᠩᠰᠢᠭᠤᠷ ᠲᠦᠬᠦᠷᠢᠭ ᠲᠤ ᠬᠦᠷᠦᠭᠰᠡᠨ ᠪᠦᠷᠢᠨ ᠦᠨᠳᠦᠷ ᠴᠡᠪᠡᠷ ᠤᠯᠠᠨ ᠲᠠᠯᠠᠰᠳᠦ ᠴᠠᠬᠢᠭᠤᠷ ᠪᠠ ᠬᠠᠭᠠᠰ ᠲᠠᠮᠵᠢᠭᠤᠯᠤᠭᠴᠢ ᠶᠢᠨ ᠤᠯᠠᠨ ᠲᠠᠯᠠᠰᠳᠦ ᠴᠠᠬᠢᠭᠤᠷ ᠤᠨ ᠳᠥᠰᠦᠯ ᠤᠳᠠᠯ ᠦᠭᠡᠢ ᠠᠰᠢᠭᠯᠠᠯᠳᠠ ᠳᠤ ᠤᠷᠤᠪᠠ᠂ ᠡᠨᠡ ᠪᠤᠯ ᠮᠠᠨ ᠤ ᠲᠣᠭᠤᠷᠢᠭ ᠤᠨ ᠱᠧᠨ ᠬᠤᠸᠠ ᠨᠢᠭᠡᠳᠦᠭᠡᠷ ᠬᠤᠭᠤᠴᠠᠭᠠᠨ ᠤ ᠠᠰᠢᠭᠯᠠᠯᠳᠠ ᠳᠤ ᠤᠷᠤᠭᠰᠠᠨ ᠠᠷᠪᠠᠨ ᠵᠢᠯ ᠤᠨ ᠲᠤᠷᠰᠢ ᠪᠡᠯᠡ ᠤᠷᠤᠭᠤᠯᠤᠯᠳᠠ ᠶᠢᠨ ᠬᠡᠮᠵᠢᠶ᠎ᠠ ᠪᠠᠷ ᠬᠠᠮᠤᠭ ᠤᠨ ᠶᠡᠭᠡ ᠳᠥᠰᠦᠯ ᠪᠤᠯᠤᠨ᠎ᠠ᠃ ᠶᠡᠷᠦᠩᠬᠡᠢ ᠪᠡᠯᠡ ᠤᠷᠤᠭᠤᠯᠤᠯᠳᠠ ᠨᠢ 171 ᠳ᠋ᠦᠩᠰᠢᠭᠤᠷ ᠲᠦᠬᠦᠷᠢᠭ ᠲᠤ ᠬᠦᠷᠦᠭᠰᠡᠨ ᠤᠯᠤᠰ ᠤᠨ ᠡᠨᠧᠷᠬᠢ ᠶᠢᠨ ᠨᠡᠬᠦᠷᠡᠰᠦ ᠪᠠᠷ ᠠᠯᠺᠧᠨ ᠦᠢᠯᠡᠳᠬᠦ ᠲᠡᠰ ᠲᠡᠪᠰᠢᠭᠰᠡᠨ ᠵᠢᠱᠢᠶ᠎ᠠ ᠦᠵᠡᠬᠦᠯᠬᠦ ᠳᠥᠰᠦᠯ ᠤᠨ ᠡᠨᠧᠷᠬᠢ ᠶᠢᠨ ᠠᠰᠢᠭᠯᠠᠮᠵᠢ ᠶᠢᠨ ᠦᠨᠡᠯᠡᠯᠳᠡ ᠶᠢᠨ ᠭᠠᠷ ᠬᠦᠢᠴᠡᠳᠬᠡᠯ ᠨᠢ ᠦᠪᠡᠷᠳᠡᠭᠡᠨ ᠵᠠᠰᠠᠬᠤ ᠤᠷᠤᠨ ᠤ ᠵᠦᠪᠰᠢᠶᠡᠷᠡᠯ ᠢ ᠤᠯᠵᠤ᠂ ᠤᠳᠠᠯ ᠦᠭᠡᠢ ᠪᠠᠷᠢᠯᠭ᠎ᠠ ᠡᠬᠢᠯᠡᠬᠦᠯᠬᠦ ᠪᠠᠷ ᠪᠠᠶᠢᠨ᠎ᠠ᠃ ᠪᠦᠬᠦ ᠵᠢᠯ ᠳᠤ 166 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠶᠡᠷᠦᠩᠬᠡᠢ ᠬᠡᠮᠵᠢᠶ᠎ᠡ ᠨᠢ ᠪᠦᠬᠦ ᠬᠤᠲᠠ ᠳᠤ ᠬᠤᠶᠠᠳᠤᠭᠠᠷ ᠲᠤ ᠣᠷᠣᠵᠤ᠂ ᠠᠷᠠᠳ ᠤᠨ ᠪᠡᠯᠡ ᠣᠷᠣᠭᠤᠯᠤᠯᠲᠠ᠂ ᠠᠵᠤ ᠦᠢᠯᠡᠳᠪᠦᠷᠢ ᠶᠢᠨ ᠪᠡᠯᠡ ᠣᠷᠣᠭᠤᠯᠤᠯᠲᠠ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠪᠡᠯᠡ ᠣᠷᠣᠭᠤᠯᠤᠯᠲᠠ ᠲᠤᠰ ᠲᠤᠰ 1.3 ᠳᠠᠬᠢᠨ᠂ 3.8 ᠳᠠᠬᠢᠨ᠂ 5.2 ᠳᠠᠬᠢᠨ ᠨᠡᠮᠡᠭᠳᠡᠪᠡ᠃    ᠪᠢᠳᠡ ᠰᠢᠰᠲ᠋ᠧᠮ ᠲᠠᠢ ᠵᠠᠰᠠᠬᠤ᠂ ᠤᠨᠢᠨ ᠳᠡᠭᠡᠷ᠎ᠡ ᠨᠢ ᠬᠦᠴᠦᠯᠡᠬᠦ ᠶᠢ ᠪᠠᠷᠢᠮᠲᠠᠯᠠᠵᠤ᠂ ᠪᠣᠬᠢᠷᠲᠤᠯ ᠢ ᠪᠠᠭᠠᠰᠬᠠᠵᠤ ᠨᠡᠭᠦᠷᠡᠰᠦᠲᠥ᠋ᠷᠥᠭᠴᠢ ᠶᠢ ᠪᠠᠭᠠᠰᠬᠠᠬᠤ ᠳᠤᠮᠳᠠ ᠣᠷᠴᠢᠨ ᠲᠣᠭᠤᠷᠢᠨ ᠤ ᠶᠠᠰᠤ ᠴᠢᠨᠠᠷ ᠤᠨ ᠲᠠᠰᠤᠷᠠᠯᠲᠠ ᠦᠭᠡᠢ ᠰᠠᠶᠢᠵᠢᠷᠠᠬᠤ ᠶᠢ ᠠᠬᠢᠭᠤᠯᠪᠠ᠃ ᠨᠢᠭᠡᠳᠦᠭᠡᠷ ᠡᠭᠡᠯᠵᠢ ᠶᠢᠨ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠵᠢᠴᠢ ︽ᠡᠷᠬᠢᠨ ᠬᠠᠷᠠᠬᠤ︾ ᠠᠵᠢᠯ ᠤᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠮᠵᠢ ᠶᠢ ᠪᠠᠬᠢᠵᠢᠭᠦᠯᠦᠨ ᠳᠡᠭᠡᠭᠰᠢᠯᠡᠭᠦᠯᠵᠦ᠂ ᠬᠤᠶᠠᠳᠤᠭᠠᠷ ᠡᠭᠡᠯᠵᠢ ᠶᠢᠨ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠶᠢᠨ 38 ᠬᠤᠪᠢ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠬᠦᠴᠦᠨ ᠥᠬᠡᠶ ᠪᠣᠯᠭᠠᠵᠤ᠂ ᠬᠦᠨᠳᠡᠯᠡᠨ ᠭᠤᠣᠯ ᠤᠨ ᠳᠣᠤᠷᠠᠳᠤ ᠤᠷᠤᠰᠬᠠᠯ ᠤᠨ ᠲᠦᠮᠡ ᠰᠢᠬᠠᠮ ᠪᠣᠰᠤᠭ᠎ᠠ ᠳᠥᠷᠪᠡᠯᠵᠢᠨ ᠮᠧᠳ᠋ᠷ ᠤᠨ ᠲᠡᠤᠬᠡᠨ ᠠᠴᠠ ᠦᠯᠡᠳᠡᠭᠳᠡᠵᠦ ᠢᠷᠡᠭᠰᠡᠨ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠪᠥᠬᠦ ᠲᠠᠯ᠎ᠠ ᠪᠠᠷ ᠴᠡᠭᠴᠡᠯᠡᠨ ᠵᠠᠰᠠᠵᠤ᠂ 2.4 ᠺᠢᠯᠤᠮᠧᠲᠷ ᠤᠨ ᠰᠢᠮᠡᠳᠦ ᠬᠥᠷᠥᠰᠥᠨ ᠤ ᠰᠤᠪᠠᠭ ᠤᠨ ᠤᠰᠤ ᠪᠤᠴᠠᠭᠠᠬᠤ ᠰᠤᠪᠠᠭ ᠤᠨ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠪᠠ ᠠᠮᠢ ᠠᠬᠤᠶ ᠶᠢ ᠰᠡᠷᠭᠦᠭᠡᠬᠦ ᠢᠨᠵᠧᠨᠧᠷᠢᠩ ᠢ ᠦᠨᠳᠦᠰᠦᠨ ᠳᠡᠭᠡᠨ ᠪᠡᠶᠡᠯᠡᠭᠦᠯᠵᠦ᠂ ᠨᠢᠭᠡ ᠪᠦᠯᠦᠭ ᠣᠯᠠᠨ ᠵᠢᠯ ᠭᠠᠴᠢᠭᠳᠠᠭᠰᠠᠨ ᠠᠮᠢ ᠠᠬᠤᠶ ᠶᠢᠨ ᠣᠷᠴᠢᠨ ᠲᠣᠭᠤᠷᠢᠨ ᠤ ᠠᠰᠠᠭᠤᠳᠠᠯ ᠢ ᠲᠦᠢᠯᠪᠤᠷᠢᠲᠠᠶ ᠰᠢᠢᠳᠪᠦᠷᠢᠯᠡᠪᠡ᠃    ᠪᠢᠳᠡ ᠨᠠᠷᠢᠯᠢᠭ ᠬᠠᠮᠢᠶᠠᠷᠬᠤ᠂ ᠰᠠᠭᠤᠷᠢ ᠶᠢ ᠪᠠᠲᠤᠳᠬᠠᠨ ᠳᠤᠲᠠᠭᠤᠳᠠᠯ ᠢ ᠨᠥᠬᠦᠪᠥᠷᠢᠯᠡᠬᠦ ᠶᠢ ᠪᠠᠷᠢᠮᠲᠠᠯᠠᠵᠤ᠂ ᠬᠤᠳᠠ ᠶᠢᠨ ᠰᠢᠨᠡᠴᠢᠯᠡᠯᠲᠡ ᠶᠢᠨ ᠳᠤᠮᠳᠠ ᠣᠷᠣᠰᠢᠨ ᠰᠠᠭᠤᠬᠤ ᠳᠤ ᠲᠣᠬᠢᠷᠠᠮᠵᠢᠲᠠᠢ ᠶᠠᠰᠤ ᠴᠢᠨᠠᠷ ᠢ ᠲᠣᠭᠲᠠᠭᠤᠨ ᠢᠶᠠᠷ ᠳᠡᠭᠡᠭᠰᠢᠯᠡᠭᠦᠯᠬᠦ ᠶᠢ ᠪᠡᠶᠡᠯᠡᠭᠦᠯᠪᠡ᠃ ᠨᠡᠶᠢᠲᠡ1.65 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠥᠷᠭᠡᠷᠢᠭ ᠤᠨ ᠵᠠᠮ᠂ ᠥᠷᠭᠡᠷᠢᠭ ᠤᠨ ᠬᠤᠶᠠᠳᠤᠭᠠᠷ ᠵᠠᠮ ᠵᠡᠷᠭᠡ ︽ᠮᠤᠬᠤᠷ ᠵᠠᠮ︾ ᠢ 13 ᠵᠤᠷᠪᠤᠰ ᠨᠡᠪᠲᠡᠷᠡᠭᠦᠯᠵᠦ᠂ ᠭᠡᠷᠡᠯ ᠰᠦᠯᠵᠢᠮᠡᠯ ᠬᠤᠲᠠ᠂ ᠴᠡᠴᠡᠭ ᠳᠡᠯᠭᠡᠷᠡᠭᠰᠡᠨ ᠡᠷᠢᠨ ᠵᠡᠷᠭᠡ ᠦᠵᠡᠮᠵᠢ ᠶᠢᠨ ᠵᠠᠩᠭᠢᠯᠠᠭ᠎ᠠ ᠶᠢᠨ ᠴᠡᠭ ᠢ 20 ᠪᠠᠶᠢᠭᠤᠯᠵᠤ᠂ 210 ᠤᠯᠤᠰ ᠤᠨ ᠵᠠᠮ᠂ ᠺᠠᠢ ᠶᠤᠸᠠᠨ ᠶᠡᠭᠡ ᠵᠡᠭᠡᠯᠢ ᠵᠡᠷᠭᠡ 12 ᠭᠤᠣᠯ ᠵᠠᠮ ᠢ ᠶᠡᠷᠦᠩᠬᠡᠶᠢᠯᠡᠨ ᠳᠡᠭᠡᠭᠰᠢᠯᠡᠭᠦᠯᠬᠦ ᠢᠨᠵᠧᠨᠧᠷᠢᠩ ᠢ ᠪᠡᠶᠡᠯᠡᠭᠦᠯᠵᠦ᠂ 39.2 ᠲᠦᠮᠡᠨ ᠲᠡᠭᠰᠢ ᠳᠥᠷᠪᠡᠯᠵᠢᠨ ᠮᠧᠳ᠋ᠷ ᠨᠣᠭᠤᠭᠠᠨ ᠭᠠᠵᠠᠷ ᠤᠨ ᠲᠠᠯᠠᠪᠠᠢ ᠶᠢ ᠨᠡᠮᠡᠭᠳᠡᠭᠦᠯᠪᠡ᠃    ᠪᠢᠳᠡ ᠠᠷᠠᠳ ᠤᠨ ᠠᠮᠢᠳᠤᠷᠠᠯ ᠢᠶᠠᠷ ᠦᠨᠳᠦᠰᠦ ᠪᠣᠯᠭᠠᠬᠤ ᠶᠢ ᠪᠠᠷᠢᠮᠲᠠᠯᠠᠵᠤ᠂ ᠬᠤᠷᠢᠭ᠎ᠠ ᠱᠤᠭᠤᠮ ᠢ ᠪᠠᠲᠤ ᠰᠠᠬᠢᠵᠤ᠂ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠳᠤᠮᠳᠠ ᠠᠷᠠᠳ ᠲᠦᠮᠡᠨ ᠤ ᠠᠵᠠ ᠵᠢᠷᠭᠠᠯ ᠢ ᠨᠡᠩ ᠢᠯᠡᠭᠦᠦ ᠨᠡᠮᠡᠭᠳᠡᠭᠦᠯᠬᠦ ᠬᠡᠷᠡᠭᠲᠡᠢ᠃ ᠪᠥᠬᠦ ᠵᠢᠯ ᠳᠤ ᠠᠷᠠᠳ ᠤᠨ ᠠᠮᠢᠳᠤᠷᠠᠯ ᠳᠤ 17.5 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠶᠢᠨ 70% ᠠᠴᠠ ᠳᠡᠭᠡᠭᠰᠢᠬᠢ ᠶᠢ ᠡᠵᠡᠯᠡᠵᠦ᠂ 23.5 ᠲᠦᠮᠡᠨ ᠲᠣᠨ ︽ᠰᠡᠳᠬᠢᠯ ᠢ ᠳᠤᠯᠠᠭᠠᠴᠠᠭᠤᠯᠬᠤ ᠨᠡᠭᠦᠷᠡᠰᠦ︾ ᠶᠢ ᠲᠠᠷᠬᠠᠭᠠᠵᠤ᠂ 31 ᠭᠡᠷ ᠪᠠᠶᠢᠰᠢᠩ ᠭᠠᠵᠠᠷ ᠬᠥᠷᠥᠩᠭᠡ ᠶᠢᠨ ᠳᠥᠰᠦᠯ ᠤᠨ ᠦᠨᠡᠮᠯᠡᠯ ᠭᠦᠢᠴᠡᠳᠬᠡᠬᠦ ᠳᠤ ᠬᠦᠴᠢᠷᠲᠡᠢ ᠪᠠᠶᠢᠬᠤ ᠠᠰᠠᠭᠤᠳᠠᠯ ᠢ ᠰᠢᠢᠳᠪᠦᠷᠢᠯᠡᠵᠦ᠂ 2.2 ᠲᠦᠮᠡ ᠭᠠᠷᠤᠢ ᠡᠷᠦᠬᠡ ᠶᠢᠨ ᠥᠮᠴᠢᠯᠡᠬᠦ ᠡᠷᠬᠡ ᠶᠢ ᠭᠦᠢᠴᠡᠳᠬᠡᠵᠦ᠂ 12345 ᠬᠠᠯᠠᠭᠤᠨ ᠤᠲᠠᠰᠤ ᠵᠡᠷᠭᠡ ᠨᠡᠶᠢᠭᠡᠮ ᠤᠨ ᠬᠦᠰᠡᠯ ᠱᠠᠭᠠᠷᠳᠠᠯᠭ᠎ᠠ ᠶᠢ 2 ᠲᠦᠮᠡ ᠰᠢᠬᠠᠮ ᠬᠤᠪᠢ ᠭᠦᠢᠴᠡᠳᠬᠡᠵᠦ᠂ ᠤᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠳᠤ ᠴᠠᠭ ᠲᠤᠬᠠᠢ ᠳᠤᠨᠢ ᠬᠠᠷᠢᠭᠤᠯᠲᠠ ᠥᠭᠪᠡ᠃   ᠡᠳᠡᠭᠡᠷ ᠦᠷ᠎ᠡ ᠪᠦᠲᠦᠮᠵᠢ ᠶᠢ ᠪᠣᠯ ᠬᠦᠨᠳᠦ ᠡᠭᠦᠷᠭᠡ ᠶᠢ ᠡᠭᠦᠷᠭᠡᠯᠡᠬᠦ ᠬᠦᠴᠢᠷ ᠪᠡᠷᠬᠡᠰᠢᠶᠡᠯ ᠣᠷᠴᠢᠨ ᠲᠣᠭᠤᠷᠢᠨ ᠳᠤ ᠣᠯᠤᠭᠰᠠᠨ ᠶᠤᠮ᠂ ᠥᠷᠢᠰᠦᠯᠳᠦᠭᠡᠨ ᠢᠶᠠᠷ ᠪᠢᠯᠬᠠᠭᠰᠠᠨ ᠥᠷᠢᠰᠥᠯᠳᠦᠭᠡᠨ ᠤ ᠣᠷᠴᠢᠨ ᠲᠣᠭᠤᠷᠢᠨ ᠳᠤ ᠣᠯᠤᠭᠰᠠᠨ ᠶᠤᠮ᠂ ᠥᠷᠯᠥᠭᠡ ᠦᠳᠡᠰᠢ ᠶᠢᠨ ᠲᠡᠮᠡᠴᠡᠯ ᠤᠨ ᠪᠡᠷᠬᠡ ᠬᠠᠲᠠᠭᠤᠵᠢᠯᠲᠠᠢ ᠣᠷᠴᠢᠨ ᠲᠣᠭᠤᠷᠢᠨ ᠳᠤ ᠣᠯᠤᠭᠰᠠᠨ ᠶᠤᠮ᠂ ᠵᠢᠦ ᠶᠤᠸᠠᠨ ᠤ ᠠᠯᠤᠰ ᠬᠡᠳᠤ ᠶᠢᠨ ᠬᠥᠭᠵᠢᠯᠲᠡ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠭᠦᠭᠰᠡᠨ ᠢᠶᠠᠷ ᠪᠠᠷᠠᠬᠤ ᠦᠭᠡᠢ᠂ ᠪᠢᠳᠡᠨ ᠤ ᠦᠷᠭᠦᠯᠵᠢᠯᠡᠨ ᠤᠷᠤᠭᠰᠢᠯᠠᠬᠤ ᠢᠲᠡᠭᠡᠯ ᠪᠠ ᠤᠬᠠᠮᠰᠠᠷ ᠢᠶᠠᠨ ᠨᠡᠩ ᠨᠡᠮᠡᠭᠳᠡᠭᠦᠯᠦᠭᠰᠡᠨ ᠪᠠᠶᠢᠨ᠎ᠠ᠃ ᠡᠨᠡ ᠨᠢ ᠶᠠᠮᠠᠷ ᠴᠤ ᠬᠦᠴᠢᠷ ᠪᠡᠷᠬᠡᠰᠢᠶᠡᠯ ᠬᠠᠷᠰᠢ ᠰᠠᠭᠠᠳ ᠭᠡᠳ ᠮᠠᠨ ᠤ ᠬᠥᠭᠵᠢᠯᠲᠡ ᠤᠷᠤᠭᠰᠢᠯᠠᠯᠲᠠ ᠶᠢᠨ ᠠᠯᠬᠤᠴᠠ ᠶᠢ ᠬᠤᠷᠢᠭᠯᠠᠵᠤ ᠴᠢᠳᠠᠬᠤ ᠦᠭᠡᠢ ᠭᠡᠳᠡᠭ ᠢ ᠳᠠᠬᠢᠨᠲᠠ ᠭᠡᠷᠡᠴᠢᠯᠡᠭᠰᠡᠨ ᠪᠠᠶᠢᠨ᠎ᠠ︕ ᠨᠢᠭᠡ ᠵᠢᠯ ᠤᠨ ᠲᠤᠷᠰᠢ᠂ ᠪᠢᠳᠡ ᠭᠤᠣᠯᠳᠠᠭᠤ ᠳᠣᠣᠷᠠᠬᠢ ᠠᠵᠢᠯ ᠤᠳ ᠢ ᠬᠢᠵᠡᠢ᠄    ︵ᠨᠢᠭᠡ︶᠂ ᠶᠡᠷᠦᠩᠬᠡᠶᠢᠯᠡᠭᠰᠡᠨ ᠪᠣᠳᠠᠲᠤ ᠬᠦᠴᠦᠨ ᠢ ᠪᠦᠬᠦ ᠬᠦᠴᠦᠨ ᠢᠶᠠᠷ ᠢᠶᠠᠨ ᠪᠤᠵᠠᠭᠠᠶᠢᠷᠠᠭᠤᠯᠤᠨ᠎ᠠ᠃ ᠠᠵᠤ ᠦᠢᠯᠡᠳᠪᠦᠷᠢ ᠶᠢᠨ ᠠᠵᠤ ᠠᠬᠤᠢ ᠦᠷᠭᠦᠯᠵᠢᠯᠡᠨ ᠴᠢᠩᠭᠠᠷᠠᠪᠠ᠃ ᠬᠦᠷᠢᠶᠡᠯᠡᠩ ᠲᠣᠭᠤᠷᠢᠭ ᠤᠨ ᠰᠠᠭᠤᠷᠢ ᠶᠢ ᠢᠵᠢ ᠪᠦᠷᠢᠳᠦᠭᠦᠯᠬᠦ ᠶᠢ ᠲᠡᠭᠦᠯᠳᠡᠷᠵᠢᠭᠦᠯᠵᠦ᠂ ᠲᠤᠰᠬᠠᠶ ᠵᠦᠢᠯ ᠤᠨ ᠥᠷᠢ ᠥᠭᠴᠡᠭᠡ᠂ PPP ᠳᠥᠰᠦᠯ ᠵᠡᠷᠭᠡ ᠶᠢᠨ ᠪᠠᠯᠠ ᠮᠥᠩᠭᠦ ᠶᠢ 8.7 ᠳ᠋ᠦᠩᠰᠢᠭᠤᠷ ᠲᠥᠭᠦᠷᠢᠭ ᠴᠢᠷᠮᠠᠶᠢᠨ ᠣᠯᠵᠤ᠂ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠶᠡᠷᠦᠩᠬᠡᠶ ᠲᠥᠯᠥᠪᠵᠢᠭᠦᠯᠭᠡ ᠵᠡᠷᠭᠡ 12 ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠤ᠂ ᠬᠤᠶᠠᠳᠤᠭᠠᠷ ᠵᠠᠮ᠂ ᠸᠧᠶ ᠯᠢᠦ ᠵᠠᠮ ᠵᠡᠷᠭᠡ 5 ᠵᠤᠷᠪᠤᠰ 6.8 ᠺᠢᠯᠣᠮᠧᠳ᠋ᠷ ᠤᠨ ᠵᠠᠮ ᠤᠨ ᠬᠤᠭᠤᠯᠠᠶ ᠲᠣᠤᠷ ᠢ ᠰᠢᠨ᠎ᠡ ᠪᠠᠷ ᠪᠠᠶᠢᠭᠤᠯᠵᠤ᠂ ᠠᠭᠤᠷ ᠤᠨ ᠬᠤᠭᠤᠯᠠᠶ ᠶᠢᠨ ᠱᠤᠭᠤᠮ ᠢ 13.8 ᠺᠢᠯᠣᠮᠧᠳ᠋ᠷ ᠪᠠᠶᠢᠭᠤᠯᠵᠤ᠂ ᠶᠢᠩ ᠬᠤᠸᠠ 500 kV ᠬᠦᠴᠦᠳᠡᠯ ᠥᠭᠡᠷᠡᠴᠢᠯᠡᠬᠦ ᠥᠷᠲᠡᠭᠡ᠂ ᠬᠠ ᠳ᠋ᠧ ᠮᠧᠨ ᠭᠤᠤ ᠶᠢᠨ ᠦᠶᠡᠷ ᠵᠠᠯᠠᠬᠤ ᠬᠠᠰᠢᠯᠭ᠎ᠠ ᠵᠡᠷᠭᠡ 4 ᠵᠦᠢᠯ ᠤᠨ ᠢᠵᠢ ᠪᠥᠷᠢᠳᠦᠭᠦᠯᠬᠦ ᠢᠨᠵᠧᠨᠧᠷᠢᠩ ᠢ ᠠᠰᠢᠭᠯᠠᠯᠲᠠ ᠳᠤ ᠣᠷᠣᠭᠤᠯᠤᠨ᠂ ᠪᠠᠴᠢᠮ ᠪᠠᠶᠢᠳᠠᠯ ᠢ ᠠᠷᠭᠠᠴᠠᠬᠤ ᠠᠳᠡᠯ ᠤᠨ ᠤᠰᠤᠨ ᠲᠠᠲᠠᠭᠠᠯ᠂ ᠣᠨᠴᠠ ᠦᠢᠯᠡᠴᠢᠯᠡᠭᠡᠨ ᠤ ᠭᠠᠯ ᠤᠨᠲᠠᠷᠠᠭᠠᠬᠤ ᠥᠷᠲᠡᠭᠡ ᠵᠡᠷᠭᠡ 16 ᠵᠦᠢᠯ ᠤᠨ ᠬᠢᠮᠢ ᠶᠢᠨ ᠠᠵᠤ ᠦᠢᠯᠡᠳᠪᠤᠷᠢ ᠶᠢᠨ ᠬᠦᠷᠢᠶᠡᠯᠡᠩ ᠲᠣᠭᠤᠷᠢᠭ ᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠠᠵᠢᠯ ᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠦᠢᠯᠡᠳᠪᠤᠷᠢ ᠪᠠ ᠮᠡᠳᠡᠭᠡ ᠵᠠᠩᠭᠢᠵᠢᠯᠲᠠ ᠶᠢᠨ ᠲᠢᠩᠬᠢᠮ ᠤᠨ ᠬᠢᠮᠢ ᠶᠢᠨ ᠠᠵᠤ ᠦᠢᠯᠡᠳᠪᠤᠷᠢ ᠶᠢᠨ ᠬᠦᠷᠢᠶᠡᠯᠡᠩ ᠲᠣᠭᠤᠷᠢᠭ ᠤᠨ ᠰᠢᠯᠭᠠᠨ ᠠᠪᠬᠤ ᠶᠢ ᠤᠷᠤᠭᠰᠢᠲᠠᠶ ᠥᠩᠭᠡᠷᠡᠪᠡ᠃ ᠠᠵᠤ ᠦᠢᠯᠡᠳᠪᠦᠷᠢ ᠶᠢᠨ ᠲᠦᠷᠭᠡᠨ ᠬᠥᠭᠵᠢᠯᠲᠡ ᠶᠢ ᠠᠬᠢᠭᠤᠯᠵᠤ ᠂ ᠶᠡᠷᠦᠩᠬᠡᠢ ᠪᠡᠯᠡ ᠣᠷᠣᠭᠤᠯᠤᠯᠲᠠ ᠶᠢᠨ 223 ᠳ᠋ᠦᠩᠰᠢᠭᠤᠷ ᠲᠥᠭᠦᠷᠢᠭ ᠤᠨ 50 ᠭᠤᠣᠯᠳᠠᠯᠭ᠎ᠠ ᠲᠠᠢ ᠠᠵᠤ ᠦᠢᠯᠡᠳᠪᠦᠷᠢ ᠶᠢᠨ ᠳᠥᠰᠦᠯ ᠢ ᠬᠡᠷᠡᠭᠵᠢᠭᠦᠯᠵᠦ᠂ ᠳ᠋ᠦ᠋ ᠱᠢ ᠠᠨᠳ᠋ᠷᠠᠨᠼ ᠤᠨ ᠲᠣᠰᠣ᠂ ᠱᠠᠨ ᠱᠠᠨ ᠪᠢᠯᠢᠭ ᠲᠦᠢᠯ ᠤᠨ ᠬᠤᠶᠠᠳᠤᠭᠠᠷ ᠬᠤᠭᠤᠴᠠᠭ᠎ᠠ ᠵᠡᠷᠭᠡ 14 ᠠᠵᠤ ᠦᠢᠯᠡᠰ ᠤᠨ ᠳᠥᠰᠦᠯ ᠢ ᠪᠠᠷᠢᠯᠭ᠎ᠠ ᠳᠠᠭᠤᠰᠴᠤ ᠠᠰᠢᠭᠯᠠᠯᠲᠠ ᠳᠤ ᠣᠷᠣᠭᠤᠯᠵᠤ᠂ ᠵᠦᠩ ᠶᠤᠸᠠᠨ ᠵᠢᠦᠢ ᠡᠲ᠋ᠧᠨ ᠤ ᠪᠦᠷᠬᠦᠪᠴᠢ᠂ ᠵᠢᠦ ᠶᠣᠣ ᠬᠤᠯᠬᠤᠪᠴᠢ ᠶᠢᠨ ᠵᠢᠵᠢᠭ ᠪᠠᠯᠭᠠᠰᠤ ᠵᠡᠷᠭᠡ 5 ᠬᠦᠴᠦᠷᠬᠡᠭ ᠬᠡᠯᠬᠢᠶ᠎ᠡ ᠶᠢᠨ ᠳᠥᠰᠦᠯ ᠢ ᠲᠤᠬᠠᠢ ᠶᠢᠨ ᠵᠢᠯ ᠳᠤ ᠭᠡᠷ᠎ᠡ ᠲᠣᠭᠲᠠᠬᠤ᠂ ᠲᠤᠬᠠᠢ ᠶᠢᠨ ᠵᠢᠯ ᠳᠤ ᠠᠵᠢᠯ ᠡᠬᠢᠯᠡᠭᠦᠯᠬᠦ᠂ ᠲᠤᠬᠠᠢ ᠶᠢᠨ ᠵᠢᠯ ᠳᠤ ᠭᠤᠣᠯ ᠴᠣᠭᠴᠠ ᠶᠢᠨ ᠪᠠᠷᠢᠯᠭ᠎ᠠ ᠶᠢ ᠳᠠᠭᠤᠰᠬᠠᠬᠤ ᠶᠢ ᠪᠡᠶᠡᠯᠡᠭᠦᠯᠵᠦ᠂ ᠠᠵᠤ ᠦᠢᠯᠡᠳᠪᠦᠷᠢ ᠶᠢᠨ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠪᠡ᠃ ᠪᠦᠬᠦ ᠬᠦᠴᠦᠨ ᠢᠶᠠᠷ ᠢᠶᠠᠨ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠵᠦ᠂ ᠠᠵᠤ ᠠᠬᠤᠶᠢᠯᠠᠯ ᠳᠤ ᠰᠠᠭᠤᠭ᠎ᠠ ᠳᠠᠭᠠᠭᠠᠴᠢᠯᠠᠨ ᠬᠤᠯᠪᠣᠭᠠᠯᠠᠬᠤ ᠦᠢᠯᠡᠴᠢᠯᠡᠭᠡ ᠶᠢ ᠬᠡᠷᠡᠭᠵᠢᠭᠦᠯᠵᠦ᠂ ᠠᠵᠢᠯᠴᠢᠨ ᠬᠡᠷᠡᠭᠯᠡᠬᠦ ᠠᠵᠢᠯ ᠤᠨ ᠪᠠᠶᠢᠷᠢ ᠳᠠᠭᠠᠨ ᠪᠤᠴᠠᠬᠤ᠂ ᠪᠠᠷᠠᠭᠠᠨ ᠤ ᠭᠦᠢᠯᠭᠡᠭᠡᠨ ᠤ ᠰᠠᠭᠠᠳ ᠦᠭᠡᠢ ᠨᠡᠪᠲᠡᠷᠡᠬᠦ ᠶᠢ ᠪᠠᠲᠤᠯᠠᠬᠤ ᠵᠡᠷᠭᠡ 500 ᠭᠠᠷᠤᠢ ᠠᠰᠠᠭᠤᠳᠠᠯ ᠢ ᠰᠢᠢᠳᠪᠦᠷᠢᠯᠡᠵᠦ᠂ 5 ᠳ᠋ᠦᠩᠰᠢᠭᠤᠷ ᠲᠥᠭᠦᠷᠢᠭ ᠤᠨ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ ᠶᠢ ᠨᠠᠶᠢᠳᠠᠪᠤᠷᠢᠵᠢᠭᠤᠯᠵᠤ᠂ ᠮᠥᠩᠭᠦᠨ ᠭᠦᠢᠯᠭᠡᠭᠡᠨ ᠤ ᠵᠢᠭᠡᠯᠡᠯᠭᠡ ᠶᠢ 2.9 ᠳ᠋ᠦᠩᠰᠢᠭᠤᠷ ᠲᠥᠭᠦᠷᠢᠭ ᠵᠣᠬᠢᠴᠠᠭᠤᠯᠵᠤ᠂ ᠴᠠᠬᠢᠯᠭᠠᠨ ᠬᠡᠷᠡᠭᠯᠡᠬᠦ ᠥᠪᠡᠷ ᠤᠨ ᠦᠷᠳᠡᠭ ᠢ 1.2 ᠳ᠋ᠦᠩᠰᠢᠭᠤᠷ ᠲᠥᠭᠦᠷᠢᠭ ᠪᠠᠭᠤᠷᠠᠭᠤᠯᠵᠤ᠂ ᠲᠡᠳᠬᠦᠨ ᠳᠡᠮᠵᠢᠬᠦ ᠪᠡᠯᠡ ᠮᠥᠩᠭᠦ ᠶᠢ 3581 ᠲᠦᠮᠡᠨ ᠲᠥᠭᠦᠷᠢᠭ ᠪᠡᠶᠡᠯᠡᠭᠦᠯᠵᠦ᠂ ᠠᠵᠤ ᠦᠢᠯᠡᠳᠪᠦᠷᠢ ᠶᠢᠨ ᠦᠢᠯᠡᠳᠬᠦᠨ ᠤ ᠦᠷᠳᠡᠭ ᠢ 300 ᠳ᠋ᠦᠩᠰᠢᠭᠤᠷ ᠲᠥᠭᠦᠷᠢᠭ ᠳᠠᠪᠠᠭᠤᠯᠪᠠ᠃ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠲᠦᠷᠭᠡᠨ ᠬᠥᠭᠵᠢᠪᠡ᠃ ᠪᠤᠭᠤᠲᠤ ᠶᠢᠨ  ᠭᠠᠶᠢᠯᠢ ᠪᠠᠲᠤᠯᠠᠬᠤ ᠪᠣᠳᠠᠰ ᠤᠨ ᠭᠦᠢᠯᠭᠡᠭᠡᠨ ᠤ ᠲᠥᠪ ︵B︶ ᠡᠵᠡᠩᠨᠡᠯᠲᠡ ᠰᠠᠶᠢᠨ ᠪᠠᠶᠢᠵᠤ᠂ ᠵᠧᠵᠢᠶᠠᠩ ᠤᠨ ᠲᠥᠪ ᠡᠵᠡᠮᠳᠡᠯ᠂ ᠪᠡᠭᠡᠵᠢᠩ ᠤᠨ ᠬᠤᠤ ᠯᠢ ᠡᠯ ᠵᠡᠷᠭᠡ ᠪᠠᠷᠠᠭᠠᠨ ᠤ ᠭᠦᠢᠯᠭᠡᠭᠡᠨ ᠤ 8 ᠠᠵᠤ ᠠᠬᠤᠶᠢᠯᠠᠯ ᠠᠮᠵᠢᠯᠲᠠ ᠲᠠᠢ ᠪᠠᠷ ᠣᠷᠣᠵᠤ ᠰᠠᠭᠤᠨ᠂ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠲᠤ ᠨᠡᠶᠢᠲᠡ 653 ᠲᠦᠮᠡᠨ ᠲᠣᠨ ᠪᠠᠷᠠᠭ᠎ᠠ ᠲᠡᠭᠡᠭᠡᠪᠦᠷᠢᠯᠡᠬᠦ ᠬᠡᠮᠵᠢᠶ᠎ᠡ ᠶᠢ ᠪᠡᠶᠡᠯᠡᠭᠦᠯᠪᠡ᠃ ᠳ᠋ᠧ ᠰᠢᠶᠠᠨ ᠠᠯᠪᠠᠨ ᠤ ᠣᠷᠳᠣᠨ᠂ ᠶᠤᠸᠠᠨ ᠵᠧᠦ ᠶᠢᠨ ᠳ᠋ᠠ ᠳ᠋ᠦ᠋ ᠬᠤᠢ ᠵᠡᠷᠭᠡ ᠳᠡᠭᠡᠳᠦ ᠲᠡᠰ ᠤᠨ ᠭᠠᠵᠠᠷ ᠬᠥᠷᠥᠩᠭᠡ ᠡᠮᠬᠢ ᠳᠢᠭᠯᠢᠮ ᠲᠠᠢ ᠠᠬᠢᠵᠤ᠂ ᠢ ᠹᠧᠩ ᠪᠣᠬᠢᠷᠲᠤᠯ ᠦᠭᠡᠢ ᠡᠨᠧᠷᠭᠢ ᠶᠢᠨ ᠠᠵᠤ ᠦᠢᠯᠡᠰ ᠤᠨ ᠬᠦᠷᠢᠶᠡᠯᠡᠩ᠂ ᠳ᠋ᠢ ᠱᠠᠩ ᠡᠮ ᠡᠮᠨᠡᠯᠭᠡ ᠶᠢᠨ ᠬᠠᠮᠠᠭᠠᠯᠠᠯᠲᠠ ᠶᠢᠨ ᠬᠤᠪᠴᠠᠰᠤ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠵᠡᠷᠭᠡ 5 ᠳᠥᠰᠦᠯ ᠢ ᠠᠰᠢᠭᠯᠠᠯᠲᠠ ᠳᠤ ᠣᠷᠣᠭᠤᠯᠵᠤ᠂ ᠯᠢᠦᠢ ᠨᠧᠩ᠂ ᠵᠢᠤᠢ ᠰᠢᠨ ᠵᠡᠷᠭᠡ ᠬᠤᠪᠢ ᠶᠢᠨ ᠴᠤᠭᠯᠠᠭᠤᠯᠬᠤ ᠰᠠᠭᠤᠷᠢ ᠮᠥᠩᠭᠦ ᠶᠢᠨ ᠬᠠᠮᠢᠶᠠᠷᠤᠯᠲᠠ ᠶᠢᠨ ᠺᠣᠮᠫᠠᠨᠢ ᠵᠠᠯᠭᠠᠭ᠎ᠠ ᠪᠠᠷ ᠰᠠᠭᠤᠷᠢᠰᠢᠵᠤ᠂ ᠰᠢᠦᠳᠠᠨ ᠤ ᠬᠠᠳᠠᠭᠠᠯᠠᠮᠵᠢ ᠶᠢᠨ ᠪᠠᠩᠬᠢ ᠶᠢᠨ ᠪᠤᠭᠤᠲᠤ ᠶᠢᠨ ᠬᠤᠪᠢᠶᠠᠷᠢ ᠪᠠᠩᠬᠢ ᠶᠢ ᠣᠷᠣᠭᠤᠯᠤᠨ ᠠᠪᠴᠢᠷᠠᠵᠤ ᠨᠤᠲᠤᠭᠰᠢᠭᠤᠯᠵᠤ᠂ ᠴᠢ ᠱᠢ ᠰᠦ ᠶᠢᠨ ᠦᠢᠯᠡᠰ ᠢ ᠪᠡᠭᠡᠵᠢᠩ ᠤᠨ ᠵᠠᠮ ᠬᠠᠷᠢᠯᠴᠠᠭᠠᠨ ᠤ ᠭᠠᠵᠠᠷ ᠢᠶᠠᠷ ᠬᠢᠨᠠᠨ ᠬᠠᠷᠭᠤᠭᠤᠯᠪᠠ᠃ ︽ᠵᠢᠦ ᠶᠤᠸᠠᠨ ᠲᠣᠭᠤᠷᠢᠭ ᠤᠨ ᠲᠡᠷᠭᠡ ᠬᠤᠳᠠᠯᠳᠤᠨ ᠠᠪᠴᠤ ᠲᠣᠰᠣ ᠬᠦᠷᠭᠡᠬᠦ︾ ᠵᠡᠷᠭᠡ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠶᠢ ᠥᠷᠨᠢᠭᠦᠯᠵᠦ ᠬᠡᠷᠡᠭᠯᠡᠭᠡ 1 ᠳ᠋ᠦᠩᠱᠢᠭᠤᠷ ᠲᠥᠭᠦᠷᠢᠭ ᠢ ᠳᠠᠪᠠᠵᠠᠢ᠃ ᠬᠥᠨᠳᠡᠯᠡᠨ ᠭᠤᠤᠯᠳᠤ ᠵᠡᠭᠡᠯᠢ ᠭᠤᠳᠤᠮᠵᠢ ᠶᠢᠨ ᠤᠨᠴᠠᠯᠢᠬᠳᠤ ᠵᠡᠭᠡᠯᠢ ᠲᠣᠭᠤᠷᠢᠭ ᠢ ᠲᠠᠰ ᠳᠡᠪᠰᠢᠭᠦᠯᠵᠦ᠂ ᠤᠯᠤᠰ ᠤᠨ ᠳᠣᠲᠣᠭᠠᠳᠤ ᠶᠢᠨ ᠨᠠᠷᠠᠲᠤ ᠰᠥᠨᠢ ᠶᠢᠨ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢᠨ ᠪᠦᠯᠬᠦᠮ ᠢ ᠣᠷᠣᠭᠤᠯᠤᠨ ᠠᠪᠴᠢᠷᠠᠵᠤ᠂ ︽ᠬᠡᠷᠡᠯ ᠵᠢᠷᠤᠭ ᠤᠨ ᠤᠨᠴᠠᠯᠢᠬᠳᠤ ᠵᠢᠵᠢᠭ ᠢᠳᠡᠭᠡᠨ ᠤ ᠲᠡᠷᠭᠡ︾ ᠶᠢ 47 ᠨᠡᠮᠡᠵᠦ᠂ ᠰᠠᠶᠢᠬᠠᠨᠲᠠᠯ᠎ᠠ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠪᠦᠯᠦᠭ ᠰᠥᠨᠢ ᠶᠢᠨ ᠰᠣᠶᠣᠯ ᠵᠢᠭᠤᠯᠴᠢᠯᠠᠯ ᠤᠨ ᠬᠡᠷᠡᠭᠯᠡᠭᠡ ᠲᠥᠪᠯᠡᠷᠡᠭᠰᠡᠨ ᠣᠷᠣᠨ ᠢ ᠡᠭᠦᠳᠦᠨ ᠪᠠᠶᠢᠭᠤᠯᠵᠤ᠂ ᠬᠤᠲᠠ ᠶᠢᠨ ᠰᠥᠨᠢ ᠶᠢᠨ ᠠᠵᠤ ᠠᠬᠤᠶ ᠶᠢᠨ ᠤᠴᠢ ᠶᠢ ᠪᠥᠬᠦ ᠲᠠᠯ᠎ᠠ ᠪᠠᠷ ᠭᠡᠷᠡᠯᠳᠦᠬᠦᠯᠪᠡ᠃ ᠣᠨᠴᠠᠯᠢᠭᠲᠤ ᠲᠠᠷᠢᠶᠠᠯᠠᠩ ᠮᠠᠯ ᠠᠵᠤ ᠠᠬᠤᠶ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠪᠡ᠃ ᠲᠠᠷᠢᠶᠠᠯᠠᠩ ᠤᠨ ᠰᠠᠭᠤᠷᠢ ᠶᠢ ᠦᠷᠭᠦᠯᠵᠢᠯᠡᠨ ᠪᠠᠬᠢᠵᠢᠭᠦᠯᠵᠦ᠂ 6000 ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠰᠢᠨ᠎ᠡ ᠪᠠᠷ ᠨᠡᠮᠡᠭᠳᠡᠭᠦᠯᠵᠦ᠂ ᠭᠤᠷᠪᠠᠨ ᠨᠠᠭᠤᠷ ᠭᠤᠣᠯ ᠤᠨ ᠤᠰᠤᠯᠠᠯᠲᠠ ᠶᠢᠨ ᠣᠷᠣᠨ ᠤ ᠤᠰᠤ ᠠᠷᠪᠢᠯᠠᠬᠤ ᠥᠭᠡᠷᠡᠴᠢᠯᠡᠯᠲᠡ ᠶᠢ 4.4 ᠲᠦᠮᠡᠨ ᠮᠦ ᠪᠡᠶᠡᠯᠡᠭᠦᠯᠵᠦ᠂ 316 ᠬᠦᠯᠡᠮᠵᠢ ᠶᠢ ᠲᠡᠰ ᠳᠡᠪᠰᠢᠭᠦᠯᠦᠨ᠂ ᠴᠢ ᠯᠢᠨ ᠲᠠᠷᠪᠤᠰ ᠤᠨ ᠵᠢᠵᠢᠭ ᠪᠠᠯᠭᠠᠰᠤ ᠶᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠡᠷᠳᠡᠨᠢ ᠰᠢᠰᠢ ᠰᠢᠷ᠎ᠠ ᠪᠤᠷᠴᠠᠭ ᠤᠨ ᠪᠦᠰᠡᠯᠢᠭ ᠨᠡᠶᠢᠯᠡᠮᠡᠯ ᠲᠠᠷᠢᠮᠠᠯ ᠢ 2 ᠲᠦᠮᠡ ᠭᠠᠷᠤᠢ ᠮᠦ ᠳᠡᠯᠭᠡᠷᠡᠭᠦᠯᠵᠦ᠂ ᠠᠮᠤ ᠪᠤᠳᠠᠭᠠᠨ ᠤ ᠶᠡᠷᠦᠩᠬᠡᠢ ᠤᠨᠠᠯᠲᠠ ᠶᠢ 2 ᠳ᠋ᠦᠩᠰᠢᠭᠤᠷ ᠵᠢᠩ ᠠᠴᠠ ᠳᠡᠭᠡᠭᠰᠢ ᠲᠣᠭᠲᠠᠪᠤᠷᠢᠵᠢᠭᠤᠯᠪᠠ᠃ ︽ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ︾ ᠳᠥᠰᠦᠯ ᠢ ᠬᠡᠷᠡᠭᠵᠢᠭᠦᠯᠵᠦ᠂ ᠥᠨᠳᠥᠷ ᠪᠠᠷᠢᠮᠵᠢᠶᠠᠲᠤ ᠣᠲᠣ ᠦᠶ᠎ᠡ ᠶᠢᠨ 11 ᠮᠠᠯᠵᠢᠯ ᠤᠨ ᠲᠠᠯᠠᠪᠠᠶ ᠶᠢ ᠥᠭᠡᠷᠡᠴᠢᠯᠡᠨ ᠰᠠᠶᠢᠵᠢᠷᠠᠭᠤᠯᠵᠤ᠂ 1500 ᠴᠢᠨᠠᠷ ᠰᠠᠶᠢᠲᠠᠶ ᠰᠠᠭᠠᠯᠢ ᠶᠢᠨ ᠦᠨᠢᠶ᠎ᠡ᠂ ᠵᠢᠦ ᠶᠤᠸᠠᠨ᠂ ᠱᠧᠩ ᠭᠤᠤ ᠸᠠᠩ ᠵᠡᠷᠭᠡ ᠣᠶᠤᠨᠴᠢ ᠮᠠᠯᠵᠢᠯ ᠤᠨ ᠲᠠᠯᠠᠪᠠᠶ ᠶᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠰᠢᠨ᠎ᠡ ᠰᠦ ᠶᠢᠨ ᠭᠠᠷᠤᠯᠲᠠ ᠶᠢ 22.2 ᠲᠦᠮᠡᠨ ᠲᠣᠨ ᠳᠤ ᠬᠦᠷᠭᠡᠪᠡ᠃ ᠢᠳᠡᠭᠡᠨ ᠤ ᠬᠦᠷᠢᠶᠡᠯᠡᠩ ᠲᠣᠭᠤᠷᠢᠭ ᠤᠨ ᠪᠦᠲᠦᠭᠡᠨ ᠪᠠᠢᠭᠤᠯᠤᠯᠲᠠ ᠶᠢ ᠲᠦᠷᠭᠡᠳᠭᠡᠵᠦ᠂ ᠪᠤᠭᠤᠲᠤ ᠶᠢᠨ ᠤᠷᠢᠳᠴᠢᠯᠠᠨ ᠬᠢᠭᠰᠡᠨ ᠨᠣᠭᠤᠭ᠎ᠠ ᠶᠢᠨ ᠠᠵᠤ ᠦᠢᠯᠡᠰ ᠤᠨ ᠰᠠᠭᠤᠷᠢᠨ ᠭᠠᠵᠠᠷ ᠤᠨ ᠵᠢᠩᠬᠢᠨᠢ ᠪᠠᠷ ᠫᠠᠢᠰᠠ ᠰᠡᠬᠦᠵᠦ᠂ ᠮᠧᠩ ᠵᠢᠶᠠ ᠮᠧᠢ ᠮᠢᠬᠠᠨ ᠢᠳᠡᠭᠡᠨ ᠪᠣᠯᠪᠠᠰᠤᠷᠠᠭᠤᠯᠬᠤ᠂ ᠱᠦᠨ ᠬᠤᠩ ᠬᠥᠯᠳᠡᠭᠡᠭᠰᠡᠨ ᠬᠠᠭᠤᠷᠠᠢ ᠵᠢᠮᠢᠰ ᠢᠳᠡᠱᠢᠨ ᠨᠣᠭᠤᠭ᠎ᠠ ᠵᠡᠷᠭᠡ 4 ᠳᠥᠰᠦᠯ ᠢ ᠲᠦᠷᠭᠡᠨ ᠠᠬᠢᠭᠤᠯᠵᠤ᠂ ᠬᠤᠩ ᠶᠦᠨ ᠢᠳᠡᠭᠡᠨ᠂ ᠬᠤᠣ ᠳᠧ ᠾᠧᠩ ᠪᠣᠭᠤᠷᠰᠤᠭ ᠵᠡᠷᠭᠡ 5 ᠠᠵᠤ ᠠᠬᠤᠢᠯᠠᠯ ᠤᠨ ᠲᠣᠭᠲᠠᠭᠤᠨ ᠡᠵᠡᠩᠨᠡᠯᠲᠡ ᠶᠢ ᠢᠳᠡᠪᠬᠢᠲᠡᠢ ᠳᠡᠮᠵᠢᠵᠦ᠂ ᠮᠧᠢ ᠹᠠᠨ ᠯᠧ᠂ ᠾᠧ ᠴᠧᠨ ᠮᠠᠯ ᠠᠵᠤ ᠠᠬᠤᠢ ᠵᠡᠷᠭᠡ 5 ᠳᠥᠰᠦᠯ ᠢ ᠣᠷᠣᠭᠤᠯᠤᠨ ᠠᠪᠴᠢᠷᠠᠵᠤ᠂ ᠬᠦᠷᠢᠶᠡᠯᠡᠩ ᠲᠣᠭᠤᠷᠢᠭ ᠤᠨ ᠤᠯᠤᠰ ᠤᠨ ᠳᠣᠲᠣᠭᠠᠳᠤ ᠶᠢᠨ 500 ᠬᠦᠴᠦᠷᠬᠡᠭ ᠠᠵᠤ ᠠᠬᠤᠢᠯᠠᠯ《 ᠲᠡᠭ》 ᠤᠨ ᠱᠢᠪᠲᠤᠯᠤᠯᠲᠠ ᠶᠢ ᠪᠡᠶᠡᠯᠡᠭᠦᠯᠵᠦ᠂ ᠭᠤᠷᠪᠠᠳᠤᠭᠠᠷ ᠪᠦᠯᠦᠭ ᠤᠨ ᠤᠯᠤᠰ ᠤᠨ ᠠᠵᠤ ᠦᠢᠯᠡᠰ ᠪᠠ ᠬᠤᠲᠠ ᠶᠢᠨ ᠠᠭᠤᠰᠤᠯ ᠴᠠᠯ ᠤᠨ ᠵᠢᠱᠢᠶ᠎ᠡ ᠦᠵᠡᠭᠦᠯᠬᠦ ᠬᠦᠷᠢᠶᠡᠯᠡᠩ ᠢᠶᠠᠷ ᠦᠨᠡᠯᠡᠭᠳᠡᠪᠡ᠃   ︵ᠬᠤᠶᠠᠷ︶ ᠬᠤᠲᠠ ᠬᠥᠳᠡᠭᠡ ᠶᠢᠨ ᠣᠷᠣᠰᠢᠨ ᠰᠠᠭᠤᠬᠤ ᠳᠤ ᠲᠣᠬᠢᠷᠠᠮᠵᠢᠲᠠᠶ ᠬᠢᠷᠢ ᠲᠦᠪᠰᠢᠨ ᠢ ᠲᠣᠭᠲᠠᠭᠤᠨ ᠢᠶᠠᠷ ᠳᠡᠭᠡᠭᠰᠢᠯᠡᠭᠦᠯᠦᠨ᠎ᠡ᠃ ᠬᠤᠲᠠ ᠶᠢᠨ ᠴᠢᠳᠠᠮᠵᠢ ᠡᠳᠦᠷ ᠢᠷᠡᠬᠦᠶ᠎ᠡ ᠲᠡᠭᠦᠯᠳᠡᠷᠵᠢᠪᠡ᠃ ᠲᠥᠪ ᠬᠤᠲᠠ ᠶᠢᠨ ᠲᠣᠭᠤᠷᠢᠭ ᠢ ᠥᠨᠳᠥᠷ ᠪᠠᠷᠢᠮᠵᠢᠶ᠎ᠠ ᠪᠠᠷ ᠪᠥᠲᠥᠭᠡᠨ ᠪᠠᠶᠢᠭᠤᠯᠵᠤ᠂ ᠬᠤᠲᠠ ᠶᠢᠨ ᠲᠣᠭᠤᠷᠢᠭ ᠤᠨ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠶᠢ ᠪᠡᠶᠡᠯᠡᠭᠦᠯᠵᠦ ᠂ ᠬᠤᠲᠠ ᠶᠢᠨ ᠶᠠᠪᠤᠳᠠᠯ ᠤᠨ 10 ᠵᠤᠷᠪᠤᠰ 8.3 ᠺᠢᠯᠤᠮᠧᠲᠷ ᠤᠨ ᠵᠠᠮ ᠢ ᠰᠢᠨ᠎ᠡ ᠪᠠᠷ ᠪᠠᠶᠢᠭᠤᠯᠤᠨ ᠦᠷᠭᠦᠯᠵᠢᠯᠡᠨ ᠪᠠᠶᠢᠭᠤᠯᠵᠤ᠂ ᠡᠯ᠎ᠡ ᠲᠥᠷᠥᠯ ᠤᠨ ᠬᠤᠭᠤᠯᠠᠶ ᠶᠢᠨ ᠲᠣᠤᠷ ᠢ 16 ᠺᠢᠯᠣᠮᠧᠳ᠋ᠷ ᠪᠠᠶᠢᠭᠤᠯᠵᠤ᠂ ᠬᠤᠭᠤᠯᠠᠶ ᠶᠢᠨ ᠱᠤᠭᠤᠮ ᠢ 4.5 ᠺᠢᠯᠣᠮᠧᠳ᠋ᠷ ᠰᠢᠨ᠎ᠡ ᠪᠠᠷ ᠨᠡᠮᠡᠭᠳᠡᠭᠦᠯᠵᠦ᠂ ᠬᠤᠭᠤᠯᠠᠶ ᠶᠢᠨ ᠬᠤᠩᠭᠢᠯ ᠤᠨ ᠣᠶᠤᠨᠴᠢ ᠡᠵᠡᠮᠳᠡᠯ ᠤᠨ ᠲᠠᠪᠴᠠᠩ ᠢ ᠵᠢᠩᠬᠢᠨᠢ ᠪᠠᠷ ᠠᠰᠢᠭᠯᠠᠯᠲᠠ ᠳᠤ ᠣᠷᠣᠭᠤᠯᠵᠤ᠂ ᠭᠠᠵᠠᠷ ᠳᠣᠤᠷᠠᠬᠢ ᠣᠷᠣᠨ ᠵᠠᠶ ᠶᠢ ᠨᠡᠭᠡᠭᠡᠨ ᠠᠰᠢᠭᠯᠠᠬᠤ ︵ᠨᠢᠭᠡᠳᠦᠭᠡᠷ ᠬᠤᠭᠤᠴᠠᠭ᠎ᠠ︶ ᠢᠨᠵᠧᠨᠧᠷᠢᠩ ᠤᠨ ᠭᠤᠤᠯ ᠴᠣᠭᠴᠠ ᠶᠢ ᠪᠠᠶᠢᠭᠤᠯᠤᠨ ᠳᠠᠭᠤᠰᠬᠠᠨ᠎ᠠ᠃ ᠬᠤᠲᠠ ᠶᠢᠨ ᠰᠢᠨᠡᠴᠢᠯᠡᠯᠲᠡ ᠶᠢ ᠥᠨᠳᠥᠷ ᠦᠷ᠎ᠡ ᠪᠦᠲᠦᠮᠵᠢ ᠲᠠᠢ ᠪᠠᠷ ᠠᠬᠢᠭᠤᠯᠵᠤ᠂ ᠪᠣᠯᠪᠠᠰᠤᠨ ᠵᠠᠮ᠂ ᠬᠠᠲᠤᠨ ᠭᠤᠤᠯ ᠶᠡᠭᠡ ᠵᠡᠭᠡᠯᠢ ᠵᠡᠷᠭᠡ ᠵᠠᠮ ᠤᠨ ᠪᠣᠰᠤᠭ᠎ᠠ ᠲᠠᠯ᠎ᠠ ᠶᠢ 4.6 ᠲᠦᠮᠡᠨ ᠲᠡᠭᠰᠢ ᠳᠥᠷᠪᠡᠯᠵᠢᠨ ᠮᠧᠲᠷ ᠥᠭᠡᠷᠡᠴᠢᠯᠡᠨ ᠰᠠᠶᠢᠵᠢᠷᠠᠭᠤᠯᠵᠤ᠂ ᠱᠠ ᠾᠧ ᠵᠡᠭᠡᠯᠢ᠂ ᠠᠭᠤᠳᠠᠮ ᠲᠠᠯᠠᠪᠠᠢ ᠵᠡᠭᠡᠯᠢ ᠪᠠ ᠬᠠᠨ ᠴᠢᠩ ᠪᠠ ᠶᠢᠨ ᠣᠷᠣᠨ ᠪᠦᠰᠡ ᠶᠢᠨ 21 ᠵᠤᠷᠪᠤᠰ ᠭᠤᠳᠤᠮᠵᠢ ᠶᠢᠨ ᠬᠤᠭᠤᠯᠠᠶ ᠶᠢᠨ ᠲᠣᠤᠷ ᠤᠨ ᠥᠭᠡᠷᠡᠴᠢᠯᠡᠯᠲᠡ ᠶᠢ ᠪᠡᠶᠡᠯᠡᠭᠦᠯᠵᠦ᠂ ᠵᠧᠨ ᠰᠢᠶᠠᠩ᠂ ᠺᠠᠩ ᠶᠤᠸᠠᠨ ᠵᠡᠷᠭᠡ 5 ᠬᠠᠭᠤᠴᠢᠨ ᠲᠣᠭᠤᠷᠢᠭ ᠢ ᠶᠡᠷᠦᠩᠬᠡᠶᠢᠯᠡᠨ ᠴᠡᠭᠴᠡᠯᠡᠨ ᠵᠠᠰᠠᠵᠤ᠂ 3 ᠬᠠᠷᠮᠠᠨ ᠴᠡᠴᠡᠷᠯᠢᠭ᠂ 1 ᠵᠡᠭᠡᠯᠢ ᠶᠢᠨ ᠭᠤᠤᠯ ᠴᠡᠴᠡᠷᠯᠢᠭ ᠢ ᠪᠠᠶᠢᠭᠤᠯᠤᠨ ᠪᠦᠲᠦᠭᠡᠵᠦ᠂ ᠱᠢ ᠵᠢᠢ ᠯᠦ ᠶᠤᠸᠠᠨ᠂ ᠬᠤᠲᠠ ᠶᠢᠨ ᠠᠷᠠᠳ ᠤᠨ ᠴᠡᠴᠡᠷᠯᠢᠭ ᠢ ᠲᠠᠰ ᠳᠡᠪᠰᠢᠭᠦᠯᠵᠦ᠂ ᠴᠢᠨᠠᠷ ᠰᠠᠶᠢᠲᠠᠶ ᠪᠡᠶ᠎ᠡ ᠴᠢᠭᠢᠷᠠᠭᠵᠢᠭᠤᠯᠬᠤ ᠶᠠᠪᠠᠭᠠᠨ ᠵᠠᠮ ᠢ 2.8 ᠺᠢᠯᠣᠮᠧᠳ᠋ᠷ ᠪᠣᠶ ᠪᠣᠯᠭᠠᠵᠤ᠂ ᠬᠤᠲᠠ ᠶᠢᠨ ᠣᠷᠣᠰᠢᠨ ᠰᠠᠭᠤᠬᠤ ᠳᠤ ᠲᠣᠬᠢᠷᠠᠮᠵᠢᠲᠠᠶ ᠬᠢᠷᠢ ᠲᠦᠪᠰᠢᠨ ᠢ ᠲᠣᠭᠲᠠᠭᠤᠨ ᠢᠶᠠᠷ ᠳᠡᠭᠡᠭᠰᠢᠯᠡᠭᠦᠯᠪᠡ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠪᠠ᠃ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠥᠲᠥᠭᠡᠨ ᠪᠠᠶᠢᠭᠤᠯᠵᠤ᠂ 14 ᠲᠣᠰᠬᠤᠨ ᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠤ᠂ 35 ᠤᠰᠤ ᠴᠡᠪᠡᠷᠰᠢᠭᠦᠯᠬᠦ ᠵᠢᠵᠢᠭ ᠥᠷᠲᠡᠭᠡ ᠤᠭᠰᠠᠷᠠᠵᠤ᠂ 100 ᠡᠷᠦᠬᠡ ᠶᠢᠨ ᠵᠣᠷᠯᠣᠩ ᠢ ᠥᠭᠡᠷᠡᠴᠢᠯᠡᠨ ᠰᠠᠶᠢᠵᠢᠷᠠᠭᠤᠯᠵᠤ᠂ 15 ᠮᠠᠯ ᠵᠢᠭᠦᠷᠲᠡᠨ ᠤ ᠢᠯᠭᠠᠳᠠᠰᠤ ᠶᠢ ᠡᠬᠢ ᠪᠠᠶᠠᠯᠢᠭᠵᠢᠭᠤᠯᠤᠨ ᠠᠰᠢᠭᠯᠠᠬᠤ ᠳᠥᠰᠦᠯ ᠢ ᠰᠢᠨ᠎ᠡ ᠪᠠᠷ ᠪᠠᠶᠢᠭᠤᠯᠵᠤ᠂ 14.8 ᠺᠢᠯᠣᠮᠧᠳ᠋ᠷ ᠤᠨ ᠪᠣᠬᠢᠷ ᠤᠰᠤᠨ ᠤ ᠬᠤᠭᠤᠯᠠᠶ ᠶᠢᠨ ᠲᠣᠤᠷ ᠤᠨ ᠥᠭᠡᠷᠡᠴᠢᠯᠡᠯᠲᠡ ᠶᠢ ᠪᠡᠶᠡᠯᠡᠭᠦᠯᠵᠦ᠂ ᠳ᠋ᠦᠩ ᠬᠤᠤ ᠺᠸᠦ ᠲᠣᠰᠬᠤᠨ ᠤ 200 ᠲᠣᠨ ᠪᠣᠬᠢᠷ ᠤᠰᠤ ᠰᠢᠢᠳᠪᠦᠷᠢᠯᠡᠬᠦ ᠥᠷᠲᠡᠭᠡ ᠪᠠᠶᠢᠭᠤᠯᠵᠤ᠂ 3 ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠲᠣᠰᠬᠤᠨ ᠢ ᠡᠭᠦᠳᠦᠨ ᠪᠠᠶᠢᠭᠤᠯᠵᠤ᠂ ᠬᠤᠶᠠᠷ ᠬᠤᠳᠳᠤᠭ ᠲᠣᠰᠬᠤᠨ ︽ᠵᠢᠷᠭᠤᠳᠤᠭᠠᠷ ᠬᠤᠭᠤᠴᠠᠭᠠᠨ ᠤ ᠪᠥᠬᠦ ᠤᠯᠤᠰ ᠤᠨ ᠪᠣᠯᠪᠠᠰᠤᠨ ᠲᠣᠰᠬᠤᠨ︾ ᠢᠶᠠᠷ ᠦᠨᠡᠯᠡᠭᠳᠡᠪᠡ᠃ ᠬᠠᠮᠲᠤ ᠶᠢᠨ ᠠᠵᠤ ᠠᠬᠤᠶ ᠶᠢ ᠪᠤᠵᠠᠭᠠᠶᠢᠷᠠᠭᠤᠯᠵᠤ᠂ ᠶᠠᠰᠤ ᠴᠢᠨᠠᠷ ᠦᠭᠡᠢ ᠭᠠᠵᠠᠷ ᠰᠢᠷᠣᠶ ᠶᠢ ᠡᠷᠭᠢᠯᠲᠡ ᠳᠤ ᠣᠷᠣᠭᠤᠯᠬᠤ ᠶᠢ ᠲᠤᠷᠰᠢᠨ ᠠᠬᠢᠭᠤᠯᠵᠤ ᠂ ᠬᠥᠳᠡᠭᠡ ᠲᠣᠰᠬᠤᠨ ᠤ 12 ᠲᠤᠰᠬᠠᠶ ᠬᠤᠷᠰᠢᠶ᠎ᠠ ᠶᠢ ᠪᠤᠶᠢᠵᠢᠭᠤᠯᠤᠨ ᠲᠡᠳᠬᠦᠵᠦ᠂ ᠭᠦ᠋ ᠵᠢᠶᠦ᠋ᠨ ᠤ ᠴᠤᠭᠯᠠᠭ᠎ᠠ ᠮᠠᠶᠢᠮᠠᠶ ᠵᠡᠷᠭᠡ 56 ᠲᠣᠰᠬᠤᠨ ᠤ ᠬᠠᠮᠲᠤ ᠶᠢᠨ ᠳᠥᠰᠦᠯ᠂ ᠠᠭᠠᠷᠤᠳᠠᠢ ᠭᠠᠴᠠᠭ᠎ᠠ ᠵᠡᠷᠭᠡ 13 ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠶ ᠶᠢᠨ ᠣᠷᠣᠯᠭ᠎ᠠ ᠵᠠᠭᠤᠨ ᠲᠦᠮᠡᠨ ᠲᠥᠭᠦᠷᠢᠭ ᠢ ᠳᠠᠪᠠᠪᠠ᠃ ᠰᠠᠭᠤᠷᠢ ᠵᠠᠮ ᠤᠨ ᠲᠤᠤᠷᠵᠢᠯ ᠢ ᠲᠡᠭᠦᠯᠳᠡᠷᠵᠢᠭᠦᠯᠵᠦ᠂ ᠲᠣᠰᠬᠤᠨ ᠪᠠᠯᠭᠠᠰᠤ ᠶᠢᠨ ᠵᠠᠰᠠᠮᠠᠯ ᠵᠠᠮ ᠢ 798 ᠺᠢᠯᠤᠮᠧᠲᠷ ᠬᠠᠮᠢᠶᠠᠷᠤᠨ ᠬᠠᠮᠠᠭᠠᠯᠠᠵᠤ᠂ ᠬᠠᠪᠢᠨ ᠱᠤᠭᠤᠮ ᠤᠨ ᠭᠠᠯ ᠰᠡᠷᠭᠡᠶᠢᠯᠡᠬᠦ ᠵᠠᠮ 18.2 ᠺᠢᠯᠤᠮᠧᠲᠷ ᠤᠨ ᠰᠠᠭᠤᠷᠢ ᠢᠨᠵᠧᠨᠧᠷᠢᠩ ᠢ ᠪᠡᠶᠡᠯᠡᠭᠦᠯᠵᠦ᠂ G65 ᠥᠭᠡᠷᠡᠴᠢᠯᠡᠵᠦ ᠥᠷᠭᠡᠳᠬᠡᠨ ᠪᠠᠶᠢᠭᠤᠯᠬᠤ ︵ᠵᠢᠦ ᠶᠤᠸᠠᠨ ᠬᠡᠰᠡᠭ︶ ᠢᠨᠵᠧᠨᠧᠷᠢᠩ ᠢ ᠲᠦᠷᠭᠡᠳᠬᠡᠨ ᠠᠬᠢᠭᠤᠯᠵᠤ᠂ ᠪᠤᠭᠤᠲᠤ ᠠᠴᠠ ᠢᠷᠭᠠᠢ ᠬᠦᠷᠬᠦ ᠲᠦᠷᠭᠡᠨ ᠤ ᠲᠡᠮᠦᠷ ᠵᠠᠮ ︵ᠵᠢᠦ ᠶᠤᠸᠠᠨ ᠬᠡᠰᠡᠭ︶ ᠢ ᠪᠠᠶᠢᠭᠤᠯᠤᠨ᠎ᠠ᠃ ᠬᠤᠲᠠ ᠶᠢᠨ ᠬᠠᠮᠢᠶᠠᠷᠤᠯᠲᠠ ᠡᠳᠦᠷ ᠢᠷᠡᠬᠦᠶ᠎ᠡ ᠨᠠᠷᠢᠨ ᠪᠣᠯᠵᠤ᠂ ᠣᠶᠤᠨᠴᠢ ᠬᠠᠮᠢᠶᠠᠷᠤᠯᠲᠠ ᠶᠢᠨ ᠵᠠᠭᠪᠤᠷ ᠢ ᠨᠡᠭᠡᠭᠡᠵᠦ᠂ ︽ᠴᠡᠴᠡᠷᠯᠢᠭ ᠤᠨ ᠬᠤᠲᠠ ᠶᠢᠨ ᠶᠠᠪᠤᠳᠠᠯ ᠤᠨ ᠰᠡᠯᠪᠢᠨ ᠵᠠᠰᠠᠬᠤ ᠲᠠᠪᠴᠠᠩ︾ ᠢ ᠨᠡᠭᠡᠭᠡᠨ ᠬᠥᠭᠵᠢᠭᠦᠯᠵᠦ᠂ ︽ᠪᠣᠭᠤᠲᠣ ᠬᠤᠲᠠ ᠶᠢᠨ ᠣᠶᠤᠨ ᠤ ᠬᠠᠮᠢᠶᠠᠷᠤᠭᠴᠢ︾ ᠶᠢ ᠳᠡᠯᠭᠡᠷᠡᠭᠦᠯᠦᠨ᠂ ᠲᠤᠰᠬᠠᠭᠰᠠᠨ 1 ᠲᠦᠮᠡ ᠭᠠᠷᠤᠶ ᠠᠰᠠᠭᠤᠳᠠᠯ ᠢ ᠭᠥᠯᠢᠶᠡᠨ ᠠᠪᠴᠤ ᠰᠢᠢᠳᠪᠦᠷᠢᠯᠡᠵᠦ᠂ ︽ᠬᠤᠲᠠ ᠶᠢᠨ ᠰᠢᠷᠬ᠎ᠠ ᠰᠣᠷᠪᠢ︾ ᠶᠢ 456 ᠵᠠᠰᠠᠨ ᠰᠡᠷᠭᠦᠭᠡᠪᠡ᠃ ᠲᠣᠭᠲᠠᠭᠠᠯ ᠠᠴᠠ ᠵᠥᠷᠢᠴᠡᠨ ᠪᠠᠶᠢᠭᠤᠯᠬᠤ ᠶᠢ ᠬᠠᠮᠢᠶᠠᠷᠤᠨ ᠡᠵᠡᠮᠳᠡᠬᠦ ᠡᠷᠴᠢᠮ ᠢᠶᠠᠨ ᠴᠢᠩᠭᠠᠷᠠᠭᠤᠯᠵᠤ᠂ ᠬᠤᠲᠠ ᠶᠢᠨ ᠦᠵᠡᠮᠵᠢ ᠶᠢᠨ ᠣᠷᠴᠢᠨ ᠲᠣᠭᠤᠷᠢᠨ᠂ ᠵᠠᠮ ᠬᠠᠷᠢᠯᠴᠠᠭᠠᠨ ᠤ ᠡᠮᠬᠢ ᠳᠢᠭᠯᠢᠮ ᠤᠨ ᠬᠠᠪᠰᠤᠷᠤᠨ ᠬᠠᠮᠢᠶᠠᠷᠤᠭᠴᠢ 70 ᠬᠥᠮᠦᠨ ᠢ ᠳᠣᠭᠢᠷᠠᠭᠤᠯᠤᠨ᠂ ︽ᠵᠠᠰᠠᠮᠠᠯ ᠵᠠᠮ ᠢᠶᠠᠷ ᠠᠯᠪᠠᠯᠠᠬᠤ︾ ᠶᠢ ᠪᠠᠶᠢᠩᠭᠤᠵᠢᠭᠤᠯᠤᠨ ᠥᠷᠨᠢᠭᠦᠯᠵᠦ᠂ ᠬᠤᠲᠠ ᠶᠢᠨ ᠡᠷᠦᠶ ᠬᠤᠷᠤᠶ ᠥᠬᠡᠶ ᠦᠵᠡᠭᠳᠡᠯ ᠢ 1.6 ᠲᠦᠮᠡ ᠭᠠᠷᠤᠶ ᠴᠡᠭᠴᠡᠯᠡᠨ ᠵᠠᠰᠠᠵᠤ᠂ ᠵᠡᠭᠡᠯᠢ ᠳᠠᠭᠠᠭᠰᠠᠨ ᠵᠢᠵᠢᠭ ᠭᠤᠳᠤᠮᠵᠢ ᠶᠢ 32 ᠵᠠᠰᠠᠵᠤ᠂ ᠲᠡᠮᠦᠷ ᠵᠠᠮ ᠵᠢᠴᠢ 110 ᠤᠯᠤᠰ ᠤᠨ ᠵᠠᠮ᠂ 210 ᠤᠯᠤᠰ ᠤᠨ ᠵᠠᠮ ᠳᠠᠭᠠᠤ ᠶᠢᠨ ᠣᠷᠴᠢᠨ ᠲᠣᠭᠤᠷᠢᠨ ᠤ ᠠᠮᠤᠷ ᠲᠦᠪᠰᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠪᠡᠶᠡᠯᠡᠭᠦᠯᠦᠨ᠎ᠡ᠃ ᠣᠷᠴᠢᠨ ᠲᠣᠭᠤᠷᠢᠨ ᠤ ᠠᠷᠢᠭᠤᠨ ᠴᠡᠪᠡᠷ ᠤᠨ ᠬᠠᠮᠢᠶᠠᠷᠤᠯᠲᠠ ᠶᠢ ᠦᠷᠭᠦᠯᠵᠢᠯᠡᠨ ᠰᠢᠯᠢᠳᠡᠭᠵᠢᠭᠦᠯᠵᠦ᠂ ᠪᠦᠬᠦ ᠬᠤᠲᠠ ᠳᠤ ᠣᠷᠴᠢᠨ ᠲᠣᠭᠤᠷᠢᠨ ᠤ ᠠᠷᠢᠭᠤᠨ ᠴᠡᠪᠡᠷ ᠤᠨ ᠵᠠᠬ᠎ᠠ ᠳᠡᠯᠭᠡᠭᠦᠷᠴᠢᠯᠡᠬᠦ ᠥᠭᠡᠷᠡᠴᠢᠯᠡᠯᠲᠡ ᠶᠢ ᠤᠷᠢᠳᠠᠪᠠᠷ ᠪᠡᠶᠡᠯᠡᠭᠦᠯᠵᠦ᠂ ᠬᠤᠲᠠ ᠶᠢᠨ ᠲᠣᠭᠤᠷᠢᠭ ᠤᠨ ᠬᠤᠭ ᠨᠣᠪᠰᠢ ᠶᠢ ᠲᠥᠷᠥᠯ ᠬᠤᠪᠢᠶᠠᠨ ᠪᠦᠬᠦᠨ ᠢ ᠪᠦᠷᠬᠦᠭᠦᠯᠬᠦ ᠶᠢ ᠦᠨᠳᠦᠰᠦᠨ ᠳᠡᠭᠡᠨ ᠪᠡᠶᠡᠯᠡᠭᠦᠯᠦᠨ᠎ᠡ᠃ ᠪᠣᠳᠠᠰ ᠤᠨ ᠬᠠᠮᠢᠶᠠᠷᠤᠯᠲᠠ ᠶᠢᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠵᠦ᠂ ︽ᠠᠳᠠᠯ ᠠᠬᠤᠶ ᠶᠢᠨ ᠳᠥᠷᠪᠡᠨ ᠱᠠᠲᠤ︾ ᠶᠢᠨ ᠬᠠᠮᠢᠶᠠᠷᠤᠯᠲᠠ ᠶᠢᠨ ᠰᠢᠰᠲ᠋ᠧᠮᠵᠢ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ︽ᠬᠤᠪᠢᠰᠬᠠᠯᠲᠤ ᠠᠳᠠᠯ ᠠᠬᠤᠶ︾ ᠶᠢᠨ ᠵᠢᠱᠢᠶ᠎ᠡ ᠦᠵᠡᠭᠦᠯᠬᠦ ᠴᠡᠭ ᠢ 13 ᠪᠠᠶᠢᠭᠤᠯᠵᠤ᠂ ᠠᠳᠠᠯ ᠠᠬᠤᠶ ᠶᠢᠨ ᠦᠢᠯᠡᠴᠢᠯᠡᠭᠡᠨ ᠤ ᠬᠠᠨᠤᠮᠵᠢ ᠶᠢᠨ ᠬᠡᠮᠵᠢᠶ᠎ᠡ ᠶᠢ 92% ᠠᠴᠠ ᠳᠡᠭᠡᠭᠰᠢ ᠳᠤ ᠬᠦᠷᠦᠭᠦᠯᠦᠨ᠎ᠡ᠃    ︵ᠭᠤᠷᠪᠠ︶ ᠰᠢᠰᠲ᠋ᠧᠮ ᠲᠠᠢ ᠵᠠᠰᠠᠵᠤ ᠠᠮᠢ ᠠᠬᠤᠢ ᠶᠢᠨ ᠣᠷᠴᠢᠨ ᠲᠣᠭᠤᠷᠢᠨ ᠢ‌‍ᠰᠠᠶᠢᠵᠢᠷᠠᠭᠤᠯᠤᠨ᠎ᠠ᠃ ᠪᠣᠬᠢᠷᠲᠤᠯ ᠦᠭᠡᠢ ᠬᠥᠭᠵᠢᠯᠲᠡ ᠶᠢᠨ ᠬᠡᠯᠪᠡᠷᠢ ᠶᠢ ᠬᠤᠪᠢᠷᠠᠭᠤᠯᠬᠤ ᠶᠢ ᠲᠦᠷᠭᠡᠳᠭᠡᠪᠡ᠃ ᠴᠡᠪᠡᠷ ᠡᠨᠧᠷᠭᠢ ᠶᠢ ᠶᠡᠬᠡᠪᠡᠷ ᠬᠥᠭᠵᠢᠭᠦᠯᠵᠦ᠂ ᠮᠡᠷᠭᠡᠨ ᠤᠰᠤ ᠲᠠᠲᠠᠵᠤ ᠡᠨᠧᠷᠭᠢ ᠬᠠᠳᠠᠭᠠᠯᠠᠬᠤ ᠴᠠᠬᠢᠯᠭᠠᠨ ᠦᠷᠳᠡᠭᠡ᠂ G7 ᠴᠠᠬᠢᠯᠭᠠᠨ ᠰᠣᠯᠢᠬᠤ ᠬᠠᠭᠤᠷᠠᠢ ᠭᠠᠷᠠᠮ᠂ ᠵᠠᠮ ᠬᠠᠷᠢᠯᠴᠠᠭᠠᠨ ᠤ ᠪᠡᠯᠡ ᠣᠷᠣᠭᠤᠯᠤᠯᠲᠠ ᠶᠢᠨ ᠲᠠᠷᠬᠠᠯᠲᠠ ᠶᠢᠨ ᠬᠡᠯᠪᠡᠷᠢ ᠶᠢᠨ ᠭᠡᠷᠡᠯ ᠸᠣᠯᠲ ᠵᠡᠷᠭᠡ ᠰᠢᠨ᠎ᠡ ᠡᠨᠧᠷᠭᠢ ᠶᠢᠨ ᠳᠥᠰᠦᠯ ᠢ ᠨᠠᠶᠢᠳᠠᠪᠤᠷᠢᠵᠢᠭᠤᠯᠵᠤ᠂ ᠵᠦᠩ ᠷᠠᠨ LNG ᠣᠷᠭᠢᠯ ᠢ ᠲᠣᠬᠢᠷᠠᠭᠤᠯᠬᠤ ᠨᠥᠭᠡᠴᠡ ᠶᠢᠨ ᠳᠥᠰᠦᠯ ᠤᠨ ᠭᠤᠣᠯ ᠴᠣᠭᠴᠠ ᠶᠢᠨ ᠠᠵᠢᠯ ᠢ ᠳᠠᠭᠤᠰᠬᠠᠪᠠ᠃ ᠠᠵᠤ ᠦᠢᠯᠡᠳᠪᠦᠷᠢ ᠶᠢᠨ ᠪᠣᠬᠢᠷᠲᠤᠯ ᠥᠬᠡᠶ ᠲᠠᠰ ᠳᠡᠪᠰᠢᠬᠦ ᠶᠢ ᠠᠬᠢᠭᠤᠯᠵᠤ᠂ ᠪᠦᠦ ᠹᠧᠩ 2 ᠳ᠋ᠤᠭᠠᠷ ᠨᠣᠮᠧᠷᠲᠤ ᠪᠣᠬᠢᠷᠲᠤᠯ ᠥᠬᠡᠶ ᠴᠠᠬᠢᠯᠭᠠᠨ ᠤ ᠵᠠᠮ ᠤᠨ ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠳᠡᠮᠵᠢᠵᠦ᠂ ᠣᠶᠤᠨᠴᠢ ᠬᠦᠷᠢᠶᠡᠯᠡᠩ ᠲᠣᠭᠤᠷᠢᠭ ᠤᠨ ᠲᠠᠪᠴᠠᠩ ᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠪᠥᠬᠦ ᠤᠯᠤᠰ ᠤᠨ ᠠᠩᠬᠠᠳᠠᠭᠴᠢ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢᠶᠠᠷ ᠦᠢᠯᠡᠳᠦᠭᠰᠡᠨ ᠮᠧᠲ᠋ᠢᠯ ᠬᠦᠴᠢᠯ ᠤᠨ ᠺᠠᠯᠼ ᠮᠧᠲ᠋ᠢᠯ ᠬᠦᠴᠢᠯ ᠤᠨ ᠨᠠᠳ᠋ᠷᠢ ᠶᠢ ᠬᠤᠯᠪᠣᠭᠠᠯᠠᠨ ᠦᠢᠯᠡᠳᠪᠦᠷᠢᠯᠡᠬᠦ ᠳᠥᠰᠦᠯ ᠢ ᠠᠰᠢᠭᠯᠠᠯᠲᠠ ᠳᠤ ᠣᠷᠣᠭᠤᠯᠵᠤ᠂ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠬᠢᠷᠲᠤᠯ ᠥᠬᠡᠶ ᠦᠢᠯᠡᠳᠪᠦᠷᠢ ᠶᠢ 3 ᠡᠭᠦᠳᠦᠨ ᠪᠠᠶᠢᠭᠤᠯᠤᠨ᠎ᠠ᠃ ᠡᠬᠢ ᠪᠠᠶᠠᠯᠢᠭ ᠤᠨ ᠠᠰᠢᠭᠯᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠡᠨᠧᠷᠭᠢ ᠶᠢᠨ ᠬᠤᠷᠣᠭᠳᠠᠯ ᠶᠡᠬᠡᠲᠡᠶ ᠠᠵᠤ ᠠᠬᠤᠶᠢᠯᠠᠯ᠂ ᠦᠬᠦᠰᠢᠷᠡᠮᠡᠯ ᠠᠵᠤ ᠠᠬᠤᠶᠢᠯᠠᠯ ᠢ ᠲᠤᠰᠬᠠᠶ ᠴᠡᠭᠴᠡᠯᠡᠨ ᠵᠠᠰᠠᠬᠤ ᠶᠢ ᠠᠬᠢᠭᠤᠯᠵᠤ᠂ 11 ᠭᠤᠤᠯᠳᠠᠯᠭ᠎ᠠ ᠲᠠᠢ ᠡᠨᠧᠷᠭᠢ ᠬᠡᠷᠡᠭᠯᠡᠬᠦ ᠠᠵᠤ ᠠᠬᠤᠶᠢᠯᠠᠯ ᠳᠤ ᠡᠨᠧᠷᠭᠢ ᠶᠢᠨ ᠬᠤᠷᠣᠭᠳᠠᠯ ᠢ ᠰᠦᠯᠵᠢᠶᠡᠨ ᠳᠡᠭᠡᠷ᠎ᠡ ᠬᠢᠨᠠᠨ ᠬᠡᠮᠵᠢᠬᠦ ᠰᠢᠰᠲ᠋ᠧᠮ ᠢ ᠤᠭᠰᠠᠷᠠᠵᠤ᠂ ︽ᠤᠷᠢᠳᠠᠪᠠᠷ ᠲᠦᠷᠢᠶᠡᠰᠦᠯᠡᠭᠦᠯᠵᠦ ᠳᠠᠷᠠᠭ᠎ᠠ ᠨᠢ ᠲᠠᠯᠪᠢᠬᠤ︾ ᠵᠡᠷᠭᠡ ᠠᠷᠭ᠎ᠠ ᠮᠠᠶ᠋ᠢᠭ ᠢᠶᠠᠷ 1200 ᠭᠠᠷᠤᠶ ᠮᠥ ᠭᠠᠵᠠᠷ ᠰᠢᠷᠣᠶ ᠶᠢ ᠠᠮᠢᠯᠠᠭᠤᠯᠵᠤ᠂ ᠦᠬᠦᠰᠢᠷᠡᠮᠡᠯ ᠠᠵᠤ ᠠᠬᠤᠶᠢᠯᠠᠯ ᠢ 8 ᠴᠡᠪᠡᠷᠯᠡᠵᠦ᠂ ᠲᠦᠮᠡᠨ ᠲᠥᠭᠦᠷᠢᠭ ᠤᠨ GDP ᠶᠢᠨ ᠡᠨᠧᠷᠭᠢ ᠶᠢᠨ ᠬᠤᠷᠣᠭᠳᠠᠯ ᠤᠨ ᠬᠦᠴᠦᠯᠡᠴᠡ ᠶᠢ 1.78 ᠲᠣᠨ ᠪᠠᠷᠢᠮᠵᠢᠶᠠᠲᠤ ᠨᠡᠭᠦᠷᠡᠰᠦ ᠪᠣᠯᠭᠠᠨ ᠪᠠᠭᠤᠷᠠᠭᠤᠯᠤᠨ᠎ᠠ᠃ ᠠᠮᠢ ᠠᠬᠤᠢ ᠶᠢᠨ ᠬᠠᠮᠠᠭᠠᠯᠠᠯᠲᠠ ᠶᠢ ᠲᠠᠰᠤᠷᠠᠯᠲᠠ ᠦᠭᠡᠢ ᠴᠢᠩᠭᠠᠳᠬᠠᠪᠠ᠃ ︽ᠭᠤᠤᠯ ᠮᠥᠷᠡᠨ ᠤ ᠳᠠᠷᠤᠭ᠎ᠠ ᠶᠢᠨ ᠲᠦᠷᠢᠮ︾ ᠢ ᠯᠠᠪᠳᠠᠭᠤᠨ ᠪᠠᠲᠤᠲᠠᠶ ᠨᠠᠶᠢᠳᠠᠪᠤᠷᠢᠵᠢᠭᠤᠯᠵᠤ᠂ ᠬᠥᠨᠳᠡᠯᠡᠨ ᠭᠤᠤᠯ ᠤᠨ ᠭᠤᠤᠯ ᠤᠨ ᠵᠠᠮ ᠢ ᠴᠡᠭᠴᠡᠯᠡᠨ ᠵᠠᠰᠠᠬᠤ ᠢᠨᠵᠧᠨᠧᠷᠢᠩ ᠢ ᠨᠢᠭᠡᠳᠦᠯᠲᠡᠶ ᠲᠥᠯᠥᠪᠯᠡᠨ ᠠᠬᠢᠭᠤᠯᠵᠤ᠂ ︽ᠳᠥᠷᠪᠡᠨ ᠰᠠᠮᠠᠭᠤᠨ ᠢ ᠠᠷᠢᠯᠭᠠᠬᠤ︾ ᠲᠤᠰᠬᠠᠶ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠬᠠᠲᠤᠨ ᠭᠤᠤᠯ ᠤᠨ ᠲᠠᠩ ᠭᠠᠵᠠᠷ ᠤᠨ ᠥᠨᠳᠥᠷ ᠡᠰᠢᠲᠦ ᠲᠠᠷᠢᠮᠠᠯ ᠢ ᠬᠠᠮᠢᠶᠠᠷᠤᠨ ᠡᠵᠡᠮᠳᠡᠬᠦ ᠠᠵᠢᠯ ᠢ ᠤᠷᠤᠭᠰᠢᠲᠠᠶ ᠪᠡᠶᠡᠯᠡᠭᠦᠯᠪᠡ᠃ ᠲᠠᠷᠢᠶᠠᠨ ᠭᠠᠵᠠᠷ ᠢ ᠬᠠᠮᠠᠭᠠᠯᠠᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ 93 ᠡᠷᠡᠭᠦᠯ ᠬᠠᠮᠠᠭᠠᠯᠠᠯ ᠤᠨ ᠹᠢᠯᠢᠮ ᠢ ᠴᠡᠭᠴᠡᠯᠡᠨ ᠰᠠᠶᠢᠵᠢᠷᠠᠭᠤᠯᠪᠠ᠃ ᠳᠠᠯᠠᠨ ᠬᠠᠷ᠎ᠠ ᠠᠭᠤᠯᠠ ᠶᠢᠨ ᠡᠮᠦᠨ᠎ᠡ ᠪᠠᠯ ᠤᠨ ᠨᠣᠭᠤᠭᠠᠷᠠᠭᠤᠯᠤᠯᠲᠠ ᠶᠢᠨ ᠰᠡᠭᠦᠯᠴᠢ ᠶᠢᠨ ᠬᠤᠭᠤᠴᠠᠭᠠᠨ ᠤ ᠠᠷᠠᠴᠢᠯᠠᠨ ᠬᠠᠮᠠᠭᠠᠯᠠᠬᠤ ᠵᠡᠷᠭᠡ ᠠᠮᠢ ᠠᠬᠤᠶ ᠶᠢᠨ ᠢᠨᠵᠧᠨᠧᠷᠢᠩ ᠢ ᠬᠡᠷᠡᠭᠵᠢᠭᠦᠯᠵᠦ᠂ ᠬᠠᠲᠤᠨ ᠭᠤᠤᠯ ᠤᠨ ᠨᠤᠭᠤ ᠭᠠᠵᠠᠷ ᠤᠨ ᠤᠯᠤᠰ ᠤᠨ ᠰᠣᠶᠣᠯ ᠤᠨ ᠴᠡᠴᠡᠷᠯᠢᠭ ᠤᠨ ᠠᠮᠢ ᠠᠬᠤᠶ ᠶᠢᠨ ᠤᠰᠤ ᠨᠥᠬᠦᠪᠥᠷᠢᠯᠡᠬᠦ ᠢᠨᠵᠧᠨᠧᠷᠢᠩ ᠢ ᠠᠵᠢᠯ ᠡᠬᠢᠯᠡᠭᠦᠯᠦᠨ ᠪᠠᠶᠢᠭᠤᠯᠵᠤ᠂ ᠵᠣᠣ ᠵᠢᠶᠦ᠋ᠨ ᠳ᠋ᠣᠣ ᠠᠷᠠᠯ ᠤᠨ ᠪᠠᠷᠠᠭᠤᠨ ᠬᠡᠰᠡᠭ ᠤᠨ 2760 ᠮᠥ ᠲᠠᠷᠢᠶᠠᠯᠠᠬᠤ ᠶᠢ ᠵᠣᠭᠰᠣᠭᠠᠵᠤ ᠨᠤᠭᠤ ᠭᠠᠵᠠᠷ ᠢ ᠰᠡᠷᠭᠦᠭᠡᠬᠦ ᠢᠨᠵᠧᠨᠧᠷᠢᠩ ᠢ ᠪᠡᠶᠡᠯᠡᠭᠦᠯᠵᠦ᠂ 3375 ᠮᠥ ᠠᠵᠤ ᠠᠬᠤᠶ ᠶᠢᠨ ᠣᠶ ᠶᠢᠨ ᠰᠠᠭᠤᠷᠢᠨ ᠭᠠᠵᠠᠷ ᠢ ᠪᠠᠶᠢᠭᠤᠯᠵᠤ᠂ ︽ᠣᠶ ᠰᠢᠭᠤᠶ ᠶᠢᠨ ᠳᠠᠷᠤᠭ᠎ᠠ ᠶᠢᠨ ᠲᠦᠷᠢᠮ︾ ᠢ ᠪᠥᠬᠦ ᠲᠠᠯ᠎ᠠ ᠪᠠᠷ ᠬᠡᠷᠡᠭᠵᠢᠭᠦᠯᠦᠨ ᠬᠤᠲᠠ ᠶᠢᠨ ᠱᠠᠲᠤᠨ ᠤ ᠵᠠᠷᠯᠠᠨ ᠰᠠᠶᠢᠰᠢᠶᠠᠭᠳᠠᠪᠠ᠃ ᠪᠣᠬᠢᠷᠳᠠᠯ ᠢ ᠰᠡᠷᠭᠡᠶᠢᠯᠡᠨ ᠵᠠᠰᠠᠬᠤ ᠠᠵᠢᠯ ᠪᠣᠳᠠᠲᠠᠢ ᠦᠷ᠎ᠡ ᠪᠦᠲᠦᠮᠵᠢ ᠤᠯᠪᠠ᠃ ᠬᠦᠬᠡ ᠣᠭᠲᠠᠷᠭᠤᠢ ᠶᠢ ᠬᠠᠮᠠᠭᠠᠯᠠᠬᠤ ᠳᠠᠶᠢᠯᠠᠯᠳᠤᠭᠠᠨ ᠢ ᠭᠦᠨᠵᠡᠭᠡᠢ ᠠᠬᠢᠭᠤᠯᠵᠤ᠂ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ᠂ ᠡᠪᠦᠯ ᠤᠨ ᠤᠯᠠᠷᠢᠯ ᠤᠨ ᠵᠡᠮᠳᠡᠭᠴᠦᠳ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠠᠭᠠᠷ ᠤᠨ ᠶᠠᠰᠤ ᠴᠢᠨᠠᠷ ᠢ ᠪᠠᠲᠤᠯᠠᠬᠤ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ 4663 ᠡᠷᠦᠬᠡ ᠨᠡᠭᠦᠷᠡᠰᠦ ᠶᠢ ᠬᠡᠢ ᠪᠣᠯᠭᠠᠨ ᠥᠭᠡᠷᠡᠴᠢᠯᠡᠬᠦ᠂ ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ ᠢᠨᠵᠧᠨᠧᠷᠢᠩ ᠢ ᠬᠡᠷᠡᠭᠵᠢᠭᠦᠯᠵᠦ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠬᠤᠳᠠ ᠶᠢᠨ ᠲᠣᠭᠤᠷᠢᠭ ᠤᠨ ᠨᠢᠴᠦᠭᠦᠨ ᠬᠥᠷᠥᠰᠥ ᠰᠢᠷᠣᠢ ᠶᠢ ᠨᠣᠭᠤᠭᠠᠷᠠᠭᠤᠯᠬᠤ ᠶᠢ ᠪᠦᠬᠦᠨ ᠢ ᠪᠦᠷᠬᠦᠬᠦᠯᠬᠦ ᠶᠢ ᠪᠡᠶᠡᠯᠡᠭᠦᠯᠵᠦ᠂ ᠰᠢᠯᠢᠳᠡᠭ ᠰᠠᠶᠢᠨ ᠡᠳᠦᠷ ᠤᠨ ᠲᠤᠭ᠎ᠠ ᠶᠢᠨ ᠪᠠᠷᠢᠮᠵᠢᠶ᠎ᠠ ᠳᠤ ᠬᠦᠷᠦᠭᠰᠡᠨ ᠬᠠᠷᠢᠴᠠᠯ ᠢ 84.8% ᠪᠣᠯᠲᠠᠯ᠎ᠠ ᠳᠡᠭᠡᠭᠰᠢᠯᠡᠭᠦᠯᠪᠡ᠃ ᠬᠦᠬᠡᠮᠳᠦᠭ ᠤᠰᠤ ᠶᠢ ᠬᠠᠮᠠᠭᠠᠯᠠᠬᠤ ᠳᠠᠶᠢᠯᠠᠯᠳᠤᠭᠠᠨ ᠢ ᠯᠠᠪᠳᠠᠭᠤᠨ ᠪᠠᠲᠤᠲᠠᠶ ᠠᠬᠢᠭᠤᠯᠵᠤ᠂ ᠪᠣᠷᠣᠭᠠᠨ ᠤ ᠪᠣᠬᠢᠷᠲᠤᠯ ᠤᠨ ᠬᠤᠭᠤᠯᠠᠶ ᠶᠢᠨ ᠲᠣᠤᠷ ᠢ 84 ᠺᠢᠯᠣᠮᠧᠳ᠋ᠷ ᠵᠢᠭᠰᠠᠭᠠᠨ ᠪᠠᠶᠢᠴᠠᠭᠠᠵᠤ᠂ 54 ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ᠂ ᠪᠣᠭᠤᠲᠣ ᠬᠤᠲᠠ ᠶᠢᠨ ᠤᠰᠤᠨ ᠤ ᠶᠠᠪᠤᠳᠠᠯ ᠤᠨ ᠮᠡᠷᠭᠡᠵᠢᠯ ᠤᠨ ᠥᠭᠡᠷᠡᠴᠢᠯᠡᠯᠲᠡ ᠶᠢ ᠪᠡᠶᠡᠯᠡᠭᠦᠯᠵᠦ᠂ ᠵᠢᠦ ᠶᠤᠸᠠᠨ ᠤ ᠤᠰᠤᠨ ᠤ ᠴᠢᠨᠠᠷ ᠢ ᠴᠡᠪᠡᠷᠰᠢᠭᠦᠯᠬᠦ ᠦᠢᠯᠡᠳᠪᠦᠷᠢ ᠶᠢᠨ ᠮᠡᠷᠭᠡᠵᠢᠯ ᠤᠨ ᠥᠭᠡᠷᠡᠴᠢᠯᠡᠯᠲᠡ ᠵᠢᠴᠢ ᠳᠤᠮᠳᠠ ᠤᠰᠤᠨ ᠤ ᠬᠤᠭᠤᠯᠠᠶ ᠶᠢᠨ ᠲᠣᠤᠷ ᠤᠨ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠵᠦ᠂ ᠳᠠᠬᠢᠯᠳᠠ ᠤᠰᠤᠨ ᠤ ᠠᠰᠢᠭᠯᠠᠯᠲᠠ ᠶᠢᠨ ᠨᠣᠷᠮ᠎ᠠ ᠶᠢ ᠲᠣᠭᠲᠠᠭᠤᠨ ᠢᠶᠠᠷ ᠳᠡᠭᠡᠭᠰᠢᠯᠡᠭᠦᠯᠪᠡ᠃ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠲᠦᠷᠭᠡᠳᠬᠡᠨ ᠠᠬᠢᠭᠤᠯᠵᠤ᠂ ᠨᠢᠭᠡᠳᠦᠭᠡᠷ ᠴᠠᠬᠢᠯᠭᠠᠨ ᠦᠢᠯᠡᠳᠪᠦᠷᠢ ᠶᠢᠨ ᠦᠨᠡᠰᠦᠨ ᠴᠥᠭᠦᠷᠥᠮ 3 ᠲᠠᠷᠠᠬᠠᠶ ᠪᠤᠲᠠᠷᠬᠠᠶ ᠡᠮᠬᠢ ᠵᠠᠮᠪᠠᠷᠠᠭ᠎ᠠ ᠥᠬᠡᠶ ᠪᠣᠬᠢᠷᠲᠤᠯ ᠲᠠᠢ ᠠᠵᠤ ᠠᠬᠤᠶᠢᠯᠠᠯ ᠢ ᠢᠯᠭᠠᠷᠠᠭᠤᠯᠤᠨ ᠵᠢᠷᠤᠮᠵᠢᠭᠤᠯᠵᠤ᠂ ᠪᠣᠬᠢᠷᠲᠤᠭᠰᠠᠨ 5 ᠠᠵᠤ ᠠᠬᠤᠶᠢᠯᠠᠯ ᠤᠨ ᠬᠥᠷᠥᠰᠥ ᠰᠢᠷᠣᠶ ᠶᠢᠨ ᠪᠠᠶᠢᠴᠠᠭᠠᠯᠲᠠ ᠶᠢ ᠪᠡᠶᠡᠯᠡᠭᠦᠯᠵᠦ᠂ ᠰᠢᠨ ᠵᠢᠦ ᠴᠠᠩ ᠶᠤᠸᠠᠨ ᠰᠢᠲᠠᠮᠠᠬᠠᠶ ᠬᠡᠶ ᠶᠢᠨ ᠰᠢᠭᠠᠷᠤ᠂ ᠧᠨ ᠳ᠋ᠢᠶᠠᠨ ᡁᠢ ᠵᠠᠮ ᠤᠨ ᠨᠤᠨᠲᠠᠭ ᠨᠡᠭᠦᠷᠡᠰᠦᠨ ᠤ ᠦᠨᠡᠰᠦ ᠵᠡᠷᠭᠡ ᠡᠬᠢ ᠪᠠᠶᠠᠯᠢᠭ ᠤᠨ ᠣᠷᠴᠢᠯ ᠲᠥᠷᠥᠯ ᠵᠦᠢᠯ ᠢ ᠣᠷᠣᠭᠤᠯᠤᠨ ᠠᠪᠴᠢᠷᠠᠵᠤ᠂ ᠵᠢᠶᠦ᠋ᠨ ᠫᠢᠩ ᠣᠷᠴᠢᠨ ᠲᠣᠭᠤᠷᠢᠨ ᠤ ᠬᠠᠮᠠᠭᠠᠯᠠᠯᠲᠠ᠂ ᠴᠥᠩ ᠴᠧᠩ ᠪᠠᠷᠢᠯᠭ᠎ᠠ ᠶᠢᠨ ᠮᠠᠲ᠋ᠧᠷᠢᠶᠠᠯ ᠵᠡᠷᠭᠡ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠠᠰᠢᠭᠯᠠᠬᠤ ᠳᠥᠰᠦᠯ ᠢ ᠪᠠᠶᠢᠭᠤᠯᠵᠤ ᠳᠠᠭᠤᠰᠬᠠᠪᠠ᠃ ︵ᠳᠥᠷᠪᠡ︶ ᠠᠷᠭ᠎ᠠ ᠪᠦᠬᠦᠨ ᠢ ᠰᠦᠪᠡᠭᠴᠢᠯᠡᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠨᠡᠮᠡᠭᠳᠡᠭᠦᠯᠦᠨ᠎ᠡ᠃ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠤᠨ ᠨᠡᠷᠡᠲᠦ ᠲᠡᠮᠳᠡᠭ ᠲᠣᠳᠣᠷᠠᠪᠠ᠃ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠲᠠᠰᠤᠷᠠᠯᠲᠠ ᠥᠬᠡᠶ ᠰᠢᠯᠢᠳᠡᠭᠵᠢᠭᠦᠯᠵᠦ᠂ ︽ᠵᠢᠷᠭᠤᠭ᠎ᠠ ᠶᠢ ᠪᠠᠭᠠᠰᠬᠠᠵᠤ ᠬᠤᠶᠠᠷ ᠢ ᠰᠢᠯᠢᠳᠡᠭᠵᠢᠭᠦᠯᠬᠦ︾ ᠥᠭᠡᠷᠡᠴᠢᠯᠡᠯᠲᠡ ᠶᠢᠨ ᠳᠤᠮᠳᠠᠴᠢ ᠪᠠᠭᠠᠰᠬᠠᠭᠰᠠᠨ ᠬᠠᠷᠢᠴᠠᠯ 28% ᠳᠤ ᠬᠦᠷᠴᠦ᠂ 1241 ᠵᠦᠢᠯ ᠤᠨ ᠦᠶ᠋ᠯᠡᠴᠢᠯᠡᠭᠡᠨ ᠤ ᠵᠦᠢᠯᠡᠰ ᠢ ︽ᠣᠷᠣᠭᠤᠯᠬᠤ ᠶᠣᠰᠣᠲᠠᠶ ᠶᠢ ᠨᠢ ᠵᠠᠪᠠᠯ ᠣᠷᠣᠭᠤᠯᠬᠤ︾᠂ ︽ᠶᠡᠷᠦᠩᠬᠡᠶᠢᠯᠡᠭᠰᠡᠨ ᠴᠣᠩᠬᠤ ᠪᠠᠷ ᠭᠥᠯᠢᠶᠡᠨ ᠠᠪᠴᠤ  ᠰᠢᠢᠳᠪᠤᠷᠢᠯᠡᠬᠦ︾᠂ ︽ᠮᠤᠵᠢ ᠠᠯᠤᠰᠯᠠᠨ ᠨᠡᠶᠢᠳᠡᠮ ᠭᠦᠢᠴᠡᠳᠭᠡᠬᠦ︾ ︽ᠪᠥᠬᠦ ᠬᠤᠲᠠ ᠶᠢᠨ ᠬᠠᠷᠢᠯᠴᠠᠨ ᠭᠦᠢᠴᠡᠳᠭᠡᠬᠦ︾ ᠲᠤᠰᠬᠠᠶ ᠴᠣᠩᠬᠤ ᠶᠢ ᠪᠠᠶᠢᠭᠤᠯᠵᠤ᠂ ︽ᠥᠷᠯᠥᠭᠡ ᠦᠳᠡᠰᠢ ᠪᠠᠷ ᠬᠠᠷᠢᠮᠠᠬᠠᠢ ᠭᠦᠢᠴᠡᠳᠭᠡᠬᠦ︾᠂ ︽ᠦᠳᠡ ᠳᠤ ᠲᠠᠰᠤᠯᠳᠠᠭᠤᠯᠬᠤ ᠥᠬᠡᠶ︾᠂ ︽ᠭᠠᠷᠠᠭ ᠤᠨ ᠡᠴᠦᠰ ᠲᠤ ᠡᠭᠦᠳᠡ ᠪᠠᠨ ᠬᠠᠭᠠᠬᠤ ᠥᠬᠡᠶ︾ ᠵᠡᠷᠭᠡ ᠴᠠᠭ ᠢ ᠤᠷᠲᠤᠳᠬᠠᠬᠤ ᠦᠢᠯᠡᠴᠢᠯᠡᠭᠡ ᠶᠢ ᠪᠥᠬᠦ ᠲᠣᠭᠤᠷᠢᠭ ᠲᠤ ᠳᠡᠯᠭᠡᠷᠡᠭᠦᠯᠵᠦ᠂ ᠪᠥᠬᠦ ᠶᠠᠪᠤᠴᠠ ᠳᠤ ᠰᠦᠯᠵᠢᠶ᠎ᠡ ᠪᠠᠷ ᠭᠦᠢᠴᠡᠳᠭᠡᠬᠦ ᠨᠣᠷᠮ᠎ᠠ ᠨᠢ 94.7% ᠳᠤ ᠬᠦᠷᠴᠡᠶ᠃ ᠰᠢᠨ᠎ᠡ ᠶᠢ ᠡᠭᠦᠳᠦᠭᠰᠡᠨ ᠦᠷ᠎ᠡ ᠪᠦᠲᠦᠮᠵᠢ ᠨᠢ ᠢᠯᠡᠷᠬᠡᠶ ᠪᠠᠶᠢᠵᠤ᠂ ᠪᠥᠬᠦ ᠬᠤᠲᠠ ᠶᠢᠨ ᠠᠩᠬᠠᠳᠠᠭᠴᠢ ︽ᠬᠦᠷᠢᠶᠡᠯᠡᠩ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠤᠨ ᠥᠷᠲᠡᠭᠡ︾ ᠶᠢ ᠪᠠᠶᠢᠭᠤᠯᠵᠤ᠂ ︽ᠠᠰᠠᠷᠠᠭᠴᠢ ᠮᠠᠶ᠋ᠢᠭ︾ ᠤᠨ ᠳᠥᠰᠦᠯ ᠤᠨ ᠦᠢᠯᠡᠴᠢᠯᠡᠭᠡ ᠶᠢ ᠪᠦᠷᠢᠨ ᠪᠦᠷᠬᠦᠭᠦᠯᠬᠦ ᠶᠢ ᠪᠡᠶᠡᠯᠡᠭᠦᠯᠪᠡ᠃ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠲᠥᠪ ᠢ ᠭᠥᠯᠢᠶᠡᠨ ᠠᠪᠴᠤ ᠰᠢᠢᠳᠪᠦᠷᠢᠯᠡᠬᠦ ᠲᠢᠩᠬᠢᠮ ᠢ ᠰᠢᠨ᠎ᠡ ᠪᠠᠷ ᠪᠠᠶᠢᠭᠤᠯᠵᠤ᠂ ᠪᠥᠬᠦ ᠬᠤᠲᠠ ᠳᠤ ᠲᠠᠸᠠᠷ ᠤᠨ ᠭᠡᠷ ᠪᠠᠶᠢᠰᠢᠩ ᠤᠨ ︽ᠭᠡᠷ ᠪᠠᠶᠢᠰᠢᠩ ᠲᠤᠰᠢᠶᠠᠪᠠᠯ ᠳᠠᠷᠤᠢ ᠦᠨᠡᠮᠯᠡᠯ ᠲᠤᠰᠢᠶᠠᠬᠤ︾ ᠶᠢ ᠤᠷᠢᠳᠠᠪᠠᠷ ᠪᠡᠶᠡᠯᠡᠭᠦᠯᠪᠡ᠃ ︽ᠪᠠᠭ᠎ᠠ ᠲᠣᠭᠠᠨ ᠤ ᠭᠠᠶᠢᠯᠢ ᠪᠤᠴᠠᠭᠠᠬᠤ ᠶᠢ ᠭᠤᠶᠤᠴᠢᠯᠠᠬᠤ ᠦᠭᠡᠢ ︵ᠰᠦᠢᠳᠬᠡᠯ ᠲᠤᠰᠢᠶᠠᠬᠤ︶︶ ᠪᠦᠬᠦ ᠬᠤᠲᠠ ᠳᠤ ᠤᠯᠤᠰ ᠤᠨ ᠠᠷᠠᠯᠵᠢᠶᠠᠨ ᠤ ᠣᠷᠴᠢᠨ ᠲᠣᠭᠤᠷᠢᠨ ᠤ ᠮᠡᠳᠡᠭᠦᠯᠦᠯᠲᠡ ᠶᠢᠨ ᠬᠥᠬᠡ ᠭᠠᠳᠠᠷᠲᠤ ᠪᠢᠴᠢᠭ ᠢ ᠠᠮᠵᠢᠯᠲᠠ ᠲᠠᠢ ᠰᠣᠩᠭᠤᠭᠰᠠᠨ ᠪᠠᠶᠢᠨ᠎ᠠ᠃ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠡᠯᠪᠡᠭ ᠳᠡᠯᠪᠡᠭ ᠦᠷ᠎ᠡ ᠪᠦᠲᠦᠭᠡᠯ ᠣᠯᠪᠠ᠃ ᠵᠠᠭᠤᠨ ᠡᠳᠦᠷ ᠤᠨ ᠬᠠᠮᠲᠤᠷᠠᠭᠰᠠᠨ ᠳᠠᠶᠢᠯᠠᠯᠳᠤᠭᠠᠨ ᠤ ᠠᠵᠢᠯᠯᠠᠭ᠎ᠠ ᠶᠢ ᠥᠷᠨᠢᠭᠦᠯᠵᠦ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠶᠡᠭᠡ ᠬᠤᠷᠠᠯ ᠢ ᠡᠷᠭᠢᠯᠡᠵᠦ᠂ ᠪᠥᠬᠦ ᠲᠣᠭᠤᠷᠢᠭ ᠤᠨ ᠬᠦᠴᠦᠨ ᠢᠶᠠᠷ 407 ᠠᠵᠤ ᠠᠬᠤᠶᠢᠯᠠᠯ ᠲᠠᠢ ᠥᠷᠭᠡᠨ ᠢᠶᠠᠷ ᠵᠣᠯᠭᠠᠭᠤᠯᠵᠤ᠂ ᠥᠪᠥᠷ ᠮᠣᠩᠭᠤᠯ ᠤᠨ ᠲᠣᠭᠠᠴᠢᠯᠠᠭᠰᠠᠨ ᠠᠵᠤ ᠠᠬᠤᠶ ᠶᠢᠨ ᠠᠵᠤ ᠦᠢᠯᠡᠰ ᠤᠨ ᠲᠥᠪ᠂ ᠰᠢᠩ ᠶᠤᠸᠠᠨ ᠬᠡᠷᠡᠯ ᠴᠡᠨᠡᠭ ᠤᠨ ᠰᠢᠯ ᠵᠡᠷᠭᠡ ᠴᠢᠨᠠᠷ ᠰᠠᠶᠢᠲᠠᠶ ᠠᠵᠤ ᠦᠢᠯᠡᠰ ᠤᠨ ᠳᠥᠰᠦᠯ ᠢ 120 ᠣᠷᠣᠭᠤᠯᠤᠨ ᠠᠪᠴᠢᠷᠠᠵᠤ᠂ ᠭᠡᠷ᠎ᠡ ᠲᠣᠭᠲᠠᠭᠰᠠᠨ ᠪᠠᠯᠠ ᠮᠥᠩᠭᠦ 1451.7 ᠳ᠋ᠦᠩᠰᠢᠭᠤᠷ ᠲᠥᠭᠦᠷᠢᠭ ᠲᠤ ᠬᠦᠷᠴᠦ᠂ 68 ᠪᠥᠲᠥᠭᠡᠨ ᠪᠠᠶᠢᠭᠤᠯᠤᠯᠲᠠ ᠶᠢ ᠠᠵᠢᠯ ᠡᠬᠢᠯᠡᠭᠦᠯᠦᠨ ᠪᠥᠲᠥᠭᠡᠨ ᠪᠠᠶᠢᠭᠤᠯᠵᠤ᠂ ᠤᠯᠤᠰ ᠤᠨ ᠳᠣᠲᠣᠭᠠᠳᠤ ᠶᠢᠨ ᠪᠠ ᠲᠣᠭᠤᠷᠢᠭ ᠤᠨ ᠭᠠᠳᠠᠨᠠᠬᠢ ᠪᠠᠯᠠ ᠮᠥᠩᠭᠦ ᠶᠢ 81.8 ᠳ᠋ᠦᠩᠰᠢᠭᠤᠷ ᠲᠥᠭᠦᠷᠢᠭ ᠠᠰᠢᠭᠯᠠᠨ 20% ᠪᠠᠷ ᠨᠡᠮᠡᠭᠳᠡᠪᠡ᠃ ᠥᠭᠡᠷᠡᠴᠢᠯᠡᠯᠲᠡ ᠨᠡᠭᠡᠭᠡᠯᠲᠡ ᠶᠢ ᠭᠦᠨᠵᠡᠭᠡᠶ ᠠᠬᠢᠭᠤᠯᠪᠠ᠃ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭ᠎ᠠ ᠶᠢ ᠦᠨᠳᠦᠰᠦᠨ ᠳᠡᠭᠡᠨ ᠪᠡᠶᠡᠯᠡᠭᠦᠯᠵᠦ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠢ ᠪᠦᠯᠦᠭᠯᠡᠯᠵᠢᠭᠦᠯᠦᠨ ᠨᠡᠶᠢᠯᠡᠭᠦᠯᠵᠦ᠂ ︽1+3+N︾ ᠲᠡᠭᠡᠭᠡᠪᠦᠷᠢ ᠶᠢᠨ ᠬᠠᠮᠢᠶᠠᠷᠤᠯᠲᠠ ᠶᠢᠨ ᠵᠠᠭᠪᠤᠷ ᠢ ᠪᠣᠶ ᠪᠣᠯᠭᠠᠵᠤ᠂ ᠦᠢᠯᠡᠳᠬᠦᠨ ᠤ ᠥᠷᠲᠡᠭ᠂ ᠠᠷᠠᠯᠵᠢᠶᠠᠨ ᠤ ᠲᠤᠭ᠎ᠠ᠂ ᠵᠢᠯ ᠤᠨ ᠣᠷᠣᠯᠭ᠎ᠠ ᠶᠢ ᠲᠣᠰ ᠲᠣᠰ 5.4 ᠳ᠋ᠦᠩᠰᠢᠭᠤᠷ ᠲᠥᠭᠦᠷᠢᠭ᠂ 4.2 ᠳ᠋ᠦᠩᠰᠢᠭᠤᠷ ᠲᠥᠭᠦᠷᠢᠭ ᠪᠠ 5000 ᠲᠦᠮᠡᠨ ᠲᠥᠭᠦᠷᠢᠭ ᠢ ᠳᠠᠪᠠᠭᠤᠯᠤᠨ᠎ᠠ᠃ ᠬᠢᠯᠢ ᠠᠯᠤᠰᠯᠠᠭᠰᠠᠨ ᠡᠯᠧᠺᠳ᠋ᠷᠣᠨ ᠬᠤᠳᠠᠯᠳᠤᠭᠠᠨ ᠤ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠪᠠ ᠬᠢᠨᠠᠯᠲᠠ ᠬᠠᠮᠢᠶᠠᠷᠤᠯᠲᠠ ᠶᠢᠨ ᠲᠥᠪ ᠤᠨ ᠲᠠᠯᠠᠪᠤᠷ ᠤᠨ ᠪᠥᠲᠥᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠪᠡᠶᠡᠯᠡᠭᠦᠯᠵᠦ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠶᠡᠷᠦᠩᠬᠡᠶ ᠲᠤᠭ᠎ᠠ ᠶᠢ 5.7 ᠳ᠋ᠦᠩᠰᠢᠭᠤᠷ ᠲᠥᠭᠦᠷᠢᠭ ᠪᠡᠶᠡᠯᠡᠭᠦᠯᠪᠡ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠣᠳᠠᠲᠤ ᠬᠦᠴᠦᠨ ᠴᠢᠩᠭᠠᠷᠠᠪᠠ᠃ 776 ᠲᠦᠮᠡᠨ ᠲᠥᠭᠦᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠪᠡᠯᠡ ᠮᠥᠩᠭᠦ ᠶᠢ ᠴᠢᠷᠮᠠᠶᠢᠨ ᠣᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ 30ᠳᠥᠰᠦᠯ ᠢ ᠬᠡᠷᠡᠭᠵᠢᠭᠦᠯᠵᠦ᠂ 13 ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ᠂ 12 ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ᠂ 4 ᠥᠪᠡᠷᠲᠡᠭᠡᠨ ᠵᠠᠰᠠᠬᠤ ᠣᠷᠣᠨ ᠤ ᠲᠤᠰᠬᠠᠶ ᠮᠡᠷᠭᠡᠵᠢᠯ ᠤᠨ ᠣᠨᠴᠠ ᠰᠢᠨ᠎ᠡ ᠠᠵᠤ ᠠᠬᠤᠶᠢᠯᠠᠯ᠂ 4 ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠲᠥᠪ᠂ ᠳᠡᠭᠡᠳᠦ ᠲᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠴᠢᠶᠠᠯᠠᠪᠤᠷᠢ ᠶᠢᠨ ᠮᠢᠩ ᠶᠠᠩ ᠣᠶᠤᠨᠴᠢ ᠡᠨᠧᠷᠭᠢ ᠶᠢᠨ ᠰᠤᠳᠤᠯᠭᠠᠨ ᠤ ᠬᠦᠷᠢᠶᠡᠯᠡᠩ ᠢ ᠨᠠᠶᠢᠳᠠᠪᠤᠷᠢᠵᠢᠭᠤᠯᠤᠨ ᠠᠵᠢᠯᠯᠠᠭᠤᠯᠵᠤ᠂ ᠮᠠᠨ ᠤ  ᠲᠣᠭᠤᠷᠢᠭ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠤᠨ ᠬᠤᠭᠤᠰᠣᠨ ᠢ ᠨᠥᠬᠦᠪᠥᠷᠢᠯᠡᠪᠡ᠃   ︵ᠲᠠᠪᠤ︶ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠡᠷᠡᠰ ᠭᠤᠶᠢᠪᠢᠰᠢ ᠦᠭᠡᠢ ᠨᠡᠮᠡᠭᠳᠡᠭᠦᠯᠦᠨ᠎ᠡ᠃ ᠪᠦᠬᠦ ᠲᠣᠭᠤᠷᠢᠭ ᠤᠨ ᠠᠷᠠᠳ ᠲᠦᠮᠡᠨ ᠳᠤ ᠠᠮᠠᠯᠠᠭᠰᠠᠨ ᠠᠷᠠᠳ ᠤᠨ ᠠᠮᠢᠳᠤᠷᠠᠯ ᠤᠨ 10 ᠵᠦᠢᠯ ᠤᠨ ᠭᠤᠣᠯᠳᠠᠯᠭ᠎ᠠ ᠲᠠᠢ ᠪᠣᠳᠠᠲᠤ ᠶᠠᠪᠤᠳᠠᠯ ᠤᠨ ᠳᠥᠰᠦᠯ ᠢ ᠯᠠᠪᠳᠠᠭᠤᠨ ᠪᠠᠲᠤᠲᠠᠢ ᠪᠡᠶᠡᠯᠡᠭᠦᠯᠪᠡ᠃ ᠨᠡᠶᠢᠭᠡᠮ ᠤᠨ ᠪᠠᠲᠤᠯᠠᠭ᠎ᠠ ᠨᠡᠩ ᠬᠦᠴᠦᠲᠡᠢ ᠪᠣᠯᠪᠠ᠃ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠬᠦ ᠠᠵᠢᠯᠯᠠᠭ᠎ᠠ ᠶᠢ ᠬᠡᠷᠡᠭᠵᠢᠭᠦᠯᠵᠦ᠂ ᠠᠵᠤ ᠠᠬᠤᠶᠢᠯᠠᠯ ᠳᠤ 1239 ᠲᠤᠰᠬᠠᠶ ᠮᠡᠷᠭᠡᠵᠢᠯ ᠤᠨ ᠴᠢᠳᠠᠪᠤᠷᠢᠲᠠᠨ ᠣᠷᠣᠭᠤᠯᠤᠨ ᠥᠭᠴᠦ᠂ ᠬᠤᠲᠠ ᠪᠠᠯᠭᠠᠰᠤᠨ ᠤ 4882 ᠬᠥᠮᠦᠨ ᠳᠤ ᠰᠢᠨ᠎ᠡ ᠪᠠᠷ ᠠᠵᠢᠯ ᠣᠯᠭᠤᠵᠤ᠂ 14917 ᠮᠠᠯᠴᠢᠨ ᠲᠠᠷᠢᠶᠠᠴᠢᠨ ᠢ ᠰᠢᠯᠵᠢᠭᠦᠯᠦᠨ ᠠᠵᠢᠯ ᠣᠯᠭᠤᠵᠤ᠂ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ ᠶᠢ 3.8% ᠶᠢᠨ ᠳᠣᠲᠣᠷ᠎ᠠ ᠬᠢᠵᠠᠭᠠᠷᠯᠠᠪᠠ᠃ ᠠᠵᠤ ᠠᠬᠤᠶᠢᠯᠠᠯ ᠤᠨ ᠠᠵᠢᠯ ᠠᠴᠠ ᠪᠠᠨ ᠠᠮᠠᠷᠠᠭᠰᠠᠳ ᠤᠨ ᠬᠥᠮᠦᠨ ᠳᠤᠮᠳᠠᠴᠢ ᠶᠢᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠰᠠᠷ᠎ᠠ ᠪᠦᠷᠢ 99.3 ᠲᠥᠭᠦᠷᠢᠭ ᠨᠡᠮᠡᠭᠳᠡᠭᠦᠯᠵᠦ᠂ ᠨᠡᠶᠢᠭᠡᠮ ᠤᠨ ᠠᠪᠤᠷᠠᠨ ᠲᠤᠰᠠᠯᠠᠬᠤ ᠪᠡᠯᠡ ᠮᠥᠩᠭᠦ ᠶᠢ 2138 ᠲᠦᠮᠡᠨ ᠲᠥᠭᠦᠷᠢᠭ ᠲᠠᠷᠬᠠᠭᠠᠪᠠ᠃ ᠨᠡᠶᠢᠭᠡᠮ ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠤ ᠥᠷᠲᠡᠭᠡ ᠶᠢ 7 ᠰᠢᠨ᠎ᠡ ᠪᠠᠷ ᠪᠠᠶᠢᠭᠤᠯᠵᠤ᠂ ᠨᠠᠰᠤᠵᠢᠯ ᠤᠨ ᠦᠢᠯᠡᠴᠢᠯᠡᠭᠡᠨ ᠤ ᠪᠦᠷᠬᠦᠴᠡ ᠶᠢᠨ ᠨᠣᠷᠮ᠎ᠠ ᠶᠢ 90 % ᠳᠤ ᠬᠦᠷᠭᠡᠵᠦ᠂ ᠶᠢᠨ ᠰᠢ ᠨᠡᠶᠢᠭᠡᠮ ᠲᠣᠭᠤᠷᠢᠭ ᠨᠢ ᠤᠯᠤᠰ ᠤᠨ ᠲᠠᠰ ᠤᠨ ᠵᠢᠱᠢᠶ᠎ᠡ ᠦᠵᠡᠭᠦᠯᠬᠦ ᠴᠢᠨᠠᠷᠲᠠᠶ ᠨᠠᠰᠤᠲᠠᠶᠢᠴᠤᠳ ᠤᠨ ᠨᠥᠬᠦᠷᠰᠡᠭ ᠬᠡᠯᠪᠡᠷᠢ ᠶᠢᠨ ᠨᠡᠶᠢᠭᠡᠮ ᠲᠣᠭᠤᠷᠢᠭ ᠢᠶᠠᠷ ᠦᠨᠡᠯᠡᠭᠳᠡᠪᠡ᠃ ᠰᠤᠷᠭᠠᠨ ᠬᠥᠮᠦᠵᠢᠯ ᠤᠨ ᠦᠢᠯᠡᠰ ᠥᠷᠨᠢᠨ ᠬᠥᠭᠵᠢᠪᠡ᠃ ᠱᠢ ᠵᠢᠢ ᠵᠠᠮ ᠤᠨ ᠨᠢᠭᠡᠳᠦᠭᠡᠷ ᠪᠠᠭ᠎ᠠ ᠰᠤᠷᠭᠠᠭᠤᠯᠢ᠂ ᠬᠤᠶᠠᠳᠤᠭᠠᠷ ᠪᠠᠭ᠎ᠠ ᠰᠤᠷᠭᠠᠭᠤᠯᠢ ᠶᠢᠨ ᠬᠡᠦᠬᠡᠳ ᠤᠨ ᠴᠡᠴᠡᠷᠯᠢᠭ ᠪᠠᠶᠢᠭᠤᠯᠤᠨ ᠠᠰᠢᠭᠯᠠᠯᠲᠠ ᠳᠤ ᠣᠷᠣᠵᠤ᠂ ᠵᠢᠥ ᠶᠤᠸᠠᠨ ᠲᠣᠭᠤᠷᠢᠭ ᠤᠨ ᠨᠢᠭᠡᠳᠦᠭᠡᠷ ᠲᠤᠷᠰᠢᠯᠲᠠ ᠶᠢᠨ ᠪᠠᠭ᠎ᠠ ᠰᠤᠷᠭᠠᠭᠤᠯᠢ ᠵᠡᠷᠭᠡ 4 ᠰᠢᠨ᠎ᠡ ᠪᠠᠷ ᠥᠭᠡᠷᠡᠴᠢᠯᠡᠵᠦ ᠥᠷᠭᠡᠳᠬᠡᠨ ᠪᠠᠶᠢᠭᠤᠯᠬᠤ ᠳᠥᠰᠦᠯ ᠤᠨ ᠡᠮᠬᠢ ᠵᠢᠷᠤᠮ ᠲᠠᠢ ᠪᠦᠳᠦᠭᠡᠨ ᠪᠠᠶᠢᠭᠤᠯᠤᠯᠲᠠ ᠶᠢ ᠪᠡᠶᠡᠯᠡᠭᠦᠯᠪᠡ᠃ ︽ᠵᠠᠮᠴᠢᠯᠠᠭᠴᠢ ᠵᠠᠬᠢᠷᠤᠯ︾᠂ 30 ︽ᠦᠷ᠎ᠡ︾ ᠶᠢᠨ ᠠᠩᠭᠢ ᠶᠢᠨ ᠡᠷᠬᠢᠯᠡᠭᠴᠢ᠂ 100 ︽ᠦᠷ᠎ᠡ︾ ᠶᠢᠨ ᠪᠠᠭᠰᠢ ᠶᠢ ᠬᠥᠮᠦᠵᠢᠭᠦᠯᠵᠦ᠂ 134 ᠰᠢᠯᠢᠳᠡᠭ ᠰᠤᠷᠭᠠᠨ ᠬᠥᠮᠦᠵᠢᠯ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠵᠤ᠂ ᠳᠤᠮᠳᠠᠳᠤ ᠪᠠᠭ᠎ᠠ ᠰᠤᠷᠭᠠᠭᠤᠯᠢ ᠶᠢᠨ 320 ᠪᠠᠭᠰᠢ ᠶᠢᠨ ᠣᠷᠣᠨ ᠲᠤᠭ᠎ᠠ ᠶᠢᠨ ᠠᠰᠠᠭᠤᠳᠠᠯ ᠢ ᠲᠣᠬᠢᠲᠠᠶ ᠰᠢᠢᠳᠪᠦᠷᠢᠯᠡᠪᠡ᠃ ︽ᠬᠤᠶᠠᠷ ᠢ ᠪᠠᠭᠠᠰᠬᠠᠬᠤ︾ ᠠᠵᠢᠯ ᠢ ᠨᠠᠶᠢᠳᠠᠪᠤᠷᠢᠵᠢᠭᠤᠯᠵᠤ᠂ 38 ᠰᠢᠨᠵᠢᠯᠡᠭᠡᠨ ᠤ ᠰᠠᠯᠠᠭᠠᠨ ᠤ ᠲᠥᠷᠥᠯ ᠤᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠴᠥᠮ ᠪᠠᠭᠠᠰᠬᠠᠪᠠ᠃ ᠡᠮᠴᠢᠯᠡᠭᠡᠨ ᠤ ᠪᠠᠲᠤᠯᠠᠭ᠎ᠠ ᠦᠷᠭᠦᠯᠵᠢᠯᠡᠨ ᠳᠡᠭᠡᠭᠰᠢᠯᠡᠪᠡ᠃ ᠮᠣᠩᠭᠤᠯ ᠬᠢᠲᠠᠳ ᠡᠮᠨᠡᠯᠭᠡ ᠶᠢᠨ ᠬᠤᠷᠢᠶᠠᠨ ᠤ ᠳᠥᠰᠦᠯ ᠤᠨ ᠡᠭᠦᠳᠡᠨ ᠡᠮᠨᠡᠯᠭᠡ ᠶᠢᠨ ᠠᠰᠠᠷ᠂ ᠡᠮᠨᠡᠯᠭᠡ ᠳᠤ ᠰᠠᠭᠤᠬᠤ ᠠᠰᠠᠷ ᠤᠨ ᠭᠤᠤᠯ ᠴᠣᠭᠴᠠ ᠶᠢᠨ ᠳᠡᠭᠡᠳᠦ ᠪᠠᠶᠢᠷᠢ ᠶᠢ ᠪᠢᠲᠡᠭᠦᠮᠵᠢᠯᠡᠵᠦ᠂ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠤᠨ ᠳᠥᠰᠦᠯ ᠢ ᠡᠮᠬᠢ ᠵᠢᠷᠤᠮ ᠲᠠᠢ ᠠᠬᠢᠭᠤᠯᠵᠤ᠂ ᠪᠤᠭᠤᠲᠤ ᠶᠢᠨ ᠪᠣᠯᠣᠳ ᠲᠡᠮᠦᠷ ᠤᠨ ᠡᠮᠨᠡᠯᠭᠡ ᠶᠢᠨ ᠬᠤᠷᠢᠶ᠎ᠠ ᠶᠢ ᠣᠷᠣᠭᠤᠯᠤᠨ ᠠᠪᠴᠢᠷᠠᠵᠤ ᠨᠢᠭᠲᠠ ᠬᠡᠯᠪᠡᠷᠢ ᠶᠢᠨ ᠡᠮᠴᠢᠯᠡᠭᠡᠨ ᠤ ᠬᠠᠮᠲᠤ ᠶᠢᠨ ᠴᠣᠭᠴᠠ ᠶᠢ ᠪᠠᠶᠢᠭᠤᠯᠵᠤ᠂ 45 ᠡᠮ ᠡᠮᠨᠡᠯᠭᠡ ᠡᠷᠡᠭᠦᠯ ᠬᠠᠮᠠᠭᠠᠯᠠᠯ ᠤᠨ ᠴᠢᠳᠠᠪᠤᠷᠢᠲᠠᠨ ᠢ ᠰᠢᠩᠭᠡᠭᠡᠨ ᠠᠪᠴᠤ᠂ ᠬᠡᠷ ᠪᠦᠯᠢ ᠶᠢᠨ ᠡᠮᠴᠢ ᠶᠢᠨ ᠭᠡᠷᠡᠲᠦ ᠦᠢᠯᠡᠴᠢᠯᠡᠭᠡᠨ ᠤ ᠬᠥᠮᠦᠰ 10 ᠲᠦᠮᠡᠨ ᠬᠥᠮᠦᠨ ᠢ ᠳᠠᠪᠠᠵᠠᠶ᠃ ᠡᠷᠡᠭᠦᠯ ᠡᠩᠬᠡ ᠵᠢᠥ ᠶᠤᠸᠠᠨ ᠤ ᠠᠵᠢᠯᠯᠠᠭ᠎ᠠ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠬᠦᠴᠦᠲᠡᠶ ᠥᠷᠨᠢᠭᠦᠯᠵᠦ᠂ 2 ᠤᠯᠤᠰ ᠤᠨ ᠡᠷᠡᠭᠦᠯ ᠬᠠᠮᠠᠭᠠᠯᠠᠯ ᠤᠨ ᠰᠢᠶᠠᠩ ᠪᠠᠯᠭᠠᠰᠤ ᠶᠢ ᠡᠭᠦᠳᠦᠨ ᠪᠠᠶᠢᠭᠤᠯᠬᠤ ᠶᠢ ᠠᠬᠢᠭᠤᠯᠵᠤ᠂ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠬᠡᠪ ᠪᠣᠯᠪᠠᠰᠤᠷᠠᠯ ᠤᠨ ᠬᠢᠷᠢ ᠲᠦᠪᠰᠢᠨ ᠢ ᠲᠣᠭᠲᠠᠭᠤᠨ ᠢᠶᠠᠷ ᠳᠡᠭᠡᠭᠰᠢᠯᠡᠭᠦᠯᠪᠡ᠃ ᠰᠣᠶᠣᠯ ᠵᠤᠭᠠᠴᠠᠯ ᠤᠨ ᠦᠢᠯᠡᠰ ᠴᠡᠴᠡᠭᠯᠡᠨ ᠬᠥᠭᠵᠢᠪᠡ᠃ ︽ᠪᠠᠭ᠎ᠠ ᠮᠥᠷᠲᠡᠭᠡᠨ ᠭᠤᠶᠣ︾ ᠰᠢᠨ᠎ᠡ ᠬᠡᠯᠪᠡᠷᠢ ᠶᠢᠨ ᠰᠣᠶᠣᠯ ᠤᠨ ᠣᠷᠣᠨ ᠵᠠᠶ ᠶᠢ 12 ᠪᠠᠶᠢᠭᠤᠯᠵᠤ᠂ ︽ᠦᠨᠳᠦᠰᠦᠨ ᠱᠠᠲᠤᠨ ᠳᠤ ᠦᠨᠳᠦᠰᠦᠯᠡᠵᠦ᠂ ᠠᠷᠠᠳ ᠲᠦᠮᠡᠨ ᠳᠤ ᠦᠢᠯᠡᠴᠢᠯᠡᠬᠦ︾ ᠰᠣᠶᠣᠯ ᠤᠨ ᠦᠢᠯᠡᠴᠢᠯᠡᠭᠡᠨ ᠤ ᠠᠵᠢᠯᠯᠠᠭ᠎ᠠ ᠶᠢ 100 ᠭᠠᠷᠤᠶ ᠤᠳᠠᠭ᠎ᠠ ᠥᠷᠨᠢᠭᠦᠯᠵᠦ ᠂ ᠣᠯᠠᠨ ᠲᠦᠮᠡᠨ ᠳᠤ 12 ᠲᠦᠮᠡᠨ ᠬᠥᠮᠦᠨ ᠤᠳᠠᠭ᠎ᠠ ᠠᠰᠢᠭ ᠬᠦᠷᠲᠡᠭᠡᠪᠡ᠃ ᠮᠡᠷᠭᠡᠨ ᠵᠣᠣ ᠶᠢ ᠰᠡᠯᠪᠢᠨ ᠵᠠᠰᠠᠬᠤ ᠵᠡᠷᠭᠡ 3 ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠢᠨᠵᠧᠨᠧᠷᠢᠩ ᠢ ᠬᠡᠷᠡᠭᠵᠢᠭᠦᠯᠵᠦ᠂ ᠪᠦᠬᠦ ᠬᠤᠳᠠ ᠳᠤ ᠭᠤᠷᠪᠠᠨ ᠱᠠᠲᠤᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠳᠠᠷᠤᠭ᠎ᠠ ᠶᠢᠨ ᠳᠦᠷᠢᠮ ᠢ ᠪᠦᠷᠢᠨ ᠪᠦᠷᠬᠦᠭᠦᠯᠬᠦ ᠶᠢ ᠤᠷᠢᠳᠠᠪᠠᠷ ᠪᠡᠶᠡᠯᠡᠭᠦᠯᠦᠨ᠎ᠡ᠃ ᠰᠢᠨ ᠾᠧ ᠲᠣᠰᠬᠤᠨ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ ᠵᠢᠭᠤᠯᠴᠢᠯᠠᠯ ᠤᠨ ᠭᠤᠤᠯᠳᠠᠯᠭ᠎ᠠ ᠲᠠᠢ ᠲᠣᠰᠬᠤᠨ ᠢᠶᠠᠷ ᠦᠨᠡᠯᠡᠭᠳᠡᠬᠦ ᠶᠢ ᠠᠬᠢᠭᠤᠯᠵᠤ᠂ ︽ᠬᠠᠲᠤᠨ ᠭᠤᠤᠯ ᠤᠨ ᠬᠦᠰᠡᠯ ᠢᠶᠠᠨ ᠡᠷᠢᠯᠬᠢᠯᠡᠬᠦ︾ ᠠᠶᠠᠯᠠᠯ ᠨᠢ ᠪᠥᠬᠦ ᠤᠯᠤᠰ ᠤᠨ ᠬᠥᠳᠡᠭᠡ ᠲᠣᠰᠬᠤᠨ ᠤ ᠵᠢᠭᠤᠯᠴᠢᠯᠠᠯ ᠤᠨ ᠰᠣᠳᠣᠨ ᠵᠠᠮ ᠱᠤᠭᠤᠮ ᠳᠤ ᠰᠣᠩᠭᠤᠭᠳᠠᠵᠤ᠂ ᠪᠥᠬᠦ ᠬᠤᠲᠠ ᠶᠢᠨ ᠠᠩᠬᠠᠳᠤᠭᠠᠷ ᠬᠤᠭᠤᠴᠠᠭᠠᠨ ᠤ ᠮᠣᠷᠢᠨ ᠪᠥᠮᠪᠦᠭᠡ ᠶᠢᠨ ᠤᠷᠤᠯᠳᠤᠭᠠᠨ ᠢ ᠠᠮᠵᠢᠯᠲᠠ ᠲᠠᠢ ᠡᠷᠭᠢᠯᠡᠪᠡ᠃ ᠠᠮᠤᠷ ᠳᠥᠪᠰᠢᠨ ᠵᠢᠦ ᠶᠤᠸᠠᠨ ᠢ ᠭᠦᠨᠵᠡᠭᠡᠢ ᠠᠬᠢᠭᠤᠯᠪᠠ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠢ ᠪᠠᠶᠢᠩᠭᠤᠵᠢᠭᠤᠯᠤᠨ ᠥᠷᠨᠢᠭᠦᠯᠵᠦ᠂ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠵᠡᠷᠭᠡ ᠬᠠᠤᠯᠢ ᠠᠴᠠ ᠵᠥᠷᠢᠴᠡᠭᠰᠡᠨ ᠡᠯ᠎ᠡ ᠲᠥᠷᠥᠯ ᠤᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠡᠷᠡᠭᠦᠦ ᠶᠢᠨ ᠬᠡᠷᠡᠭ 21.2% ᠢᠶᠠᠷ ᠪᠠᠭᠤᠷᠠᠪᠠ᠃ ︽3+10+N︾ ᠵᠥᠷᠢᠴᠡᠯ ᠵᠢᠭᠤᠷᠠᠯᠳᠤᠭᠠᠨ ᠢ ᠡᠶᠡᠳᠡᠭᠦᠯᠦᠨ ᠰᠢᠶ᠋ᠳᠪᠦᠷᠢᠯᠡᠬᠦ ᠲᠣᠭᠲᠠᠴᠠ ᠶᠢ ᠪᠠᠶᠢᠭᠤᠯᠵᠤ᠂ 56 ᠬᠤᠪᠢ ᠲᠥᠪ ᠤᠨ ᠠᠷᠠᠳ ᠤᠨ ᠵᠠᠰᠠᠭ ᠤᠨ ᠣᠷᠳᠤᠨ ᠰᠢᠶᠠᠩᠭᠠᠩ ᠤᠨ ᠵᠠᠰᠠᠭ ᠵᠠᠬᠢᠷᠭᠠᠨ ᠤ ᠤᠨᠴᠠᠭᠠᠢ ᠤᠷᠤᠨ ᠳᠤ ᠰᠠᠭᠤᠭ᠎ᠠ ᠬᠤᠯᠪᠤᠭᠠᠨ ᠤ ᠠᠯᠪᠠᠨ ᠭᠡᠷ ᠤᠨ ᠵᠠᠬᠢᠳᠠᠯ ᠰᠣᠷᠪᠣᠯᠵᠢᠯᠠᠯ ᠤᠨ ᠬᠡᠷᠡᠭ  ᠲᠣᠰᠢᠶᠠᠨ ᠰᠢᠢᠳᠪᠤᠷᠢᠯᠡᠪᠡ᠂ 84 ᠬᠤᠪᠢ ᠬᠦᠴᠢᠷ ᠲᠦᠪᠡᠭᠲᠡᠶ ᠵᠠᠬᠢᠳᠠᠯ ᠰᠤᠷᠪᠤᠯᠵᠢᠯᠠᠯ ᠤᠨ ᠠᠰᠠᠭᠤᠳᠠᠯ ᠢ ᠪᠦᠬᠦᠨ ᠢ ᠰᠢᠢᠳᠪᠤᠷᠢᠯᠡᠪᠡ᠃ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠲᠡᠭᠦᠯᠳᠡᠷᠵᠢᠭᠦᠯᠵᠦ᠂ ᠠᠶᠤᠯᠭᠦᠢ ᠦᠢᠯᠡᠳᠪᠦᠷᠢᠯᠡᠯ ᠤᠨ ᠲᠤᠰᠬᠠᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢ ᠯᠠᠪᠳᠠᠭᠤᠨ ᠪᠠᠲᠤᠲᠠᠢ ᠪᠡᠶᠡᠯᠡᠭᠦᠯᠵᠦ᠂ ᠪᠦᠬᠦ ᠬᠤᠲᠠ ᠳᠤ ᠢᠳᠡᠭᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠠᠭᠠᠳᠬᠠᠯ ᠢ ᠤᠷᠢᠳᠠᠪᠠᠷ ᠳᠡᠯᠭᠡᠷᠡᠭᠦᠯᠦᠨ᠎ᠡ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠬᠤ ᠶᠢ ᠪᠠᠷᠢᠮᠲᠠᠯᠠᠵᠤ᠂ ︽ᠨᠢᠭᠡ ᠭᠠᠷᠠᠭ ᠬᠤᠶᠠᠷ ᠰᠠᠷ᠎ᠠ︾ ᠵᠡᠷᠭᠡ ᠡᠯ ᠵᠦᠢᠯ ᠤᠨ ᠠᠵᠢᠯᠯᠠᠭ᠎ᠠ ᠶᠢ ᠪᠥᠬᠦ ᠲᠠᠯ᠎ᠠ ᠪᠠᠷ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠣᠷᠣᠨ ᠢ ᠠᠮᠵᠢᠯᠲᠠ ᠲᠠᠢ ᠡᠭᠦᠳᠦᠨ ᠪᠠᠶᠢᠭᠤᠯᠪᠠ᠃    ︵ᠵᠢᠷᠭᠤᠭ᠎ᠠ︶ ᠰᠡᠳᠬᠢᠯ ᠢᠶᠠᠨ ᠨᠢᠭᠡᠳᠬᠡᠨ ᠬᠦᠴᠦᠨ ᠢᠶᠠᠨ ᠲᠥᠪᠯᠡᠷᠡᠭᠦᠯᠵᠦ ᠪᠠᠶᠢᠭᠠᠳ ᠵᠠᠰᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠤᠯᠤᠰ ᠲᠦᠷᠦ ᠶᠢᠨ ᠪᠠᠶᠢᠭᠤᠯᠤᠯᠲᠠ ᠦᠷᠭᠦᠯᠵᠢᠯᠡᠨ ᠴᠢᠩᠭᠠᠷᠠᠪᠠ᠃ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ︽ᠪᠤᠭᠤᠲᠤ ᠪᠠᠨ ᠬᠠᠶᠢᠷᠠᠯᠠᠬᠤ᠂ ᠬᠤᠪᠢ ᠨᠡᠮᠡᠷᠢ ᠦᠵᠡᠭᠦᠯᠬᠦ︾᠂ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠵᠡᠷᠭᠡ ᠰᠤᠷᠤᠯᠴᠠᠨ ᠦᠢᠯᠡᠳᠦᠯᠭᠡᠵᠢᠭᠦᠯᠬᠦ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠵᠠᠰᠠᠭ ᠤᠨ ᠣᠷᠳᠣᠨ ᠤ ᠰᠢᠰᠲ᠋ᠧᠮ ᠤᠨ ᠵᠣᠷᠢᠭᠲᠠᠢ ᠪᠠᠷ ᠡᠭᠦᠷᠭᠡᠯᠡᠬᠦ᠂ ᠵᠣᠷᠢᠭᠲᠠᠢ ᠪᠠᠷ ᠬᠠᠷᠢᠭᠤᠴᠠᠬᠤ᠂ ᠴᠢᠳᠠᠮᠠᠭᠠᠢ ᠪᠠᠷ ᠠᠵᠢᠯᠯᠠᠬᠤ ᠲᠡᠮᠡᠴᠡᠯ ᠤᠨ ᠤᠷᠮ᠎ᠠ ᠵᠣᠷᠢᠭ ᠲᠠᠰᠤᠷᠠᠯᠲᠠ ᠦᠭᠡᠢ ᠬᠥᠭᠵᠢᠪᠡ᠃ ᠬᠠᠤᠯᠢ ᠪᠠᠷ ᠵᠠᠰᠠᠬᠤ ᠵᠠᠰᠠᠭ ᠤᠨ ᠣᠷᠳᠣᠨ ᠢ ᠭᠦᠨᠵᠡᠭᠡᠶ ᠲᠦᠯᠬᠢᠨ ᠠᠬᠢᠭᠤᠯᠪᠠ᠃ ︽ᠨᠠᠢᠮᠠᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠠᠵᠢᠯ ᠢ ᠭᠦᠨᠵᠡᠭᠡᠶ ᠬᠡᠷᠡᠭᠵᠢᠭᠦᠯᠵᠦ᠂ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠥᠪᠯᠡᠭᠴᠢ᠂ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠤᠷᠢᠲᠤ ᠪᠣᠳᠣᠯᠭ᠎ᠠ ᠶᠢᠨ ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ ᠵᠡᠷᠭᠡ ᠲᠦᠷᠢᠮ ᠢ ᠲᠠᠰᠤᠷᠠᠯᠲᠠ ᠥᠬᠡᠶ ᠲᠡᠭᠦᠯᠳᠡᠷᠵᠢᠭᠦᠯᠦᠨ᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠷᠢᠭᠤᠴᠠᠯᠭᠠᠲᠠᠨ ᠤ ᠰᠢᠭᠦᠯᠲᠡ ᠳᠤ ᠣᠷᠣᠯᠴᠠᠨ ᠵᠠᠷᠭᠤ ᠬᠦᠯᠢᠶᠡᠭᠰᠡᠨ ᠨᠣᠷᠮ᠎ᠠ ᠶᠢ 100% ᠪᠠᠷ ᠪᠠᠲᠤᠯᠠᠵᠤ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ 71 ᠬᠤᠪᠢ ᠰᠠᠨᠠᠭᠤᠯᠭ᠎ᠠ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ 109 ᠬᠤᠪᠢ ᠰᠠᠨᠠᠯ ᠳᠤᠷᠠᠳᠤᠯᠭ᠎ᠠ ᠶᠢ ᠴᠢᠨᠠᠷ ᠰᠠᠶᠢᠲᠠᠶ ᠰᠢᠢᠳᠪᠤᠷᠢᠯᠡᠵᠣ ᠳᠠᠭᠤᠰᠬᠠᠪᠠ᠃ ᠲᠤᠰᠬᠠᠶ ᠵᠦᠢᠯ ᠢᠶᠠᠷ ᠴᠡᠭᠴᠡᠯᠡᠨ ᠵᠠᠰᠠᠬᠤ ᠠᠵᠢᠯ ᠢ ᠬᠦᠴᠦᠲᠡᠶ ᠪᠥᠭᠡᠳ ᠪᠦᠲᠦᠮᠵᠢᠲᠡᠶ ᠬᠢᠪᠡ᠃ ᠠᠵᠤ ᠦᠢᠯᠡᠳᠪᠤᠷᠢ ᠶᠢᠨ ᠬᠦᠷᠢᠶᠡᠯᠡᠩ ᠲᠣᠭᠤᠷᠢᠭ ᠤᠨ ︽ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ︾᠂ ᠥᠪᠡᠰᠦᠪᠡᠨ ᠬᠡᠷ ᠪᠠᠶᠢᠰᠢᠩ ᠪᠠᠷᠢᠬᠤ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠬᠤ᠂ ᠠᠮᠤ ᠪᠤᠳᠠᠭ᠎ᠠ ᠬᠤᠳᠠᠯᠳᠤᠨ ᠠᠪᠬᠤ ᠪᠠ ᠪᠣᠷᠣᠯᠠᠭᠤᠯᠬᠤ ᠬᠦᠷᠢᠶ᠎ᠡ ᠴᠠᠷᠠᠭ᠎ᠠ ᠵᠡᠷᠭᠡ ᠶᠢ ᠲᠤᠰᠬᠠᠶᠢᠯᠠᠨ ᠴᠡᠭᠴᠡᠯᠡᠨ ᠵᠠᠰᠠᠬᠤ ᠶᠢ ᠯᠠᠪᠳᠠᠭᠤᠨ ᠪᠠᠲᠤᠲᠠᠶ ᠪᠡᠶᠡᠯᠡᠭᠦᠯᠵᠦ᠂ ᠢᠯᠠᠩᠭᠤᠶ᠎ᠠ ︽ᠲᠠᠪᠤᠨ ᠶᠡᠭᠡ ᠡᠬᠢᠯᠡᠯᠲᠡ ᠶᠢ ᠵᠣᠭᠰᠣᠭᠠᠬᠤ︾ ᠲᠤᠰᠬᠠᠶ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ 2 ᠠᠵᠤ ᠠᠬᠤᠶᠢᠯᠠᠯ ᠢ ᠢᠯᠭᠠᠷᠠᠭᠤᠯᠤᠨ ᠪᠤᠴᠠᠭᠠᠵᠤ᠂ 210 ᠵᠦᠢᠯ ᠤᠨ ᠵᠥᠪᠰᠢᠶᠡᠷᠡᠭᠦᠯᠬᠦ ᠪᠠᠷ ᠪᠠᠶᠢᠭ᠎ᠠ ᠭᠠᠷᠳᠠᠮ ᠢ ᠲᠡᠭᠦᠯᠳᠡᠷᠵᠢᠭᠦᠯᠦᠨ᠂ 368 ᠲᠦᠮᠡᠨ ᠲᠥᠭᠦᠷᠢᠭ ᠤᠨ ᠪᠠᠯᠠ ᠮᠥᠩᠭᠦ ᠶᠢ ᠬᠢᠨᠠᠨ ᠪᠤᠳᠤᠵᠤ ᠠᠷᠪᠢᠯᠠᠵᠤ᠂ 1280 ᠲᠦᠮᠡᠨ ᠲᠥᠭᠦᠷᠢᠭ ᠤᠨ ᠳᠠᠷᠤᠭᠳᠠᠵᠤ ᠪᠠᠶᠢᠭ᠎ᠠ ᠪᠠᠯᠠ ᠮᠥᠩᠭᠦ ᠶᠢ ᠬᠤᠷᠢᠶᠠᠨ ᠠᠪᠴᠤ᠂ 3237 ᠮᠥ ᠭᠠᠵᠠᠷ ᠰᠢᠷᠣᠶ ᠶᠢ ᠠᠮᠢᠳᠤᠯᠢᠭ ᠢᠶᠠᠷ ᠠᠰᠢᠭᠯᠠᠪᠠ᠃ ᠡᠭᠦᠨ ᠤ ᠬᠠᠮᠲᠤ᠂ ᠡᠮᠡᠭᠲᠡᠶᠢᠴᠦᠳ᠂ ᠬᠡᠤᠬᠡᠳ᠂ ᠨᠠᠰᠤᠲᠠᠶᠢᠴᠤᠳ᠂ ᠵᠡᠮᠳᠡᠭᠴᠦᠳ ᠤᠨ ᠬᠤᠯᠪᠣᠭ᠎ᠠ᠂ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ ᠵᠡᠷᠭᠡ ᠠᠵᠢᠯ ᠦᠢᠯᠡᠰ ᠡᠷᠡᠭᠦᠯ ᠢᠶᠠᠷ ᠬᠥᠭᠵᠢᠵᠦ᠂ ᠴᠠᠬᠢᠯᠭᠠᠨ ᠬᠦᠴᠦᠨ᠂ ᠰᠢᠤᠳᠠᠨ᠂ ᠴᠢᠮᠡᠭᠡ ᠬᠤᠯᠪᠣᠭ᠎ᠠ᠂ ᠳᠠᠭᠠᠳᠬᠠᠯ᠂ ᠲᠠᠩᠰᠠ ᠡᠪᠬᠡᠮᠡᠯ᠂ ᠤᠯᠠᠭᠠᠨ ᠵᠠᠭᠠᠯᠮᠠᠶᠢᠲᠠᠨ ᠵᠡᠷᠭᠡ ᠠᠵᠢᠯ ᠰᠢᠨ᠎ᠡ ᠠᠮᠵᠢᠯᠲᠠ ᠣᠯᠵᠤ᠂ ᠪᠥᠬᠦ ᠲᠣᠭᠤᠷᠢᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠰᠢᠨ᠎ᠡ ᠬᠤᠪᠢ ᠨᠡᠮᠡᠷᠢ ᠦᠵᠡᠭᠦᠯᠪᠡ᠃    ᠲᠥᠯᠥᠭᠡᠯᠡᠭᠴᠢᠳ ᠡ᠂ ᠥᠩᠭᠡᠷᠡᠭᠰᠡᠨ ᠨᠢᠭᠡ ᠵᠢᠯ ᠢᠶᠠᠨ ᠡᠷᠭᠢᠴᠡᠭᠦᠯᠪᠡᠯ᠂ ᠪᠢᠳᠡᠨ ᠳᠤ ᠲᠤᠯᠭᠠᠷᠠᠭᠰᠠᠨ ᠬᠦᠴᠢᠷᠳᠡᠯ ᠤᠷᠢᠳ ᠡᠮᠦᠨ᠎ᠡ ᠪᠠᠶᠢᠭ᠎ᠠ ᠦᠭᠡᠢ ᠪᠣᠯᠬᠤᠷ ᠭᠠᠷᠭᠠᠭᠰᠠᠨ ᠴᠢᠷᠮᠠᠶᠢᠯᠭ᠎ᠠ ᠶᠡᠷᠦ ᠪᠤᠰᠤ ᠶᠢᠨ ᠠᠴᠠ ᠳᠠᠪᠠᠵᠤ᠂ ᠣᠯᠣᠭᠰᠠᠨ ᠠᠮᠵᠢᠯᠲᠠ ᠪᠦᠲᠦᠮᠵᠢ ᠨᠢ ᠬᠥᠮᠥᠰ ᠤᠨ ᠰᠡᠳᠬᠢᠯ ᠢ ᠵᠣᠷᠢᠭᠵᠢᠭᠤᠯᠤᠨ᠎ᠠ︕ ᠡᠳᠡᠭᠡᠷ ᠠᠮᠵᠢᠯᠲᠠ ᠶᠢ ᠣᠯᠤᠭᠰᠠᠨ ᠨᠢ ᠲᠤᠭᠤᠷᠢᠭ ᠤᠨ ᠨᠠᠮ ᠤᠨ ᠬᠤᠷᠢᠶᠠᠨ ᠤ ᠪᠦᠬᠦ ᠲᠠᠯ᠎ᠠ ᠶᠢ ᠶᠡᠷᠦᠩᠬᠡᠶᠢᠯᠡᠨ ᠡᠵᠡᠮᠳᠡᠵᠦ᠂ ᠪᠠᠲᠤ ᠴᠢᠩᠭ᠎ᠠ ᠤᠳᠤᠷᠢᠳᠤᠯᠭ᠎ᠠ ᠶᠢᠨ ᠦᠷ᠎ᠡ ᠳ᠋ᠦᠩ ᠮᠥᠨ᠂ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠥᠪᠯᠡᠯᠭᠡᠨ ᠤ ᠪᠦᠲᠦᠮᠵᠢᠲᠡᠢ ᠬᠢᠨᠠᠯᠲᠠ ᠲᠠᠯᠪᠢᠵᠤ᠂ ᠶᠡᠬᠡᠪᠡᠷ ᠳᠡᠮᠵᠢᠭᠰᠡᠨ ᠤ ᠦᠷ᠎ᠡ ᠳ᠋ᠦᠩ ᠮᠥᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠤᠢᠢᠯᠠᠭᠠᠨ ᠢᠲᠡᠭᠡᠵᠦ᠂ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠭᠰᠠᠨ ᠤ ᠦᠷ᠎ᠡ ᠳ᠋ᠦᠩ ᠮᠥᠨ᠂ ᠪᠦᠬᠦ ᠲᠤᠭᠤᠷᠢᠭ ᠤᠨ ᠥᠷᠭᠡᠨ ᠤᠯᠠᠨ ᠺᠠᠳ᠋ᠷ ᠤᠯᠠᠨ ᠲᠦᠮᠡᠨ ᠪᠠ ᠨᠡᠶᠢᠭᠡᠮ ᠤᠨ ᠡᠯ᠎ᠡ ᠡᠲᠡᠭᠡᠳ ᠤᠨ ᠬᠢᠨ ᠤ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠲᠡᠰᠪᠦᠷᠢ ᠬᠠᠲᠠᠭᠤᠵᠢᠯᠲᠠᠢ ᠲᠡᠮᠡᠴᠡᠭᠰᠡᠨ ᠤ ᠦᠷ᠎ᠡ ᠳ᠋ᠦᠩ ᠮᠥᠨ︕ ᠣᠳᠤ᠂ ᠪᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ᠂ ᠪᠦᠬᠦ ᠲᠣᠭᠤᠷᠢᠭ ᠤᠨ ᠦᠨᠳᠦᠰᠦᠲᠡᠨ ᠨᠦᠭᠦᠳ ᠤᠨ ᠠᠷᠠᠳ ᠲᠦᠮᠡᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ᠂ ᠡᠯ᠎ᠡ ᠠᠷᠠᠳᠴᠢᠯᠠᠭᠰᠠᠨ ᠨᠠᠮ ᠪᠦᠯᠦᠭ᠂ ᠨᠠᠮ ᠪᠦᠯᠦᠭ ᠤᠨ ᠪᠤᠰᠤ ᠬᠥᠮᠦᠰ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠠᠷᠠᠳ ᠤᠨ ᠪᠦᠯᠬᠦᠮ᠂ ᠥᠷᠭᠡᠨ ᠤᠯᠠᠨ ᠡᠮᠴᠢ ᠰᠤᠪᠢᠯᠠᠭᠴᠢᠳ᠂ ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ᠂ ᠦᠨᠳᠦᠰᠦᠨ ᠱᠠᠲᠤᠨ ᠤ ᠺᠠᠳ᠋ᠷ᠂ ᠨᠡᠶᠢᠭᠡᠮ ᠲᠣᠭᠤᠷᠢᠭ ᠤᠨ ᠠᠵᠢᠯᠳᠠᠨ᠂ ᠰᠠᠶᠢᠨ ᠳᠤᠷ᠎ᠠ ᠶᠢᠨ ᠠᠵᠢᠯᠯᠠᠭᠴᠢ ᠪᠣᠯᠤᠨ ᠬᠠᠯᠠᠮᠵᠢᠯᠠᠨ᠂ ᠳᠡᠮᠵᠢᠵᠦ᠂ ᠣᠷᠣᠯᠴᠠᠭᠰᠠᠨ ᠡᠯ᠎ᠡ ᠡᠲᠡᠭᠡᠳ ᠤᠨ ᠬᠥᠮᠦᠰ ᠲᠤ ᠡᠷᠬᠢᠮ ᠳᠡᠭᠡᠳᠦ ᠬᠦᠨᠳᠦᠳᠬᠡᠯ ᠪᠣᠯᠤᠨ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕    ᠠᠶᠤᠯ ᠲᠦᠭᠰᠢᠭᠦᠷᠢ ᠶᠢ ᠪᠣᠳᠣᠯᠬᠢᠯᠠᠪᠠᠯ ᠰᠠᠶ᠋ᠢ ᠠᠮᠤᠷ ᠲᠠᠶᠢᠪᠤᠩ ᠠᠮᠢᠳᠤᠷᠠᠵᠤ ᠴᠢᠳᠠᠨ᠎ᠠ᠂ ᠬᠦᠴᠢᠷ ᠵᠣᠪᠠᠭᠤᠷᠢ ᠶᠢ ᠮᠡᠳᠡᠪᠡᠯ ᠰᠠᠢᠢ ᠬᠦᠴᠢᠷ ᠪᠡᠷᠬᠡ ᠶᠢ ᠢᠯᠠᠨ ᠳᠠᠪᠠᠵᠤ ᠴᠢᠳᠠᠨ᠎ᠠ᠃ ᠠᠮᠵᠢᠯᠲᠠ ᠪᠠᠨ ᠨᠤᠲᠠᠯᠠᠬᠤ ᠶᠢᠨ ᠬᠠᠮᠲᠤ᠂ ᠵᠢᠤ ᠶᠤᠸᠠᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠮᠥᠨᠬᠦ ᠴᠥᠭᠡᠨ ᠪᠤᠰᠤ ᠬᠦᠴᠢᠷᠳᠡᠯ ᠪᠠ ᠥᠷᠢᠰᠥᠯᠳᠦᠭᠡᠨ ᠲᠤᠯᠭᠠᠷᠠᠵᠤ ᠪᠠᠶᠢᠬᠤ ᠶᠢ ᠪᠢᠳᠡ ᠰᠡᠷᠭᠡᠭ ᠢᠶᠠᠷ ᠲᠠᠨᠢᠵᠤ ᠤᠯᠪᠠ᠄ ᠨᠢᠭᠡ ᠳᠤ᠂ ᠮᠠᠨ ᠤ ᠬᠥᠭᠵᠢᠯᠲᠡ ᠶᠢᠨ ᠲᠦᠪᠰᠢᠨ ᠪᠣᠯᠤᠨ ᠭᠤᠣᠯ ᠣᠷᠣᠨ ᠤ ᠪᠠᠶᠢᠷᠢ ᠲᠣᠭᠲᠠᠭᠠᠯᠲᠠ ᠪᠠᠰᠠ ᠵᠣᠬᠢᠴᠠᠬᠤ ᠦᠭᠡᠢ᠂ ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠡᠭᠡ ᠪᠢᠰᠢ ᠪᠠᠶᠢᠬᠤ ᠨᠢ ᠮᠥᠨᠬᠦ ᠬᠠᠮᠤᠭ ᠤᠨ ᠶᠡᠭᠡ ᠳᠤᠲᠠᠭᠤᠳᠠᠯ ᠪᠣᠯᠤᠨ᠎ᠠ᠃ ᠬᠤᠶᠠᠷ ᠲᠤ ᠦᠢᠯᠡᠴᠢᠯᠡᠭᠡᠨ ᠤ ᠦᠢᠯᠡᠰ ᠤᠨ ᠰᠡᠷᠭᠦᠯᠲᠡ ᠤᠳᠠᠭᠠᠰᠢᠷᠠᠭᠰᠠᠨ᠂ ᠬᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠦᠢᠯᠡᠰ ᠤᠨ ᠬᠠᠩᠭᠠᠯᠭ᠎ᠠ ᠬᠡᠷᠡᠭᠴᠡᠭᠡ ᠵᠡᠷᠭᠡᠪᠡᠷ ᠪᠠᠭᠤᠷᠠᠭᠰᠠᠨ᠂ ᠦᠯᠡᠳᠡᠭᠡᠬᠦ ᠪᠠ ᠲᠤᠯᠭᠠᠨ ᠪᠤᠴᠠᠭᠠᠬᠤ ᠭᠠᠶᠢᠯᠢ ᠶᠢ ᠪᠤᠴᠠᠭᠠᠭᠰᠠᠨ ᠠᠴᠠ ᠪᠣᠯᠵᠣ ᠡᠳ᠋ ᠤᠨ ᠵᠠᠰᠠᠭ ᠤᠨ ᠣᠷᠣᠯᠭ᠎ᠠ ᠱᠠᠲᠤ ᠦᠶ᠎ᠡ ᠶᠢᠨ ᠴᠢᠨᠠᠷᠲᠠᠶ ᠪᠠᠷ ᠬᠠᠰᠤᠭᠳᠠᠭᠰᠠᠨ ᠵᠡᠷᠭᠡ ᠬᠦᠴᠦᠨ ᠵᠦᠢᠯ ᠤᠨ ᠨᠥᠯᠥᠭᠡ ᠠᠴᠠ ᠪᠣᠯᠵᠣ᠂ ᠨᠡᠶᠢᠭᠡᠮ ᠤᠨ ᠳᠠᠭᠠᠳᠬᠠᠯ ᠤᠨ ᠪᠥᠬᠦ ᠲᠤᠭ᠎ᠠ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠨᠢ ᠵᠢᠱᠢᠭᠰᠡᠨ ᠬᠠᠷᠠᠯᠲᠠ ᠲᠠᠢ ᠨᠡᠯᠢᠶᠡᠳ ᠶᠡᠭᠡ ᠵᠥᠷᠢᠶ᠎ᠡ ᠲᠠᠢ ᠪᠣᠯᠪᠠ᠃ ᠭᠤᠷᠪᠠ ᠳᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠬᠦᠳᠦᠯᠦᠨ ᠳᠠᠭᠠᠭᠤᠯᠬᠤ ᠦᠢᠯᠡᠳᠦᠯ ᠪᠠᠰᠠ ᠲᠡᠶᠢᠮᠦ ᠴᠢᠩᠭ᠎ᠠ ᠪᠢᠰᠢ᠂ ᠭᠠᠵᠠᠷ ᠬᠡᠷᠡᠭᠯᠡᠬᠦ᠂ ᠤᠰᠤᠨ ᠤ ᠡᠷᠬᠡ᠂ ᠡᠨᠧᠷᠭᠢ ᠶᠢᠨ ᠬᠤᠷᠣᠭᠳᠠᠯ᠂ ᠣᠷᠴᠢᠨ ᠲᠣᠭᠤᠷᠢᠨ ᠤ ᠪᠠᠭᠲᠠᠭᠠᠮᠵᠢ ᠵᠡᠷᠭᠡ ᠴᠢᠬᠤᠯᠠ ᠡᠯᠧᠮᠧᠨ᠋ᠲ ᠤᠨ ᠪᠠᠲᠤᠯᠠᠭ᠎ᠠ ᠶᠢᠨ ᠳᠠᠷᠤᠯᠲᠠ ᠨᠡᠮᠡᠭᠳᠡᠵᠦ᠂ ᠬᠦᠷᠢᠶᠡᠯᠡᠩ ᠲᠣᠭᠤᠷᠢᠭ ᠤᠨ ᠰᠠᠭᠤᠷᠢ ᠲᠥᠬᠦᠭᠡᠷᠦᠮᠵᠢ ᠶᠢᠨ ᠳᠤᠲᠠᠭᠤᠳᠠᠯ ᠢ ᠨᠥᠬᠦᠪᠥᠷᠢᠯᠡᠬᠦ ᠴᠢᠬᠤᠯᠠᠲᠠᠢ ᠪᠠᠶᠢᠵᠤ᠂ ᠬᠡᠯᠬᠢᠶ᠎ᠡ ᠶᠢ ᠤᠷᠲᠤᠳᠬᠠᠨ‌‍ᠬᠡᠯᠬᠢᠶ᠎ᠡ ᠶᠢ ᠨᠥᠬᠦᠪᠥᠷᠢᠯᠡᠵᠦ ᠬᠡᠯᠬᠢᠶ᠎ᠡ ᠶᠢ ᠴᠢᠩᠭᠠᠳᠬᠠᠬᠤ ᠡᠭᠦᠷᠭᠡ ᠬᠠᠲᠠᠭᠤ ᠪᠡᠷᠬᠡ ᠪᠠᠶᠢᠨ᠎ᠠ᠃ ᠲᠦᠷᠪᠡ ᠳᠤ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠵᠥᠷᠢᠴᠡᠯ ᠮᠥᠨ ᠯᠡ ᠲᠤᠪᠤᠶᠢᠮ᠎ᠠ ᠪᠠᠶᠢᠵᠤ᠂ ᠡᠳ᠋ ᠤᠨ ᠬᠦᠴᠦᠨ ᠤ ᠰᠢᠨ᠎ᠡ ᠨᠡᠮᠡᠭᠳᠡᠯ ᠤᠨ ᠴᠡᠭ ᠢ ᠬᠠᠷᠠᠬᠠᠨ ᠪᠤᠶᠢᠵᠢᠭᠤᠯᠵᠤ᠂ ᠥᠷᠢ ᠥᠭᠴᠡᠭᠡ ᠶᠢ ᠠᠷᠢᠯᠭᠠᠬᠤ᠂ ᠠᠷᠠᠳ ᠤᠨ ᠠᠮᠢᠳᠤᠷᠠᠯ ᠢ ᠪᠠᠲᠤᠯᠠᠬᠤ᠂ ᠵᠦᠢᠯᠡᠰ ᠢ ᠢᠵᠢ ᠪᠦᠷᠢᠳᠦᠭᠦᠯᠬᠦ ᠵᠡᠷᠭᠡ ᠵᠠᠶᠢᠯᠠᠰᠢ ᠦᠭᠡᠢ ᠵᠠᠷᠤᠯᠭ᠎ᠠ ᠶᠢᠨ ᠳᠠᠷᠤᠯᠲᠠ ᠲᠠᠰᠤᠷᠠᠯᠳᠠ ᠦᠭᠡᠢ ᠨᠡᠮᠡᠭᠳᠡᠵᠦ᠂ ᠡᠳ᠋ ᠤᠨ ᠵᠠᠰᠠᠭ ᠤᠨ ᠲᠤᠬᠢᠷᠠᠭᠤᠯᠭ᠎ᠠ ᠶᠢᠨ ᠡᠷᠭᠢᠯᠲᠡ ᠶᠢᠨ ᠣᠷᠣᠨ ᠵᠠᠶ ᠪᠠᠭᠠᠰᠴᠤ ᠪᠠᠶᠢᠨ᠎ᠠ᠃ ᠲᠠᠪᠤ ᠳᠤ ᠰᠢᠯᠢᠳᠡᠭ ᠰᠤᠷᠭᠠᠨ ᠬᠥᠮᠦᠵᠢᠯ᠂ ᠡᠮ ᠡᠮᠨᠡᠯᠭᠡ ᠪᠠ ᠬᠤᠳᠠᠯᠳᠤᠭᠠᠨ ᠤ ᠦᠢᠯᠡᠴᠢᠯᠡᠭᠡ ᠵᠡᠷᠭᠡ ᠮᠥᠨ ᠬᠦ ᠬᠦᠷᠦᠯᠴᠡᠬᠦ ᠦᠭᠡᠢ ᠪᠠᠶᠢᠵᠤ᠂ ᠬᠥᠮᠦᠨ ᠠᠮᠠ ᠶᠢᠨ ᠲᠠᠲᠠᠬᠤ ᠬᠦᠴᠦᠨ ᠲᠡᠶᠢᠮᠦ ᠴᠢᠩᠭ᠎ᠠ ᠪᠢᠰᠢ᠂ ᠴᠤᠭᠯᠠᠷᠠᠯ ᠤᠨ ᠦᠢᠯᠡᠳᠦᠯ ᠢᠯᠡᠷᠬᠡᠶ ᠪᠢᠰᠢ ᠪᠠᠶᠢᠵᠤ᠂ ᠬᠤᠳᠠ ᠶᠢᠨ ᠪᠦᠳᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠬᠢᠷᠢ ᠬᠡᠮᠵᠢᠶ᠎ᠡ᠂ ᠰᠢᠨᠡᠳᠬᠡᠬᠦ ᠬᠤᠷᠳᠤᠴᠠ ᠨᠢ ᠣᠳᠣᠬᠢᠴᠢᠯᠠᠭᠰᠠᠨ ᠲᠥᠪ ᠬᠤᠳᠠ ᠶᠢᠨ ᠲᠣᠭᠤᠷᠢᠭ ᠢ ᠪᠦᠳᠦᠭᠡᠨ ᠪᠠᠶᠢᠭᠤᠯᠬᠤ ᠶᠡᠷᠦᠩᠬᠡᠶ ᠬᠠᠷᠠᠯᠲᠠ ᠯᠤᠭ᠎ᠠ ᠪᠠᠰᠠ ᠪᠠᠭ᠎ᠠ ᠪᠤᠰᠤ ᠵᠥᠷᠢᠶ᠎ᠡ ᠲᠠᠢ ᠪᠠᠶᠢᠨ᠎ᠠ᠃ ᠡᠭᠦᠨ ᠳᠤ᠂ ᠪᠢᠳᠡ ᠡᠷᠬᠡᠪᠰᠢ ︽ᠢᠪᠴᠤᠤ ᠵᠠᠮ ᠢᠶᠠᠷ ᠡᠷᠡᠯᠬᠡᠭᠯᠡᠨ ᠲᠡᠮᠡᠴᠡᠪᠡᠯ ᠢᠯᠠᠯᠲᠠ ᠤᠯᠬᠤ︾ ᠶᠢᠨ ᠡᠷᠴᠢ ᠵᠣᠷᠢᠭ᠂ ︽ᠬᠡᠳᠦᠶ ᠬᠦᠴᠢᠷ ᠪᠡᠷᠬᠡᠰᠢᠶᠡᠯ ᠲᠠᠢ ᠪᠣᠯ ᠲᠡᠳᠦᠶ ᠤᠷᠤᠭᠰᠢᠯᠠᠬᠤ︾ ᠡᠷᠴᠢ ᠵᠣᠷᠢᠭ ᠢᠶᠠᠷ ᠠᠰᠠᠭᠤᠳᠠᠯ ᠳᠤ ᠰᠢᠭᠤᠳ ᠬᠠᠨᠳᠤᠵᠤ ᠂ ᠬᠦᠴᠢᠷ ᠢ ᠰᠦᠷᠦᠨ ᠤᠷᠤᠭᠰᠢᠯᠠᠵᠤ᠂ ᠪᠣᠭᠤᠮᠲᠠ ᠰᠢᠪᠲᠤᠯᠤᠨ ᠪᠣᠭᠤᠮᠲᠠ ᠰᠢᠪᠲᠤᠯᠵᠤ᠂ ᠵᠢᠦ ᠶᠤᠸᠠᠨ ᠤ ᠡᠯ᠎ᠡ ᠵᠦᠢᠯ ᠤᠨ ᠠᠵᠢᠯ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠪᠠᠶᠢᠳᠠᠯ ᠢ ᠪᠥᠬᠦ ᠬᠦᠴᠦᠨ ᠢᠶᠠᠷ ᠢᠶᠠᠨ ᠡᠭᠦᠳᠬᠦ ᠬᠡᠷᠡᠭᠲᠡᠶ᠃       
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号