ᠬᠤᠶᠠᠷ᠂ ᠵᠢᠱᠢᠭᠰᠡᠨ ᠬᠠᠷᠠᠯᠲᠠ ᠬᠢᠭᠡᠳ ᠪᠠᠶᠢᠳᠠᠯ ᠤᠨ ᠵᠠᠳᠠᠯᠤᠯᠲᠠ | ᠡᠨᠡ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ | ᠲᠤᠤᠱᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ ᠮᠥᠨ᠂ ᠪᠠᠰᠠ ᠴᠤ ᠠᠷᠪᠠᠨ ᠳᠥᠷᠪᠡᠳᠦᠭᠡᠷ ᠲᠠᠪᠤᠨ | ᠵᠢᠯ ᠤᠨ ᠲᠥᠯᠥᠪᠵᠢᠭᠦᠯᠭᠡ ᠶᠢ ᠬᠡᠷᠡᠭᠵᠢᠭᠦᠯᠬᠦ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠬᠦ | ᠵᠠᠩᠭᠢᠯᠠᠭ᠎ᠠ ᠶᠢᠨ ᠨᠢᠭᠡ ᠵᠢᠯ ᠮᠥᠨ᠂ ᠨᠠᠩ ᠴᠤ ᠣᠳᠣᠬᠢᠴᠢᠯᠠᠭᠰᠠᠨ ᠲᠥᠪ ᠬᠤᠲᠠ ᠲᠣᠭᠤᠷᠢᠭ ᠤᠨ ᠬᠥᠭᠵᠢᠯᠲᠡ ᠶᠢᠨ | ᠰᠢᠨ᠎ᠡ ᠬᠠᠭᠤᠳᠠᠰᠤ ᠶᠢ ᠪᠢᠴᠢᠭᠯᠡᠬᠦ᠂ ᠵᠢᠦ ᠶᠤᠸᠠᠨ ᠤ ᠬᠥᠭᠵᠢᠨ ᠮᠠᠨᠳᠤᠬᠤ ᠶᠢ ᠪᠡᠶᠡᠯᠡᠭᠦᠯᠬᠦ ᠵᠠᠩᠭᠢᠯᠠᠭ᠎ᠠ ᠶᠢᠨ ᠵᠢᠯ | ᠮᠥᠨ᠂ ᠡᠨᠡ ᠵᠢᠯ ᠤᠨ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠨᠢ ᠲᠦᠢᠯ ᠤᠨ ᠴᠢᠬᠤᠯᠠ ᠶᠡᠭᠡ ᠠᠴᠢ | ᠬᠤᠯᠪᠣᠭᠳᠠᠯ ᠲᠠᠢ ᠶᠤᠮ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠳᠥᠷᠪᠡᠳᠦᠭᠡᠷ | ᠪᠥᠬᠦᠳᠡ ᠬᠤᠷᠠᠯ ᠵᠢᠴᠢ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ᠂ ᠵᠠᠰᠠᠭ ᠤᠨ ᠣᠷᠳᠣᠨ ᠤ | ᠠᠵᠢᠯ ᠤᠨ ᠶᠡᠷᠦᠩᠬᠡᠶ ᠱᠠᠭᠠᠷᠳᠠᠯᠭ᠎ᠠ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠬᠤᠷᠢᠳᠤᠭᠠᠷ | ᠶᠡᠭᠡ ᠬᠤᠷᠠᠯ ᠤᠨ ᠵᠣᠷᠢᠭ ᠰᠠᠨᠠᠭ᠎ᠠ ᠪᠣᠯᠤᠨ ᠲᠥᠪ ᠤᠨ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ | ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ | ᠳᠠᠪᠰᠢᠬᠤ ᠠᠵᠢᠯ ᠤᠨ ᠶᠡᠷᠦᠩᠬᠡᠶ ᠬᠥᠭ ᠠᠶᠠᠰ ᠢ ᠭᠦᠨᠵᠡᠭᠡᠶ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ | ᠣᠶᠢᠯᠠᠭᠠᠭᠳᠠᠬᠤᠨ ᠢ ᠡᠷᠡᠰ ᠭᠤᠶᠢᠪᠢᠰᠢ ᠥᠬᠡᠶ ᠬᠡᠷᠡᠭᠵᠢᠭᠦᠯᠦᠨ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ | ᠪᠣᠬᠢᠷᠲᠤᠯ ᠥᠬᠡᠶ ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ | ᠵᠠᠮ ᠢᠶᠠᠷ ᠡᠷᠡᠰ ᠭᠤᠶᠢᠪᠢᠰᠢ ᠥᠬᠡᠶ ᠵᠠᠮᠨᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ | ᠨᠡᠶᠢᠭᠡᠮ ᠤᠨ ᠬᠥᠭᠵᠢᠯᠲᠡ ᠶᠢ ᠨᠠᠩ ᠰᠠᠶᠢᠲᠤᠷ ᠨᠢᠭᠡᠳᠦᠯᠲᠡᠶ ᠲᠥᠯᠥᠪᠯᠡᠨ᠂ ᠬᠥᠭᠵᠢᠯᠲᠡ ᠪᠠ ᠠᠮᠤᠷ ᠲᠦᠪᠰᠢᠨ ᠢ | ᠨᠠᠩ ᠰᠠᠶᠢᠲᠤᠷ ᠨᠢᠭᠡᠳᠦᠯᠲᠡᠶ ᠲᠥᠯᠥᠪᠵᠢᠭᠦᠯᠵᠦ᠂ ᠥᠭᠡᠷᠡᠴᠢᠯᠡᠯᠲᠡ ᠨᠡᠭᠡᠭᠡᠯᠲᠡ ᠶᠢ ᠪᠥᠬᠦ ᠲᠠᠯ᠎ᠠ ᠪᠠᠷ | ᠭᠦᠨᠵᠡᠭᠡᠶᠢᠷᠡᠭᠦᠯᠦᠨ᠂ ᠵᠠᠬ᠎ᠠ ᠳᠡᠯᠭᠡᠭᠦᠷ ᠤᠨ ᠢᠲᠡᠭᠡᠯ ᠵᠣᠷᠢᠭ ᠢ ᠶᠡᠭᠡ ᠪᠠᠷ ᠬᠥᠪᠴᠢᠯᠡᠵᠦ᠂ ︽ᠬᠤᠶᠠᠷ ᠰᠢᠨ᠎ᠡ︾ | ᠶᠢᠨ ᠤᠳᠤᠷᠢᠳᠤᠮᠵᠢ ᠶᠢ ᠪᠠᠷᠢᠮᠲᠠᠯᠠᠨ᠂ ᠨᠡᠮᠡᠭᠳᠡᠯ ᠤᠨ ᠤᠬᠠᠮᠰᠠᠷ ᠢ ᠴᠢᠩᠭᠠᠳᠬᠠᠵᠤ᠂ ᠬᠥᠭᠵᠢᠯᠲᠡ ᠶᠢ ᠬᠢᠵᠠᠭᠠᠷᠯᠠᠵᠤ | ᠪᠠᠶᠢᠭ᠎ᠠ ᠪᠡᠷᠬᠡ ᠠᠰᠠᠭᠤᠳᠠᠯ ᠢ ᠪᠥᠬᠦ ᠬᠦᠴᠦᠨ ᠢᠶᠠᠷ ᠢᠶᠠᠨ ᠰᠢᠢᠳᠪᠦᠷᠢᠯᠡᠵᠦ᠂ ︽ᠳᠥᠷᠪᠡᠨ ᠳᠠᠭᠠᠭᠠᠴᠠ︾ ᠶᠢ ᠪᠥᠬᠦ | ᠬᠦᠴᠦᠨ ᠢᠶᠠᠷ ᠢᠶᠠᠨ ᠴᠣᠭᠴᠠᠯᠠᠵᠤ᠂ ︽ᠭᠤᠷᠪᠠᠨ ᠵᠢᠱᠢᠶ᠎ᠡ ᠦᠵᠡᠭᠦᠯᠬᠦ ᠣᠷᠣᠨ︾ ᠢ ᠪᠥᠲᠥᠭᠡᠨ ᠪᠠᠶᠢᠭᠤᠯᠵᠤ᠂ ︽ | ᠨᠢᠭᠡ ᠵᠣᠯ ᠵᠢᠷᠭᠠᠯᠲᠤ ᠬᠤᠲᠠ︾ ᠶᠢ ᠪᠥᠲᠥᠭᠡᠨ ᠪᠠᠶᠢᠭᠤᠯᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠡᠯ᠎ᠡ | ᠬᠦᠷᠢᠶᠡᠨ ᠳᠤ ᠨᠢᠭᠡ ᠪᠦᠯᠦᠭ ᠰᠢᠨ᠎ᠡ ᠨᠡᠮᠡᠭᠳᠡᠯ ᠤᠨ ᠴᠡᠭ ᠢ ᠪᠣᠶ ᠪᠣᠯᠭᠠᠵᠤ᠂ ᠠᠷᠭ᠎ᠠ ᠪᠦᠬᠦᠨ ᠢ ᠰᠦᠪᠡᠭᠴᠢᠯᠡᠨ ᠠᠵᠤ | ᠠᠬᠤᠶ ᠶᠢᠨ ᠶᠡᠷᠦᠩᠬᠡᠶ ᠬᠡᠮᠵᠢᠶ᠎ᠡ ᠶᠢ ᠪᠤᠵᠠᠭᠠᠶᠢᠷᠠᠭᠤᠯᠤᠨ᠂ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠵᠦ᠂ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠪᠡᠶᠡᠯᠡᠭᠦᠯᠬᠦ ᠰᠢᠨ᠎ᠡ ᠠᠶᠠᠨ ᠳᠤ ︽ᠵᠢᠦ ᠶᠤᠸᠠᠨ ᠤ | ᠬᠠᠷᠢᠭᠤᠯᠲᠠ ᠶᠢᠨ ᠬᠠᠭᠤᠳᠠᠰᠤ︾ ᠶᠢ ᠪᠢᠴᠢᠭᠯᠡᠨ᠎ᠡ᠃ | ᠭᠤᠤᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠢ 8% | ᠣᠷᠴᠢᠮ ᠢᠶᠠᠷ ᠨᠡᠮᠡᠭᠳᠡᠭᠦᠯᠵᠦ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 20% ᠣᠷᠴᠢᠮ ᠢᠶᠠᠷ | ᠨᠡᠮᠡᠭᠳᠡᠭᠦᠯᠦᠨ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ 20% | ᠣᠷᠴᠢᠮ ᠢᠶᠠᠷ ᠨᠡᠮᠡᠭᠳᠡᠭᠦᠯᠵᠦ᠂ ᠨᠡᠶᠢᠭᠡᠮ ᠤᠨ ᠬᠡᠷᠡᠭᠯᠡᠭᠡᠨ ᠤ ᠬᠡᠷᠡᠭᠰᠡᠯ ᠤᠨ ᠵᠢᠵᠢᠭᠯᠡᠨ ᠬᠤᠳᠠᠯᠳᠤᠬᠤ ᠶᠡᠷᠦᠩᠬᠡᠶ | ᠲᠤᠭ᠎ᠠ ᠶᠢ 8% ᠣᠷᠴᠢᠮ ᠢᠶᠠᠷ ᠨᠡᠮᠡᠭᠳᠡᠭᠦᠯᠦᠨ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ | 8% ᠣᠷᠴᠢᠮ ᠢᠶᠠᠷ ᠨᠡᠮᠡᠭᠳᠡᠭᠦᠯᠵᠦ᠂ ᠰᠠᠭᠤᠭᠠᠯᠢ ᠠᠷᠠᠳ ᠤᠨ ᠬᠥᠮᠦᠨ ᠪᠦᠷᠢ ᠶᠢᠨ ᠳᠤᠮᠳᠠᠴᠢ ᠡᠵᠡᠮᠳᠡᠵᠦ ᠪᠣᠯᠬᠤ | ᠣᠷᠣᠯᠭ᠎ᠠ ᠶᠢᠨ ᠨᠡᠮᠡᠭᠳᠡᠯ ᠢ ᠠᠵᠤ ᠠᠬᠤᠶ ᠶᠢᠨ ᠨᠡᠮᠡᠭᠳᠡᠯ ᠯᠦᠭᠡ ᠦᠨᠳᠦᠰᠦᠨ ᠳᠡᠭᠡᠨ ᠠᠳᠠᠯᠢ ᠪᠠᠶᠢᠯᠭᠠᠬᠤ ᠶᠢ | ᠪᠠᠲᠤᠯᠠᠨ᠎ᠠ᠃ | ᠲᠥᠯᠥᠭᠡᠯᠡᠭᠴᠢᠳ ᠡ᠂ ᠮᠠᠨ ᠤ ᠳᠤᠷᠠᠳᠤᠭᠰᠠᠨ ᠳᠡᠭᠡᠷ᠎ᠡ ᠳᠤᠷᠠᠳᠤᠭᠰᠠᠨ ᠬᠠᠷᠠᠯᠲᠠ ᠨᠢ ᠪᠦᠬᠦ ᠤᠯᠤᠰ ᠪᠦᠬᠦ | ᠣᠷᠣᠨ ᠤ ᠵᠢᠱᠢᠯᠲᠡ ᠠᠴᠠ ᠥᠨᠳᠥᠷ ᠪᠠᠶᠢᠳᠠᠭ᠂ ᠡᠨᠡ ᠪᠣᠯ ᠤᠯᠤᠰ ᠤᠨ ᠳᠣᠲᠣᠭᠠᠳᠤ ᠭᠠᠳᠠᠭᠠᠳᠤ ᠶᠢᠨ | ᠬᠥᠭᠵᠢᠯᠲᠡ ᠶᠢᠨ ᠪᠠᠶᠢᠳᠠᠯ ᠪᠠ ᠡᠯ᠎ᠡ ᠲᠠᠯ᠎ᠠ ᠶᠢᠨ ᠲᠤᠯᠭᠠᠭᠤᠷᠢᠯᠠᠬᠤ ᠨᠥᠬᠦᠴᠡᠯ ᠢ ᠶᠡᠷᠦᠩᠬᠡᠶᠢᠯᠡᠨ ᠪᠣᠳᠣᠯᠬᠢᠯᠠᠭᠰᠠᠨ | ᠮᠥᠷᠲᠡᠭᠡᠨ ᠪᠠᠰᠠ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ︽ᠠᠵᠤ ᠠᠬᠤᠶ ᠶᠢᠨ | ᠶᠡᠷᠦᠩᠬᠡᠶ ᠬᠡᠮᠵᠢᠶ᠎ᠡ 500 ᠳ᠋ᠦᠩᠰᠢᠭᠤᠷ ᠲᠥᠭᠦᠷᠢᠭ ᠢ ᠳᠠᠪᠠᠵᠤ᠂ ᠶᠡᠷᠦᠩᠬᠡᠶᠢᠯᠡᠭᠰᠡᠨ ᠪᠣᠳᠠᠲᠤ ᠬᠦᠴᠦᠨ ᠪᠦᠬᠦ | ᠬᠤᠲᠠ ᠶᠢᠨ ᠨᠢᠭᠡᠳᠦᠭᠡᠷ ᠵᠢᠭᠰᠠᠭᠠᠯ ᠳᠤ ᠣᠷᠣᠵᠤ᠂ ᠥᠪᠡᠷᠲᠡᠭᠡᠨ ᠵᠠᠰᠠᠬᠤ ᠣᠷᠣᠨ ᠤ ᠡᠮᠦᠨ᠎ᠡ 15 ᠨᠡᠷᠡᠰ ᠲᠤ | ᠬᠦᠷᠴᠦ᠂ ᠥᠪᠡᠷᠲᠡᠭᠡᠨ ᠵᠠᠰᠠᠬᠤ ᠣᠷᠣᠨ ᠤ ᠡᠮᠦᠨ᠎ᠡ ᠠᠷᠪᠠ ᠳᠤ ᠰᠢᠪᠲᠤᠯᠤᠯᠲᠠ︾ ᠶᠢᠨ ᠲᠡᠮᠡᠴᠡᠬᠦ ᠬᠠᠷᠠᠯᠲᠠ ᠯᠤᠭ᠎ᠠ | ᠨᠢᠭᠲᠠ ᠵᠣᠯᠭᠠᠭᠤᠯᠵᠤ᠂ ᠨᠡᠮᠡᠭᠳᠡᠯ ᠢ ᠲᠣᠭᠲᠠᠪᠤᠷᠢᠵᠢᠭᠤᠯᠬᠤ ᠲᠤᠯᠭᠠᠮ᠎ᠠ ᠱᠠᠭᠠᠷᠳᠠᠯᠭ᠎ᠠ ᠪᠠ ᠴᠢᠨᠠᠷ ᠰᠠᠶᠢᠲᠠᠶ | ᠬᠥᠭᠵᠢᠯᠲᠡ ᠶᠢᠨ ᠦᠨᠳᠦᠰᠦᠨ ᠱᠠᠭᠠᠷᠳᠠᠯᠭ᠎ᠠ ᠪᠣᠯᠤᠨ᠎ᠠ᠃ | ᠣᠳᠣᠬᠠᠨ ᠳᠤ᠂ ᠪᠢᠳᠡ ᠶᠠᠭ ᠶᠡᠭᠡ ᠦᠢᠯᠡᠰ ᠪᠦᠲᠦᠭᠡᠵᠦ ᠪᠣᠯᠬᠤ ᠲᠡᠦᠬᠡ ᠶᠢᠨ ᠠᠵᠠ ᠲᠣᠬᠢᠶᠠᠯᠳᠤ | ᠬᠤᠭᠤᠴᠠᠭ᠎ᠠ᠂ ᠠᠵᠢᠯ ᠬᠢᠵᠦ ᠦᠢᠯᠡᠰ ᠪᠤᠰᠬᠠᠬᠤ ᠬᠥᠭᠵᠢᠯᠲᠡ ᠶᠢᠨ ᠰᠢᠵᠢᠷ ᠠᠯᠳᠠᠨ ᠬᠤᠭᠤᠴᠠᠭ᠎ᠠ᠂ ᠶᠡᠭᠡ ᠠᠴᠠ | ᠬᠦᠴᠦᠷᠬᠡᠭ ᠪᠣᠯᠬᠤ ᠰᠢᠪᠲᠤᠯᠤᠯᠲᠠ ᠶᠢᠨ ᠵᠠᠩᠭᠢᠯᠠᠭ᠎ᠠ ᠶᠢᠨ ᠬᠤᠭᠤᠴᠠᠭᠠᠨ ᠳᠤ ᠣᠷᠣᠰᠢᠵᠤ ᠪᠠᠶᠢᠨ᠎ᠠ᠃ ᠳᠡᠯᠡᠬᠡᠶ ᠶᠢᠨ | ᠪᠠ ᠤᠯᠤᠰ ᠤᠨ ᠳᠣᠲᠣᠭᠠᠳᠤ ᠶᠢᠨ ᠶᠡᠭᠡ ᠬᠠᠨᠳᠤᠰᠢ ᠠᠴᠠ ᠦᠵᠡᠪᠡᠯ᠂ ᠡᠷᠡᠨ ᠵᠠᠭᠤᠨ ᠤ ᠬᠢᠵᠢᠭ ᠤᠨ ᠪᠠᠶᠢᠳᠠᠯ ᠤᠨ | ᠨᠥᠯᠥᠭᠡ ᠭᠦᠨ ᠭᠦᠨᠵᠡᠭᠡᠶ ᠪᠠᠶᠢᠵᠤ᠂ ᠵᠠᠭᠤᠨ ᠵᠢᠯ ᠤᠨ ᠬᠤᠪᠢᠷᠠᠯᠲᠠ ᠲᠦᠷᠭᠡᠨ ᠬᠥᠭᠵᠢᠵᠦ᠂ ᠤᠯᠤᠰ ᠤᠨ | ᠳᠣᠲᠣᠭᠠᠳᠤ ᠭᠠᠳᠠᠭᠠᠳᠤ ᠶᠢᠨ ᠣᠷᠴᠢᠨ ᠨᠥᠬᠦᠴᠡᠯ ᠨᠡᠩ ᠨᠠᠷᠢᠨ ᠪᠤᠳᠤᠯᠢᠶᠠᠨᠲᠠᠶ ᠪᠥᠭᠡᠳ ᠬᠦᠨᠳᠦ ᠬᠡᠴᠡᠭᠦᠦ ᠪᠤᠯᠵᠤ | ᠪᠠᠶᠢᠨ᠎ᠠ᠂ ᠭᠡᠪᠡᠴᠦ ᠮᠠᠨ ᠤ ᠤᠯᠤᠰ ᠤᠨ ᠬᠥᠭᠵᠢᠯᠲᠡ ᠮᠥᠨ ᠯᠡ ᠪᠠᠶᠢᠯᠳᠤᠬᠤ ᠪᠤᠳᠤᠯᠭ᠎ᠠ ᠶᠢᠨ ᠴᠢᠬᠤᠯᠠ ᠠᠵᠠ | ᠲᠣᠬᠢᠶᠠᠯᠳᠤ ᠬᠤᠭᠤᠴᠠᠭᠠᠨ ᠳᠤ ᠣᠷᠣᠰᠢᠵᠤ᠂ ᠠᠵᠤ ᠠᠬᠤᠶ ᠶᠢᠨ ᠤᠶᠠᠨ ᠬᠠᠳᠠᠨ ᠴᠢᠨᠠᠷ ᠢᠶᠠᠷ ᠴᠢᠩᠭ᠎ᠠ᠂ ᠲᠠᠯᠳᠠ | ᠬᠦᠴᠦᠨ ᠢᠶᠠᠷ ᠶᠡᠭᠡ᠂ ᠠᠮᠢᠵᠢᠷᠠᠯ ᠤᠨ ᠬᠦᠴᠦᠨ ᠢᠶᠠᠷ ᠲᠡᠭᠦᠯᠳᠡᠷ᠂ ᠤᠷᠳᠤ ᠬᠤᠭᠤᠴᠠᠭ᠎ᠠ ᠪᠠᠷ ᠰᠠᠶᠢᠵᠢᠷᠠᠬᠤ | ᠦᠨᠳᠦᠰᠦᠨ ᠪᠠᠶᠢᠳᠠᠯ ᠬᠤᠪᠢᠷᠬᠠᠰᠠᠨ ᠦᠭᠡᠢ᠃ ᠢᠯᠠᠩᠭᠤᠶ᠎ᠠ ᠨᠠᠮ ᠤᠨ ᠬᠤᠷᠢᠳᠤᠭᠠᠷ ᠶᠡᠭᠡ ᠬᠤᠷᠠᠯ ᠨᠢ ᠰᠢᠨ᠎ᠡ ᠴᠠᠭ | ᠦᠶ᠎ᠡ ᠶᠢᠨ ᠰᠢᠨ᠎ᠡ ᠠᠶᠠᠨ ᠳᠠᠬᠢ ᠨᠠᠮ ᠪᠣᠯᠤᠨ ᠤᠯᠤᠰ ᠤᠨ ᠠᠵᠢᠯ ᠦᠢᠯᠡᠰ ᠤᠨ ᠬᠥᠭᠵᠢᠯᠲᠡ ᠳᠤ ᠣᠷᠣᠯᠴᠠᠵᠤ᠂ | ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠳᠤ ᠤᠷᠤᠭᠰᠢᠯᠠᠯᠲᠠ ᠶᠢᠨ ᠴᠢᠭᠯᠡᠯ ᠢ ᠲᠣᠳᠣᠷᠬᠠᠢ | ᠵᠢᠭᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠠᠤᠭ᠎ᠠ ᠲᠥᠰᠦᠪ ᠢ ᠵᠢᠷᠤᠭᠯᠠᠵᠤ᠂ ᠪᠢᠳᠡᠨ ᠤ | ᠤᠷᠤᠭᠰᠢᠯᠠᠯᠲᠠ ᠶᠢᠨ ᠳᠤᠮᠳᠠᠬᠢ ᠬᠦᠴᠢᠷ ᠪᠡᠷᠬᠡᠰᠢᠶᠡᠯ ᠬᠠᠷᠰᠢ ᠰᠠᠭᠠᠳ ᠢ ᠢᠯᠠᠨ ᠳᠠᠪᠠᠵᠤ᠂ ᠰᠢᠨ᠎ᠡ ᠴᠠᠭ | ᠦᠶ᠎ᠡ ᠶᠢᠨ ᠰᠢᠯᠭᠠᠯᠲᠠ ᠳᠤ ᠣᠷᠣᠯᠴᠠᠬᠤ ᠵᠠᠮ ᠢᠶᠠᠷ ᠰᠠᠶᠢᠲᠤᠷ ᠵᠠᠮᠨᠠᠬᠤ ᠳᠤ ᠬᠦᠴᠦᠷᠬᠡᠭ ᠶᠡᠭᠡ ᠦᠵᠡᠯ ᠰᠠᠨᠠᠭᠠᠨ ᠤ | ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ᠂ ᠰᠦᠷ ᠳᠠᠯᠠᠶᠢᠴᠠᠲᠠᠢ ᠡᠷᠡᠯᠬᠡᠭᠯᠡᠨ ᠤᠷᠤᠭᠰᠢᠯᠠᠬᠤ ᠬᠦᠴᠦᠨ ᠢ | ᠨᠢᠭᠲᠠᠷᠠᠭᠤᠯᠤᠭᠰᠠᠨ ᠪᠠᠶᠢᠨ᠎ᠠ᠃ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠶᠢᠨ ᠬᠥᠭᠵᠢᠯᠲᠡ ᠶᠢᠨ | ᠪᠠᠶᠢᠯᠳᠤᠬᠤ ᠪᠣᠳᠣᠯᠭ᠎ᠠ ᠠᠴᠠ ᠦᠵᠡᠪᠡᠯ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ | ᠣᠷᠳᠣᠨ ︽ᠬᠤᠶᠠᠷ ᠬᠠᠯᠬᠠᠪᠴᠢ︾ ︽ᠬᠤᠶᠠᠷ ᠰᠠᠭᠤᠷᠢᠨ ᠭᠠᠵᠠᠷ︾ ︽ᠨᠢᠭᠡ ᠬᠥᠭᠦᠷᠭᠡᠨ ᠪᠠᠬᠢᠯᠡᠯᠲᠡ︾ ᠶᠢᠨ | ᠪᠠᠶᠢᠷᠢ ᠲᠣᠭᠲᠠᠭᠠᠯᠲᠠ ᠶᠢᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠡᠭᠦᠷᠡᠰᠦ ᠵᠢᠴᠢ | ᠨᠡᠭᠦᠷᠡᠰᠦ ᠪᠠᠷ ᠰᠠᠭᠤᠷᠢ ᠪᠣᠯᠭᠠᠭᠰᠠᠨ ᠠᠵᠤ ᠦᠢᠯᠡᠰ᠂ ᠰᠢᠨ᠎ᠡ ᠡᠨᠧᠷᠭᠢ ᠵᠢᠴᠢ ᠲᠣᠨᠤᠭ ᠲᠥᠬᠦᠭᠡᠷᠦᠮᠵᠢ ᠦᠢᠯᠡᠳᠬᠦ᠂ | ᠬᠠᠷ᠎ᠠ ᠥᠩᠭᠡᠲᠦ ᠬᠤᠪᠣᠷ ᠲᠡᠮᠦᠷᠯᠢᠭ ᠢ ᠮᠠᠯᠲᠠᠬᠤ ᠵᠢᠴᠢ ᠰᠢᠨ᠎ᠡ ᠮᠠᠲ᠋ᠧᠷᠢᠶᠠᠯ ᠦᠢᠯᠡᠳᠬᠦ᠂ ᠲᠠᠷᠢᠶᠠᠯᠠᠩ ᠮᠠᠯ ᠤᠨ | ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠤᠷᠢᠯᠡᠯ ᠵᠢᠴᠢ ᠨᠠᠷᠢᠯᠢᠭ ᠭᠦᠨᠵᠡᠭᠡᠶ ᠡᠳ᠋ᠰᠢᠭᠦᠯᠬᠦ 4 ᠲᠤᠯᠭᠠᠭᠤᠷᠢ | ᠠᠵᠤ ᠦᠢᠯᠡᠰ ᠢ ᠭᠤᠤᠯᠳᠠᠯᠭ᠎ᠠ ᠲᠠᠢ ᠪᠣᠶ ᠪᠣᠯᠭᠠᠨ᠎ᠠ᠃ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ︽ | ᠨᠢᠭᠡ ᠳᠤ ᠰᠢᠨ᠎ᠡ ᠶᠢ ᠡᠭᠦᠳᠴᠦ᠂ ᠭᠤᠷᠪᠠ ᠶᠢ ᠪᠡᠶᠡᠯᠡᠭᠦᠯᠬᠦ︾ ᠴᠢᠬᠤᠯᠠ ᠵᠢᠭᠠᠪᠤᠷᠢ ᠶᠢ ᠨᠠᠶᠢᠳᠠᠪᠤᠷᠢᠵᠢᠭᠤᠯᠬᠤ ᠳᠤ | ᠠᠩᠬᠠᠷᠤᠯ ᠢᠶᠠᠨ ᠲᠥᠪᠯᠡᠷᠡᠭᠦᠯᠵᠦ᠂ ᠳᠡᠯᠡᠬᠡᠢ ᠶᠢᠨ ︽ᠬᠤᠪᠣᠷ ᠰᠢᠷᠣᠢ ᠶᠢᠨ ᠬᠤᠳᠠ︾ ︽ᠪᠣᠬᠢᠷᠲᠤᠯ ᠦᠭᠡᠢ | ᠴᠠᠬᠢᠭᠤᠷ ᠤᠨ ᠬᠤᠳᠠ︾ ᠶᠢ ᠬᠦᠴᠦᠯᠡᠨ ᠪᠠᠶᠢᠭᠤᠯᠬᠤ ᠨᠢ ᠮᠠᠨ ᠤ ᠲᠣᠭᠤᠷᠢᠭ ᠤᠨ ᠲᠤᠯᠭᠠᠭᠤᠷᠢ ᠠᠵᠤ ᠦᠢᠯᠡᠰ ᠤᠨ | ᠬᠥᠭᠵᠢᠯᠲᠡ ᠲᠠᠢ ᠳᠡᠭᠡᠳᠦ ᠬᠡᠮᠵᠢᠶ᠎ᠡ ᠪᠠᠷ ᠨᠡᠶᠢᠴᠡᠵᠦ᠂ ᠪᠢᠳᠡᠨ ᠤ ᠬᠤᠪᠣᠷ ᠰᠢᠷᠣᠢ᠂ ᠰᠢᠨ᠎ᠡ ᠡᠨᠧᠷᠭᠢ᠂ ᠲᠤᠮᠤ | ᠮᠣᠯᠧᠺᠦ᠋ᠯ᠂ ᠲᠡᠷᠢᠭᠦᠨ ᠤ ᠪᠤᠯᠤᠳ ᠲᠡᠮᠦᠷ ᠵᠡᠷᠭᠡ ᠳᠦᠷᠪᠡᠨ ᠶᠡᠭᠡ ᠵᠠᠭᠤᠨ ᠳ᠋ᠦᠩᠰᠢᠭᠤᠷ ᠤᠨ ᠠᠵᠤ ᠦᠢᠯᠡᠰ ᠤᠨ | ᠰᠠᠭᠤᠷᠢᠨ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠪᠠ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ᠂ | ᠢᠳᠡᠭᠡᠨ ᠤ ᠬᠦᠷᠢᠶᠡᠯᠡᠩ ᠲᠣᠭᠤᠷᠢᠭ ᠤᠨ ᠬᠥᠭᠵᠢᠯᠲᠡ ᠶᠢ ᠲᠦᠷᠭᠡᠳᠬᠡᠬᠦ ᠳᠤ ᠨᠡᠩ ᠠᠰᠢᠭᠲᠠᠢ ᠨᠥᠬᠦᠴᠡᠯ ᠢ | ᠡᠭᠦᠳᠴᠦ ᠥᠭᠴᠡᠢ᠃ ᠮᠠᠨ ᠤ ᠲᠣᠭᠤᠷᠢᠭ ᠤᠨ ᠲᠤᠰ ᠪᠡᠶ᠎ᠡ ᠶᠢᠨ ᠰᠠᠭᠤᠷᠢ ᠠᠴᠠ ᠦᠵᠡᠪᠡᠯ᠂ ᠣᠯᠠᠨ ᠵᠢᠯ ᠤᠨ | ᠴᠢᠷᠮᠠᠶᠢᠯᠭ᠎ᠠ ᠪᠠᠷ ᠳᠡᠮᠵᠢᠨ᠂ ᠵᠢᠦ ᠶᠤᠸᠠᠨ ᠨᠢᠭᠡᠨᠲᠡ ᠲᠡᠦᠬᠡ ᠶᠢᠨ ᠰᠢᠨ᠎ᠡ ᠡᠬᠢᠯᠡᠯᠲᠡ ᠶᠢᠨ ᠴᠡᠭ ᠳᠡᠭᠡᠷ᠎ᠡ ᠵᠣᠭᠰᠣᠵᠤ᠂ | ᠬᠦᠴᠦᠨ ᠢᠶᠠᠨ ᠬᠤᠷᠠᠮᠳᠤᠭᠤᠯᠤᠨ ᠬᠥᠭᠵᠢᠬᠦ ᠬᠥᠳᠡᠯᠭᠡᠬᠦ ᠬᠦᠴᠦᠨ ᠳᠡᠭᠡᠳᠦ ᠬᠡᠮᠵᠢᠶ᠎ᠡ ᠪᠠᠷ ᠲᠥᠪᠯᠡᠷᠡᠵᠦ᠂ | ᠬᠥᠭᠵᠢᠯᠲᠡ ᠪᠠᠨ ᠲᠦᠷᠭᠡᠳᠬᠡᠬᠦ ᠨᠥᠬᠦᠴᠡᠯ ᠨᠢᠭᠡᠨᠲᠡ ᠪᠦᠷᠢᠳᠴᠡᠶ᠂ ᠬᠡᠯᠪᠡᠷᠢ ᠪᠠᠨ ᠬᠤᠪᠢᠷᠠᠭᠤᠯᠤᠨ ᠲᠡᠰ | ᠳᠡᠪᠰᠢᠬᠦ ᠶᠢᠨ ᠳᠠᠪᠠᠭᠤᠯᠢᠭ ᠮᠠᠰᠢ ᠢᠯᠡᠷᠬᠡᠢ ᠪᠠᠶᠢᠨ᠎ᠠ᠃ ᠪᠢᠳᠡᠨ ᠳᠤ ᠦᠷᠭᠦᠯᠵᠢᠯᠡᠨ ᠨᠠᠶᠢᠳᠠᠪᠤᠷᠢᠵᠢᠭᠤᠯᠤᠭᠰᠠᠨ᠂ | ᠶᠠᠰᠤ ᠴᠢᠨᠠᠷ ᠢᠶᠠᠷ ᠨᠡᠩ ᠰᠢᠯᠢᠳᠡᠭ ᠴᠢᠬᠤᠯᠠ ᠶᠡᠭᠡ ᠳᠥᠰᠦᠯ ᠪᠠᠶᠢᠨ᠎ᠠ᠃ ᠡᠨᠡ ᠵᠢᠯ ᠠᠵᠤ ᠦᠢᠯᠡᠳᠪᠦᠷᠢ ᠶᠢᠨ ᠠᠵᠤ | ᠠᠬᠤᠶ ᠳᠤ ᠵᠥᠪᠬᠡᠨ ᠱᠤᠨ ᠬᠤᠸᠠ᠂ ᠮᠢᠩ ᠲᠦᠤᠤ ᠶᠢ ᠲᠦᠰᠢᠭᠯᠡᠬᠦ ᠶᠢ ᠦᠨᠳᠦᠰᠦᠨ ᠳᠡᠭᠡᠨ ᠬᠤᠪᠢᠷᠠᠭᠤᠯᠵᠤ᠂ | ᠦᠢᠯᠡᠴᠢᠯᠡᠭᠡᠨ ᠤ ᠦᠢᠯᠡᠰ ᠲᠤ ᠵᠥᠪᠬᠡᠨ ᠸᠠᠨ ᠳ᠋ᠠ ᠶᠢᠨ ᠨᠢᠭᠡᠨ ᠬᠤᠳᠠᠯᠳᠤᠭᠠᠨ ᠤ ᠶᠡᠷᠦᠩᠬᠡᠶ ᠴᠣᠭᠴᠠ ᠶᠢᠨ | ᠬᠥᠭᠵᠢᠯᠲᠡ ᠶᠢᠨ ᠪᠠᠶᠢᠷᠢᠰᠢᠯ ᠲᠠᠢ ᠪᠠᠶᠢᠵᠤ᠂ ᠵᠠᠭᠤᠨ ᠳ᠋ᠦᠩᠰᠢᠭᠤᠷ ᠢ ᠳᠠᠪᠠᠭᠰᠠᠨ ᠪᠡᠯᠡ ᠣᠷᠣᠭᠤᠯᠤᠯᠲᠠ ᠶᠢ | ᠣᠷᠣᠭᠤᠯᠤᠨ ᠠᠪᠴᠢᠷᠠᠭᠰᠠᠨ ᠨᠢ 10 ᠲᠦᠮᠡᠨ ᠲᠣᠨ ᠴᠡᠪᠡᠷ ᠴᠠᠬᠢᠭᠤᠷ ᠪᠣᠯᠤᠨ 2 ᠲᠦᠮᠡᠨ ᠲᠣᠨ ᠬᠠᠭᠠᠰ | ᠳᠠᠮᠵᠢᠭᠤᠯᠤᠭᠴᠢ ᠴᠠᠬᠢᠭᠤᠷ᠂ ᠤᠯᠤᠰ ᠤᠨ ᠡᠨᠧᠷᠭᠢ ᠶᠢᠨ ᠨᠡᠭᠦᠷᠡᠰᠦ ᠪᠠᠷ ᠦᠢᠯᠡᠳᠦᠭᠰᠡᠨ 75 ᠲᠦᠮᠡᠨ ᠲᠣᠨ | ᠪᠥᠭᠡᠭᠡᠨᠡᠷᠡᠯ ᠠᠯᠺᠧᠨ᠂ ᠰᠢᠨ ᠭᠦᠸᠧ ᠷᠦᠩ 30 ᠲᠦᠮᠡᠨ ᠲᠣᠨ ᠹᠣᠰᠹᠣᠷ ᠬᠦᠴᠢᠯ ᠤᠨ ᠲᠡᠮᠦᠷ ᠯᠢᠲ᠋ᠢ ᠶᠢ | ᠣᠷᠣᠭᠤᠯᠤᠨ ᠠᠪᠴᠢᠷᠠᠵᠤ ᠬᠡᠷᠡᠭᠵᠢᠭᠦᠯᠦᠨ᠎ᠡ᠂ ᠡᠭᠦᠨ ᠳᠤ ᠪᠡᠯᠡ ᠣᠷᠣᠭᠤᠯᠤᠯᠲᠠ ᠶᠢᠨ ᠬᠡᠮᠵᠢᠶ᠎ᠡ ᠨᠢ 100 | ᠳ᠋ᠦᠩᠰᠢᠭᠤᠷ ᠲᠥᠭᠦᠷᠢᠭ ᠢ ᠳᠠᠪᠠᠭᠰᠠᠨ ᠪᠡᠯᠡ ᠣᠷᠣᠭᠤᠯᠤᠯᠲᠠ ᠶᠢᠨ ᠬᠡᠮᠵᠢᠶ᠎ᠡ ᠨᠢ 10 ᠲᠦᠮᠡᠨ ᠲᠣᠨ ᠥᠨᠳᠥᠷ | ᠴᠡᠪᠡᠷ ᠴᠠᠬᠢᠭᠤᠷ ᠪᠣᠯᠤᠨ 2 ᠲᠦᠮᠡᠨ ᠲᠣᠨ ᠬᠠᠭᠠᠰ ᠳᠠᠮᠵᠢᠭᠤᠯᠤᠭᠴᠢ ᠴᠠᠬᠢᠭᠤᠷ᠂ 150 ᠳ᠋ᠦᠩᠰᠢᠭᠤᠷ | ᠲᠥᠭᠦᠷᠢᠭ ᠤᠨ ᠪᠡᠯᠡ ᠣᠷᠣᠭᠤᠯᠤᠭᠰᠠᠨ ᠳᠤᠮᠳᠠᠳᠤ ᠤᠯᠤᠰ ᠤᠨ ᠠᠮᠤ ᠪᠤᠳᠠᠭᠠᠨ ᠤ ᠥᠪᠥᠷ ᠮᠣᠩᠭᠤᠯ ᠤᠨ | ᠲᠣᠭᠠᠴᠢᠯᠠᠭᠰᠠᠨ ᠠᠵᠤ ᠦᠢᠯᠡᠰ ᠤᠨ ᠲᠥᠪ ᠵᠡᠷᠭᠡ 4 ᠳᠥᠰᠦᠯ ᠳᠤ᠂ 50 ᠳ᠋ᠦᠩᠰᠢᠭᠤᠷ ᠢ ᠳᠠᠪᠠᠭᠰᠠᠨ ᠨᠢ ᠶᠦᠩ | ᠾᠧ ᠶᠢᠨ 5 ᠲᠦᠮᠡᠨ ᠲᠣᠨ ᠰᠢᠨ᠎ᠡ ᠡᠨᠧᠷᠭᠢ ᠶᠢᠨ ᠳ᠋ᠢᠶᠠᠨ ᡂᠢ ᠶᠢᠨ ᠮᠠᠲ᠋ᠧᠷᠢᠶᠠᠯ᠂ ᠯᠠᠶᠢᠰ ᠯᠢᠲ᠋ᠢ ᠶᠢᠨ 10 | ᠲᠦᠮᠡᠨ ᠲᠣᠨ ᠨᠡᠭᠦᠷᠡᠰᠦᠬᠦ᠋ᠴᠢᠯ ᠤᠨ ᠯᠢᠲ᠋ᠢ ᠵᠡᠷᠭᠡ 7 ᠳᠥᠰᠦᠯ ᠪᠠᠶᠢᠵᠤ᠂ ᠤᠢᠢᠷ᠎ᠠ ᠶᠢᠨ ᠠᠷᠪᠠᠨ ᠵᠢᠯ ᠤᠨ | ᠲᠤᠷᠰᠢᠬᠢ ᠴᠢᠬᠤᠯᠠ ᠶᠡᠭᠡ ᠳᠥᠰᠦᠯ ᠤᠨ ᠴᠢᠨᠠᠷ ᠢᠶᠠᠷ ᠬᠠᠮᠤᠭ ᠤᠨ ᠰᠠᠶᠢᠨ᠂ ᠪᠡᠯᠡ ᠣᠷᠣᠭᠤᠯᠤᠯᠲᠠ ᠶᠢᠨ | ᠬᠡᠮᠵᠢᠶ᠎ᠡ ᠪᠠᠷ ᠬᠠᠮᠤᠭ ᠤᠨ ᠶᠡᠭᠡ᠂ ᠠᠯᠲᠠᠨ ᠤ ᠠᠭᠤᠯᠤᠭᠳᠠᠴᠠ ᠪᠠᠷ ᠬᠠᠮᠤᠭ ᠤᠨ ᠥᠨᠳᠥᠷ ᠨᠢᠭᠡ ᠵᠢᠯ ᠪᠣᠯᠤᠨ᠎ᠠ᠃ | ᠲᠠᠯᠠᠪᠠᠶ ᠪᠠᠷ ᠬᠠᠮᠤᠭ ᠤᠨ ᠶᠡᠭᠡ᠂ ᠰᠠᠭᠤᠷᠢ ᠪᠠᠷ ᠡᠳᠦᠷ ᠠᠴᠠ ᠡᠳᠦᠷ ᠵᠤᠵᠠᠭᠠᠨ ᠬᠢᠮᠢ ᠶᠢᠨ ᠠᠵᠤ ᠦᠢᠯᠡᠳᠪᠤᠷᠢ ᠶᠢᠨ | ᠬᠦᠷᠢᠶᠡᠯᠡᠩ ᠲᠣᠭᠤᠷᠢᠭ ᠲᠠᠢ ᠪᠠᠶᠢᠵᠤ᠂ ᠴᠢᠬᠤᠯᠠ ᠶᠡᠭᠡ ᠠᠵᠤ ᠦᠢᠯᠡᠳᠪᠤᠷᠢ ᠶᠢᠨ ᠠᠵᠤ ᠦᠢᠯᠡᠰ ᠤᠨ ᠳᠥᠰᠦᠯ ᠢ | ᠭᠥᠯᠢᠶᠡᠨ ᠠᠪᠬᠤ ᠳᠠᠪᠠᠭᠤᠯᠢᠭ ᠨᠢ ᠥᠩᠭᠡᠷᠡᠭᠰᠡᠨ ᠤ ᠠᠯᠢ ᠴᠤ ᠦᠶ᠎ᠡ ᠶᠢᠨ ᠬᠢ ᠠᠴᠠ ᠨᠠᠩ ᠲᠣᠪᠤᠶᠢᠮ᠎ᠠ ᠪᠣᠯᠪᠠ᠃ | ᠵᠠᠰᠠᠭ ᠵᠠᠬᠢᠷᠭᠠᠨ ᠤ ᠡᠬᠢ ᠪᠠᠶᠠᠯᠢᠭ ᠬᠤᠷᠠᠨ ᠴᠤᠭᠯᠠᠷᠠᠭᠰᠠᠨ᠂ ᠬᠤᠵᠢᠭᠤ ᠬᠥᠭᠵᠢᠬᠦ ᠳᠠᠯᠳᠠ ᠬᠦᠴᠦᠨ ᠦᠷᠭᠦᠯᠵᠢᠯᠡᠨ | ᠪᠠᠳᠠᠷᠠᠵᠤ ᠪᠠᠶᠢᠭ᠎ᠠ ᠲᠥᠪ ᠲᠣᠭᠤᠷᠢᠭ᠂ ᠢᠯᠠᠩᠭᠤᠶ᠎ᠠ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ | ᠣᠷᠳᠣᠨ ᠤ ᠰᠢᠢᠳᠪᠤᠷᠢᠲᠤ ᠪᠣᠳᠣᠯᠭ᠎ᠠ ᠶᠢᠨ ᠳᠡᠮᠵᠢᠯᠭᠡ ᠳᠣᠤᠷ᠎ᠠ᠂ ᠬᠤᠲᠠ ᠶᠢᠨ ᠲᠥᠪ ᠲᠣᠭᠤᠷᠢᠭ ᠤᠨ | ᠬᠠᠮᠢᠶᠠᠷᠤᠯᠲᠠ ᠶᠢᠨ ᠵᠥᠪᠯᠡᠯ ᠬᠢᠭᠡᠳ ᠵᠢᠤ ᠶᠤᠸᠠᠨ ᠲᠣᠭᠤᠷᠢᠭ ᠢ ᠨᠢᠭᠡ ᠴᠤᠭᠴᠠᠵᠢᠭᠤᠯᠤᠨ ᠠᠵᠢᠯᠯᠠᠭᠤᠯᠪᠠᠯ᠂ | ᠣᠳᠣᠬᠢᠴᠢᠯᠠᠭᠰᠠᠨ ᠲᠥᠪ ᠬᠤᠲᠠ ᠶᠢᠨ ᠲᠣᠭᠤᠷᠢᠭ ᠢ ᠪᠥᠲᠥᠭᠡᠨ ᠪᠠᠶᠢᠭᠤᠯᠬᠤ ᠪᠠᠷ ᠬᠠᠮᠲᠤ ᠪᠠᠷ ᠬᠦᠴᠦᠯᠡᠬᠦ ᠰᠢᠨ᠎ᠡ | ᠥᠷᠨᠢᠯᠲᠡ ᠭᠠᠷᠭᠠᠬᠤ ᠨᠢ ᠯᠠᠪᠲᠠᠶ ᠶᠤᠮ᠃ ᠵᠠᠰᠠᠭ ᠤᠨ ᠶᠠᠪᠤᠳᠠᠯ ᠰᠢᠯᠤᠭᠤᠨ ᠲᠦᠮᠡᠨ ᠠᠷᠠᠳ᠂ ᠳᠡᠭᠡᠳᠦ ᠳᠣᠣᠷᠠᠳᠤ | ᠱᠠᠲᠤ ᠪᠠᠷ ᠢᠶᠠᠨ ᠠᠳᠠᠯᠢ ᠬᠦᠰᠡᠯ ᠲᠠᠢ ᠪᠠᠶᠢᠬᠤ ᠤᠯᠤᠰ ᠲᠥᠷᠥ ᠶᠢᠨ ᠳᠠᠪᠠᠭᠤᠯᠢᠭ ᠲᠠᠯ᠎ᠠ ᠲᠠᠢ ᠪᠠᠶᠢᠵᠤ᠂ ᠬᠢᠵᠢᠭ ᠤᠨ | ᠶᠡᠭᠡ ᠳᠠᠶᠢᠨ᠂ ᠬᠥᠭᠵᠢᠯᠲᠡ ᠶᠢᠨ ᠶᠡᠭᠡ ᠰᠢᠯᠭᠠᠯᠲᠠ ᠪᠠᠷ ᠳᠡᠮᠵᠢᠨ᠂ ᠨᠢᠭᠡ ᠪᠦᠯᠦᠭ ᠢᠳᠡᠷ ᠳᠣᠷᠪᠢᠲᠠᠢ᠂ | ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠳᠡᠭ ᠺᠠᠳ᠋ᠷ ᠤᠳᠤᠷᠢᠳᠬᠤ ᠪᠠᠶᠢᠷᠢᠨ ᠳᠤ ᠭᠠᠷᠴᠤ᠂ ᠨᠢᠭᠡ ᠪᠦᠯᠦᠭ | ᠲᠤᠬᠠᠶᠢᠯᠠᠭᠰᠠᠨ ᠠᠵᠢᠯ ᠤᠨ ᠭᠤᠣᠯᠯᠠᠭᠴᠢ ᠬᠦᠴᠦᠨ᠂ ᠠᠵᠢᠯ ᠤᠨ ᠴᠢᠳᠠᠪᠤᠷᠢᠲᠠᠨ ᠵᠠᠩᠭᠢᠯᠠᠭ᠎ᠠ ᠶᠢᠨ ᠪᠠᠶᠢᠷᠢᠨ ᠳᠤ | ᠭᠠᠷᠴᠤ᠂ ᠪᠦᠬᠦ ᠲᠣᠭᠤᠷᠢᠭ ᠢᠶᠠᠷ ᠢᠶᠠᠨ ᠬᠥᠭᠵᠢᠬᠦ ᠶᠢ ᠬᠦᠰᠡᠬᠦ᠂ ᠬᠥᠭᠵᠢᠯᠲᠡ ᠶᠢ ᠬᠦᠰᠡᠬᠦ᠂ ᠬᠥᠭᠵᠢᠯᠲᠡ ᠶᠢ | ᠡᠷᠢᠯᠬᠢᠯᠡᠬᠦ᠂ ᠬᠥᠭᠵᠢᠯᠲᠡ ᠶᠢ ᠠᠳᠬᠤᠬᠤ ᠬᠦᠰᠡᠯ ᠤᠷᠢᠳ ᠡᠮᠦᠨ᠎ᠡ ᠪᠠᠶᠢᠭ᠎ᠠ ᠦᠭᠡᠢ ᠥᠨᠳᠥᠷ ᠪᠤᠯᠵᠤ᠂ | ᠬᠠᠮᠲᠤᠷᠠᠯ ᠤᠨ ᠬᠦᠴᠦᠨ ᠨᠢᠭᠡᠨᠲᠡ ᠪᠦᠷᠢᠯᠳᠦᠵᠦ᠂ ᠥᠪᠡᠷᠲᠡᠭᠡᠨ ᠵᠠᠰᠠᠬᠤ ᠣᠷᠣᠨ ᠤ ᠡᠮᠦᠨ᠎ᠡ ᠠᠷᠪᠠᠨ | ᠬᠦᠴᠦᠷᠬᠡᠭ ᠲᠤ ᠲᠠᠬᠢᠨ ᠪᠤᠴᠠᠬᠤ᠂ ᠪᠤᠭᠤᠲᠤ ᠶᠢᠨ ᠨᠢᠭᠡᠳᠦᠭᠡᠷ ᠵᠢᠭᠰᠠᠭᠠᠯ ᠤᠨ ᠡᠩᠨᠡᠭᠡᠨ ᠳᠤ ᠲᠠᠬᠢᠨ | ᠵᠢᠭᠰᠠᠭᠠᠭᠳᠠᠬᠤ᠂ ᠶᠢᠰᠦᠨ ᠤᠤᠯ ᠤᠨ ᠰᠦᠷ ᠵᠢᠪᠬᠤᠭ᠎ᠠ ᠶᠢ ᠲᠠᠬᠢᠨ ᠮᠠᠨᠳᠤᠭᠤᠯᠬᠤ ᠡᠷᠴᠢ ᠵᠣᠷᠢᠭ ᠪᠣᠯᠤᠨ ᠡᠷᠴᠢ | ᠵᠣᠷᠢᠭ ᠢ ᠭᠦᠢᠴᠡᠳ ᠪᠠᠳᠠᠷᠠᠭᠤᠯᠪᠠ᠃ ᠡᠳᠡᠭᠡᠷ ᠨᠢ ᠪᠢᠳᠡᠨ ᠤ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠶᠢᠨ | ᠪᠠᠲᠤ ᠴᠢᠩᠭ᠎ᠠ ᠪᠠᠲᠤᠯᠠᠭ᠎ᠠ ᠪᠣᠯᠬᠤ ᠪᠠᠷ ᠪᠠᠷᠠᠬᠤ ᠦᠭᠡᠢ᠂ ᠨᠡᠩ ᠴᠤ ᠪᠢᠳᠡᠨ ᠤ ᠡᠷᠡᠰ ᠰᠢᠭᠤᠷᠬᠠᠢ ᠪᠠᠷ | ᠰᠢᠪᠲᠤᠯᠤᠯᠲᠠ ᠬᠢᠬᠦ᠂ ᠮᠤᠷᠤᠢ ᠵᠠᠮ ᠢᠶᠠᠷ ᠲᠡᠷᠭᠡ ᠳᠠᠪᠠᠭ᠋ᠤ᠂ ᠵᠠᠮ ᠰᠣᠯᠢᠵᠤ ᠳᠠᠭᠠᠭᠤᠯᠤᠨ ᠭᠦᠶᠦᠬᠦ ᠢᠲᠡᠭᠡᠯ ᠵᠣᠷᠢᠭ | ᠪᠣᠯᠤᠨ ᠢᠳᠡ ᠬᠦᠴᠦᠨ ᠪᠣᠯᠬᠤ ᠶᠤᠮ᠂ ᠪᠢᠳᠡ ᠯᠠᠪᠲᠠᠢ ᠲᠡᠦᠬᠡᠲᠦ ᠴᠢᠨᠠᠷᠲᠠᠢ ᠴᠤᠩᠬᠤᠪᠴᠢ ᠶᠢᠨ ᠬᠤᠭᠤᠴᠠᠭ᠎ᠠ | ᠪᠣᠯᠤᠨ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠠᠵᠠ ᠲᠣᠬᠢᠶᠠᠯ ᠤᠨ ᠬᠤᠭᠤᠴᠠᠭ᠎ᠠ ᠶᠢ ᠴᠢᠩᠭ᠎ᠠ ᠠᠳᠬᠤᠵᠤ᠂ | ᠪᠠᠶᠢᠳᠠᠯ ᠢ ᠦᠨᠳᠦᠰᠦᠯᠡᠨ ᠠᠷᠭ᠎ᠠ ᠰᠦᠪᠡᠭᠴᠢᠯᠡᠵᠦ᠂ ᠪᠠᠶᠢᠳᠠᠯ ᠢ ᠲᠠᠭᠠᠨ ᠠᠵᠢᠯᠯᠠᠵᠤ᠂ ᠠᠰᠢᠭᠲᠠᠢ ᠪᠠᠶᠢᠳᠠᠯ ᠢ | ᠠᠮᠵᠢᠨ ᠤᠷᠤᠭᠰᠢᠯᠠᠵᠤ᠂ ᠴᠢᠨᠠᠷ ᠰᠠᠶᠢᠲᠠᠢ ᠬᠥᠭᠵᠢᠯᠲᠡ ᠶᠢ ᠭᠦᠢᠴᠡᠵᠦ ᠳᠠᠪᠠᠵᠤ ᠭᠠᠷᠬᠤ ᠶᠢ ᠪᠦᠬᠦ | ᠬᠦᠴᠦᠨ ᠢᠶᠠᠷ ᠢᠶᠠᠨ ᠪᠡᠶᠡᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠶᠡᠷᠦᠩᠬᠡᠶ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠵᠢᠱᠢᠭᠰᠡᠨ ᠬᠠᠷᠠᠯᠲᠠ ᠶᠢ ᠪᠡᠶᠡᠯᠡᠭᠦᠯᠵᠦ᠂ ᠵᠠᠰᠠᠭ ᠤᠨ | ᠣᠷᠳᠣᠨ ᠤ ᠠᠵᠢᠯ ᠢ ᠰᠠᠶᠢᠲᠤᠷ ᠬᠢᠵᠦ᠂ ᠪᠥᠬᠦ ᠲᠣᠭᠤᠷᠢᠭ ᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ | ᠬᠥᠭᠵᠢᠯᠲᠡ ᠶᠢ ᠠᠬᠢᠭᠤᠯᠬᠤ ᠳᠤ ᠪᠢᠳᠡ ᠳᠣᠤᠷᠠᠬᠢ ᠳᠥᠷᠪᠡᠨ ᠲᠠᠯ᠎ᠠ ᠶᠢ ᠰᠠᠶᠢᠲᠤᠷ ᠡᠵᠡᠮᠳᠡᠬᠦ ᠬᠡᠷᠡᠭᠲᠡᠶ᠄ | — ᠡᠷᠬᠡᠪᠰᠢ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠤᠯᠤᠰ ᠲᠦᠷᠦ ᠶᠢᠨ ᠴᠢᠭᠯᠡᠯ ᠢ ᠣᠨᠣᠪᠴᠢᠲᠠᠢ | ᠡᠵᠡᠮᠳᠡᠬᠦ ᠬᠡᠷᠡᠭᠲᠡᠢ᠃ ︽ᠳᠥᠷᠪᠡᠨ ᠤᠬᠠᠮᠰᠠᠷ︾ ᠢᠶᠠᠨ ᠦᠷᠭᠦᠯᠵᠢᠯᠡᠨ ᠴᠢᠩᠭᠠᠳᠬᠠᠵᠤ᠂ ︽ᠳᠥᠷᠪᠡᠨ ᠢᠲᠡᠭᠡᠯ︾ | ᠢᠶᠠᠨ ᠪᠠᠲᠤᠳᠬᠠᠵᠤ᠂ ︽ᠬᠤᠶᠠᠷ ᠢ ᠲᠣᠭᠲᠠᠭᠠᠬᠤ︾ ᠶᠢ ᠦᠨᠡᠨᠴᠢ ᠪᠠᠷ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ | ᠶᠢ ᠡᠷᠡᠰ ᠪᠡᠶᠡᠯᠡᠭᠦᠯᠵᠦ᠂ ︽ᠤᠯᠤᠰ ᠲᠥᠷᠥ ᠶᠢᠨ ᠭᠤᠷᠪᠠᠨ ᠬᠦᠴᠦᠨ︾ ᠢ ᠪᠥᠬᠦ ᠲᠠᠯ᠎ᠠ ᠪᠠᠷ ᠲᠤᠭᠤᠰᠢᠯᠠᠭᠤᠯᠵᠤ᠂ | ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠡᠷᠡᠰ | ᠪᠡᠶᠡᠯᠡᠭᠦᠯᠵᠦ᠂ ᠪᠤᠭᠤᠲᠤ ᠶᠢᠨ ︽ᠨᠢᠭᠡ ᠰᠢᠨ᠎ᠡ ᠶᠢ ᠡᠭᠦᠳᠴᠦ᠂ ᠭᠤᠷᠪᠠ ᠶᠢ ᠪᠡᠶᠡᠯᠡᠭᠦᠯᠬᠦ︾ ᠴᠢᠬᠤᠯᠠ ᠵᠢᠭᠠᠪᠤᠷᠢ ᠶᠢ | ᠦᠨᠡᠨᠴᠢ ᠰᠢᠳᠤᠷᠭᠤ ᠪᠠᠷ ᠦᠢᠯᠡᠳᠦᠯᠭᠡᠵᠢᠭᠦᠯᠵᠦ᠂ ᠵᠠᠰᠠᠭ ᠤᠨ ᠣᠷᠳᠣᠨ ᠤ ᠠᠵᠢᠯ ᠤᠨ ᠢᠮᠠᠭᠲᠠ ᠵᠥᠪ ᠤᠯᠤᠰ | ᠲᠥᠷᠥ ᠶᠢᠨ ᠴᠢᠭᠯᠡᠯ ᠢᠶᠠᠷ ᠤᠷᠤᠭᠰᠢᠯᠠᠬᠤ ᠶᠢ ᠦᠨᠡᠨ ᠬᠦ ᠪᠠᠲᠤᠯᠠᠨ᠎ᠠ᠃ | — ᠡᠷᠬᠡᠪᠰᠢ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ︽ᠬᠤᠶᠠᠷ ᠰᠢᠨ᠎ᠡ︾ ᠶᠢᠨ | ᠤᠳᠤᠷᠢᠳᠤᠮᠵᠢ ᠶᠢ ᠲᠤᠪᠤᠶᠢᠯᠭᠠᠬᠤ ᠬᠡᠷᠡᠭᠲᠡᠢ᠃ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠵᠠᠰᠠᠭ ᠤᠨ | ᠣᠷᠳᠣᠨ ᠤ ᠠᠵᠢᠯ ᠤᠨ ᠪᠦᠬᠦ ᠶᠠᠪᠤᠴᠠ ᠳᠤ ᠲᠤᠤᠱᠯᠠᠭᠤᠯᠵᠤ᠂ ᠬᠥᠭᠵᠢᠯᠲᠡ ᠶᠢᠨ ᠲᠡᠷᠢᠭᠦᠨ ᠴᠢᠬᠤᠯᠠ ᠡᠭᠦᠷᠭᠡ ᠶᠢ | ᠪᠠᠷᠢᠮᠲᠠᠯᠠᠵᠤ᠂ ᠡᠷᠴᠢᠮᠵᠢᠭᠦᠯᠦᠨ ᠠᠷᠪᠢᠯᠠᠬᠤ ᠣᠶᠢᠯᠠᠭᠠᠭᠳᠠᠬᠤᠨ ᠢ ᠪᠠᠷᠢᠮᠲᠠᠯᠠᠵᠤ᠂ ᠮᠦ ᠪᠦᠷᠢ ᠶᠢᠨ ᠳᠤᠮᠳᠠᠴᠢ ᠦᠷ᠎ᠡ | ᠠᠰᠢᠭ ᠢᠶᠠᠷ ᠬᠦᠳᠦᠯᠦᠨ ᠳᠠᠭᠠᠭᠤᠯᠬᠤ ᠶᠢ ᠪᠠᠷᠢᠮᠲᠠᠯᠠᠵᠤ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ | ᠭᠠᠳᠠᠭᠰᠢᠯᠠᠭᠤᠯᠬᠤ ᠪᠠᠷ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠵᠤ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ | ᠪᠣᠭᠤᠮᠢ ᠶᠢ ᠡᠪᠳᠡᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠳᠠᠪᠠᠭᠤᠯᠢᠭ ᠢ ᠪᠤᠶᠢᠵᠢᠭᠤᠯᠵᠤ | ᠂ ᠨᠡᠭᠡᠭᠡᠯᠳᠠ ᠶᠢ ᠥᠷᠭᠡᠳᠬᠡᠬᠦ ᠪᠠᠷ ᠰᠠᠨᠠᠭᠠᠴᠢᠯᠠᠭᠠᠲᠤ ᠡᠷᠬᠡ ᠶᠢ ᠣᠯᠵᠤ᠂ ᠬᠤᠳᠠᠯᠳᠤᠭ᠎ᠠ ᠡᠵᠡᠩᠨᠡᠬᠦ ᠣᠷᠴᠢᠨ | ᠲᠣᠭᠤᠷᠢᠨ ᠢ ᠰᠢᠯᠢᠳᠡᠭᠵᠢᠭᠦᠯᠬᠦ ᠪᠠᠷ ᠡᠯᠧᠮᠧᠨ᠋ᠲ ᠢ ᠬᠤᠷᠠᠮᠳᠤᠭᠤᠯᠵᠤ᠂ ᠤᠯᠠᠨ ᠦᠢᠯᠡᠰ ᠢ ᠵᠡᠷᠭᠡᠪᠡᠷ | ᠤᠷᠤᠭᠰᠢᠯᠠᠭᠤᠯᠬᠤ᠂ ᠤᠯᠠᠨ ᠴᠡᠭ ᠢᠶᠠᠷ ᠲᠤᠯᠭᠠᠭᠤᠷᠢᠯᠠᠭᠤᠯᠬᠤ᠂ ᠤᠯᠠᠨ ᠡᠰᠢᠴᠢᠯᠡᠨ ᠬᠥᠭᠵᠢᠭᠰᠡᠨ ᠴᠢᠨᠠᠷ ᠰᠠᠶᠢᠲᠠᠢ | ᠤᠳᠤ ᠦᠶ᠎ᠡ ᠶᠢᠨ ᠠᠵᠤ ᠦᠢᠯᠡᠰ ᠤᠨ ᠰᠢᠨ᠎ᠡ ᠪᠠᠶᠢᠷᠢᠰᠢᠯ ᠢ ᠲᠦᠷᠭᠡᠨ ᠪᠤᠢ ᠪᠣᠯᠭᠠᠨ᠎ᠠ᠃ | — ᠡᠷᠬᠡᠪᠰᠢ ᠠᠷᠠᠳ ᠲᠦᠮᠡᠨ ᠢ ᠲᠡᠷᠢᠭᠦᠨ ᠪᠠᠶᠢᠷᠢᠨ ᠳᠤ ᠲᠠᠯᠪᠢᠵᠤ᠂ ᠤᠭ ᠰᠠᠨᠠᠭ᠎ᠠ ᠡᠭᠦᠷᠭᠡ | ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠬᠦ ᠬᠡᠷᠡᠭᠲᠡᠢ᠃ ᠠᠷᠠᠳ ᠲᠦᠮᠡᠨ ᠤ ᠰᠡᠳᠬᠢᠯ ᠬᠠᠨᠤᠮᠵᠢᠲᠠᠢ ᠪᠠᠶᠢᠬᠤ ᠶᠢ | ᠵᠠᠰᠠᠭ ᠤᠨ ᠣᠷᠳᠣᠨ ᠤ ᠠᠵᠢᠯ ᠤᠨ ᠬᠠᠷᠠᠯᠲᠠ ᠶᠢᠨ ᠬᠠᠨᠳᠤᠰᠢ ᠪᠣᠯᠭᠠᠵᠤ᠂ ᠦᠷᠳᠡᠭ ᠤᠨ ᠬᠥᠭᠡᠭᠡᠴᠡᠯᠳᠦᠯ ᠪᠣᠯᠭᠠᠵᠤ᠂ | ᠰᠢᠨ᠎ᠡ ᠪᠠᠷ ᠨᠡᠮᠡᠭᠳᠡᠭᠰᠡᠨ ᠡᠳ᠋ ᠤᠨ ᠬᠦᠴᠦᠨ ᠢ ᠠᠷᠠᠳ ᠤᠨ ᠠᠮᠢᠳᠤᠷᠠᠯ ᠤᠨ ᠦᠢᠯᠡᠰ ᠲᠤ ᠨᠡᠩ ᠢᠯᠡᠭᠦᠦ ᠬᠡᠷᠡᠭᠯᠡᠵᠦ | ᠂ ᠠᠷᠭ᠎ᠠ ᠪᠦᠬᠦᠨ ᠢ ᠰᠦᠪᠡᠭᠴᠢᠯᠡᠨ ᠠᠷᠠᠳ ᠤᠨ ᠠᠮᠢᠳᠤᠷᠠᠯ ᠤᠨ ᠳᠤᠲᠠᠭᠤᠳᠠᠯ ᠢ ᠨᠥᠬᠦᠪᠥᠷᠢᠯᠡᠵᠦ᠂ ᠤᠯᠠᠨ ᠠᠷᠭ᠎ᠠ | ᠬᠡᠮᠵᠢᠶ᠎ᠡ ᠶᠢ ᠵᠡᠷᠭᠡ ᠪᠠᠷ ᠬᠡᠷᠡᠭᠯᠡᠨ ᠬᠠᠮᠲᠤᠪᠠᠷ ᠴᠢᠨᠡᠭᠡᠯᠢᠭᠵᠢᠬᠦ ᠶᠢ ᠠᠬᠢᠭᠤᠯᠵᠤ᠂ ᠤᠯᠠᠨ ᠲᠦᠮᠡᠨ ᠤ ᠪᠠᠴᠢᠮᠳᠠᠵᠤ | ᠬᠦᠴᠢᠷᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠬᠠᠶᠢᠷ᠎ᠠ ᠰᠡᠳᠬᠢᠯᠭᠡ ᠲᠠᠢ ᠪᠠᠷ ᠬᠦᠴᠦᠯᠡᠨ ᠰᠠᠶᠢᠲᠤᠷ | ᠰᠢᠢᠳᠪᠦᠷᠢᠯᠡᠵᠦ᠂ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ | ᠲᠦᠷᠦᠭᠳᠡᠯ ᠢ ᠨᠡᠩ ᠲᠡᠭᠦᠯᠳᠡᠷ᠂ ᠨᠡᠩ ᠪᠠᠲᠤᠯᠠᠭ᠎ᠠ ᠲᠠᠢ᠂ ᠨᠡᠩ ᠦᠷᠭᠦᠯᠵᠢᠯᠡᠬᠦ ᠪᠣᠯᠭᠠᠬᠤ ᠬᠡᠷᠡᠭᠲᠡᠢ᠃ | —ᠡᠷᠬᠡᠪᠰᠢ ︽ᠰᠡᠳᠬᠢᠬᠦᠢ ᠲᠠᠢ ᠪᠠᠶᠢᠬᠤ︾᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠃ | ᠨᠠᠶᠢᠳᠠᠪᠤᠷᠢᠵᠢᠭᠤᠯᠤᠯᠲᠠ ᠶᠢ ᠠᠳᠬᠤᠬᠤ ᠶᠢ ᠵᠠᠰᠠᠭ ᠤᠨ ᠣᠷᠳᠣᠨ ᠤ ᠠᠵᠢᠯ ᠤᠨ ᠠᠮᠢᠨ ᠰᠤᠳᠠᠰᠤ ᠪᠣᠯᠭᠠᠵᠤ᠂ | ᠳᠠᠩᠰᠠ ᠮᠡᠳᠡᠭᠦᠯᠬᠦ ᠤᠬᠠᠮᠰᠠᠷ᠂ ᠦᠷ᠎ᠡ ᠪᠦᠲᠦᠭᠡᠯ ᠤᠨ ᠤᠬᠠᠮᠰᠠᠷ ᠢ ᠴᠢᠩᠭᠠᠳᠬᠠᠵᠤ᠂ ᠲᠡᠷᠢᠭᠦᠨ ᠳᠤ ᠣᠷᠣᠬᠤ ᠪᠠᠷ | ᠲᠡᠮᠡᠴᠡᠬᠦ ᠪᠠᠷᠢᠮᠵᠢᠶ᠎ᠠ ᠶᠢᠨ ᠱᠠᠭᠠᠷᠳᠠᠯᠭ᠎ᠠ ᠶᠢ ᠪᠤᠢ ᠪᠣᠯᠭᠠᠵᠤ᠂ ︽ᠲᠠᠶᠢᠯᠬᠤ︾ ᠬᠠᠷᠠᠴᠠ ᠪᠠᠷ ᠠᠰᠠᠭᠤᠳᠠᠯ ᠢ | ᠢᠯᠡᠷᠡᠭᠦᠯᠵᠦ᠂ ︽ᠲᠠᠶᠢᠯᠬᠤ︾ ᠠᠷᠭ᠎ᠠ ᠪᠠᠷᠢᠯ ᠢᠶᠠᠷ ᠠᠰᠠᠭᠤᠳᠠᠯ ᠢ ᠰᠢᠢᠳᠪᠦᠷᠢᠯᠡᠵᠦ᠂ ︽ᠲᠠᠶᠢᠯᠬᠤ︾ ᠰᠥᠰᠥ | ᠵᠣᠷᠢᠭ᠂ ︽ᠴᠢᠳᠠᠮᠠᠭᠠᠢ ᠪᠠᠷ ᠰᠢᠢᠳᠪᠦᠷᠢᠯᠡᠬᠦ︾ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ︽ᠵᠠᠪᠠᠯ | ᠰᠢᠢᠳᠪᠦᠷᠢᠯᠡᠬᠦ︾ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠴᠢᠨᠠᠷ ᠰᠠᠶᠢᠲᠠᠢ ᠬᠥᠭᠵᠢᠯᠲᠡ ᠶᠢ ᠬᠢᠵᠠᠭᠠᠷᠯᠠᠵᠤ ᠪᠠᠶᠢᠭ᠎ᠠ | ᠪᠣᠭᠤᠮᠢ ᠪᠣᠯᠤᠨ ᠬᠦᠴᠢᠷ ᠠᠰᠠᠭᠤᠳᠠᠯ ᠢ ᠦᠨᠡᠨᠬᠦ ᠰᠢᠢᠳᠪᠦᠷᠢᠯᠡᠬᠦ ᠬᠡᠷᠡᠭᠲᠡᠢ᠃ |