ᠭᠤᠷᠪᠠ᠂ 2023 ᠣᠨ ᠤ ᠭᠤᠣᠯ ᠠᠵᠢᠯ ᠡᠭᠦᠷᠭᠡ | ᠲᠥᠯᠥᠭᠡᠯᠡᠭᠴᠢᠳ ᠡ᠂ ᠵᠢᠱᠢᠯᠲᠡ ᠶᠢᠨ ᠴᠢᠨᠠᠷᠲᠠᠶ ᠭᠦᠢᠴᠡᠳᠬᠡᠬᠦ ᠲᠤᠭ᠎ᠠ ᠶᠢ ᠪᠡᠶᠡᠯᠡᠭᠦᠯᠬᠦ ᠳᠤ ᠥᠨᠳᠥᠷ | ᠲᠦᠪᠰᠢᠨ ᠳᠤ ᠬᠦᠷᠴᠦ᠂ ᠬᠢᠵᠠᠭᠠᠷᠯᠠᠬᠤ ᠴᠢᠨᠠᠷᠲᠠᠶ ᠭᠦᠢᠴᠡᠳᠬᠡᠬᠦ ᠲᠤᠭ᠎ᠠ ᠶᠢ ᠪᠡᠶᠡᠯᠡᠭᠦᠯᠬᠦ ᠳᠤ ᠳᠠᠷᠤᠯᠲᠠ ᠬᠦᠨᠳᠦ | ᠡᠭᠦᠷᠭᠡ ᠶᠢ ᠡᠭᠦᠷᠭᠡᠯᠡᠬᠦ ᠬᠡᠷᠡᠭᠲᠡᠶ᠃ ᠰᠢᠨ᠎ᠡ ᠨᠢᠭᠡ ᠵᠢᠯ ᠳᠤ᠂ ᠪᠢᠳᠡ ᠳᠠᠷᠤᠯᠲᠠ ᠶᠢ ᠲᠤᠯᠵᠤ᠂ ᠲᠣᠭᠲᠤᠴᠠ | ᠬᠦᠴᠦᠨ ᠢᠶᠠᠨ ᠪᠠᠲᠤᠯᠠᠵᠤ᠂ ᠠᠮᠢᠵᠢᠷᠠᠯ ᠤᠨ ᠬᠦᠴᠦᠨ ᠢᠶᠠᠨ ᠬᠥᠭᠵᠢᠭᠡᠵᠦ᠂ ᠭᠦᠢᠴᠡᠳᠬᠡᠬᠦ ᠬᠦᠴᠦᠨ ᠢᠶᠠᠨ ᠴᠢᠩᠭ᠎ᠠ | ᠠᠳᠬᠤᠵᠤ᠂ ᠪᠦᠬᠦ ᠵᠢᠯ ᠤᠨ ᠬᠠᠷᠠᠯᠲᠠ ᠡᠭᠦᠷᠭᠡ ᠪᠠᠨ ᠴᠢᠷᠮᠠᠶᠢᠨ ᠪᠡᠶᠡᠯᠡᠭᠦᠯᠬᠦ ᠬᠡᠷᠡᠭᠲᠡᠢ᠃ ᠳᠣᠣᠷᠠᠬᠢ ᠲᠤᠯᠤᠭᠠᠨ | ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠨ᠎ᠠ᠄ | ︵ᠨᠢᠭᠡ︶ ᠳᠥᠰᠦᠯ ᠤᠨ ᠲᠤᠯᠭᠠᠭᠤᠷᠢᠯᠠᠯ ᠢ ᠴᠢᠩᠭᠠᠳᠬᠠᠵᠤ᠂ ᠠᠵᠤ ᠠᠬᠤᠢ ᠶᠢᠨ ᠬᠥᠭᠵᠢᠯᠲᠡ ᠶᠢᠨ ᠰᠢᠨ᠎ᠡ | ᠬᠥᠳᠡᠯᠭᠡᠭᠦᠷ ᠢ ᠨᠣᠴᠣᠭᠠᠨ᠎ᠠ | ᠨᠢᠭᠡ ᠳᠤ᠂ ᠤᠯᠠᠨ ᠤ ᠤᠬᠠᠭᠠᠨ ᠬᠠᠮᠲᠤ ᠶᠢᠨ ᠬᠦᠴᠦᠨ ᠢᠶᠠᠷ ᠠᠷᠠᠯᠵᠢᠶᠠᠴᠢᠨ ᠤᠷᠢᠬᠤ ᠶᠢ ᠠᠳᠬᠤᠨ᠎ᠠ᠃ | ᠠᠷᠠᠯᠵᠢᠶᠠᠴᠢᠨ ᠤᠷᠢᠵᠤ ᠪᠡᠯᠡ ᠣᠷᠣᠭᠤᠯᠬᠤ ︽ᠨᠢᠭᠡᠳᠦᠭᠡᠷ ᠨᠣᠮᠧᠷᠲᠤ ᠢᠨᠵᠧᠨᠧᠷᠢᠩ︾ ᠢ ᠦᠷᠭᠦᠯᠵᠢᠯᠡᠨ | ᠬᠡᠷᠡᠭᠵᠢᠭᠦᠯᠵᠦ᠂ 10 ᠵᠦᠢᠯ ᠤᠨ ᠠᠵᠤ ᠦᠢᠯᠡᠰ ᠤᠨ ᠬᠡᠯᠬᠢᠶ᠎ᠡ ᠶᠢᠨ ᠲᠣᠭᠤᠷᠢᠨ ᠳᠤ ︽ᠠᠷᠠᠯᠵᠢᠶᠠᠴᠢᠨ ᠤᠷᠢᠬᠤ | ᠵᠢᠷᠤᠭ ᠤᠨ ᠵᠢᠭᠰᠠᠯ︾ ᠳᠤ ᠵᠠᠰᠠᠪᠤᠷᠢ ᠣᠷᠣᠭᠤᠯᠵᠤ᠂ ᠪᠡᠯᠡ ᠣᠷᠣᠭᠤᠯᠤᠯᠲᠠ ᠶᠢᠨ ᠬᠦᠴᠦᠯᠡᠴᠡ᠂ ᠰᠢᠨᠵᠢᠯᠡᠬᠦ | ᠤᠬᠠᠭᠠᠨ ᠮᠡᠷᠭᠡᠵᠢᠯ ᠤᠨ ᠠᠭᠤᠯᠤᠭᠳᠠᠴᠠ᠂ ᠮᠦ ᠪᠦᠷᠢ ᠶᠢᠨ ᠳᠤᠮᠳᠠᠴᠢ ᠭᠠᠷᠤᠯᠲᠠ ᠵᠡᠷᠭᠡ ᠵᠠᠩᠭᠢᠯᠠᠭ᠎ᠠ ᠶᠢᠨ | ᠭᠦᠢᠴᠡᠳᠬᠡᠯ ᠲᠤᠭ᠎ᠠ ᠶᠢ ᠴᠢᠩᠭ᠎ᠠ ᠠᠩᠬᠠᠷᠴᠤ᠂ ᠬᠤᠳᠠᠯᠳᠤᠭᠠᠴᠢᠨ ᠢ ᠰᠣᠩᠭᠤᠨ ᠪᠡᠯᠡ ᠮᠥᠩᠭᠦ ᠰᠣᠩᠭᠤᠵᠤ᠂ | ᠳᠠᠭᠠᠭᠤᠯᠤᠭᠴᠢ ᠠᠵᠤ ᠠᠬᠤᠶᠢᠯᠠᠯ᠂ ᠬᠤᠯᠪᠣᠭᠳᠠᠬᠤ ᠠᠵᠤ ᠦᠢᠯᠡᠰ ᠪᠠ ᠡᠭᠦᠰᠦᠮᠡᠯ ᠳᠥᠰᠦᠯ ᠳᠤ ᠴᠢᠭᠯᠡᠭᠦᠯᠦᠨ᠂ | ᠠᠵᠤ ᠦᠢᠯᠡᠰ ᠤᠨ ᠬᠡᠯᠬᠢᠶ᠎ᠡ᠂ ᠰᠢᠨ᠎ᠡ ᠶᠢ ᠡᠭᠦᠳᠬᠦ ᠬᠡᠯᠬᠢᠶ᠎ᠡ᠂ ᠬᠥᠷᠥᠩᠭᠡ ᠶᠢᠨ ᠬᠡᠯᠬᠢᠶ᠎ᠡ ᠪᠠᠷ ᠬᠤᠳᠠᠯᠳᠤᠭᠠᠴᠢᠨ | ᠤᠷᠢᠬᠤ ᠶᠢ ᠪᠥᠬᠦ ᠲᠠᠯ᠎ᠠ ᠪᠠᠷ᠂ ᠥᠷᠭᠡᠨ ᠬᠦᠷᠢᠶ᠎ᠡ ᠴᠠᠷᠠᠭ᠎ᠠ ᠪᠠᠷ᠂ ᠣᠯᠠᠨ ᠠᠷᠭ᠎ᠠ ᠵᠠᠮ ᠢᠶᠠᠷ ᠥᠷᠨᠢᠭᠦᠯᠵᠦ᠂ ︽ | ᠭᠤᠷᠪᠠᠨ 500 ᠬᠦᠴᠦᠷᠬᠡᠭ︾ ᠢ ᠣᠷᠣᠭᠤᠯᠤᠨ ᠠᠪᠴᠢᠷᠠᠵᠤ᠂ ᠵᠠᠬ᠎ᠠ ᠳᠡᠯᠭᠡᠭᠦᠷ ᠲᠤ ᠭᠠᠷᠤᠭᠰᠠᠨ ᠠᠵᠤ | ᠠᠬᠤᠶᠢᠯᠠᠯ ᠪᠠ ᠳᠥᠰᠦᠯ ᠤᠨ ᠳᠠᠭᠠᠭᠤᠯᠤᠭᠴᠢ 10 ᠠᠴᠠ ᠳᠡᠭᠡᠭᠰᠢ᠂ ᠰᠠᠭᠤᠷᠢᠰᠢᠭᠰᠠᠨ ᠪᠠᠯᠠ ᠣᠷᠣᠭᠤᠯᠤᠯᠲᠠ | ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠠᠵᠤ ᠦᠢᠯᠡᠰ ᠤᠨ ᠳᠥᠰᠦᠯ 30 ᠠᠴᠠ ᠳᠡᠭᠡᠭᠰᠢ᠂ ᠭᠡᠷ᠎ᠡ | ᠲᠣᠭᠲᠠᠭᠰᠠᠨ ᠳᠥᠰᠦᠯ 140 ᠠᠴᠠ ᠳᠡᠭᠡᠭᠰᠢ ᠪᠠᠶᠢᠵᠤ᠂ ᠵᠥᠪᠳᠡᠯᠴᠡᠬᠡᠷ ᠤᠨ ᠵᠣᠭᠤᠰ ᠤᠨ ᠲᠤᠭ᠎ᠠ ᠶᠢ 1200 | ᠳ᠋ᠦᠩᠰᠢᠭᠤᠷ ᠲᠥᠭᠦᠷᠢᠭ ᠠᠴᠠ ᠳᠡᠭᠡᠭᠰᠢ ᠳᠤ ᠬᠦᠷᠦᠭᠦᠯᠦᠨ᠎ᠡ᠃ ᠪᠥᠬᠦ ᠠᠵᠢᠯᠲᠠᠨ ᠤ ᠬᠤᠳᠠᠯᠳᠤᠭᠠᠴᠢᠨ ᠤᠷᠢᠬᠤ | ᠣᠨᠣᠯᠵᠢᠬᠤᠨ ᠢ ᠴᠢᠩᠭᠠᠷᠠᠭᠤᠯᠵᠤ᠂ ᠬᠤᠳᠠᠯᠳᠤᠭᠠᠴᠢᠨ ᠤᠷᠢᠬᠤ ᠶᠢ ᠤᠷᠮᠠᠰᠢᠭᠤᠯᠬᠤ ᠲᠥᠷᠥ ᠶᠢᠨ ᠪᠣᠳᠣᠯᠭ᠎ᠠ ᠶᠢ | ᠠᠮᠢᠳᠤᠯᠢᠭ ᠬᠡᠷᠡᠭᠯᠡᠨ᠂ ᠬᠤᠳᠠᠯᠳᠤᠭᠠᠴᠢᠨ ᠤᠷᠢᠬᠤ ᠠᠵᠢᠯ ᠤᠨ ᠵᠠᠷᠤᠳᠠᠯ ᠢ ᠪᠠᠲᠤᠯᠠᠵᠤ᠂ ᠰᠠᠷ᠎ᠠ ᠪᠦᠷᠢ ᠨᠡᠪᠲᠡᠷᠡᠭᠦᠯᠬᠦ | ᠂ ᠤᠯᠠᠷᠢᠯ ᠢᠶᠠᠷ ᠵᠢᠭᠰᠠᠭᠠᠬᠤ᠂ ᠵᠢᠯ ᠤᠨ ᠡᠴᠦᠰ ᠲᠤ ᠲᠠᠩᠰᠠ ᠪᠤᠳᠤᠬᠤ ᠲᠦᠷᠢᠮ ᠢ ᠬᠡᠷᠡᠭᠵᠢᠭᠦᠯᠵᠦ᠂ ᠠᠳᠠᠯᠢᠳᠬᠠᠨ | ᠰᠤᠷᠤᠯᠴᠠᠵᠤ ᠬᠥᠭᠡᠭᠡᠵᠦ ᠭᠦᠢᠴᠡᠬᠦ ᠪᠠ ᠳᠠᠪᠠᠵᠤ ᠭᠠᠷᠬᠤ᠂ ᠲᠡᠷᠢᠭᠦᠨ ᠳᠤ ᠣᠷᠣᠬᠤ ᠪᠠᠷ ᠴᠢᠷᠮᠠᠶᠢᠬᠤ | ᠬᠤᠳᠠᠯᠳᠤᠭᠠᠴᠢᠨ ᠤᠷᠢᠬᠤ ᠠᠭᠤᠷ ᠠᠮᠢᠰᠬᠤᠯ ᠢ ᠪᠣᠶ ᠪᠣᠯᠭᠠᠨ᠎ᠠ᠃ | ᠬᠤᠶᠠᠷ ᠲᠤ ᠨᠠᠷᠢᠯᠢᠭ ᠣᠨᠣᠴᠠᠲᠠᠶ ᠪᠠᠷ ᠬᠦᠴᠦᠯᠡᠨ ᠴᠢᠷᠮᠠᠶᠢᠬᠤ ᠳᠥᠰᠦᠯ᠃ ᠳᠥᠰᠦᠯ ᠤᠨ ᠪᠦᠲᠦᠭᠡᠨ | ᠪᠠᠶᠢᠭᠤᠯᠤᠯᠲᠠ ᠶᠢ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠭᠤᠣᠯ ᠭᠠᠷᠳᠠᠴᠠ ᠪᠣᠯᠭᠠᠬᠤ ᠶᠢ ᠪᠠᠷᠢᠮᠲᠠᠯᠠᠵᠤ᠂ | ᠳᠥᠰᠦᠯ ᠢ ᠠᠬᠢᠭᠤᠯᠬᠤ ᠲᠥᠯᠥᠪᠯᠡᠭᠡ ᠶᠢ ᠲᠣᠭᠲᠠᠭᠠᠨ ᠲᠡᠭᠦᠯᠳᠡᠷᠵᠢᠭᠦᠯᠵᠦ᠂ ︽ᠵᠢᠷᠭᠤᠭᠠᠨ ᠨᠢᠭᠡ︾ ᠶᠢᠨ | ᠵᠣᠬᠢᠴᠠᠭᠤᠯᠤᠨ ᠠᠬᠢᠭᠤᠯᠬᠤ ᠲᠣᠭᠲᠠᠴᠠ ᠶᠢ ᠪᠥᠬᠦ ᠲᠠᠯ᠎ᠠ ᠪᠠᠷ ᠬᠡᠷᠡᠭᠵᠢᠭᠦᠯᠦᠨ᠂ ᠳᠥᠰᠦᠯ ᠢ ᠮᠡᠳᠡᠭᠦᠯᠦᠨ | ᠵᠥᠪᠰᠢᠶᠡᠷᠡᠭᠦᠯᠬᠦ᠂ ᠭᠠᠵᠠᠷ ᠰᠢᠷᠣᠶ ᠶᠢ ᠲᠠᠲᠠᠪᠤᠷᠢᠯᠠᠨ ᠨᠤᠷᠠᠭᠠᠬᠤ ᠵᠡᠷᠭᠡ ᠦᠢᠯᠡᠴᠢᠯᠡᠭᠡᠨ ᠤ ᠲᠤᠰᠬᠠᠶ ᠠᠩᠭᠢ ᠶᠢ | ᠵᠣᠬᠢᠶᠠᠨ ᠪᠠᠶᠢᠭᠤᠯᠵᠤ᠂ 4000 ᠮᠥ ᠲᠠᠷᠢᠶᠠᠯᠠᠩ ᠢ ᠬᠤᠪᠢᠷᠠᠭᠤᠯᠤᠨ ᠬᠡᠷᠡᠭᠯᠡᠬᠦ᠂ 2000 ᠮᠥ ᠣᠶᠢᠲᠤ ᠭᠠᠵᠠᠷ ᠢ | ᠬᠢᠨᠠᠨ ᠵᠥᠪᠰᠢᠶᠡᠷᠡᠬᠦ᠂ 2000 ᠲᠦᠮᠡᠨ ᠲᠣᠨ ᠤᠰᠤᠨ ᠤ ᠡᠷᠬᠡ ᠶᠢᠨ ᠭᠦᠢᠴᠡᠳᠬᠡᠯ ᠲᠤᠭ᠎ᠠ ᠶᠢ ᠴᠢᠷᠮᠠᠶᠢᠨ | ᠪᠡᠶᠡᠯᠡᠭᠦᠯᠵᠦ᠂ 846 ᠳ᠋ᠦᠩᠰᠢᠭᠤᠷ ᠲᠥᠭᠦᠷᠢᠭ ᠤᠨ ᠶᠡᠷᠦᠩᠬᠡᠶ ᠪᠠᠯᠠ ᠣᠷᠣᠭᠤᠯᠤᠯᠲᠠ ᠲᠠᠢ 68 ᠭᠤᠤᠯᠳᠠᠯᠭ᠎ᠠ ᠲᠠᠢ | ᠳᠥᠰᠦᠯ ᠢ 4 ᠳ᠋ᠦᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ ᠪᠦᠬᠦᠨ ᠢ ᠠᠵᠢᠯ ᠢᠶᠠᠨ ᠡᠬᠢᠯᠡᠭᠦᠯᠦᠨ ᠰᠡᠷᠭᠦᠭᠡᠬᠦ ᠶᠢ | ᠳᠥᠯᠭᠢᠨ ᠠᠬᠢᠭᠤᠯᠵᠤ᠂ ᠵᠢᠯ ᠤᠨ ᠳᠣᠲᠣᠷ᠎ᠠ 183.7 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ | ᠪᠡᠶᠡᠯᠡᠭᠦᠯᠵᠦ᠂ 10 ᠠᠴᠠ ᠳᠡᠭᠡᠭᠰᠢ ᠳᠥᠰᠦᠯ ᠢ ᠳᠠᠭᠤᠰᠬᠠᠨ᠎ᠠ᠃ ᠡᠭᠦᠨ ᠤ ᠬᠠᠮᠲᠤ᠂ ᠤᠯᠤᠰ ᠠᠴᠠ ᠣᠯᠭᠤᠭᠰᠠᠨ᠂ | ᠥᠪᠡᠷᠲᠡᠭᠡᠨ ᠵᠠᠰᠠᠬᠤ ᠣᠷᠣᠨ ᠤ ᠥᠮᠴᠢᠯᠡᠵᠦ ᠪᠠᠶᠢᠭ᠎ᠠ᠂ ᠵᠢᠦ ᠶᠤᠸᠠᠨ ᠤ ᠴᠢᠳᠠᠯ ᠤᠨ ᠬᠢᠷᠢ ᠪᠠᠷ ᠢᠶᠠᠨ | ᠨᠡᠶᠢᠯᠡᠯᠲᠡ ᠶᠢᠨ ᠴᠡᠭ ᠢ ᠣᠨᠣᠪᠴᠢᠲᠠᠶ ᠡᠷᠢᠨ ᠣᠯᠵᠤ᠂ ᠲᠥᠪ᠂ ᠥᠪᠡᠷᠲᠡᠭᠡᠨ ᠵᠠᠰᠠᠬᠤ ᠣᠷᠣᠨ ᠤ ᠲᠥᠷᠥ ᠶᠢᠨ | ᠪᠣᠳᠣᠯᠭ᠎ᠠ ᠶᠢᠨ ᠤᠳᠤᠷᠢᠳᠤᠮᠵᠢ᠂ ᠠᠵᠤ ᠦᠢᠯᠡᠰ ᠤᠨ ᠤᠳᠤᠷᠢᠳᠤᠮᠵᠢ᠂ ᠪᠡᠯᠡ ᠣᠷᠣᠭᠤᠯᠤᠯᠲᠠ ᠶᠢᠨ | ᠤᠳᠤᠷᠢᠳᠤᠮᠵᠢ ᠶᠢ ᠨᠡᠪᠲᠡᠷᠡᠲᠡᠯ᠎ᠡ ᠣᠶᠢᠯᠠᠭᠠᠵᠤ᠂ ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ ᠢ ᠵᠠᠪᠳᠤᠨ | ᠠᠳᠬᠤᠵᠤ᠂ ᠵᠠᠩᠭᠢᠯᠠᠭ᠎ᠠ ᠶᠢᠨ ᠬᠦᠷᠢᠶ᠎ᠡ ᠴᠠᠷᠠᠭ᠎ᠠ ᠳᠤ ᠠᠩᠬᠠᠷᠤᠯ ᠢᠶᠠᠨ ᠲᠥᠪᠯᠡᠷᠡᠭᠦᠯᠦᠨ᠂ ᠳᠥᠰᠦᠯ ᠤᠨ | ᠨᠥᠭᠡᠴᠡ ᠶᠢᠨ ᠬᠥᠮᠥᠷᠭᠡ ᠶᠢ ᠪᠣᠳᠠᠲᠠᠶᠢᠵᠢᠭᠤᠯᠤᠨ ᠰᠢᠯᠢᠳᠡᠭᠵᠢᠭᠦᠯᠵᠦ ᠣᠨᠣᠪᠴᠢᠲᠠᠶ ᠬᠢᠵᠦ᠂ ᠨᠢᠭᠡ ᠪᠦᠯᠦᠭ | ᠬᠥᠳᠡᠯᠭᠡᠬᠦ ᠬᠦᠴᠦᠨ ᠢᠶᠠᠷ ᠶᠡᠭᠡ᠂ ᠳᠠᠶᠢᠴᠢᠯᠠᠬᠤ ᠴᠢᠨᠠᠷ ᠢᠶᠠᠷ ᠴᠢᠩᠭ᠎ᠠ᠂ ᠶᠡᠷᠦᠩᠬᠡᠶᠢᠯᠡᠭᠰᠡᠨ ᠦᠷ᠎ᠡ ᠠᠰᠢᠭ ᠢᠶᠠᠷ | ᠰᠠᠶᠢᠨ ᠴᠢᠬᠤᠯᠠ ᠶᠡᠭᠡ ᠰᠠᠭᠤᠷᠢ ᠳᠥᠰᠦᠯ ᠪᠠ ᠴᠢᠨᠠᠷ ᠰᠠᠶᠢᠲᠠᠶ ᠠᠵᠤ ᠦᠢᠯᠡᠰ ᠤᠨ ᠳᠥᠰᠦᠯ ᠢ ᠨᠠᠷᠢᠨ ᠨᠢᠮᠪᠠᠶ | ᠲᠥᠯᠥᠪᠯᠡᠵᠦ᠂ ᠪᠣᠳᠠᠲᠠᠶᠢᠵᠢᠭᠤᠯᠤᠭᠰᠠᠨ ᠪᠠᠯᠠ ᠮᠥᠩᠭᠦ ᠶᠢ 20% ᠠᠴᠠ ᠳᠡᠭᠡᠭᠰᠢ ᠨᠡᠮᠡᠭᠳᠡᠭᠦᠯᠬᠦ ᠪᠠᠷ ᠴᠢᠷᠮᠠᠶᠢᠵᠤ᠂ | 20 ᠳ᠋ᠦᠩᠰᠢᠭᠤᠷ ᠲᠥᠭᠦᠷᠢᠭ ᠠᠴᠠ ᠳᠡᠭᠡᠭᠰᠢ ᠳᠤ ᠬᠦᠷᠦᠭᠦᠯᠬᠦ ᠪᠠᠷ ᠴᠢᠷᠮᠠᠶᠢᠵᠤ᠂ ᠳᠥᠰᠦᠯ ᠤᠨ ᠡᠮᠬᠢ ᠵᠢᠷᠤᠮ ᠲᠠᠢ | ᠣᠷᠣᠯᠠᠬᠤ᠂ ᠦᠷᠭᠦᠯᠵᠢᠯᠡᠨ ᠬᠥᠭᠵᠢᠬᠦ ᠶᠢ ᠦᠨᠡᠨᠬᠦ ᠪᠠᠲᠤᠯᠠᠬᠤ ᠬᠡᠷᠡᠭᠲᠡᠶ᠃ | ᠭᠤᠷᠪᠠ ᠳᠤ᠂ ᠪᠦᠬᠦ ᠬᠦᠴᠦᠨ ᠢᠶᠠᠷ ᠢᠶᠠᠨ ᠴᠢᠷᠮᠠᠶᠢᠵᠤ ᠪᠠᠶᠢᠭᠠᠳ ᠣᠷᠴᠢᠨ ᠲᠣᠭᠤᠷᠢᠨ ᠢ ᠰᠢᠯᠢᠳᠡᠭᠵᠢᠭᠦᠯᠦᠨ᠎ᠡ᠃ | ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠳᠠᠪᠬᠤᠴᠠᠭᠤᠯᠤᠨ ᠲᠠᠰ ᠳᠡᠪᠰᠢᠭᠦᠯᠬᠦ ᠶᠢ | ᠦᠷᠭᠦᠯᠵᠢᠯᠡᠨ ᠠᠬᠢᠭᠤᠯᠵᠤ᠂ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠲᠠᠩᠰᠠ ᠶᠢᠨ | ᠬᠠᠮᠢᠶᠠᠷᠤᠯᠲᠠ ᠶᠢ ᠬᠡᠷᠡᠭᠵᠢᠭᠦᠯᠦᠨ᠂ 112 ᠵᠦᠢᠯ ᠤᠨ ︽ᠨᠢᠭᠡ ᠯᠡ ᠤᠳᠠᠭ᠎ᠠ ᠳᠤ ᠬᠦᠢᠴᠡᠳᠭᠡᠬᠦ︾ ᠵᠦᠢᠯᠡᠰ ᠢ | ᠭᠦᠢᠴᠡᠳᠭᠡᠬᠦ ᠠᠷᠭ᠎ᠠ ᠵᠠᠮ ᠢ ᠪᠥᠬᠦ ᠲᠠᠯ᠎ᠠ ᠪᠠᠷ ᠨᠡᠪᠲᠡᠷᠡᠭᠦᠯᠵᠦ᠂ ᠨᠠᠩ ᠣᠯᠠᠨ ᠵᠦᠢᠯᠡᠰ ᠢ ︽ᠦᠨᠡᠮᠯᠡᠯ ᠥᠬᠡᠶ ᠪᠠᠷ | ᠬᠦᠢᠴᠡᠳᠭᠡᠬᠦ︾ ︽ᠠᠯᠠᠭᠠᠨ ᠳᠡᠭᠡᠷ᠎ᠡ ᠠᠴᠠ ᠬᠦᠢᠴᠡᠳᠭᠡᠬᠦ︾ ᠶᠢ ᠪᠡᠶᠡᠯᠡᠭᠦᠯᠦᠨ᠂ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢᠨ ᠭᠦᠨᠵᠡᠭᠡᠶ ᠠᠭᠤᠰᠤᠯᠴᠠᠬᠤ ᠶᠢ | ᠠᠬᠢᠭᠤᠯᠵᠤ᠂ ᠰᠦᠯᠵᠢᠶᠡᠨ ᠳᠡᠭᠡᠷ᠎ᠡ ᠭᠦᠢᠴᠡᠳᠭᠡᠵᠦ ᠪᠣᠯᠬᠤ ᠵᠦᠢᠯᠡᠰ ᠢ ᠪᠦᠬᠦᠨ ᠢ ᠬᠠᠮᠤᠷᠬᠤ ᠶᠢ ᠪᠡᠶᠡᠯᠡᠭᠦᠯᠦᠨ᠎ᠡ᠃ | ︽ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ︾ ᠣᠶᠤᠨᠴᠢ ᠬᠢᠨᠠᠯᠲᠠ ᠬᠠᠮᠢᠶᠠᠷᠤᠯᠲᠠ ᠶᠢ | ᠭᠦᠨᠵᠡᠭᠡᠶᠢᠷᠡᠭᠦᠯᠵᠦ᠂ ᠠᠵᠤ ᠠᠬᠤᠶᠢᠯᠠᠯ ᠤᠨ ᠢᠲᠡᠭᠡᠮᠵᠢ ᠶᠢ ᠰᠡᠷᠭᠦᠭᠡᠬᠦ ᠲᠣᠭᠲᠠᠴᠠ ᠶᠢ ᠪᠦᠷᠢᠨᠰᠢᠬᠦᠯᠦᠨ | ᠲᠡᠭᠦᠯᠳᠡᠷᠵᠢᠭᠦᠯᠵᠦ᠂ ︽ᠵᠥᠭᠡᠯᠡᠨ ᠬᠠᠤᠯᠢ ᠬᠡᠷᠡᠭᠵᠢᠭᠦᠯᠬᠦ︾ ᠶᠢ ᠶᠡᠬᠡᠪᠡᠷ ᠬᠡᠷᠡᠭᠵᠢᠭᠦᠯᠦᠨ᠎ᠡ᠃ ᠠᠷᠠᠳ ᠤᠨ | ᠡᠵᠡᠩᠨᠡᠯᠲᠡ ᠶᠢᠨ ᠠᠵᠤ ᠠᠬᠤᠶᠢᠯᠠᠯ ᠤᠨ ᠬᠠᠤᠯᠢ ᠶᠣᠰᠣᠨ ᠤ ᠡᠷᠬᠡ ᠠᠰᠢᠭ ᠢ ᠪᠥᠬᠦ ᠬᠦᠴᠦᠨ ᠢᠶᠠᠷ ᠢᠶᠠᠨ | ᠬᠠᠮᠠᠭᠠᠯᠠᠵᠤ᠂ 12345 ᠬᠠᠯᠠᠮᠰᠢᠯ ᠤᠲᠠᠰᠤ ᠶᠢᠨ ᠠᠵᠤ ᠠᠬᠤᠶᠢᠯᠠᠯ ᠤᠨ ᠠᠰᠠᠭᠤᠳᠠᠯ ᠢ ᠲᠤᠰᠬᠠᠬᠤ ᠠᠷᠭ᠎ᠠ ᠵᠠᠮ ᠢ | ᠨᠡᠪᠲᠡᠷᠡᠭᠦᠯᠵᠦ᠂ ᠠᠵᠤ ᠠᠬᠤᠶᠢᠯᠠᠯ ᠳᠤ ᠬᠤᠯᠪᠣᠭᠳᠠᠭᠰᠠᠨ ᠬᠡᠷᠡᠭ ᠤᠨ ︽ᠰᠠᠭᠠᠳ ᠥᠬᠡᠶ ᠨᠡᠪᠲᠡᠷᠡᠬᠦ ᠵᠠᠮ︾ ᠢ | ᠨᠡᠭᠡᠭᠡᠵᠦ᠂ ︽ᠥᠪᠥᠷ ᠮᠣᠩᠭᠤᠯ ᠠᠵᠤ ᠠᠬᠤᠶᠢᠯᠠᠯ ᠢ ᠨᠡᠪᠲᠡᠷᠡᠭᠦᠯᠬᠦ︾ ᠠᠵᠤ ᠠᠬᠤᠶᠢᠯᠠᠯ ᠤᠨ ᠶᠡᠷᠦᠩᠬᠡᠶᠢᠯᠡᠭᠰᠡᠨ | ᠦᠢᠯᠡᠴᠢᠯᠡᠭᠡᠨ ᠤ ᠲᠠᠪᠴᠠᠩ ᠢ ᠳᠡᠯᠭᠡᠷᠡᠭᠦᠯᠦᠨ ᠬᠡᠷᠡᠭᠯᠡᠵᠦ᠂ ᠪᠥᠬᠦ ᠶᠠᠪᠤᠴᠠ ᠶᠢᠨ ᠮᠠᠶ᠋ᠢᠭ ᠤᠨ᠂ ᠮᠥᠷᠳᠡᠯᠲᠡ ᠶᠢᠨ | ᠮᠠᠶ᠋ᠢᠭ ᠤᠨ᠂ ᠬᠠᠮᠢᠶᠠᠷᠤᠭᠴᠢ ᠮᠠᠶ᠋ᠢᠭ ᠤᠨ ᠬᠠᠪᠰᠤᠷᠤᠨ ᠭᠦᠢᠴᠡᠳᠭᠡᠬᠦ ᠡᠵᠡᠨ ᠮᠡᠳᠡᠵᠦ ᠣᠷᠣᠯᠠᠨ ᠭᠦᠢᠴᠡᠳᠭᠡᠬᠦ | ᠦᠢᠯᠡᠴᠢᠯᠡᠭᠡ ᠶᠢ ᠬᠠᠩᠭᠠᠵᠤ᠂ ᠳᠣᠲᠣᠨᠣ ᠴᠢᠩ ᠤᠯᠤᠰ ᠤᠨ ᠵᠠᠰᠠᠭ ᠬᠤᠳᠠᠯᠳᠤᠭᠠᠨ ᠤ ᠬᠠᠷᠢᠴᠠᠭ᠎ᠠ ᠶᠢ ᠬᠦᠴᠦᠯᠡᠨ | ᠪᠠᠶᠢᠭᠤᠯᠤᠨ᠎ᠠ᠃ ᠭᠠᠶᠢᠯᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ᠂ ᠠᠵᠤ ᠠᠬᠤᠶᠢᠯᠠᠯ ᠢ ᠳᠡᠮᠵᠢᠨ ᠠᠵᠢᠯ ᠤᠨ | ᠪᠠᠶᠢᠷᠢ ᠶᠢ ᠲᠣᠭᠲᠠᠪᠤᠷᠢᠵᠢᠭᠤᠯᠬᠤ᠂ ᠮᠥᠩᠭᠦᠨ ᠭᠦᠢᠯᠭᠡᠭᠡᠨ ᠤ ᠳᠡᠮᠵᠢᠯᠭᠡ ᠦᠵᠡᠭᠦᠯᠬᠦ ᠵᠡᠷᠭᠡ ᠬᠦᠴᠢᠷᠳᠡᠯ ᠢ | ᠰᠢᠢᠳᠪᠤᠷᠢᠯᠡᠵᠣ ᠬᠦᠴᠢᠷᠳᠡᠯ ᠢ ᠰᠢᠢᠳᠪᠤᠷᠢᠯᠡᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠤᠯᠠᠮ ᠨᠢᠭᠡ | ᠠᠯᠬᠤᠮ ᠨᠠᠶᠢᠳᠠᠪᠤᠷᠢᠵᠢᠭᠤᠯᠵᠤ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠬᠥᠭᠵᠢᠯᠲᠡ ᠶᠢ ᠪᠥᠬᠦ | ᠬᠦᠴᠦᠨ ᠢᠶᠠᠷ ᠢᠶᠠᠨ ᠳᠡᠮᠵᠢᠵᠦ᠂ ᠳᠡᠭᠡᠳᠦ ᠬᠢᠵᠠᠭᠠᠷ ᠢ ᠬᠥᠮᠥᠷᠭᠡ ᠳᠤ ᠣᠷᠣᠭᠤᠯᠬᠤ ᠠᠵᠤ ᠠᠬᠤᠶᠢᠯᠠᠯ ᠢ 25 ᠠᠴᠠ | ᠳᠡᠭᠡᠭᠰᠢ ᠰᠢᠨ᠎ᠡ ᠪᠠᠷ ᠨᠡᠮᠡᠭᠳᠡᠭᠦᠯᠬᠦ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢ 3200 ᠠᠴᠠ ᠳᠡᠭᠡᠭᠰᠢ ᠰᠢᠨ᠎ᠡ ᠪᠠᠷ | ᠨᠡᠮᠡᠭᠳᠡᠭᠦᠯᠬᠦ ᠶᠢ ᠪᠤᠶᠢᠵᠢᠭᠤᠯᠤᠨ᠎ᠠ᠃ | ᠲᠥᠯᠥᠭᠡᠯᠡᠭᠴᠢᠳ ᠡ᠂ ᠪᠦᠲᠦᠮᠵᠢᠲᠡᠶ ᠪᠡᠯᠡ ᠣᠷᠣᠭᠤᠯᠤᠯᠲᠠ ᠶᠢ ᠥᠷᠭᠡᠳᠬᠡᠬᠦ ᠨᠢ ᠣᠳᠣᠬᠠᠨ ᠤ | ᠳᠤᠲᠠᠭᠤᠳᠠᠯ ᠢ ᠨᠥᠬᠦᠪᠥᠷᠢᠯᠡᠵᠦ᠂ ᠠᠵᠤ ᠠᠬᠤᠶ ᠶᠢᠨ ᠨᠡᠮᠡᠭᠳᠡᠯ ᠢ ᠲᠠᠶᠢᠴᠢᠯᠠᠵᠤ᠂ ᠨᠡᠩ ᠴᠤ ᠢᠷᠡᠭᠡᠳᠦᠶ ᠶᠢᠨ | ᠳᠠᠪᠠᠭᠤᠯᠢᠭ ᠢ ᠪᠤᠢ ᠪᠣᠯᠭᠠᠵᠤ᠂ ᠠᠯᠤᠰ ᠬᠡᠳᠤ ᠶᠢᠨ ᠬᠥᠭᠵᠢᠯᠲᠡ ᠶᠢ ᠲᠤᠯᠭᠠᠭᠤᠷᠢᠯᠠᠵᠤ ᠴᠢᠳᠠᠨ᠎ᠠ᠃ ᠪᠢᠳᠡ ︽ | ᠳᠥᠰᠦᠯ ᠢᠶᠠᠷ ᠭᠤᠣᠯ ᠪᠣᠯᠭᠠᠬᠤ︾ ᠤᠢᠢᠯᠠᠭᠠᠭᠳᠠᠬᠤᠨ ᠢ ᠪᠠᠷᠢᠮᠲᠠᠯᠠᠵᠤ᠂ ︽ᠳᠥᠰᠦᠯ ᠢ ᠶᠡᠬᠡᠪᠡᠷ ᠠᠳᠬᠤᠬᠤ᠂ | ᠲᠤᠮᠤ ᠳᠥᠰᠦᠯ ᠢ ᠠᠳᠬᠤᠬᠤ᠂ ᠠᠵᠤ ᠦᠢᠯᠡᠰ ᠤᠨ ᠳᠥᠰᠦᠯ ᠢ ᠴᠢᠩᠭ᠎ᠠ ᠠᠳᠬᠤᠬᠤ︾ ᠢᠯᠡ ᠲᠣᠳᠣ | ᠤᠳᠤᠷᠢᠳᠤᠮᠵᠢ ᠶᠢ ᠪᠤᠢ ᠪᠣᠯᠭᠠᠵᠤ᠂ ᠪᠦᠬᠦ ᠬᠦᠴᠦᠨ ᠢᠶᠠᠷ ᠢᠶᠠᠨ ᠪᠡᠯᠡ ᠣᠷᠣᠭᠤᠯᠤᠯᠲᠠ ᠶᠢ ᠥᠷᠭᠡᠳᠬᠡᠵᠦ᠂ ᠴᠢᠨᠠᠷ | ᠰᠠᠶᠢᠲᠠᠢ ᠬᠥᠭᠵᠢᠯᠲᠡ ᠳᠤ ᠰᠠᠭᠤᠷᠢ ᠶᠢ ᠪᠠᠲᠤᠳᠬᠠᠨ ᠲᠠᠪᠴᠠᠩ ᠪᠠᠶᠢᠭᠤᠯᠵᠤ᠂ ᠬᠦᠴᠦᠨ ᠢᠶᠠᠨ ᠬᠤᠷᠠᠮᠳᠤᠭᠤᠯᠤᠨ | ᠴᠢᠳᠠᠪᠤᠷᠢ ᠪᠠᠨ ᠨᠡᠮᠡᠭᠳᠡᠭᠦᠯᠬᠦ ᠪᠠᠷ ᠴᠢᠷᠮᠠᠶᠢᠬᠤ ᠬᠡᠷᠡᠭᠲᠡᠢ︕ | ︵ᠬᠤᠶᠠᠷ︶ ᠬᠦᠴᠦᠨ ᠢᠶᠠᠨ ᠲᠥᠪᠯᠡᠷᠡᠭᠦᠯᠦᠨ ᠠᠵᠤ ᠦᠢᠯᠡᠰ ᠤᠨ ᠲᠡᠰ ᠲᠡᠪᠰᠢᠯᠳᠠ ᠶᠢ ᠴᠢᠩᠭᠠᠳᠬᠠᠵᠤ᠂ | ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠳᠠᠪᠠᠭᠤᠯᠢᠭ ᠢ ᠴᠣᠭᠴᠠᠯᠠᠨ ᠪᠠᠶᠢᠭᠤᠯᠤᠨ᠎ᠠ | ᠨᠢᠭᠡ ᠳᠤ ᠭᠤᠣᠯᠯᠠᠬᠤ ᠠᠵᠤ ᠦᠢᠯᠡᠰ ᠤᠨ ᠥᠷᠢᠰᠥᠯᠳᠦᠬᠦ ᠬᠦᠴᠦᠨ ᠢ ᠳᠡᠭᠡᠭᠰᠢᠯᠡᠭᠦᠯᠦᠨ᠎ᠡ᠃ ᠶᠡᠷᠦᠩᠬᠡᠶ ᠪᠡᠯᠡ | ᠣᠷᠣᠭᠤᠯᠤᠯᠲᠠ ᠨᠢ 796 ᠳ᠋ᠦᠩᠰᠢᠭᠤᠷ ᠲᠥᠭᠦᠷᠢᠭ ᠤᠨ ᠲᠦᠷᠪᠡᠨ ᠶᠡᠭᠡ ᠵᠠᠭᠤᠨ ᠳ᠋ᠦᠩᠰᠢᠭᠤᠷ ᠤᠨ 30 | ᠰᠠᠭᠤᠷᠢᠨ ᠭᠠᠵᠠᠷ ᠤᠨ ᠪᠦᠳᠦᠭᠡᠨ ᠪᠠᠶᠢᠭᠤᠯᠤᠯᠲᠠ ᠶᠢᠨ ᠳᠥᠰᠦᠯ ᠢ ᠬᠡᠷᠡᠭᠵᠢᠭᠦᠯᠵᠦ᠂ ᠠᠵᠤ ᠦᠢᠯᠡᠳᠪᠦᠷᠢ ᠶᠢᠨ | ᠦᠢᠯᠡᠳᠬᠦᠨ ᠤ ᠦᠷᠳᠡᠭ ᠶᠢ 500 ᠳ᠋ᠦᠩᠰᠢᠭᠤᠷ ᠲᠥᠭᠦᠷᠢᠭ ᠶᠢ ᠳᠠᠪᠠᠭᠤᠯᠬᠤ ᠪᠠᠷ ᠴᠢᠷᠮᠠᠶᠢᠨ᠎ᠠ᠃ ᠰᠢᠨ᠎ᠡ | ᠡᠨᠧᠷᠭᠢ ᠶᠢᠨ ᠬᠠᠪᠲᠠᠭᠠᠶ ᠬᠡᠰᠡᠭ ᠤᠨ ᠪᠠᠲᠤᠯᠠᠭ᠎ᠠ ᠶᠢᠨ ᠪᠡᠯᠡ ᠣᠷᠣᠭᠤᠯᠤᠯᠲᠠ 86 ᠳ᠋ᠦᠩᠰᠢᠭᠤᠷ ᠲᠥᠭᠦᠷᠢᠭ ᠲᠤ | ᠬᠦᠷᠴᠦ᠂ ᠶᠡᠭᠡ ᠪᠦᠷᠢᠨ ᠣᠯᠠᠨ ᠲᠠᠯᠠᠰᠲᠤ ᠴᠠᠬᠢᠭᠤᠷ ᠤᠨ ᠨᠢᠭᠡᠳᠦᠭᠡᠷ ᠬᠤᠭᠤᠴᠠᠭᠠᠨ ᠤ ᠪᠠᠷᠢᠯᠭ᠎ᠠ ᠶᠢᠨ ᠠᠵᠢᠯ 3 | ᠰᠠᠷ᠎ᠠ ᠶᠢᠨ ᠰᠡᠭᠦᠯᠴᠢ ᠪᠠᠷ ᠠᠰᠢᠭᠯᠠᠯᠲᠠ ᠳᠤ ᠣᠷᠣᠪᠠ᠃ 129 ᠳ᠋ᠦᠩᠰᠢᠭᠤᠷ ᠲᠥᠭᠦᠷᠢᠭ ᠤᠨ ᠰᠢᠨ ᠭᠦᠸᠧ ᠷᠦᠩ | ᠹᠣᠰᠹᠣᠷ ᠬᠦᠴᠢᠯ ᠤᠨ ᠲᠡᠮᠦᠷ ᠯᠢᠲ᠋ᠢ ᠶᠢᠨ ᠪᠠᠯᠠ ᠣᠷᠣᠭᠤᠯᠤᠯᠲᠠ ᠶᠢ ᠡᠬᠢᠯᠡᠭᠦᠯᠵᠦ᠂ 93 ᠳ᠋ᠦᠩᠰᠢᠭᠤᠷ | ᠲᠥᠭᠦᠷᠢᠭ ᠤᠨ ᠪᠦᠷᠢᠨ ᠪᠦᠲᠦᠨ ᠣᠯᠠᠨ ᠲᠠᠯᠠᠰᠲᠤ ᠴᠠᠬᠢᠭᠤᠷ ᠤᠨ ᠬᠤᠶᠠᠳᠤᠭᠠᠷ ᠬᠤᠭᠤᠴᠠᠭ᠎ᠠ᠂ 92 ᠳ᠋ᠦᠩᠰᠢᠭᠤᠷ | ᠲᠥᠭᠦᠷᠢᠭ ᠤᠨ ᠶᠦᠩ ᠾᠧ ᠰᠢᠨ᠎ᠡ ᠡᠨᠧᠷᠭᠢ ᠶᠢᠨ ᠳ᠋ᠢᠶᠠᠨ ᠤᠤᠢ ᠮᠠᠲ᠋ᠧᠷᠢᠶᠠᠯ ᠤᠨ ᠪᠠᠯᠠ ᠣᠷᠣᠭᠤᠯᠤᠯᠲᠠ ᠶᠢ | ᠡᠬᠢᠯᠡᠭᠦᠯᠵᠦ᠂ 50 ᠳ᠋ᠦᠩᠰᠢᠭᠤᠷ ᠲᠥᠭᠦᠷᠢᠭ ᠤᠨ ᠯᠠᠶᠢᠰ ᠯᠢᠲ᠋ᠢ ᠶᠢᠨ ᠨᠡᠭᠦᠷᠡᠰᠦ ᠬᠦᠴᠢᠯ ᠤᠨ ᠯᠢᠲ᠋ᠢ ᠶᠢᠨ ᠪᠠᠯᠠ | ᠣᠷᠣᠭᠤᠯᠤᠯᠲᠠ ᠶᠢ ᠡᠬᠢᠯᠡᠭᠦᠯᠵᠦ᠂ 80 ᠳ᠋ᠦᠩᠰᠢᠭᠤᠷ ᠲᠥᠭᠦᠷᠢᠭ ᠤᠨ ᠪᠦᠷᠢᠨ ᠪᠦᠲᠦᠨ ᠬᠠᠭᠠᠰ ᠳᠠᠮᠵᠢᠭᠤᠯᠤᠭᠴᠢ | ᠣᠯᠠᠨ ᠲᠠᠯᠠᠰᠲᠤ ᠴᠠᠬᠢᠭᠤᠷ ᠤᠨ ᠪᠠᠯᠠ ᠣᠷᠣᠭᠤᠯᠤᠯᠲᠠ ᠶᠢᠨ ᠳᠥᠰᠦᠯ ᠢ ᠴᠠᠭ ᠲᠤᠨᠢ ᠳᠣᠭᠢᠷᠠᠭᠤᠯᠤᠨ ᠡᠬᠢᠯᠡᠭᠦᠯᠵᠦ᠂ | ᠬᠠᠪᠲᠠᠭᠠᠶ ᠬᠡᠰᠡᠭ ᠤᠨ ᠦᠢᠯᠡᠳᠭᠦᠨ ᠤ ᠥᠷᠲᠡᠭ 200 ᠳ᠋ᠦᠩᠰᠢᠭᠤᠷ ᠲᠥᠭᠦᠷᠢᠭ ᠢ ᠳᠠᠪᠠᠵᠤ᠂ 20 ᠳᠠᠬᠢᠨ ᠠᠴᠠ | ᠳᠡᠭᠡᠭᠰᠢ ᠨᠡᠮᠡᠭᠳᠡᠪᠡ᠃ ᠲᠤᠮᠤ ᠮᠣᠯᠧᠺᠦᠯᠲᠤ ᠰᠢᠨ᠎ᠡ ᠮᠠᠲ᠋ᠧᠷᠢᠶᠠᠯ ᠤᠨ ᠬᠡᠰᠡᠭ ᠲᠤ 171 ᠳ᠋ᠦᠩᠰᠢᠭᠤᠷ | ᠲᠥᠭᠦᠷᠢᠭ ᠤᠨ ᠪᠡᠯᠡ ᠣᠷᠣᠭᠤᠯᠤᠯᠲᠠ ᠶᠢ ᠠᠬᠢᠭᠤᠯᠵᠤ᠂ ᠤᠯᠤᠰ ᠤᠨ ᠡᠨᠧᠷᠭᠢ ᠶᠢᠨ ᠨᠡᠭᠦᠷᠡᠰᠦ ᠪᠠᠷ ᠠᠯᠺᠧᠨ | ᠦᠢᠯᠡᠳᠬᠦ ᠬᠤᠶᠠᠳᠤᠭᠠᠷ ᠬᠤᠭᠤᠴᠠᠭᠠᠨ ᠤ ᠪᠣᠳᠠᠲᠠᠢ ᠠᠵᠢᠯ ᠡᠬᠢᠯᠡᠭᠦᠯᠵᠦ᠂ ᠫᠦᠵᠢᠩ ᠤᠨ 3 ᠲᠦᠮᠡᠨ ᠲᠣᠨ P G | A ᠶᠢᠨ ᠬᠤᠯᠢᠮᠠᠭ ᠴᠢᠨᠠᠷ ᠢ ᠥᠭᠡᠷᠡᠴᠢᠯᠡᠬᠦ᠂ ᠵᠢᠤ ᠱᠧᠩ ᠤᠨ 1.4 ᠲᠦᠮᠡᠨ ᠲᠣᠨ ᠹᠠᠩ ᠯᠦᠨ ᠰᠢᠷᠬᠡᠭ ᠵᠡᠷᠭᠡ 4 | ᠳᠥᠰᠦᠯ ᠢ ᠡᠬᠢᠯᠡᠨ ᠪᠦᠳᠦᠭᠡᠨ ᠪᠠᠶᠢᠭᠤᠯᠵᠤ᠂ ᠭᠤᠸᠠᠩ ᠸᠧᠢ ᠨᠡᠭᠦᠷᠡᠰᠦᠲᠥ᠋ᠷᠥᠭᠴᠢ ᠶᠢᠨ ᠰᠢᠷᠬᠡᠭ᠂ ᠵᠦᠩ | ᠶᠤᠸᠠᠨ ᠤ ᠪᠥᠭᠡᠭᠡᠨᠡᠷᠡᠯ ᠡᠲ᠋ᠧᠨ ᠤ ᠪᠦᠷᠬᠦᠭᠦᠯ ᠤᠨ 2 ᠲᠦᠮᠡᠨ ᠲᠣᠨ ᠤ ᠲᠡᠰ ᠤᠨ ᠠᠵᠤ ᠦᠢᠯᠡᠰ ᠤᠨ ᠳᠥᠰᠦᠯ ᠢ | ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠰᠢᠨ᠎ᠡ ᠪᠠᠷ ᠨᠡᠮᠡᠭᠳᠡᠭᠰᠡᠨ ᠦᠢᠯᠡᠳᠬᠦᠨ ᠤ ᠦᠷᠳᠡᠭ 35 | ᠳ᠋ᠦᠩᠰᠢᠭᠤᠷ ᠲᠥᠭᠦᠷᠢᠭ ᠲᠤ ᠬᠦᠷᠴᠡᠢ᠃ ᠲᠡᠷᠢᠭᠦᠨ ᠤ ᠪᠣᠯᠣᠳ ᠲᠡᠮᠦᠷ ᠤᠨ ᠬᠠᠪᠲᠠᠭᠠᠶ ᠬᠡᠰᠡᠭ ᠤᠨ ᠪᠥᠲᠥᠭᠡᠨ | ᠪᠠᠶᠢᠭᠤᠯᠤᠯᠲᠠ ᠶᠢᠨ ᠮᠢᠩ ᠲᠦᠤᠤ ᠶᠢᠨ 80 ᠲᠦᠮᠡᠨ ᠲᠣᠨ ᠲᠡᠮᠦᠷ ᠤᠨ ᠡᠯᠧᠮᠧᠨ᠋ᠲ ᠤᠨ ᠵᠢᠪᠡᠷᠡᠬᠦ ᠥᠬᠡᠶ ᠪᠣᠯᠣᠳ᠂ | ᠵᠢᠦ ᠶᠣᠣ ᠬᠤᠶᠠᠳᠤᠭᠠᠷ ᠬᠤᠭᠤᠴᠠᠭᠠᠨ ᠤ 25 ᠲᠦᠮᠡᠨ ᠲᠣᠨ ᠤ ᠬᠤᠯᠬᠤᠪᠴᠢ ᠶᠢᠨ ᠴᠠᠭᠠᠷᠢᠭ ᠵᠡᠷᠭᠡ 4 | ᠳᠥᠰᠦᠯ ᠢ ᠡᠬᠢᠯᠡᠨ ᠪᠠᠶᠢᠭᠤᠯᠵᠤ᠂ ᠰᠢᠨ᠎ᠡ ᠪᠠᠷ 50 ᠳ᠋ᠦᠩᠰᠢᠭᠤᠷ ᠲᠥᠭᠦᠷᠢᠭ ᠤᠨ ᠦᠢᠯᠡᠳᠭᠦᠨ ᠤ ᠥᠷᠲᠡᠭ | ᠨᠡᠮᠡᠭᠳᠡᠪᠡ᠃ ᠬᠤᠪᠣᠷ ᠰᠢᠷᠣᠶ ᠶᠢᠨ ᠰᠢᠨ᠎ᠡ ᠮᠠᠲ᠋ᠧᠷᠢᠶᠠᠯ ᠤᠨ ᠬᠡᠰᠡᠭ ᠲᠤ 14 ᠳ᠋ᠦᠩᠰᠢᠭᠤᠷ ᠲᠥᠭᠦᠷᠢᠭ ᠤᠨ ᠬᠤᠪᠣᠷ | ᠰᠢᠷᠣᠶ ᠶᠢᠨ ᠰᠣᠷᠢᠨᠵᠢᠨ ᠮᠠᠲ᠋ᠧᠷᠢᠶᠠᠯ ᠢ ᠨᠠᠷᠢᠯᠢᠭ ᠡᠳ᠋ᠰᠢᠭᠦᠯᠬᠦ ᠠᠵᠤ ᠦᠢᠯᠡᠰ ᠤᠨ ᠬᠦᠷᠢᠶᠡᠯᠡᠩ ᠳᠤ ᠪᠠᠯᠠ | ᠣᠷᠣᠭᠤᠯᠵᠤ᠂ 10 ᠳ᠋ᠦᠩᠰᠢᠭᠤᠷ ᠲᠥᠭᠦᠷᠢᠭ ᠤᠨ ᠬᠤᠪᠣᠷ ᠰᠢᠷᠣᠶ ᠶᠢᠨ ᠭᠢᠯᠠᠶᠢᠯᠭᠠᠬᠤ ᠮᠠᠲ᠋ᠧᠷᠢᠶᠠᠯ ᠤᠨ | ᠬᠡᠷᠡᠭᠯᠡᠭᠡᠨ ᠤ ᠠᠵᠤ ᠦᠢᠯᠡᠰ ᠤᠨ ᠬᠦᠷᠢᠶᠡᠯᠡᠩ ᠵᠡᠷᠭᠡ 6 ᠳᠥᠰᠦᠯ ᠳᠤ ᠪᠠᠯᠠ ᠣᠷᠣᠭᠤᠯᠵᠤ᠂ ᠰᠢᠨ᠎ᠡ ᠪᠠᠷ 10 | ᠳ᠋ᠦᠩᠰᠢᠭᠤᠷ ᠲᠥᠭᠦᠷᠢᠭ ᠤᠨ ᠭᠠᠷᠤᠯᠲᠠ ᠶᠢᠨ ᠥᠷᠲᠡᠭ ᠨᠡᠮᠡᠭᠳᠡᠪᠡ᠃ | ᠬᠤᠶᠠᠷ ᠲᠤ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠲᠤᠯᠭᠠᠭᠤᠷᠢᠯᠠᠬᠤ ᠬᠦᠴᠦᠨ ᠢ | ᠴᠢᠩᠭᠠᠷᠠᠭᠤᠯᠤᠨ᠎ᠠ᠃ ᠬᠡᠷᠡᠭᠯᠡᠭᠡᠨ ᠤ ᠰᠢᠨ᠎ᠡ ᠪᠠᠶᠢᠳᠠᠯ ᠢ ᠪᠤᠶ ᠪᠣᠯᠭᠠᠵᠤ᠂ ᠸᠠᠨ ᠺᠧ ᠣᠯᠢᠮᠫᠢᠺ ᠤᠨ ᠲᠠᠮᠢᠷ ᠤᠨ | ᠴᠤᠭᠯᠠᠭᠠᠨ ᠤ ᠮᠥᠰᠥ ᠴᠠᠰᠤᠨ ᠤ ᠲᠥᠪ ᠢ ᠪᠠᠶᠢᠭᠤᠯᠤᠨ ᠡᠵᠡᠩᠨᠡᠵᠦ᠂ ᠲᠤᠩ ᠰᠢᠶᠦ᠋ᠨ ᠤᠷᠤᠯᠳᠤᠭᠠᠨ ᠤ | ᠶᠠᠪᠤᠳᠠᠯ ᠤᠨ ᠲᠥᠪ᠂ ᠠᠯᠢᠪᠠᠪᠠ ᠲᠣᠭᠠᠴᠢᠯᠠᠭᠰᠠᠨ ᠪᠡᠶ᠎ᠡ ᠶᠢᠨ ᠲᠠᠮᠢᠷ ᠤᠨ ᠲᠥᠪ ᠵᠡᠷᠭᠡ ᠳᠡᠭᠡᠳᠦ ᠲᠠᠰ ᠤᠨ | ᠦᠢᠯᠡᠴᠢᠯᠡᠭᠡᠨ ᠤ ᠦᠢᠯᠡᠰ ᠤᠨ ᠳᠥᠰᠦᠯ ᠢ ᠡᠬᠢᠯᠡᠨ ᠪᠥᠲᠥᠭᠡᠨ ᠪᠠᠶᠢᠭᠤᠯᠵᠤ᠂ ᠵᠥᠩ ᠶᠧ ᠵᠧᠤ ᠬᠤᠭᠤᠷᠣᠨᠳᠣᠬᠢ | ᠪᠠᠭᠤᠳᠠᠯ᠂ ᠮᠤᠩ ᠰᠢᠶᠠᠩ ᠣᠯᠠᠨ ᠤᠯᠤᠰ ᠤᠨ ᠪᠠᠷᠠᠭᠠᠨ ᠤ ᠭᠦᠶ᠋ᠯᠭᠡᠭᠡᠨ ᠤ ᠬᠤᠲᠠ ᠵᠡᠷᠭᠡ ᠠᠷᠠᠯᠵᠢᠶ᠎ᠠ | ᠬᠤᠳᠠᠯᠳᠤᠭᠠᠨ ᠤ ᠪᠠᠭᠤᠳᠠᠯ ᠤᠨ ᠳᠥᠰᠦᠯ ᠢ ᠬᠡᠷᠡᠭᠵᠢᠭᠦᠯᠬᠦ ᠶᠢ ᠳᠥᠯᠭᠢᠨ ᠠᠬᠢᠭᠤᠯᠵᠤ᠂ ᠴᠡᠴᠡᠷᠯᠢᠭ ᠤᠨ ᠶᠢᠰᠦᠨ | ᠭᠠᠵᠠᠷ᠂ ᠾᠧᠩ ᠯᠢ ᠨᠠᠨ ᠶᠤᠸᠠᠨ ᠵᠡᠷᠭᠡ ᠴᠢᠨᠠᠷ ᠰᠠᠶᠢᠲᠠᠶ ᠭᠠᠵᠠᠷ ᠬᠥᠷᠥᠩᠭᠡ ᠶᠢᠨ ᠳᠥᠰᠦᠯ ᠢ ᠲᠦᠷᠭᠡᠳᠬᠡᠨ | ᠠᠬᠢᠭᠤᠯᠵᠤ᠂ ᠲᠠᠶᠢᠸᠠᠨ ᠤ ᠰᠢᠨ ᠭᠤᠸᠠᠩ ᠲᠢᠶᠠᠨ ᠳ᠋ᠢ᠂ ᠱᠠᠩᠬᠠᠶ ᠶᠢᠨ ᠶᠤᠸᠠᠢ ᠰᠢᠩ ᠬᠤᠸᠠᠨ ᠴᠢᠦ ᠭᠠᠷᠠᠮ ᠵᠡᠷᠭᠡ | ᠬᠤᠳᠠᠯᠳᠤᠭᠠᠨ ᠤ ᠭᠠᠵᠠᠷ ᠤᠨ ᠲᠡᠮᠳᠡᠭ ᠢ ᠣᠷᠣᠭᠤᠯᠤᠨ ᠠᠪᠴᠢᠷᠠᠨ᠎ᠠ᠃ ᠦᠢᠯᠡᠴᠢᠯᠡᠭᠡᠨ ᠤ ᠰᠢᠨ᠎ᠡ ᠶᠠᠰᠤ ᠴᠢᠨᠠᠷ | ᠦᠷ᠎ᠡ ᠠᠰᠢᠭ ᠢ ᠳᠡᠭᠡᠭᠰᠢᠯᠡᠭᠦᠯᠵᠦ᠂ ᠳ᠋ᠠ ᠴᠢᠤᠸᠠᠨ ᠪᠦᠯᠦᠭᠯᠡᠯ᠂ ᠮᠢᠩ ᠶᠠᠩ ᠤᠨ ᠤᠮᠠᠷᠠᠲᠤ ᠶᠢᠨ ᠲᠤᠮᠤ ᠣᠷᠣᠨ | ᠵᠡᠷᠭᠡ ᠶᠡᠷᠦᠩᠬᠡᠢ ᠬᠡᠯᠲᠡᠰ ᠤᠨ ᠳᠥᠰᠦᠯ ᠢ ᠬᠡᠷᠡᠭᠵᠢᠭᠦᠯᠵᠦ᠂ ᠳᠤᠮᠳᠠᠳᠤ ᠤᠯᠤᠰ ᠤᠨ ᠡᠳ᠋ ᠤᠨ ᠵᠠᠰᠠᠭ ᠤᠨ ᠬᠠᠮ | ᠬᠤᠳᠠᠯᠳᠤᠭ᠎ᠠ᠂ ᠤᠯᠠᠭᠠᠨ ᠰᠤᠪᠤᠷᠭ᠎ᠠ ᠶᠢᠨ ᠰᠢᠨ᠎ᠡ ᠶᠢ ᠡᠭᠦᠳᠬᠦ ᠪᠡᠯᠡ ᠣᠷᠣᠭᠤᠯᠤᠯᠲᠠ ᠶᠢᠨ ᠠᠵᠤ ᠦᠢᠯᠡᠰ ᠤᠨ | ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠶᠢ ᠪᠡᠯᠡᠳᠬᠡᠨ ᠪᠠᠶᠢᠭᠤᠯᠬᠤ ᠶᠢ ᠠᠬᠢᠭᠤᠯᠵᠤ᠂ ᠵᠦᠩ ᠱᠠᠩ ᠪᠤᠯᠤᠳ | ᠲᠡᠮᠦᠷ ᠤᠨ ᠰᠢᠨ᠎ᠡ ᠭᠤᠷᠪᠠᠳᠤᠭᠠᠷ ᠰᠠᠮᠪᠠᠷ᠎ᠠ ᠶᠢᠨ ᠫᠠᠶᠢᠰᠠ ᠡᠯᠭᠦᠬᠦ ᠶᠢ ᠪᠡᠶᠡᠯᠡᠭᠦᠯᠦᠨ᠎ᠡ᠃ ᠬᠡᠷᠡᠭᠯᠡᠭᠡᠨ ᠤ ᠰᠢᠨ᠎ᠡ | ᠣᠶᠢᠯᠠᠭᠠᠯᠲᠠ ᠶᠢ ᠰᠢᠯᠢᠳᠡᠭᠵᠢᠭᠦᠯᠵᠦ᠂ ᠳᠤᠮᠳᠠᠳᠤ ᠤᠯᠤᠰ ᠤᠨ ᠴᠢᠯᠠᠭᠤᠨ ᠲᠣᠰᠣ ᠬᠢᠮᠢ ᠶᠢᠨ ᠠᠵᠤ | ᠦᠢᠯᠡᠳᠪᠤᠷᠢ ᠶᠢᠨ ᠰᠢᠨ᠎ᠡ ᠡᠨᠧᠷᠭᠢ ᠵᠢᠴᠢ ᠶᠡᠷᠦᠩᠬᠡᠶ ᠬᠡᠯᠲᠡᠰ ᠤᠨ ᠠᠵᠤ ᠠᠬᠤᠶ᠂ ᠰᠦ ᠨᠢᠩ ᠤᠨ ᠣᠶᠤᠨᠴᠢ | ᠬᠤᠳᠠᠯᠳᠤᠨ ᠠᠪᠬᠤ ᠲᠠᠪᠴᠠᠩ ᠵᠡᠷᠭᠡ ᠳᠥᠰᠦᠯ ᠢ ᠣᠷᠣᠭᠤᠯᠤᠨ ᠠᠪᠴᠢᠷᠠᠵᠤ᠂ ᠾᠧᠩ ᠯᠢ ᠵᠡᠭᠡᠯᠢ ᠶᠢᠨ | ᠤᠨᠴᠠᠯᠢᠬᠳᠤ ᠵᠡᠭᠡᠯᠢ ᠲᠣᠭᠤᠷᠢᠭ ᠤᠨ ᠡᠵᠡᠩᠨᠡᠯᠲᠡ ᠶᠢᠨ ᠬᠡᠯᠪᠡᠷᠢ ᠪᠠᠶᠢᠳᠠᠯ ᠢ ᠲᠡᠭᠦᠯᠳᠡᠷᠵᠢᠭᠦᠯᠬᠦ᠂ ᠨᠠᠷᠠᠲᠤ | ᠲᠡᠮᠳᠡᠭᠲᠦ ᠶᠢ ᠡᠭᠦᠳᠬᠦ᠂ ᠶᠠᠰᠤ ᠴᠢᠨᠠᠷ ᠢ ᠰᠢᠯᠢᠳᠡᠭᠵᠢᠭᠦᠯᠬᠦ ᠶᠢ ᠪᠥᠬᠦ ᠬᠦᠴᠦᠨ ᠢᠶᠠᠷ ᠢᠶᠠᠨ ᠠᠬᠢᠭᠤᠯᠤᠨ᠎ᠠ᠃ | ᠬᠡᠷᠡᠭᠯᠡᠭᠡ ᠶᠢᠨ ᠰᠢᠨ᠎ᠡ ᠠᠮᠢᠵᠢᠷᠠᠯ ᠤᠨ ᠬᠦᠴᠦᠨ ᠢ ᠪᠠᠳᠠᠷᠠᠭᠤᠯᠵᠤ᠂ ᠬᠡᠷᠡᠭᠯᠡᠭᠡ ᠶᠢ ᠠᠬᠢᠭᠤᠯᠬᠤ ᠰᠢᠷᠢᠰ | ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠦᠵᠡᠮᠵᠢ ᠶᠢᠨ ᠣᠷᠣᠨ ᠤ ᠡᠭᠦᠳᠡᠨ ᠪᠢᠯᠧᠲ ᠢ 5000 ᠠᠴᠠ | ᠳᠡᠭᠡᠭᠰᠢ ᠦᠨ᠎ᠡ ᠲᠥᠯᠥᠪᠦᠷᠢ ᠥᠬᠡᠶ ᠪᠠᠷ ᠲᠠᠷᠬᠠᠭᠠᠵᠤ᠂ ᠠᠮᠠᠷᠠᠯᠲᠠ ᠶᠢᠨ ᠡᠳᠦᠷ ᠤᠨ ᠬᠡᠷᠡᠭᠯᠡᠭᠡ᠂ ᠵᠡᠭᠡᠯᠢ | ᠲᠣᠭᠤᠷᠢᠭ ᠤᠨ ᠵᠠᠬ᠎ᠠ ᠳᠡᠯᠭᠡᠭᠦᠷ᠂ ᠰᠥᠨᠢ ᠶᠢᠨ ᠠᠵᠤ ᠠᠬᠤᠶ᠂ ᠭᠠᠷᠠᠭ ᠤᠨ ᠰᠡᠭᠦᠯᠴᠢ ᠶᠢᠨ ᠠᠵᠤ ᠠᠬᠤᠶ ᠶᠢ ᠪᠥᠬᠦ | ᠲᠠᠯ᠎ᠠ ᠪᠠᠷ ᠬᠥᠭᠵᠢᠶᠡᠨᠲᠡᠶ ᠪᠣᠯᠭᠠᠵᠤ᠂ 2 ᠨᠢᠭᠡ ᠮᠥᠴᠡ ︽ᠠᠷᠠᠳ ᠲᠤ ᠲᠥᠬᠦᠮ ᠦᠵᠡᠭᠦᠯᠬᠦ ᠠᠮᠢᠳᠤᠷᠠᠯ ᠤᠨ | ᠬᠦᠷᠢᠶ᠎ᠡ︾ ᠶᠢ ᠬᠦᠴᠦᠯᠡᠨ ᠪᠠᠶᠢᠭᠤᠯᠵᠤ᠂ ᠰᠠᠶᠢᠬᠠᠨ ᠲᠠᠯ᠎ᠠ ᠶᠢ ᠪᠤᠶᠢᠵᠢᠭᠤᠯᠤᠨ ᠤᠯᠤᠰ ᠤᠨ ᠲᠠᠰ ᠤᠨ ᠰᠥᠨᠢ ᠶᠢᠨ | ᠰᠣᠶᠣᠯ ᠵᠢᠭᠤᠯᠴᠢᠯᠠᠯ ᠤᠨ ᠴᠤᠭᠯᠠᠷᠠᠯ ᠤᠨ ᠲᠣᠭᠤᠷᠢᠭ ᠢ ᠡᠭᠦᠳᠦᠨ ᠪᠠᠶᠢᠭᠤᠯᠵᠤ᠂ ᠬᠤᠲᠠ ᠶᠢᠨ ︽ᠬᠤᠸᠠᠷ ᠫᠤᠤᠵᠢᠩ | ︾ ᠢ ᠳᠠᠬᠢᠨ ᠬᠥᠭᠵᠢᠭᠡᠨ᠎ᠡ᠃ | ᠭᠤᠷᠪᠠ ᠳᠤ ᠤᠳᠤ ᠦᠶ᠎ᠡ ᠶᠢᠨ ᠲᠠᠷᠢᠶᠠᠯᠠᠩ ᠤᠨ ᠨᠥᠯᠥᠭᠡᠯᠡᠬᠦ ᠬᠦᠴᠦᠨ ᠢ ᠳᠡᠭᠡᠭᠰᠢᠯᠡᠭᠦᠯᠦᠨ᠎ᠡ᠃ ᠠᠮᠤ | ᠪᠤᠳᠠᠭᠠᠨ ᠤ ᠠᠮᠤᠷ ᠲᠦᠪᠰᠢᠨ ᠤ ᠤᠯᠤᠰ ᠲᠥᠷᠥ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ 1 ᠲᠦᠮᠡᠨ ᠮᠥ | ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠥᠲᠥᠭᠡᠨ ᠪᠠᠶᠢᠭᠤᠯᠵᠤ᠂ 5000 ᠮᠥ ᠬᠤᠵᠢᠷᠯᠢᠬ ᠭᠠᠵᠠᠷ ᠢ | ᠥᠭᠡᠷᠡᠴᠢᠯᠡᠨ ᠰᠠᠶᠢᠵᠢᠷᠠᠭᠤᠯᠵᠤ᠂ 500 ᠮᠥ ᠨᠡᠷᠡᠨ ᠬᠡᠷᠡᠯ ᠤᠨ ᠬᠦᠯᠡᠮᠵᠢ ᠶᠢ ᠲᠠᠰ ᠳᠡᠪᠰᠢᠭᠦᠯᠦᠨ᠂ ᠱᠠᠩ | ᠣᠪᠣᠭᠲᠤ ᠶᠢᠨ ᠲᠥᠪᠡᠳ ᠬᠠᠰᠢ ᠶᠢᠨ ᠦᠷ᠎ᠡ ᠦᠷᠡᠵᠢᠭᠦᠯᠦᠨ ᠪᠤᠶᠢᠵᠢᠭᠤᠯᠬᠤ ᠰᠠᠭᠤᠷᠢᠨ ᠭᠠᠵᠠᠷ ᠢ ᠲᠡᠳᠬᠦᠨ | ᠪᠠᠶᠢᠭᠤᠯᠵᠤ᠂ ᠡᠷᠳᠡᠨᠢ ᠰᠢᠰᠢ ᠰᠢᠷ᠎ᠠ ᠪᠤᠷᠴᠠᠭ ᠢ ᠨᠡᠶᠢᠯᠡᠭᠦᠯᠦᠨ ᠳᠠᠷᠢᠬᠤ ᠶᠢ ᠦᠷᠭᠦᠯᠵᠢᠯᠡᠨ ᠳᠡᠯᠭᠡᠷᠡᠭᠦᠯᠵᠦ᠂ ᠠᠮᠤ | ᠪᠤᠳᠠᠭᠠᠨ ᠤ ᠲᠠᠯᠠᠪᠠᠶ ᠶᠢ 20 ᠲᠦᠮᠡᠨ ᠮᠥ ᠳᠤ ᠲᠣᠭᠲᠠᠪᠤᠷᠢᠵᠢᠭᠤᠯᠵᠤ᠂ ᠤᠨᠠᠯᠲᠠ ᠶᠢ 2.6 ᠳ᠋ᠦᠩᠰᠢᠭᠤᠷ | ᠵᠢᠩ ᠠᠴᠠ ᠳᠡᠭᠡᠭᠰᠢ ᠳᠤ ᠬᠦᠷᠦᠭᠦᠯᠬᠦ ᠶᠢ ᠦᠨᠡᠨᠬᠦ ᠪᠠᠲᠤᠯᠠᠨ᠎ᠠ᠃ ᠰᠠᠭᠠᠯᠢ ᠶᠢᠨ ᠦᠢᠯᠡᠰ ᠢ ᠬᠥᠭᠵᠢᠭᠦᠯᠦᠨ | ᠮᠠᠨᠳᠤᠭᠤᠯᠬᠤ᠂ ᠠᠯᠠᠰᠢᠨ ᠦᠬᠡᠷ ᠠᠯᠠᠰᠢᠨ ᠬᠤᠨᠢᠨ ᠤ ᠥᠨᠳᠥᠷ ᠤᠨᠠᠯᠲᠠ ᠶᠢ ᠡᠭᠦᠳᠦᠨ ᠪᠠᠶᠢᠭᠤᠯᠬᠤ ᠵᠡᠷᠭᠡ | ᠲᠤᠰᠬᠠᠶ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ᠾᠧᠩ ᠶᠤᠸᠠᠨ᠂ ᠪᠥᠸᠧ ᠬᠤᠤ ᠶᠤᠸᠠᠨ 2 ᠰᠠᠭᠠᠯᠢ ᠶᠢᠨ | ᠦᠨᠢᠶ᠎ᠡ ᠶᠢᠨ ᠪᠠᠷᠢᠮᠵᠢᠶᠠᠵᠢᠭᠤᠯᠤᠭᠰᠠᠨ ᠮᠠᠯᠵᠢᠯ ᠤᠨ ᠲᠠᠯᠠᠪᠠᠶ ᠶᠢᠨ ᠪᠥᠲᠥᠭᠡᠨ ᠪᠠᠶᠢᠭᠤᠯᠤᠯᠲᠠ ᠶᠢ ᠪᠡᠶᠡᠯᠡᠭᠦᠯᠦᠨ᠂ | 4000 ᠰᠠᠭᠠᠯᠢ ᠶᠢᠨ ᠦᠨᠢᠶ᠎ᠡ᠂ 2000 ᠠᠯᠠᠰᠢᠨ ᠦᠬᠡᠷ ᠰᠢᠨ᠎ᠡ ᠪᠠᠷ ᠨᠡᠮᠡᠭᠳᠡᠭᠦᠯᠵᠦ᠂ ᠱᠧᠩ ᠯᠦ ᠶᠤᠸᠠᠨ ᠤ | 5000 ᠬᠡᠪᠴᠢᠶᠡᠲᠦ ᠪᠤᠭᠤ ᠶᠢᠨ ᠠᠵᠤ ᠦᠢᠯᠡᠰ ᠢ ᠬᠥᠭᠵᠢᠭᠦᠯᠬᠦ ᠶᠢ ᠳᠡᠮᠵᠢᠨ᠎ᠡ᠃ ︽ ᠶᠢᠨ ᠼᠦᠢ ᠵᠢᠤ ᠶᠤᠸᠠᠨ︾ | ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠶᠢᠨ ᠪᠥᠲᠥᠭᠡᠨ ᠪᠠᠶᠢᠭᠤᠯᠤᠯᠲᠠ ᠶᠢ | ᠠᠬᠢᠭᠤᠯᠵᠤ᠂ ᠤᠯᠤᠰ ᠤᠨ ᠭᠠᠵᠠᠷ ᠵᠦᠶ ᠶᠢᠨ ᠪᠡᠯᠭᠡ ᠲᠡᠮᠳᠡᠭ ᠤᠨ ᠭᠡᠷᠡᠴᠢᠯᠡᠬᠦ ᠲᠠᠸᠠᠷ ᠤᠨ ᠲᠡᠮᠳᠡᠭ ᠢ 2 | ᠭᠤᠶᠤᠴᠢᠯᠠᠨ ᠮᠡᠳᠡᠭᠦᠯᠵᠦ᠂ 8 ᠲᠠᠷᠢᠶᠠᠴᠢᠨ ᠤ ᠲᠤᠰᠬᠠᠶ ᠠᠵᠢᠯ ᠤᠨ ᠬᠤᠷᠰᠢᠶ᠎ᠠ ᠶᠢ ᠪᠤᠶᠢᠵᠢᠭᠤᠯᠤᠨ | ᠪᠤᠵᠠᠭᠠᠶᠢᠷᠠᠭᠤᠯᠪᠠ᠃ ᠢᠳᠡᠭᠡᠨ ᠤ ᠬᠦᠷᠢᠶᠡᠯᠡᠩ ᠲᠣᠭᠤᠷᠢᠭ ᠤᠨ ᠲᠥᠪᠯᠡᠷᠡᠭᠦᠯᠦᠨ ᠢᠯᠴᠢ ᠬᠠᠩᠭᠠᠬᠤ᠂ | ᠪᠠᠷᠢᠮᠵᠢᠶᠠᠵᠢᠭᠤᠯᠤᠭᠰᠠᠨ ᠦᠢᠯᠡᠳᠪᠤᠷᠢ ᠶᠢᠨ ᠬᠡᠷ ᠪᠠᠶᠢᠰᠢᠩ ᠵᠡᠷᠭᠡ ᠰᠠᠭᠤᠷᠢ ᠪᠡᠯᠡᠳᠬᠡᠮᠵᠢ ᠶᠢᠨ ᠪᠥᠲᠥᠭᠡᠨ | ᠪᠠᠶᠢᠭᠤᠯᠤᠯᠲᠠ ᠶᠢ ᠲᠦᠷᠭᠡᠳᠬᠡᠵᠦ᠂ ᠴᠢᠩ ᠬᠤᠸᠠ ᠶᠤᠸᠠᠨ᠂ ᠶᠢᠨ ᠵᠢᠶᠠᠩ ᠢᠳᠡᠭᠡᠨ ᠵᠡᠷᠭᠡ 7 ᠳᠥᠰᠦᠯ ᠢ | ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠬᠤ ᠶᠢ ᠠᠬᠢᠭᠤᠯᠵᠤ᠂ ᠭᠤᠸ᠎ᠠ ᠶᠢᠨ ᠦᠷ᠎ᠡ᠂ ᠠᠨ ᠵᠢᠩ | ᠢᠳᠡᠭᠡᠨ ᠵᠡᠷᠭᠡ 8 ᠳᠥᠰᠦᠯ ᠢ ᠣᠷᠣᠭᠤᠯᠤᠨ ᠠᠪᠴᠢᠷᠠᠵᠤ ᠨᠠᠶᠢᠳᠠᠪᠤᠷᠢᠵᠢᠭᠤᠯᠤᠨ᠂ ᠬᠦᠷᠢᠶᠡᠯᠡᠩ ᠲᠣᠭᠤᠷᠢᠭ ᠤᠨ | ᠪᠣᠷᠣᠯᠠᠭᠤᠯᠤᠯᠲᠠ ᠶᠢᠨ ᠨᠣᠷᠮ᠎ᠠ 5 ᠳ᠋ᠦᠩᠰᠢᠭᠤᠷ ᠲᠥᠭᠦᠷᠢᠭ ᠢ ᠳᠠᠪᠠᠵᠤ᠂ ᠥᠪᠡᠷᠲᠡᠭᠡᠨ ᠵᠠᠰᠠᠬᠤ ᠣᠷᠣᠨ ᠤ | ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠬᠦᠷᠢᠶᠡᠯᠡᠩ ᠢ ᠡᠭᠦᠳᠦᠨ ᠪᠠᠶᠢᠭᠤᠯᠤᠨ᠎ᠠ᠃ | ᠲᠦᠷᠪᠡ ᠳᠤ᠂ ᠴᠢᠬᠤᠯᠠ ᠶᠡᠭᠡ ᠳᠥᠰᠦᠯ ᠤᠨ ᠳᠠᠭᠠᠭᠠᠴᠠ ᠶᠢ ᠪᠠᠲᠤᠳᠬᠠᠨ᠎ᠠ᠃ PPP᠂ ᠲᠤᠰᠬᠠᠶ | ᠵᠦᠢᠯ ᠤᠨ ᠥᠷᠢ ᠥᠭᠴᠡᠭᠡ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢᠶᠠᠷ ᠢᠳᠡᠪᠬᠢᠲᠡᠶ ᠪᠠᠷ ᠪᠠᠯᠠ ᠮᠥᠩᠭᠦ | ᠴᠤᠭᠯᠠᠭᠤᠯᠵᠤ᠂ ᠨᠡᠶᠢᠲᠡ 23.6 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠭᠰᠠᠨ 26 ᠬᠦᠷᠢᠶᠡᠯᠡᠩ | ᠲᠣᠭᠤᠷᠢᠭ ᠤᠨ ᠰᠠᠭᠤᠷᠢ ᠢᠵᠢ ᠪᠥᠷᠢᠳᠦᠭᠦᠯᠬᠦ ᠳᠥᠰᠦᠯ ᠢ ᠬᠡᠷᠡᠭᠵᠢᠭᠦᠯᠦᠨ᠂ ᠣᠴᠢ ᠵᠠᠮ ᠵᠡᠷᠭᠡ 11 ᠵᠤᠷᠪᠤᠰ 17 | ᠺᠢᠯᠣᠮᠧᠲᠷ ᠤᠨ ᠵᠠᠮ ᠬᠤᠭᠤᠯᠠᠶ ᠶᠢᠨ ᠲᠣᠤᠷ ᠤᠨ ᠢᠨᠵᠧᠨᠧᠷᠢᠩ ᠢ ᠠᠬᠢᠭᠤᠯᠵᠤ᠂ 13 ᠺᠢᠯᠣᠮᠧᠲᠷ ᠤᠨ ᠴᠠᠬᠢᠯᠭᠠᠨ | ᠬᠦᠴᠦᠨ ᠤ ᠠᠭᠤᠷ ᠤᠨ ᠬᠤᠭᠤᠯᠠᠶ ᠶᠢᠨ ᠢᠨᠵᠧᠨᠧᠷᠢᠩ ᠢ ᠡᠬᠢᠯᠡᠭᠦᠯᠵᠦ᠂ 20 ᠲᠦᠮᠡᠨ ᠲᠡᠭᠰᠢ ᠳᠥᠷᠪᠡᠯᠵᠢᠨ | ᠮᠧᠲᠷ ᠤᠨ ᠪᠠᠷᠢᠮᠵᠢᠶᠠᠵᠢᠭᠤᠯᠤᠭᠰᠠᠨ ᠦᠢᠯᠡᠳᠪᠤᠷᠢ ᠶᠢᠨ ᠬᠡᠷ ᠪᠠᠶᠢᠰᠢᠩ ᠢ ᠪᠠᠶᠢᠭᠤᠯᠵᠤ᠂ 220kV ᠬᠦᠴᠦᠳᠡᠯ | ᠥᠭᠡᠷᠡᠴᠢᠯᠡᠬᠦ ᠥᠷᠲᠡᠭᠡ ᠶᠢ ᠰᠢᠨ᠎ᠡ ᠪᠠᠷ 2 ᠪᠠᠶᠢᠭᠤᠯᠤᠨ᠎ᠠ᠃ ᠭᠤᠤᠯᠳᠠᠯᠭ᠎ᠠ ᠲᠠᠢ ᠳᠥᠰᠦᠯ ᠤᠨ ᠠᠰᠢᠭᠯᠠᠯᠲᠠ ᠳᠤ | ᠣᠷᠣᠬᠤ ᠶᠢ ᠪᠥᠬᠦ ᠬᠦᠴᠦᠨ ᠢᠶᠠᠷ ᠢᠶᠠᠨ ᠪᠠᠲᠤᠯᠠᠵᠤ᠂ ᠨᠢᠭᠡᠳᠦᠭᠡᠷ ᠴᠠᠬᠢᠯᠭᠠᠨ ᠤ ᠦᠢᠯᠡᠳᠪᠤᠷᠢ ᠶᠢᠨ ᠠᠭᠤᠷ ᠤᠨ | ᠬᠤᠭᠤᠯᠠᠶ ᠶᠢᠨ ᠱᠤᠭᠤᠮ ᠢ 1 ᠳ᠋ᠦᠭᠡᠷ ᠰᠠᠷ᠎ᠠ ᠶᠢᠨ ᠰᠡᠭᠦᠯᠴᠢ ᠪᠠᠷ᠂ ᠡᠲ᠋ᠢᠯᠧᠡ ᠬᠤᠭᠤᠯᠠᠶ ᠶᠢᠨ ᠱᠤᠭᠤᠮ ᠢ 3 | ᠳ᠋ᠤᠭᠠᠷ ᠰᠠᠷ᠎ᠠ ᠶᠢᠨ ᠰᠡᠭᠦᠯᠴᠢ ᠪᠠᠷ᠂ ᠥᠷᠭᠡᠷᠢᠭ ᠵᠢᠷᠭᠤᠳᠤᠭᠠᠷ ᠵᠠᠮ ᠤᠨ ᠬᠤᠭᠤᠯᠠᠶ ᠶᠢᠨ ᠲᠣᠤᠷ ᠢ 2 ᠳ᠋ᠤᠭᠠᠷ | ᠰᠠᠷ᠎ᠠ ᠶᠢᠨ ᠰᠡᠭᠦᠯᠴᠢ ᠪᠠᠷ ᠳᠠᠭᠤᠰᠬᠠᠵᠤ᠂ ᠴᠠᠬᠢᠭᠤᠷ ᠨᠡᠭᠦᠷᠡᠰᠦᠲᠥ᠋ᠷᠥᠭᠴᠢ ᠶᠢᠨ ᠠᠵᠤ ᠦᠢᠯᠡᠰ ᠤᠨ | ᠬᠦᠷᠢᠶᠡᠯᠡᠩ ᠤᠨ 110kV ᠬᠦᠴᠦᠳᠡᠯ ᠥᠭᠡᠷᠡᠴᠢᠯᠡᠬᠦ ᠥᠷᠲᠡᠭᠡ ᠶᠢ 5 ᠳ᠋ᠤᠭᠠᠷᠬᠢᠮᠢ ᠶᠢᠨ ᠠᠵᠤ ᠦᠢᠯᠡᠳᠪᠤᠷᠢ ᠶᠢᠨ | ᠬᠦᠷᠢᠶᠡᠯᠡᠩ ᠲᠣᠭᠤᠷᠢᠭ ᠤᠨ ᠳᠤᠲᠠᠭᠤᠳᠠᠯ ᠢ ᠨᠥᠬᠦᠪᠥᠷᠢᠯᠡᠵᠦ᠂ ᠣᠨᠴᠠ ᠦᠢᠯᠡᠴᠢᠯᠡᠭᠡᠨ ᠤ ᠭᠠᠯ ᠤᠨᠲᠠᠷᠠᠭᠠᠬᠤ | ᠥᠷᠲᠡᠭᠡ᠂ ᠪᠠᠴᠢᠮ ᠪᠠᠶᠢᠳᠠᠯ ᠢ ᠠᠷᠭᠠᠴᠠᠬᠤ ᠤᠰᠤᠨ ᠴᠥᠭᠦᠷᠥᠮ᠂ ᠠᠶᠤᠯᠲᠠᠶ ᠬᠢᠮᠢ ᠶᠢᠨ ᠪᠣᠳᠠᠰ ᠤᠨ ᠲᠡᠷᠭᠡᠨ | ᠵᠣᠭᠰᠣᠭᠠᠯ ᠵᠡᠷᠭᠡ 4 ᠵᠦᠢᠯ ᠤᠨ ᠴᠡᠭᠴᠡᠯᠡᠨ ᠵᠠᠰᠠᠬᠤ ᠢᠨᠵᠧᠨᠧᠷᠢᠩ ᠢ ᠪᠡᠶᠡᠯᠡᠭᠦᠯᠵᠦ᠂ ᠬᠢᠮᠢ ᠶᠢᠨ ᠠᠵᠤ | ᠦᠢᠯᠡᠳᠪᠤᠷᠢ ᠶᠢᠨ ᠲᠥᠪᠯᠡᠷᠡᠭᠰᠡᠨ ᠲᠣᠭᠤᠷᠢᠭ ᠤᠨ ᠠᠶᠢᠯ ᠲᠣᠰᠬᠤᠨ ᠢ ᠨᠡᠭᠦᠯᠭᠡᠬᠦ ᠠᠵᠢᠯ ᠢ ᠰᠦᠪᠡᠭᠴᠢᠯᠡᠨ | ᠠᠬᠢᠭᠤᠯᠵᠤ᠂ ᠪᠠᠴᠢᠮ ᠪᠠᠶᠢᠳᠠᠯ ᠢ ᠠᠷᠭᠠᠴᠠᠬᠤ ᠶᠠᠮᠤᠨ ᠤ ᠬᠢᠮᠢ ᠶᠢᠨ ᠠᠵᠤ ᠦᠢᠯᠡᠳᠪᠤᠷᠢ ᠶᠢᠨ ᠬᠦᠷᠢᠶᠡᠯᠡᠩ | ᠲᠣᠭᠤᠷᠢᠭ ᠤᠨ ᠳᠠᠬᠢᠨ ᠬᠢᠨᠠᠯᠲᠠ ᠶᠢ ᠤᠷᠤᠭᠰᠢᠲᠠᠶ ᠥᠩᠭᠡᠷᠡᠭᠦᠯᠬᠦ ᠶᠢ ᠦᠨᠡᠨᠬᠦ ᠪᠠᠲᠤᠯᠠᠨ᠎ᠠ᠃ ᠬᠦᠷᠢᠶᠡᠯᠡᠩ | ᠲᠣᠭᠤᠷᠢᠭ ᠤᠨ ︽ᠦᠬᠦᠰᠢᠷᠡᠮᠡᠯ ᠠᠵᠤ ᠠᠬᠤᠶᠢᠯᠠᠯ︾ ︽ᠬᠤᠭᠤᠰᠣᠨ ᠠᠵᠤ ᠠᠬᠤᠶᠢᠯᠠᠯ︾ ᠢ ᠪᠥᠬᠦ ᠲᠠᠯ᠎ᠠ ᠪᠠᠷ | ᠢᠯᠭᠠᠷᠠᠭᠤᠯᠵᠤ᠂ ᠷᠦᠢ ᠭᠤᠸᠠᠩ᠂ ᠪᠠᠶ ᠰᠢᠤᠢ᠂ ᠸᠠᠨ ᠯᠢ ᠳ᠋ᠡ ᠵᠡᠷᠭᠡ 6 ᠠᠵᠤ ᠠᠬᠤᠶᠢᠯᠠᠯ ᠤᠨ ᠰᠢᠩᠭᠡᠯᠢᠭ ᠢᠶᠠᠨ | ᠰᠤᠯᠠᠯᠠᠨ ᠰᠢᠪᠠᠭᠤ ᠰᠣᠯᠢᠬᠤ ᠶᠢ ᠢᠳᠡᠪᠬᠢᠲᠡᠶ ᠪᠠᠷ ᠠᠬᠢᠭᠤᠯᠵᠤ᠂ ᠳᠣᠤᠷ᠎ᠠ ᠠᠰᠢᠭᠯᠠᠮᠵᠢ ᠲᠠᠢ ᠭᠠᠵᠠᠷ ᠢ 500 | ᠮᠥ ᠠᠴᠠ ᠳᠡᠭᠡᠭᠰᠢ ᠠᠮᠢᠯᠠᠭᠤᠯᠬᠤ ᠪᠠᠷ ᠴᠢᠷᠮᠠᠶᠢᠵᠤ᠂ ᠡᠯ᠎ᠡ ᠲᠥᠷᠥᠯ ᠤᠨ ᠰᠤᠯᠠ ᠲᠠᠯᠪᠢᠭᠳᠠᠵᠤ ᠪᠠᠶᠢᠭ᠎ᠠ ᠡᠬᠢ | ᠪᠠᠶᠠᠯᠢᠭ ᠤᠨ ᠬᠦᠴᠦᠨ ᠵᠦᠢᠯ ᠢ ᠥᠨᠳᠥᠷ ᠦᠷ᠎ᠡ ᠠᠰᠢᠭ ᠲᠠᠢ ᠠᠰᠢᠭᠯᠠᠬᠤ ᠶᠢ ᠠᠬᠢᠭᠤᠯᠤᠨ᠎ᠠ᠃ | ᠲᠥᠯᠥᠭᠡᠯᠡᠭᠴᠢᠳ ᠡ᠂ ᠤᠳᠤ ᠦᠶ᠎ᠡ ᠶᠢᠨ ᠠᠵᠤ ᠦᠢᠯᠡᠰ ᠤᠨ ᠰᠢᠰᠲ᠋ᠧᠮ ᠪᠣᠯ ᠴᠢᠨᠠᠷ ᠰᠠᠶᠢᠲᠠᠢ | ᠬᠥᠭᠵᠢᠯᠲᠡ ᠶᠢᠨ ᠬᠦᠴᠦᠲᠡᠢ ᠲᠤᠯᠭᠠᠭᠤᠷᠢᠯᠠᠯ ᠮᠥᠨ᠃ ᠪᠢᠳᠡ ︽ᠬᠢᠯᠬᠢᠶ᠎ᠡ ᠬᠡᠯᠪᠡᠷᠢ︾ ᠶᠢᠨ ᠬᠥᠭᠵᠢᠯᠲᠡ ᠪᠠᠷ | ᠴᠢᠩᠭ᠎ᠠ ᠰᠣᠷᠢᠨᠵᠢᠨ ᠣᠷᠣᠨ ᠤ ᠦᠢᠯᠡᠳᠦᠯ ᠢ ᠪᠠᠳᠠᠷᠠᠭᠤᠯᠵᠤ᠂ ᠶᠡᠷᠦᠩᠬᠡᠢ ᠬᠡᠮᠵᠢᠶ᠎ᠡ ᠶᠢ ᠥᠷᠭᠡᠳᠬᠡᠬᠦ᠂ ᠪᠦᠲᠦᠴᠡ ᠶᠢ | ᠰᠢᠯᠢᠳᠡᠭᠵᠢᠭᠦᠯᠬᠦ᠂ ᠴᠢᠳᠠᠪᠤᠷᠢ ᠶᠢᠨ ᠲᠡᠰ ᠢ ᠳᠡᠭᠡᠭᠰᠢᠯᠡᠭᠦᠯᠬᠦ ᠪᠠᠷ ᠬᠦᠴᠦᠯᠡᠵᠦ᠂ ᠲᠦᠷᠪᠡᠨ ᠶᠡᠭᠡ ᠵᠠᠭᠤᠨ | ᠳ᠋ᠦᠩᠰᠢᠭᠤᠷ ᠠᠵᠤ ᠦᠢᠯᠡᠰ᠂ ᠮᠢᠩᠭᠠᠨ ᠳ᠋ᠦᠩᠰᠢᠭᠤᠷ ᠬᠦᠷᠢᠶᠡᠯᠡᠩ ᠲᠣᠭᠤᠷᠢᠭ ᠢ ᠴᠢᠷᠮᠠᠶᠢᠨ ᠴᠣᠭᠴᠠᠯᠠᠶ᠎ᠠ︕ | ︵ᠭᠤᠷᠪᠠ︶ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠵᠦ᠂ ᠬᠥᠭᠵᠢᠯᠲᠡ ᠶᠢ | ᠳᠠᠶᠢᠴᠢᠯᠠᠬᠤ ᠰᠢᠨ᠎ᠡ ᠠᠮᠢᠵᠢᠷᠠᠯ ᠤᠨ ᠬᠦᠴᠦᠨ ᠢ ᠪᠠᠳᠠᠷᠠᠭᠤᠯᠤᠨ᠎ᠠ | ᠨᠢᠭᠡ ᠳᠤ ᠭᠤᠣᠯᠳᠠᠯᠭ᠎ᠠ ᠲᠠᠢ ᠬᠦᠷᠢᠶᠡᠨ ᠳ᠋ᠡᠬᠢᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ | ᠥᠭᠡᠷᠡᠴᠢᠯᠡᠯᠲᠡ ᠶᠢᠨ ᠦᠷ᠎ᠡ ᠪᠦᠲᠦᠮᠵᠢ ᠶᠢ ᠦᠷᠭᠦᠯᠵᠢᠯᠡᠨ ᠳᠡᠭᠡᠭᠰᠢᠯᠡᠭᠦᠯᠵᠦ᠂ ᠤᠳᠤ ᠦᠶ᠎ᠡ ᠶᠢᠨ ᠠᠵᠤ | ᠠᠬᠤᠶᠢᠯᠠᠯ ᠤᠨ ᠬᠠᠮᠢᠶᠠᠷᠤᠯᠲᠠ ᠶᠢᠨ ᠬᠢᠨᠠᠨ ᠰᠢᠯᠭᠠᠬᠤ᠂ ᠴᠠᠯᠢᠩ ᠬᠥᠯᠥᠰᠥ ᠶᠢᠨ ᠬᠤᠪᠢᠶᠠᠷᠢᠯᠠᠯᠲᠠ᠂ ᠠᠵᠢᠯᠳᠠᠨ ᠢ | ᠰᠣᠩᠭᠤᠨ ᠤᠷᠢᠬᠤ ᠵᠡᠷᠭᠡ ᠲᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠰᠤᠯᠠ ᠪᠠᠶᠢᠭ᠎ᠠ ᠭᠠᠵᠠᠷ ᠰᠢᠷᠣᠶ᠂ | ᠬᠤᠭᠤᠰᠣᠨ ᠪᠠᠶᠢᠭ᠎ᠠ ᠠᠰᠠᠷ ᠪᠠᠶᠢᠰᠢᠩ ᠵᠡᠷᠭᠡ ᠬᠤᠳᠠ ᠶᠢᠨ ᠡᠬᠢ ᠪᠠᠶᠠᠯᠢᠭ ᠢ ᠠᠮᠢᠳᠤᠯᠢᠭ ᠪᠣᠯᠭᠠᠬᠤ ᠶᠢ ᠬᠠᠶᠢᠨ | ᠰᠦᠪᠡᠭᠴᠢᠯᠡᠵᠦ᠂ ᠵᠠᠰᠠᠭ ᠤᠨ ᠣᠷᠳᠣᠨ ᠤ ᠬᠤᠳᠠᠯᠳᠤᠨ ᠠᠪᠬᠤ᠂ ᠬᠤᠳᠠ ᠶᠢᠨ ᠡᠵᠡᠩᠨᠡᠯᠲᠡ᠂ ᠰᠢᠨ᠎ᠡ ᠡᠨᠧᠷᠭᠢ ᠶᠢᠨ | ᠰᠤᠷᠪᠤᠯᠵᠢ ᠶᠢᠨ ᠠᠵᠤ ᠦᠢᠯᠡᠰ ᠵᠡᠷᠭᠡ ᠬᠦᠷᠢᠶᠡᠨ ᠤ ᠵᠠᠬ᠎ᠠ ᠳᠡᠯᠭᠡᠭᠦᠷ ᠢ ᠥᠷᠭᠡᠳᠬᠡᠵᠦ᠂ ᠤᠯᠤᠰ ᠤᠨ | ᠥᠮᠴᠢᠯᠡᠯ ᠤᠨ ᠡᠳ᠋ ᠬᠦᠷᠦᠩᠭᠡ ᠶᠢᠨ ᠦᠷᠳᠡᠭ ᠢ ᠪᠠᠲᠤᠯᠠᠵᠤ ᠦᠷᠳᠡᠭ ᠢ ᠨᠡᠮᠡᠭᠳᠡᠭᠦᠯᠬᠦ ᠶᠢ ᠪᠡᠶᠡᠯᠡᠭᠦᠯᠦᠨ᠎ᠡ᠃ | ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠴᠢᠩᠭᠠᠳᠬᠠᠵᠤ᠂ ᠵᠠᠰᠠᠭ ᠵᠠᠬᠢᠷᠭ᠎ᠠ ᠠᠵᠢᠯ ᠦᠢᠯᠡᠰ ᠤᠨ | ᠨᠢᠭᠡᠴᠢ ᠶᠢᠨ ᠬᠠᠷᠠᠯᠲᠠ ᠲᠣᠭᠲᠠᠭᠠᠬᠤ᠂ ᠬᠢᠨᠠᠨ ᠡᠵᠡᠮᠳᠡᠵᠦ ᠦᠨᠡᠯᠡᠬᠦ ᠪᠠ ᠦᠷ᠎ᠡ ᠳ᠋ᠦᠩ ᠤᠨ ᠬᠡᠷᠡᠭᠯᠡᠯᠲᠡ ᠶᠢᠨ | ᠪᠢᠲᠡᠭᠦᠦ ᠴᠠᠭᠠᠷᠢᠭ ᠢ ᠨᠡᠶᠢᠳᠡᠮ ᠪᠦᠷᠬᠦᠭᠦᠯᠬᠦ ᠶᠢ ᠲᠦᠯᠬᠢᠨ ᠠᠬᠢᠭᠤᠯᠤᠨ᠎ᠠ᠃ ᠭᠠᠶᠢᠯᠢ ᠲᠠᠲᠠᠪᠤᠷᠢ ᠶᠢᠨ | ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶ ᠠᠬᠢᠭᠤᠯᠵᠤ᠂ ᠳᠠᠪᠠᠭᠤᠯᠤᠨ ᠬᠤᠷᠢᠶᠠᠭᠰᠠᠨ ᠣᠷᠣᠯᠭ᠎ᠠ ᠪᠠᠷ | ᠬᠤᠪᠢᠳᠠᠬᠤ᠂ ᠨᠡᠮᠡᠭᠳᠡᠯ ᠤᠨ ᠬᠡᠮᠵᠢᠶ᠎ᠡ ᠪᠠᠷ ᠬᠤᠪᠢᠳᠠᠬᠤ ᠵᠡᠷᠭᠡ ᠲᠣᠭᠲᠠᠴᠠ ᠶᠢ ᠬᠡᠷᠡᠭᠵᠢᠭᠦᠯᠦᠨ᠂ ᠪᠥᠬᠦ | ᠲᠣᠭᠤᠷᠢᠭ ᠤᠨ ᠡᠳ᠋ ᠮᠥᠩᠭᠦ ᠬᠤᠷᠠᠮᠳᠤᠭᠤᠯᠤᠨ ᠡᠳ᠋ ᠮᠥᠩᠭᠦ ᠬᠠᠮᠢᠶᠠᠷᠬᠤ ᠢᠳᠡᠪᠬᠢᠵᠢᠯ ᠢ ᠳᠠᠶᠢᠴᠢᠯᠠᠨ᠎ᠠ᠃ ᠬᠥᠳᠡᠭᠡ | ᠲᠣᠰᠬᠤᠨ ᠤ ᠭᠠᠵᠠᠷ ᠰᠢᠷᠣᠶ ᠶᠢ ᠪᠦᠬᠦ ᠲᠣᠰᠬᠤᠨ ᠢᠶᠠᠷ ᠨᠢ ᠡᠷᠭᠢᠯᠲᠡ ᠳᠤ ᠣᠷᠣᠭᠤᠯᠬᠤ ᠲᠤᠷᠰᠢᠯᠲᠠ ᠶᠢ ᠪᠦᠬᠦ | ᠬᠦᠴᠦᠨ ᠢᠶᠠᠷ ᠲᠦᠯᠬᠢᠨ ᠠᠬᠢᠭᠤᠯᠵᠤ᠂ ᠡᠷᠴᠢᠮᠵᠢᠭᠰᠡᠨ᠂ ᠬᠡᠪᠴᠢᠶᠡᠵᠢᠭᠰᠡᠨ᠂ ᠤᠶᠤᠨᠵᠢᠭᠰᠠᠨ ᠤᠳᠤ ᠦᠶ᠎ᠡ ᠶᠢᠨ | ᠲᠠᠷᠢᠶᠠᠯᠠᠩ ᠤᠨ ᠰᠠᠭᠤᠷᠢᠨ ᠭᠠᠵᠠᠷ ᠢ ᠪᠠᠶᠢᠭᠤᠯᠵᠤ᠂ ᠠᠮᠤ ᠪᠤᠳᠠᠭᠠᠨ ᠤ ᠤᠨᠠᠯᠲᠠ ᠶᠢ ᠨᠡᠮᠡᠭᠳᠡᠭᠦᠯᠬᠦ᠂ ᠲᠠᠷᠢᠶᠠᠯᠠᠩ ᠤᠨ | ᠦᠷ᠎ᠡ ᠠᠰᠢᠭ ᠢ ᠨᠡᠮᠡᠭᠳᠡᠭᠦᠯᠬᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠤᠨ᠎ᠠ᠃ | ᠬᠤᠶᠠᠷ ᠲᠤ ᠭᠠᠳᠠᠭᠰᠢ ᠨᠡᠭᠡᠭᠡᠬᠦ ᠬᠢᠷᠢ ᠬᠡᠮᠵᠢᠶ᠎ᠡ ᠪᠠᠨ ᠳᠡᠭᠡᠭᠰᠢᠯᠡᠭᠦᠯᠦᠨ᠎ᠡ᠃ ᠪᠠᠷᠠᠭᠠᠨ ᠤ ᠭᠦᠢᠯᠭᠡᠭᠡᠨ ᠤ | ᠬᠦᠷᠢᠶᠡᠯᠡᠩ ᠲᠣᠭᠤᠷᠢᠭ ᠤᠨ ᠰᠠᠭᠤᠷᠢ ᠴᠢᠳᠠᠮᠵᠢ ᠶᠢ ᠲᠡᠭᠦᠯᠳᠡᠷᠵᠢᠭᠦᠯᠵᠦ᠂ ᠲᠡᠮᠦᠷ ᠵᠠᠮ ᠤᠨ ᠲᠤᠰᠬᠠᠶ ᠱᠤᠭᠤᠮ ᠪᠠ | ᠬᠦᠢᠲᠡᠨ ᠬᠡᠯᠬᠢᠶᠡᠰᠦ ᠶᠢᠨ ᠲᠥᠪ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠂ ᠪᠤᠭᠤᠲᠤ ᠶᠢᠨ ᠪᠠᠷᠠᠭᠠᠨ ᠤ | ᠲᠡᠭᠡᠭᠡᠪᠦᠷᠢ ᠶᠢᠨ ᠲᠥᠪ ᠤᠨ ᠪᠤᠭᠤᠲᠤ ᠶᠢᠨ ᠪᠠᠷᠠᠭᠤᠨ ᠥᠷᠲᠡᠭᠡ ᠲᠠᠯᠠᠪᠤᠷ ᠤᠨ ᠰᠠᠭᠤᠷᠢ ᠪᠡᠯᠡᠳᠬᠡᠮᠵᠢ ᠶᠢᠨ | ᠲᠡᠭᠦᠯᠳᠡᠷᠵᠢᠯᠲᠡ ᠶᠢ ᠲᠦᠷᠭᠡᠳᠬᠡᠵᠦ᠂ ᠳᠤᠮᠳᠠᠳᠤ ᠷᠦᠢ ᠰᠢᠲᠠᠮᠠᠬᠠᠶ ᠬᠡᠶ ᠶᠢᠨ ᠶᠡᠷᠦᠩᠬᠡᠶᠢᠯᠡᠭᠰᠡᠨ ᠪᠠᠷᠠᠭᠠᠨ ᠤ | ᠭᠦᠢᠯᠭᠡᠭᠡᠨ ᠤ ᠬᠥᠮᠥᠷᠭᠡᠯᠡᠯᠲᠡ᠂ ᠴᠠᠬᠢᠯᠭᠠᠨ ᠬᠥᠳᠡᠯᠭᠡᠭᠦᠷᠲᠦ ᠬᠦᠨᠳᠦ ᠺᠠᠷᠲ ᠤᠨ ᠢᠵᠢ ᠪᠥᠷᠢᠳᠦᠭᠰᠡᠨ ᠴᠠᠬᠢᠯᠭᠠᠨ | ᠴᠡᠨᠡᠭᠯᠡᠬᠦ ᠪᠡᠯᠡᠳᠬᠡᠮᠵᠢ ᠵᠡᠷᠭᠡ ᠳᠥᠰᠦᠯ ᠢ ᠠᠬᠢᠭᠤᠯᠤᠨ᠂ ᠪᠠᠷᠠᠭᠠᠨ ᠤ ᠭᠦᠢᠯᠭᠡᠭᠡᠨ ᠤ ᠠᠷᠠᠯᠵᠢᠶ᠎ᠠ ᠶᠢᠨ ᠠᠵᠤ | ᠠᠬᠤᠶᠢᠯᠠᠯ ᠢ 10 ᠡᠷᠦᠬᠡ ᠠᠴᠠ ᠳᠡᠭᠡᠭᠰᠢ ᠣᠷᠣᠭᠤᠯᠤᠨ ᠠᠪᠴᠢᠷᠠᠵᠤ᠂ ᠵᠢᠯ ᠤᠨ ᠪᠠᠷᠠᠭᠠᠨ ᠤ ᠲᠡᠭᠡᠭᠡᠪᠦᠷᠢ ᠶᠢᠨ | ᠬᠡᠮᠵᠢᠶ᠎ᠡ ᠶᠢ 800 ᠲᠦᠮᠡᠨ ᠲᠣᠨ ᠠᠴᠠ ᠳᠠᠪᠠᠭᠤᠯᠤᠨ᠎ᠠ᠃ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ | ᠶᠠᠪᠤᠳᠠᠯ ᠤᠨ ᠶᠡᠷᠦᠩᠬᠡᠶᠢᠯᠡᠭᠰᠡᠨ ᠲᠤᠷᠰᠢᠯᠲᠠ ᠶᠢᠨ ᠲᠣᠭᠤᠷᠢᠭ ᠤᠨ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ | ᠰᠠᠶᠢᠲᠤᠷ ᠬᠡᠷᠡᠭᠯᠡᠨ᠂ 1210 ᠭᠠᠶᠢᠯᠢ ᠪᠠᠲᠤᠯᠠᠵᠤ ᠪᠠᠷᠠᠭ᠎ᠠ ᠪᠡᠯᠡᠳᠬᠡᠬᠦ ᠲᠤᠬᠠᠶᠢᠯᠠᠭᠰᠠᠨ ᠠᠵᠢᠯ ᠢ ᠡᠬᠢᠯᠡᠭᠦᠯᠵᠦ᠂ | ᠵᠢᠶ ᠮᠢ ᠯᠦ᠂ ᠸᠧᠶ ᠵᠢᠶ ᠱᠢ᠂ ᠶᠠᠩ ᠣᠪᠣᠭᠲᠤ ᠶᠢᠨ ᠠᠵᠤ ᠦᠢᠯᠡᠰ ᠵᠡᠷᠭᠡ ᠬᠢᠯᠢ ᠠᠯᠤᠰᠯᠠᠭᠰᠠᠨ ᠡᠯᠧᠺᠲᠷᠣᠨ | ᠬᠤᠳᠠᠯᠳᠤᠭᠠᠨ ᠤ ᠠᠵᠤ ᠠᠬᠤᠶᠢᠯᠠᠯ ᠳᠤ ᠨᠠᠶᠢᠳᠠᠪᠤᠷᠢᠵᠢᠭᠤᠯᠤᠨ᠂ ᠪᠥᠬᠦ ᠵᠢᠯ ᠳᠤ ᠬᠢᠯᠢ ᠠᠯᠤᠰᠯᠠᠭᠰᠠᠨ ᠡᠯᠧᠺᠲᠷᠣᠨ | ᠬᠤᠳᠠᠯᠳᠤᠭᠠᠨ ᠤ ᠲᠤᠬᠠᠶᠢᠯᠠᠭᠰᠠᠨ ᠠᠵᠢᠯ ᠢ 30 ᠲᠦᠮᠡᠨ ᠬᠠᠭᠤᠳᠠᠰᠤ ᠪᠡᠶᠡᠯᠡᠭᠦᠯᠬᠦ ᠪᠠᠷ ᠴᠢᠷᠮᠠᠶᠢᠨ᠎ᠠ᠃ | ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠵᠤ ᠠᠬᠤᠶᠢᠯᠠᠯ ᠤᠨ ᠪᠤᠭᠤᠲᠤ ᠶᠢᠨ B ᠪᠠᠲᠤᠯᠠᠭ᠎ᠠ ᠶᠢ | ᠠᠰᠢᠭᠯᠠᠨ ᠭᠠᠳᠠᠭᠠᠳᠤ ᠠᠷᠠᠯᠵᠢᠶ᠎ᠠ ᠶᠢᠨ ᠲᠤᠬᠠᠶᠢᠯᠠᠭᠰᠠᠨ ᠠᠵᠢᠯ ᠥᠷᠨᠢᠭᠦᠯᠬᠦ ᠶᠢ ᠬᠥᠲᠥᠯᠦᠨ ᠵᠢᠯᠣᠭᠤᠳᠴᠤ | ᠵᠣᠷᠢᠭᠵᠢᠭᠤᠯᠵᠤ᠂ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠢ ᠡᠭᠦᠳᠦᠨ ᠪᠠᠶᠢᠭᠤᠯᠬᠤ ᠪᠠᠷ ᠢᠳᠡᠪᠬᠢᠲᠡᠶ | ᠮᠡᠳᠡᠭᠦᠯᠦᠨ᠎ᠡ᠃ | ᠭᠤᠷᠪᠠ ᠳᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠮᠢᠳᠤᠯᠢᠭ ᠬᠦᠴᠦᠨ ᠢ | ᠪᠠᠳᠠᠷᠠᠭᠤᠯᠤᠨ᠎ᠠ᠃ ᠠᠵᠤ ᠠᠬᠤᠶᠢᠯᠠᠯ ᠤᠨ ᠰᠢᠨ᠎ᠡ ᠶᠢ ᠡᠭᠦᠳᠦᠨ ᠪᠤᠶᠢᠵᠢᠭᠤᠯᠬᠤ ᠶᠢ ᠴᠢᠩᠭᠠᠳᠬᠠᠵᠤ᠂ ᠰᠢᠨ᠎ᠡ ᠪᠠᠷ | ᠨᠡᠮᠡᠭᠳᠡᠭᠰᠡᠨ ᠠᠺᠠᠳᠧᠮᠢᠴᠢ ᠶᠢᠨ ᠠᠵᠢᠯᠯᠠᠬᠤ ᠦᠷᠳᠡᠭᠡ 1᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ 5᠂ | ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ 10 ᠰᠢᠨ᠎ᠡ ᠪᠠᠷ ᠨᠡᠮᠡᠭᠳᠡᠨ᠂ | ᠮᠢᠩᠶᠠᠩ ᠤᠨ ᠤᠮᠠᠷᠠᠲᠤ ᠣᠷᠣᠨ᠂ ᠳ᠋ᠠ ᠰᠢᠨ᠎ᠡ ᠡᠨᠧᠷᠭᠢ ᠵᠡᠷᠭᠡ ᠰᠤᠳᠤᠯᠤᠨ ᠨᠡᠭᠡᠭᠡᠬᠦ ᠶᠡᠷᠦᠩᠬᠡᠶ ᠬᠡᠯᠲᠡᠰ ᠲᠤ | ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠲᠠᠰ ᠤᠨ ᠠᠵᠤ ᠠᠬᠤᠶᠢᠯᠠᠯ ᠤᠨ ᠰᠤᠳᠤᠯᠤᠨ ᠨᠡᠭᠡᠭᠡᠬᠦ | ᠲᠥᠪ ᠢ 3 ᠪᠠᠶᠢᠭᠤᠯᠤᠨ᠎ᠠ᠃ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠠᠴᠢᠶᠠᠯᠠᠪᠤᠷᠢ ᠶᠢ | ᠢᠳᠡᠪᠬᠢᠲᠡᠶ ᠪᠠᠷ ᠪᠣᠶ ᠪᠣᠯᠭᠠᠵᠤ᠂ ᠠᠵᠤ ᠦᠢᠯᠡᠳᠪᠤᠷᠢ ᠶᠢᠨ ᠬᠦᠷᠢᠶᠡᠯᠡᠩ ᠲᠣᠭᠤᠷᠢᠭ᠂ ᠢᠳᠡᠭᠡᠨ ᠤ ᠬᠦᠷᠢᠶᠡᠯᠡᠩ | ᠲᠣᠭᠤᠷᠢᠭ ᠤᠨ ᠣᠯᠠᠨ ᠢᠶᠠᠷ ᠢᠶᠠᠨ ᠰᠢᠨ᠎ᠡ ᠶᠢ ᠡᠭᠦᠳᠬᠦ ᠣᠷᠣᠨ ᠵᠠᠶ ᠶᠢᠨ ᠪᠥᠲᠥᠭᠡᠨ ᠪᠠᠶᠢᠭᠤᠯᠤᠯᠲᠠ ᠶᠢ | ᠲᠦᠷᠭᠡᠳᠬᠡᠨ᠂ ᠰᠢᠨ᠎ᠡ ᠪᠠᠷ ᠰᠢᠨ᠎ᠡ ᠶᠢ ᠡᠭᠦᠳᠬᠦ ᠣᠷᠣᠨ ᠵᠠᠶ ᠵᠡᠷᠭᠡ ᠨᠡᠪᠴᠢᠭᠦᠯᠬᠦ ᠠᠴᠢᠶᠠᠯᠠᠪᠤᠷᠢ ᠶᠢ 2 ᠠᠴᠠ | ᠳᠡᠭᠡᠭᠰᠢ ᠰᠢᠨ᠎ᠡ ᠪᠠᠷ ᠨᠡᠮᠡᠭᠳᠡᠭᠦᠯᠦᠨ᠎ᠡ᠃ ᠠᠵᠤ ᠠᠬᠤᠶᠢᠯᠠᠯ ᠢ ᠵᠢᠯᠣᠭᠤᠳᠤᠨ ᠰᠢᠨᠵᠢᠯᠡᠬᠦ ᠤᠬᠠᠭᠠᠨ ᠮᠡᠷᠭᠡᠵᠢᠯ ᠤᠨ | ᠰᠢᠨ᠎ᠡ ᠶᠢ ᠡᠭᠦᠳᠬᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ᠂ ᠰᠢᠨᠵᠢᠯᠡᠬᠦ ᠤᠬᠠᠭᠠᠨ ᠮᠡᠷᠭᠡᠵᠢᠯ ᠤᠨ | ᠳᠥᠰᠦᠯ ᠵᠡᠷᠭᠡ ᠡᠯ᠎ᠡ ᠲᠥᠷᠥᠯ ᠤᠨ ᠪᠠᠯᠠ ᠮᠥᠩᠭᠦ ᠶᠢ 1500 ᠲᠦᠮᠡᠨ ᠲᠥᠭᠦᠷᠢᠭ ᠠᠴᠠ ᠳᠡᠭᠡᠭᠰᠢ ᠤᠯᠬᠤ ᠪᠠᠷ | ᠴᠢᠷᠮᠠᠶᠢᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ᠂ ᠭᠤᠤᠯᠯᠠᠬᠤ ᠮᠡᠷᠭᠡᠵᠢᠯ ᠤᠨ | ᠪᠣᠭᠤᠮᠲᠠ ᠰᠢᠪᠲᠤᠯᠬᠤ ᠵᠡᠷᠭᠡ ᠳᠥᠰᠦᠯ ᠢ 6 ᠠᠴᠠ ᠳᠡᠭᠡᠭᠰᠢ ᠬᠡᠷᠡᠭᠵᠢᠭᠦᠯᠵᠦ᠂ ᠪᠥᠬᠦ ᠨᠡᠶᠢᠭᠡᠮ ᠤᠨ ᠰᠤᠳᠤᠯᠤᠨ | ᠨᠡᠭᠡᠭᠡᠬᠦ ᠣᠷᠣᠭᠤᠯᠤᠯᠲᠠ ᠶᠢ 30% ᠠᠴᠠ ᠳᠡᠭᠡᠭᠰᠢ ᠨᠡᠮᠡᠭᠳᠡᠭᠦᠯᠬᠦ ᠪᠠᠷ ᠴᠢᠷᠮᠠᠶᠢᠨ᠎ᠠ᠃ ᠰᠢᠨᠵᠢᠯᠡᠬᠦ ᠤᠬᠠᠭᠠᠨ | ᠮᠡᠷᠭᠡᠵᠢᠯ ᠤᠨ ᠴᠢᠳᠠᠪᠤᠷᠢᠲᠠᠨ ᠤ ᠲᠤᠯᠭᠠᠭᠤᠷᠢᠯᠠᠯ ᠢ ᠴᠢᠩᠭᠠᠷᠠᠭᠤᠯᠤᠨ᠂ ᠡᠯ᠎ᠡ ᠵᠦᠢᠯ ᠤᠨ ᠴᠢᠳᠠᠪᠤᠷᠢᠲᠠᠨ ᠢ | ᠤᠷᠮᠠᠰᠢᠭᠤᠯᠬᠤ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠨᠡᠭᠦᠳᠡᠯ ᠤᠨ ᠰᠢᠪᠠᠭᠤ | ᠮᠠᠶ᠋ᠢᠭ︾ ᠤᠨ ᠤᠷᠢᠨ ᠲᠣᠮᠢᠯᠠᠬᠤ᠂ ︽ᠨᠢᠰᠦᠭᠡ ᠭᠠᠵᠠᠷ ᠤᠨ ᠮᠠᠶ᠋ᠢᠭ︾ ᠢᠶᠠᠷ ᠴᠢᠳᠠᠪᠤᠷᠢᠲᠠᠨ ᠲᠠᠲᠠᠬᠤ ᠶᠢ | ᠰᠦᠪᠡᠭᠴᠢᠯᠡᠨ ᠬᠡᠷᠡᠭᠯᠡᠵᠦ᠂ ᠵᠢᠯ ᠤᠨ ᠳᠣᠲᠣᠷ᠎ᠠ ᠳᠡᠭᠡᠳᠦ ᠲᠠᠰ ᠳᠠᠪᠬᠤᠷᠭ᠎ᠠ ᠶᠢᠨ ᠳᠤᠲᠠᠭᠳᠠᠵᠤ ᠪᠠᠶᠢᠭ᠎ᠠ 170 | ᠴᠢᠳᠠᠪᠤᠷᠢᠲᠠᠨ ᠢ ᠣᠷᠣᠭᠤᠯᠤᠨ ᠠᠪᠴᠢᠷᠠᠬᠤ ᠪᠠᠷ ᠴᠢᠷᠮᠠᠶᠢᠵᠤ᠂ ᠲᠤᠰᠬᠠᠶ ᠮᠡᠷᠭᠡᠵᠢᠯ ᠤᠨ ᠴᠢᠳᠠᠪᠤᠷᠢᠲᠠᠨ ᠢ 1200᠂ | ᠳᠡᠭᠡᠳᠦ ᠮᠡᠷᠭᠡᠵᠢᠯ ᠤᠨ ᠴᠢᠳᠠᠪᠤᠷᠢᠲᠠᠨ ᠢ 500 ᠰᠢᠨ᠎ᠡ ᠪᠠᠷ ᠨᠡᠮᠡᠭᠳᠡᠭᠦᠯᠦᠨ᠎ᠡ᠃ | ᠲᠥᠯᠥᠭᠡᠯᠡᠭᠴᠢᠳ ᠡ᠂ ᠥᠭᠡᠷᠡᠴᠢᠯᠡᠯᠲᠡ ᠨᠡᠭᠡᠭᠡᠯᠲᠡ ᠬᠢᠵᠦ ᠰᠢᠨ᠎ᠡ ᠶᠢ ᠡᠭᠦᠳᠬᠦ ᠪᠣᠯ ᠵᠢᠦ ᠶᠤᠸᠠᠨ ᠤ ᠴᠢᠨᠠᠷ | ᠰᠠᠶᠢᠲᠠᠶ ᠬᠥᠭᠵᠢᠯᠲᠡ ᠶᠢᠨ ᠬᠥᠳᠡᠯᠭᠡᠬᠦ ᠬᠦᠴᠦᠨ ᠤ ᠡᠬᠢ ᠪᠤᠯᠠᠭ ᠮᠥᠨ᠃ ᠪᠢᠳᠡ ᠥᠭᠡᠷᠡᠴᠢᠯᠡᠯᠲᠡ ᠶᠢ ᠠᠳᠬᠤᠬᠤ᠂ | ᠨᠡᠭᠡᠭᠡᠯᠳᠡ ᠶᠢ ᠠᠬᠢᠭᠤᠯᠬᠤ᠂ ᠰᠢᠨ᠎ᠡ ᠶᠢ ᠡᠭᠦᠳᠬᠦ ᠶᠢ ᠰᠦᠪᠡᠭᠴᠢᠯᠡᠬᠦ ᠶᠢ ᠤᠷᠳᠤ ᠬᠤᠭᠤᠴᠠᠭᠠᠨ ᠤ ᠪᠠᠶᠢᠯᠳᠤᠬᠤ | ᠪᠤᠳᠤᠯᠭ᠎ᠠ ᠶᠢᠨ ᠡᠭᠦᠷᠭᠡ ᠪᠠᠨ ᠪᠣᠯᠭᠠᠵᠤ᠂ ᠥᠭᠡᠷᠡᠴᠢᠯᠡᠯᠲᠡ ᠪᠠᠷ ᠪᠣᠳᠠᠲᠤ ᠦᠷ᠎ᠡ ᠪᠦᠲᠦᠮᠵᠢ ᠶᠢ ᠨᠡᠮᠡᠭᠳᠡᠭᠦᠯᠦᠨ᠂ | ᠨᠡᠭᠡᠭᠡᠯᠳᠡ ᠪᠠᠷ ᠬᠥᠳᠡᠯᠭᠡᠬᠦ ᠬᠦᠴᠦᠨ ᠨᠡᠮᠡᠷᠢᠯᠡᠵᠦ᠂ ᠰᠢᠨ᠎ᠡ ᠶᠢ ᠡᠭᠦᠳᠬᠦ ᠪᠠᠷ ᠰᠢᠪᠲᠤᠯᠤᠯᠲᠠ ᠶᠢ ᠠᠬᠢᠭᠤᠯᠵᠤ᠂ | ᠴᠢᠨᠠᠷ ᠰᠠᠶᠢᠲᠠᠢ ᠬᠥᠭᠵᠢᠯᠲᠡ ᠶᠢᠨ ᠬᠠᠮᠤᠭ ᠤᠨ ᠶᠡᠭᠡ ᠨᠡᠮᠡᠭᠳᠡᠯ ᠤᠨ ᠬᠡᠮᠵᠢᠶ᠎ᠡ ᠶᠢ ᠪᠦᠬᠦ ᠬᠦᠴᠦᠨ ᠢᠶᠠᠷ ᠢᠶᠠᠨ | ᠪᠠᠳᠠᠷᠠᠭᠤᠯᠤᠶ᠎ᠠ︕ | ︵ᠲᠦᠷᠪᠡ︶ ᠠᠮᠢ ᠠᠬᠤᠢ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠪᠣᠬᠢᠷᠲᠤᠯ ᠦᠭᠡᠢ | ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠨ᠎ᠡ | ᠨᠢᠭᠡ ᠳᠤ ᠣᠷᠴᠢᠨ ᠲᠣᠭᠤᠷᠢᠨ ᠤ ᠪᠣᠬᠢᠷᠲᠤᠯ ᠢ ᠶᠡᠷᠦᠩᠬᠡᠢᠯᠡᠨ ᠵᠠᠰᠠᠬᠤ ᠶᠢ ᠴᠢᠩᠭᠠᠳᠭᠠᠨ᠎ᠠ᠃ ᠬᠤᠶᠠᠳᠤᠭᠠᠷ | ᠡᠭᠡᠯᠵᠢ ᠶᠢᠨ ᠲᠥᠪ ᠤᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠵᠤ | ᠬᠠᠷᠢᠭᠤ ᠲᠤᠰᠬᠠᠭᠰᠠᠨ ᠠᠰᠠᠭᠤᠳᠠᠯ ᠢ ᠪᠥᠬᠦ ᠬᠦᠴᠦᠨ ᠢᠶᠠᠷ ᠢᠶᠠᠨ ᠴᠡᠭᠴᠡᠯᠡᠨ ᠰᠠᠶᠢᠵᠢᠷᠠᠭᠤᠯᠵᠤ᠂ ᠰᠢᠨ᠎ᠡ ᠪᠣᠬᠢᠷᠲᠤᠯ | ᠪᠣᠳᠠᠰ ᠢ ᠪᠠᠶᠢᠴᠠᠭᠠᠨ ᠵᠠᠰᠠᠬᠤ ᠠᠵᠢᠯ ᠥᠷᠨᠢᠭᠦᠯᠬᠦ ᠶᠢ ᠠᠬᠢᠭᠤᠯᠤᠨ᠎ᠠ᠃ ᠠᠭᠠᠷ ᠮᠠᠨᠳᠠᠯ ᠤᠨ ᠪᠣᠬᠢᠷᠲᠤᠯ ᠢ | ᠰᠡᠷᠭᠡᠶᠢᠯᠡᠨ ᠵᠠᠰᠠᠬᠤ ᠪᠡᠷᠬᠡ ᠰᠡᠳᠦᠪ ᠢ ᠰᠢᠢᠳᠪᠤᠷᠢᠯᠡᠬᠦ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠠᠷᠢᠭᠤᠨ | ᠴᠡᠪᠡᠷ ᠡᠨᠧᠷᠭᠢ ᠶᠢᠨ ᠰᠤᠷᠪᠤᠯᠵᠢ ᠪᠠᠷ ᠳᠤᠯᠠᠭᠠᠯᠠᠬᠤ ᠥᠭᠡᠷᠡᠴᠢᠯᠡᠯᠲᠡ ᠶᠢᠨ ᠵᠦᠢᠯᠡᠰ ᠢ ᠪᠡᠶᠡᠯᠡᠭᠦᠯᠵᠦ᠂ ᠬᠦᠨᠳᠦ | ᠬᠡᠯᠪᠡᠷᠢ ᠶᠢᠨ ᠴᠠᠶᠢᠶ᠋ᠢᠦ ᠲᠤᠰᠤᠨ ᠤ ᠮᠠᠰᠢᠨ ᠲᠡᠷᠭᠡᠨ ᠤ ᠤᠳᠤᠭ᠎ᠠ ᠶᠢ ᠰᠦᠯᠵᠢᠶᠡᠨ ᠳᠡᠭᠡᠷ᠎ᠡ ᠠᠯᠤᠰ ᠠᠴᠠ ᠬᠢᠨᠠᠨ | ᠡᠵᠡᠮᠳᠡᠬᠦ ᠶᠢ ᠳᠡᠯᠭᠡᠷᠡᠭᠦᠯᠵᠦ᠂ ᠪᠠᠷᠢᠯᠭ᠎ᠠ ᠶᠢᠨ ᠭᠠᠵᠠᠷ ᠪᠠ ᠵᠠᠮ ᠤᠨ ᠳᠡᠭᠳᠡᠮᠡᠯ ᠲᠣᠭᠤᠰᠣᠨ ᠤ ᠪᠣᠬᠢᠷᠲᠤᠯ ᠢ | ᠵᠠᠰᠠᠬᠤ ᠶᠢ ᠴᠢᠩᠭᠠᠳᠬᠠᠵᠤ᠂ ︽ᠲᠠᠷᠠᠬᠠᠶ ᠪᠤᠲᠠᠷᠬᠠᠶ ᠡᠮᠬᠢ ᠵᠠᠮᠪᠠᠷᠠᠭ᠎ᠠ ᠦᠭᠡᠢ ᠪᠣᠬᠢᠷᠲᠤᠯ ᠲᠠᠢ︾ ᠠᠵᠤ | ᠠᠬᠤᠶᠢᠯᠠᠯ ᠢ ᠴᠡᠭᠴᠡᠯᠡᠨ ᠵᠠᠰᠠᠭᠰᠠᠨ ᠦᠷ᠎ᠡ ᠪᠦᠲᠦᠮᠵᠢ ᠶᠢ ᠪᠠᠬᠢᠵᠢᠭᠦᠯᠵᠦ᠂ ᠬᠦᠨᠳᠦ ᠪᠣᠬᠢᠷᠲᠤᠯ ᠲᠠᠢ ᠴᠠᠭ ᠠᠭᠤᠷ ᠢ | ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠ ᠪᠠᠴᠢᠮ ᠪᠠᠶᠢᠳᠠᠯ ᠢ ᠠᠷᠭᠠᠴᠠᠨ ᠰᠢᠢᠳᠪᠤᠷᠢᠯᠡᠬᠦ ᠶᠢ | ᠴᠢᠩᠭᠠᠳᠬᠠᠨ᠎ᠠ᠃ ᠤᠰᠤᠨ ᠤ ᠪᠣᠬᠢᠷᠲᠤᠯ ᠢ ᠶᠡᠷᠦᠩᠬᠡᠶᠢᠯᠡᠨ ᠵᠠᠰᠠᠬᠤ ᠶᠢ ᠭᠦᠨᠵᠡᠭᠡᠶ ᠬᠡᠷᠡᠭᠵᠢᠭᠦᠯᠵᠦ᠂ ᠪᠣᠷᠣᠭᠠᠨ ᠤ | ᠤᠰᠤᠨ ᠤ ᠪᠣᠬᠢᠷᠲᠤᠯ ᠤᠨ ᠬᠤᠭᠤᠯᠠᠶ ᠶᠢᠨ ᠲᠣᠣᠷ ᠢ ᠬᠤᠯᠢᠯᠳᠤᠭᠤᠯᠤᠨ ᠵᠠᠯᠭᠠᠬᠤ ᠠᠰᠠᠭᠤᠳᠠᠯ ᠢ ᠳᠠᠷᠠᠭᠠᠯᠠᠨ | ᠪᠠᠶᠢᠴᠠᠭᠠᠵᠤ ᠴᠡᠭᠴᠡᠯᠡᠨ ᠵᠠᠰᠠᠵᠤ᠂ ᠺᠦᠨ ᠾᠧ ᠭᠤᠣᠯ ᠤᠨ ᠳᠤᠤᠷᠠᠳᠤ ᠤᠷᠤᠰᠬᠠᠯ ᠤᠨ ᠭᠤᠣᠯ ᠤᠨ ᠵᠠᠮ ᠢ | ᠴᠡᠭᠴᠡᠯᠡᠨ ᠵᠠᠰᠠᠬᠤ᠂ ᠦᠩ ᠰᠢᠮᠡᠯᠢᠭ ᠰᠢᠷᠣᠶ ᠶᠢᠨ ᠰᠤᠪᠠᠭ ᠤᠨ ᠤᠰᠤ ᠲᠠᠲᠠᠬᠤ ᠰᠤᠪᠠᠭ ᠤᠨ ᠤᠰᠤᠨ ᠤ ᠠᠮᠢ | ᠠᠬᠤᠶ ᠶᠢ ᠵᠠᠰᠠᠨ ᠰᠡᠷᠭᠦᠭᠡᠬᠦ ᠢᠨᠵᠧᠨᠧᠷᠢᠩ ᠢ ᠲᠦᠷᠭᠡᠪᠴᠢᠯᠡᠨ ᠬᠡᠷᠡᠭᠯᠡᠵᠦ᠂ ᠤᠰᠤᠨ ᠤ ᠣᠷᠴᠢᠨ ᠠᠬᠤᠶ ᠶᠢᠨ ᠶᠠᠰᠤ | ᠴᠢᠨᠠᠷ ᠢ ᠬᠦᠴᠦᠯᠡᠨ ᠳᠡᠭᠡᠭᠰᠢᠯᠡᠭᠦᠯᠦᠨ᠎ᠡ᠃ ᠬᠥᠷᠥᠰᠥ ᠰᠢᠷᠣᠶ ᠶᠢᠨ ᠪᠣᠬᠢᠷᠲᠤᠯ ᠢ ᠰᠡᠷᠭᠡᠶᠢᠯᠡᠨ ᠵᠠᠰᠠᠬᠤ | ᠲᠥᠯᠥᠪᠯᠡᠭᠡ ᠶᠢ ᠪᠥᠬᠦ ᠲᠠᠯ᠎ᠠ ᠪᠠᠷ ᠳᠥᠯᠭᠢᠨ ᠠᠬᠢᠭᠤᠯᠵᠤ᠂ ᠪᠤᠭᠤᠲᠤ ᠶᠢᠨ ᠠᠶᠤᠯᠲᠠᠶ ᠬᠠᠶᠠᠭᠳᠠᠮᠠᠯ ᠪᠣᠳᠠᠰ ᠤᠨ | ᠲᠥᠪ ᠤᠨ ᠰᠢᠲᠠᠭᠠᠬᠤ ᠰᠢᠰᠲ᠋ᠧᠮ ᠤᠨ ᠪᠠᠷᠢᠮᠵᠢᠶ᠎ᠠ ᠶᠢ ᠳᠡᠭᠡᠭᠰᠢᠯᠡᠭᠦᠯᠵᠦ ᠲᠠᠰ ᠳᠡᠪᠰᠢᠭᠦᠯᠦᠨ ᠥᠭᠡᠷᠡᠴᠢᠯᠡᠬᠦ ᠪᠠ | ᠫᠯᠠᠲ ᠠᠮᠢᠳᠤᠷᠠᠯ ᠤᠨ ᠬᠤᠭ ᠨᠣᠪᠰᠢ ᠶᠢ ᠰᠢᠲᠠᠭᠠᠬᠤ ᠬᠤᠶᠠᠳᠤᠭᠠᠷ ᠬᠤᠭᠤᠴᠠᠭᠠᠨ ᠤ ᠥᠭᠡᠷᠡᠴᠢᠯᠡᠵᠦ ᠥᠷᠭᠡᠳᠬᠡᠨ | ᠪᠠᠶᠢᠭᠤᠯᠬᠤ ᠢᠨᠵᠧᠨᠧᠷᠢᠩ ᠢ ᠡᠬᠢᠯᠡᠭᠦᠯᠵᠦ᠂ ᠰᠢ ᠱᠠ ᠸᠠᠨ ᠲᠣᠰᠬᠤᠨ ᠤ ᠬᠤᠶᠢᠲᠤ ᠲᠠᠯ᠎ᠠ ᠶᠢᠨ ᠬᠡᠰᠡᠭ ᠭᠠᠵᠠᠷ ᠤᠨ | ᠲᠡᠤᠬᠡᠨ ᠠᠴᠠ ᠦᠯᠡᠳᠡᠭᠳᠡᠵᠦ ᠢᠷᠡᠭᠰᠡᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠴᠡᠭᠴᠡᠯᠡᠨ ᠵᠠᠰᠠᠬᠤ ᠳᠥᠰᠦᠯ ᠢ | ᠬᠡᠷᠡᠭᠵᠢᠭᠦᠯᠦᠨ᠂ ᠬᠥᠷᠥᠰᠥ ᠰᠢᠷᠣᠶ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠬᠢᠨᠠᠨ ᠬᠡᠮᠵᠢᠬᠦ ᠰᠢᠰᠲ᠋ᠧᠮᠵᠢ ᠶᠢ | ᠪᠠᠶᠢᠭᠤᠯᠵᠤ᠂ ᠲᠠᠷᠢᠶᠠᠯᠠᠩ ᠳᠤ ᠬᠡᠷᠡᠭᠯᠡᠬᠦ ᠭᠠᠵᠠᠷ ᠪᠠ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠥᠷᠥᠰᠥ | ᠰᠢᠷᠣᠶ ᠶᠢᠨ ᠣᠷᠴᠢᠨ ᠲᠣᠭᠤᠷᠢᠨ ᠤ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ ᠡᠵᠡᠮᠳᠡᠨ᠎ᠡ᠃ | ᠬᠤᠶᠠᠷ ᠲᠤ᠂ ᠪᠣᠬᠢᠷᠲᠤᠯ ᠦᠬᠡᠢ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠠᠯᠬᠤᠴᠠ ᠶᠢ | ᠲᠦᠷᠭᠡᠳᠬᠡᠨ᠎ᠡ᠃ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠶᠢ ᠲᠦᠯᠬᠢᠨ ᠠᠬᠢᠭᠤᠯᠵᠤ᠂ ᠤᠰᠤ | ᠠᠷᠪᠢᠯᠠᠬᠤ ᠲᠥᠯᠥᠪᠵᠢᠭᠦᠯᠭᠡ ᠶᠢᠨ ᠲᠥᠰᠦᠯ ᠢ ᠲᠣᠭᠲᠠᠭᠠᠵᠤ᠂ ᠰᠠᠨ ᠬᠤ ᠾᠧ ᠭᠤᠣᠯ ᠤᠨ ᠤᠰᠤᠯᠠᠯᠲᠠ ᠶᠢᠨ | ᠣᠷᠣᠨ ᠤ ᠤᠶᠤᠯᠢᠭ ᠲᠣᠬᠢᠷᠠᠭᠤᠯᠬᠤ ᠲᠠᠪᠴᠠᠩ ᠢ ᠪᠠᠶᠢᠭᠤᠯᠵᠤ᠂ ᠡᠮᠦᠨ᠎ᠡ ᠲᠡᠬᠦᠷᠭᠡ ᠶᠢᠨ ᠪᠣᠬᠢᠷ ᠤᠰᠤ ᠶᠢ | ᠰᠢᠢᠳᠪᠤᠷᠢᠯᠡᠬᠦ ᠦᠢᠯᠡᠳᠪᠦᠷᠢ ᠶᠢᠨ ᠮᠡᠷᠭᠡᠵᠢᠯ ᠤᠨ ᠥᠭᠡᠷᠡᠴᠢᠯᠡᠯᠲᠡ ᠶᠢ ᠬᠡᠷᠡᠭᠵᠢᠭᠦᠯᠵᠦ᠂ ᠳᠠᠬᠢᠯᠳᠠ ᠤᠰᠤᠨ ᠤ | ᠬᠤᠭᠤᠯᠠᠶ ᠶᠢᠨ ᠲᠣᠣᠷ ᠢ 26 ᠺᠢᠯᠣᠮᠧᠲᠷ ᠰᠢᠨ᠎ᠡ ᠪᠠᠷ ᠪᠠᠶᠢᠭᠤᠯᠪᠠ᠃ ᠭᠠᠵᠠᠷ ᠰᠢᠷᠣᠶ ᠶᠢᠨ ᠬᠠᠩᠭᠠᠯᠭ᠎ᠠ ᠶᠢᠨ | ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠵᠥᠪᠰᠢᠶᠡᠷᠡᠭᠰᠡᠨ ᠪᠣᠯᠪᠠᠴᠤ 1200 ᠮᠥ ᠭᠠᠵᠠᠷ | ᠰᠢᠷᠣᠶ ᠶᠢ ᠬᠠᠩᠭᠠᠭᠰᠠᠨ ᠥᠬᠡᠶ᠃ ᠡᠨᠧᠷᠭᠢ ᠶᠢᠨ ᠬᠤᠷᠣᠭᠳᠠᠯ ᠤᠨ ᠶᠡᠷᠦᠩᠬᠡᠶ ᠬᠡᠮᠵᠢᠶ᠎ᠡ ᠪᠠ ᠬᠦᠴᠦᠯᠡᠴᠡ ᠶᠢᠨ ︽ | ᠬᠤᠶᠠᠷ ᠢ ᠡᠵᠡᠮᠳᠡᠬᠦ︾ ᠬᠠᠷᠠᠯᠲᠠ ᠶᠢ ᠨᠠᠶᠢᠳᠠᠪᠤᠷᠢᠵᠢᠭᠤᠯᠵᠤ᠂ ᠤᠯᠤᠰ ᠤᠨ ᠡᠨᠧᠷᠭᠢ ᠶᠢᠨ ᠨᠡᠭᠦᠷᠡᠰᠦ ᠬᠢᠮᠢ ᠶᠢᠨ ᠠᠵᠤ | ᠦᠢᠯᠡᠳᠪᠤᠷᠢ᠂ ᠲᠡᠯᠡᠶ ᠶᠢᠨ ᠲᠦᠪᠰᠢᠨ ᠵᠡᠷᠭᠡ ᠳᠤ ᠴᠢᠨᠠᠷ ᠳᠣᠤᠷ᠎ᠠ ᠦᠯᠡᠳᠡᠪᠦᠷᠢ ᠢᠯᠴᠢ ᠦᠯᠡᠳᠡᠪᠦᠷᠢ ᠳᠠᠷᠤᠯᠲᠠ ᠶᠢ | ᠶᠡᠷᠦᠩᠬᠡᠶᠢᠯᠡᠨ ᠠᠰᠢᠭᠯᠠᠬᠤ ᠶᠢ ᠠᠬᠢᠭᠤᠯᠤᠨ᠂ ᠭᠤᠷᠪᠠᠨ ᠴᠠᠬᠢᠯᠭᠠᠨ ᠤ ᠦᠢᠯᠡᠳᠪᠤᠷᠢ ᠶᠢᠨ ᠢᠯᠴᠢ ᠶᠢᠨ ᠴᠠᠬᠢᠯᠭᠠᠨ ᠤ | ᠠᠮᠢᠳᠤᠯᠢᠭ ᠴᠢᠨᠠᠷ ᠤᠨ ᠥᠭᠡᠷᠡᠴᠢᠯᠡᠯᠲᠡ ᠶᠢ ᠪᠡᠶᠡᠯᠡᠭᠦᠯᠵᠦ᠂ ᠴᠦᠭᠦᠷᠰᠦ ᠶᠢᠨ ᠤᠲᠤᠭ᠎ᠠ ᠶᠢ ᠬᠤᠷᠢᠶᠠᠨ ᠠᠪᠴᠤ | ᠬᠤᠷᠣᠭᠳᠠᠯ ᠢ ᠪᠠᠭᠠᠰᠬᠠᠬᠤ ᠳᠥᠰᠦᠯ ᠢ ᠡᠬᠢᠯᠡᠭᠦᠯᠦᠨ᠎ᠡ᠃ 200 ᠰᠢᠨ᠎ᠡ ᠡᠨᠧᠷᠭᠢ ᠶᠢᠨ ᠰᠤᠷᠪᠤᠯᠵᠢ ᠶᠢᠨ ᠠᠯᠪᠠᠨ | ᠶᠠᠪᠤᠳᠠᠯ ᠤᠨ ᠲᠡᠷᠭᠡ ᠶᠢ ᠪᠦᠯᠦᠭ ᠬᠤᠪᠢᠶᠠᠨ ᠳᠡᠯᠭᠡᠷᠡᠭᠦᠯᠦᠨ ᠬᠡᠷᠡᠭᠯᠡᠵᠦ᠂ ᠰᠢᠨ᠎ᠡ ᠡᠨᠧᠷᠭᠢ ᠶᠢᠨ ᠰᠤᠷᠪᠤᠯᠵᠢ ᠶᠢᠨ | ᠮᠠᠰᠢᠨ ᠲᠡᠷᠭᠡ ᠶᠢ ᠳᠡᠯᠭᠡᠷᠡᠭᠦᠯᠦᠨ ᠬᠡᠷᠡᠭᠯᠡᠬᠦ ᠲᠤᠷᠰᠢᠯᠲᠠ ᠶᠢᠨ ᠲᠥᠪ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠶᠢ | ᠲᠡᠮᠵᠢᠪᠡ᠃ ᠮᠡᠷᠭᠡᠨ ᠤ ᠤᠰᠤ ᠲᠠᠲᠠᠵᠤ ᠡᠨᠧᠷᠭᠢ ᠬᠠᠳᠠᠭᠠᠯᠠᠬᠤ ᠴᠠᠬᠢᠯᠭᠠᠨ ᠦᠷᠳᠡᠭᠡ ᠶᠢᠨ ᠭᠠᠷᠳᠠᠮ ᠢ | ᠭᠦᠢᠴᠡᠳᠬᠡᠬᠦ ᠶᠢ ᠠᠬᠢᠭᠤᠯᠵᠤ᠂ ᠪᠤᠭᠤᠲᠤ ᠶᠢᠨ 2 ᠳ᠋ᠤᠭᠠᠷ ᠨᠣᠮᠧᠷᠲᠤ 500kV ᠪᠣᠬᠢᠷᠲᠤᠯ ᠦᠭᠡᠢ ᠴᠠᠬᠢᠯᠭᠠᠨ | ᠨᠡᠪᠲᠡᠷᠡᠬᠦ ᠵᠠᠮ ᠢ ᠠᠰᠢᠭᠯᠠᠯᠲᠠ ᠳᠤ ᠣᠷᠣᠭᠤᠯᠬᠤ ᠶᠢ ᠠᠬᠢᠭᠤᠯᠵᠤ᠂ ᠲᠢᠶᠠᠨ ᠧᠨ ᠤ ᠰᠢᠩᠭᠡᠨ ᠤᠷᠤᠰᠬᠠᠯ ᠤᠨ | ᠡᠨᠧᠷᠭᠢ ᠬᠠᠳᠠᠭᠠᠯᠠᠬᠤ᠂ ᠤᠰᠤᠲᠥ᠋ᠷᠥᠭᠴᠢ ᠶᠢ ᠨᠡᠪᠲᠡᠷᠡᠭᠦᠯᠬᠦ ᠤᠰᠤᠲᠥ᠋ᠷᠥᠭᠴᠢ ᠶᠢᠨ ᠡᠨᠧᠷᠭᠢ ᠶᠢᠨ ᠲᠤᠨᠤᠭ | ᠲᠥᠬᠦᠭᠡᠷᠦᠮᠵᠢ ᠦᠢᠯᠡᠳᠬᠦ ᠵᠡᠷᠭᠡ ᠳᠥᠰᠦᠯ ᠳᠤ ᠬᠦᠷᠬᠦ ᠶᠢ ᠲᠦᠷᠭᠡᠳᠬᠡᠵᠦ᠂ ︽ᠤᠯᠠᠨ ᠡᠨᠧᠷᠭᠢ ᠪᠠᠷ ᠬᠠᠷᠢᠯᠴᠠᠨ | ᠨᠥᠬᠦᠪᠥᠷᠢᠯᠡᠬᠦ + ᠣᠶᠤᠨᠴᠢ ᠡᠨᠧᠷᠭᠢ ᠶᠢᠨ ᠬᠠᠮᠢᠶᠠᠷᠤᠯᠲᠠ︾ ᠪᠦᠬᠦᠢ ᠨᠡᠭᠦᠷᠡᠰᠦᠲᠥ᠋ᠷᠥᠭᠴᠢ ᠪᠠᠭ᠎ᠠ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ ᠲᠦᠷᠭᠡᠨ ᠪᠠᠶᠢᠭᠤᠯᠤᠨ᠎ᠠ᠃ | ᠭᠤᠷᠪᠠ ᠳᠤ ᠠᠮᠢ ᠠᠬᠤᠶ ᠶᠢᠨ ᠰᠢᠰᠲ᠋ᠧᠮ ᠤᠨ ᠬᠠᠮᠠᠭᠠᠯᠠᠯᠲᠠ ᠶᠢᠨ ᠡᠷᠴᠢᠮ ᠢ ᠴᠢᠩᠭᠠᠷᠠᠭᠤᠯᠤᠨ᠎ᠠ᠃ ᠠᠭᠤᠯᠠ | ᠤᠰᠤ ᠣᠶ ᠰᠢᠭᠤᠶ ᠲᠠᠷᠢᠶᠠᠨ ᠭᠠᠵᠠᠷ ᠨᠠᠭᠤᠷ ᠪᠦᠷᠢᠳᠦ ᠡᠪᠡᠰᠦ ᠪᠡᠯᠴᠢᠭᠡᠷ ᠢ ᠰᠢᠰᠲ᠋ᠧᠮ ᠲᠠᠢ ᠵᠠᠰᠠᠬᠤ ᠶᠢ | ᠪᠠᠷᠢᠮᠲᠠᠯᠠᠵᠤ᠂ ︽ᠭᠤᠷᠪᠠᠨ ᠱᠤᠭᠤᠮ ᠨᠢᠭᠡ ᠬᠠᠭᠤᠳᠠᠰᠤ︾ ᠶᠢ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠶᠢ | ᠴᠢᠩᠭ᠎ᠠ ᠨᠠᠶᠢᠳᠠᠪᠤᠷᠢᠵᠢᠭᠤᠯᠤᠨ᠎ᠠ᠃ ᠬᠤᠪᠢ ᠪᠠᠷ ᠢᠶᠠᠨ ᠮᠠᠯᠲᠠᠵᠤ ᠬᠤᠯᠠᠭᠠᠶᠢᠯᠠᠨ ᠮᠠᠯᠲᠠᠬᠤ ᠠᠵᠢᠯᠯᠠᠭ᠎ᠠ ᠳᠤ ᠴᠢᠩᠭ᠎ᠠ | ᠴᠣᠬᠢᠯᠲᠠ ᠥᠭᠴᠦ᠂ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠡᠮᠬᠢ ᠳᠢᠭᠯᠢᠮ ᠢ | ᠵᠢᠷᠤᠮᠵᠢᠭᠤᠯᠤᠨ᠂ ᠪᠣᠬᠢᠷᠲᠤᠯ ᠥᠬᠡᠶ ᠠᠭᠤᠷᠬᠠᠶ ᠶᠢ ᠡᠭᠦᠳᠦᠨ ᠪᠠᠶᠢᠭᠤᠯᠬᠤ ᠶᠢ ᠦᠷᠭᠦᠯᠵᠢᠯᠡᠨ ᠥᠷᠨᠢᠭᠦᠯᠵᠦ᠂ | ᠪᠣᠬᠢᠷᠲᠤᠯ ᠥᠬᠡᠶ ᠠᠭᠤᠷᠬᠠᠶ ᠶᠢᠨ ᠬᠠᠷᠢᠴᠠᠯ ᠢ 100% ᠳᠤ ᠬᠦᠷᠦᠭᠦᠯᠬᠦ ᠪᠠᠷ ᠴᠢᠷᠮᠠᠶᠢᠨ᠎ᠠ᠃ ︽ᠭᠤᠣᠯ ᠤᠨ | ᠳᠠᠷᠤᠭ᠎ᠠ ᠶᠢᠨ ᠲᠦᠷᠢᠮ︾ ᠤᠨ ᠭᠤᠣᠯ ᠴᠠᠭᠳᠠᠵᠤ ᠵᠠᠰᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ︽ | ᠲᠦᠷᠪᠡᠨ ᠤᠰᠤ ᠶᠢ ᠲᠦᠷᠪᠡ ᠲᠣᠭᠲᠠᠭᠠᠬᠤ︾ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠵᠦ᠂ ᠬᠠᠤᠯᠢ ᠲᠣᠭᠲᠠᠭᠠᠯ ᠢ | ᠵᠥᠷᠢᠴᠡᠨ ᠤᠰᠤ ᠲᠠᠲᠠᠵᠤ ᠬᠡᠷᠡᠭᠯᠡᠬᠦ ᠲᠤᠰᠬᠠᠶ ᠵᠦᠢᠯ ᠢ ᠴᠡᠭᠴᠡᠯᠡᠨ ᠵᠠᠰᠠᠬᠤ ᠠᠵᠢᠯ ᠢ ᠭᠦᠨᠵᠡᠭᠡᠶ ᠥᠷᠨᠢᠭᠦᠯᠵᠦ᠂ | ᠬᠠᠳᠤᠨ ᠭᠤᠣᠯ ᠤᠨ ᠭᠤᠷᠪᠠᠳᠤᠭᠠᠷ ᠬᠤᠭᠤᠴᠠᠭᠠᠨ ᠤ ᠦᠶᠡᠷ ᠢ ᠰᠡᠷᠭᠡᠶᠢᠯᠡᠬᠦ᠂ ᠺᠦᠨ ᠾᠧ ᠭᠤᠣᠯ ᠤᠨ ᠭᠤᠣᠯ ᠤᠨ | ᠵᠠᠮ ᠢ ᠴᠡᠭᠴᠡᠯᠡᠨ ᠵᠠᠰᠠᠬᠤ ᠵᠡᠷᠭᠡ ᠢᠨᠵᠧᠨᠧᠷᠢᠩ ᠢ ᠦᠷᠭᠦᠯᠵᠢᠯᠡᠨ ᠲᠦᠯᠬᠢᠨ ᠠᠬᠢᠭᠤᠯᠤᠨ᠎ᠠ᠃ ︽ᠣᠶ ᠰᠢᠭᠤᠶ ᠶᠢᠨ | ᠳᠠᠷᠤᠭ᠎ᠠ ᠶᠢᠨ ᠲᠦᠷᠢᠮ︾ ᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠶᠢ ᠠᠬᠢᠭᠤᠯᠵᠤ᠂ ᠬᠠᠤᠯᠢ ᠶᠢ | ᠵᠥᠷᠢᠴᠡᠨ ᠣᠶᠢᠲᠤ ᠭᠠᠵᠠᠷ ᠢ ᠡᠵᠡᠯᠡᠨ ᠬᠡᠷᠡᠭᠯᠡᠵᠦ ᠡᠪᠳᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ | ᠥᠭᠴᠦ᠂ 2.05 ᠲᠦᠮᠡᠨ ᠮᠥ ᠤᠯᠤᠰ ᠤᠨ ᠭᠠᠵᠠᠷ ᠰᠢᠷᠣᠶ ᠶᠢᠨ ᠨᠣᠭᠤᠭᠠᠷᠠᠭᠤᠯᠤᠯᠲᠠ ᠶᠢᠨ ᠲᠤᠷᠰᠢᠯᠲᠠ ᠶᠢ | ᠪᠡᠶᠡᠯᠡᠭᠦᠯᠵᠦ᠂ 1000 ᠮᠥ ᠨᠤᠭᠤ ᠭᠠᠵᠠᠷ ᠢ ᠰᠡᠷᠭᠦᠭᠡᠨ᠂ ᠪᠤᠭᠤᠲᠤ ᠶᠢᠨ ᠬᠠᠲᠤᠨ ᠭᠤᠤᠯ ᠤᠨ ᠤᠯᠤᠰ ᠤᠨ ᠨᠤᠭᠤ | ᠭᠠᠵᠠᠷ ᠤᠨ ᠰᠣᠶᠣᠯ ᠤᠨ ᠴᠡᠴᠡᠷᠯᠢᠭ ᠤᠨ ᠪᠥᠲᠥᠭᠡᠨ ᠪᠠᠶᠢᠭᠤᠯᠤᠯᠲᠠ ᠶᠢ ᠥᠨᠳᠥᠷ ᠪᠠᠷᠢᠮᠵᠢᠶ᠎ᠠ ᠪᠠᠷ ᠠᠬᠢᠭᠤᠯᠤᠨ᠎ᠠ᠃ | ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠲᠠᠷᠢᠶᠠᠯᠠᠩ ᠤᠨ ︽ | ᠳᠥᠷᠪᠡ ᠶᠢ ᠬᠢᠵᠠᠭᠠᠷᠯᠠᠬᠤ︾ ᠠᠵᠢᠯᠯᠠᠭ᠎ᠠ ᠶᠢ ᠥᠷᠨᠢᠭᠦᠯᠦᠨ᠂ ᠵᠤᠵᠠᠭᠠᠷᠠᠭᠤᠯᠬᠤ ᠪᠦᠷᠬᠦᠭᠦᠯ᠂ ᠵᠠᠳᠠᠷᠠᠭᠤᠯᠬᠤ | ᠪᠦᠷᠬᠦᠭᠦᠯ 12.5 ᠲᠦᠮᠡᠨ ᠮᠥ ᠬᠡᠷᠡᠭᠯᠡᠬᠦ ᠶᠢ ᠳᠡᠯᠭᠡᠷᠡᠭᠦᠯᠵᠦ᠂ ᠲᠠᠷᠢᠶᠠᠨ ᠭᠠᠵᠠᠷ ᠢ ︽ᠠᠮᠤ ᠪᠤᠳᠠᠭᠠᠨ ᠤ ᠪᠤᠰᠤ | ᠪᠣᠯᠭᠠᠬᠤ︾ ᠶᠢ ᠴᠢᠩᠭ᠎ᠠ ᠰᠡᠷᠭᠡᠶᠢᠯᠡᠨ᠂ ᠲᠠᠷᠢᠶᠠᠨ ᠭᠠᠵᠠᠷ ᠢ ︽ᠲᠠᠷᠢᠶᠠᠯᠠᠩ ᠤᠨ ᠪᠤᠰᠤ ᠪᠣᠯᠭᠠᠬᠤ︾ ᠶᠢ | ᠬᠤᠷᠢᠭᠯᠠᠨ᠎ᠠ᠃ | ᠲᠥᠯᠥᠭᠡᠯᠡᠭᠴᠢᠳ ᠡ᠂ ᠣᠷᠴᠢᠨ ᠠᠬᠤᠶ ᠶᠢ ᠬᠠᠮᠠᠭᠠᠯᠠᠬᠤ ᠪᠣᠯ ᠳᠠᠷᠤᠶ ᠦᠢᠯᠡᠳᠪᠦᠷᠢᠯᠡᠯ ᠤᠨ ᠬᠦᠴᠦᠨ ᠢ | ᠬᠠᠮᠠᠭᠠᠯᠠᠵᠤ ᠪᠠᠶᠢᠭ᠎ᠠ ᠶᠠᠪᠤᠳᠠᠯ ᠮᠥᠨ᠂ ᠣᠷᠴᠢᠨ ᠠᠬᠤᠶ ᠶᠢ ᠰᠠᠶᠢᠵᠢᠷᠠᠭᠤᠯᠬᠤ ᠪᠣᠯ ᠳᠠᠷᠤᠶ ᠦᠢᠯᠡᠳᠪᠦᠷᠢᠯᠡᠯ ᠤᠨ | ᠬᠦᠴᠦᠨ ᠢ ᠬᠥᠭᠵᠢᠭᠦᠯᠵᠦ ᠪᠠᠶᠢᠭ᠎ᠠ ᠶᠠᠪᠤᠳᠠᠯ ᠮᠥᠨ᠃ ᠪᠢᠳᠡ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ | ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠨᠡᠭᠦᠷᠡᠰᠦᠲᠥ᠋ᠷᠥᠭᠴᠢ ᠶᠢ ᠪᠠᠭᠠᠰᠬᠠᠬᠤ᠂ ᠪᠣᠬᠢᠷᠲᠤᠯ ᠢ ᠪᠠᠭᠠᠰᠬᠠᠬᠤ | ᠂ ᠨᠣᠭᠤᠭᠠᠷᠠᠭᠤᠯᠤᠯᠲᠠ ᠶᠢ ᠥᠷᠭᠡᠳᠬᠡᠬᠦ᠂ ᠨᠡᠮᠡᠭᠳᠡᠯ ᠢ ᠬᠠᠮᠵᠢᠯᠴᠠᠨ ᠠᠬᠢᠭᠤᠯᠵᠤ᠂ ᠶᠢᠰᠦᠨ ᠲᠠᠯ᠎ᠠ ᠶᠢᠨ | ᠣᠭᠲᠠᠷᠭᠤᠢ ᠶᠢ ᠨᠡᠩ ᠴᠡᠯᠮᠡᠭ᠂ ᠤᠰᠤ ᠶᠢ ᠨᠡᠩ ᠲᠤᠩᠭᠠᠯᠠᠭ᠂ ᠭᠠᠵᠠᠷ ᠢ ᠨᠡᠩ ᠨᠣᠭᠤᠭᠠᠨ᠂ ᠦᠵᠡᠮᠵᠢ ᠶᠢ ᠨᠡᠩ | ᠦᠵᠡᠰᠬᠦᠯᠡᠩᠲᠦ ᠰᠠᠶᠢᠬᠠᠨ ᠪᠣᠯᠭᠠᠬᠤ ᠪᠠᠷ ᠴᠢᠷᠮᠠᠶᠢᠶ᠎ᠠ︕ | ︵ᠲᠠᠪᠤ︶ ᠪᠥᠲᠥᠭᠡᠨ ᠪᠠᠶᠢᠭᠤᠯᠬᠤ ᠪᠠ ᠬᠠᠮᠢᠶᠠᠷᠬᠤ ᠶᠢ ᠵᠡᠷᠭᠡᠪᠡᠷ ᠠᠳᠬᠤᠬᠤ ᠶᠢ ᠪᠠᠷᠢᠮᠲᠠᠯᠠᠵᠤ᠂ ᠬᠤᠲᠠ | ᠬᠥᠳᠡᠭᠡ ᠶᠢᠨ ᠣᠷᠣᠰᠢᠨ ᠰᠠᠭᠤᠬᠤ ᠳᠤ ᠲᠣᠬᠢᠷᠠᠮᠵᠢᠲᠠᠶ ᠰᠢᠨ᠎ᠡ ᠳᠦᠷᠰᠦ ᠪᠠᠶᠢᠳᠠᠯ ᠢ ᠪᠣᠶ ᠪᠣᠯᠭᠠᠨ᠎ᠠ | ᠨᠢᠭᠡ ᠳᠤ ᠴᠢᠨᠠᠷ ᠰᠠᠶᠢᠲᠠᠶ ᠲᠥᠪ ᠬᠤᠲᠠ ᠶᠢᠨ ᠲᠣᠭᠤᠷᠢᠭ ᠤᠨ ᠪᠥᠲᠥᠭᠡᠨ ᠪᠠᠶᠢᠭᠤᠯᠤᠯᠲᠠ ᠳᠤ ᠬᠦᠴᠦ | ᠣᠷᠣᠭᠤᠯᠤᠨ᠎ᠠ᠃ ᠪᠤᠮᠪᠠ ᠶᠢᠨ ᠭᠤᠤᠯ ᠲᠣᠰᠬᠤᠨ᠂ 55 ᠳᠤᠮᠳᠠ ᠵᠡᠷᠭᠡ ᠶᠢᠨ ᠳᠥᠰᠦᠯ ᠤᠨ ᠭᠠᠵᠠᠷ ᠰᠢᠷᠣᠶ ᠶᠢ | ᠲᠠᠲᠠᠪᠤᠷᠢᠯᠠᠨ ᠨᠤᠷᠠᠭᠠᠬᠤ ᠶᠢ ᠠᠬᠢᠭᠤᠯᠵᠤ᠂ ᠰᠢᠨ ᠨᠠᠨ ᠲᠣᠰᠬᠤᠨ᠂ ᠬᠠᠲᠤᠨ ᠭᠤᠣᠯ ᠶᠡᠭᠡ ᠵᠡᠭᠡᠯᠢ ᠠᠴᠠ | ᠤᠮᠠᠷᠠᠰᠢᠬᠢ ᠵᠡᠷᠭᠡ ᠭᠠᠵᠠᠷ ᠣᠷᠣᠨ ᠤ ᠭᠠᠵᠠᠷ ᠰᠢᠷᠣᠶ ᠶᠢ ᠲᠡᠭᠰᠢᠯᠡᠵᠦ᠂ ᠰᠢᠨ᠎ᠡ ᠨᠡᠶᠢᠰᠯᠡᠯ ᠬᠤᠳᠠ ᠶᠢᠨ | ᠲᠣᠭᠤᠷᠢᠭ ᠤᠨ ᠰᠠᠭᠤᠷᠢ ᠲᠥᠬᠦᠭᠡᠷᠦᠮᠵᠢ ᠶᠢᠨ ᠦᠯᠡᠳᠡᠭᠳᠡᠯ ᠠᠰᠠᠭᠤᠳᠠᠯ ᠤᠨ ᠪᠡᠷᠬᠡ ᠰᠡᠳᠦᠪ ᠢ ᠰᠢᠢᠳᠪᠤᠷᠢᠯᠡᠵᠣ᠂ | ᠥᠷᠭᠡᠷᠢᠭ ᠤᠨ ᠨᠢᠭᠡ ᠵᠠᠮ ᠢ ᠰᠢᠨ᠎ᠡ ᠪᠠᠷ ᠪᠠᠶᠢᠭᠤᠯᠬᠤ ᠪᠠ ᠦᠷᠭᠦᠯᠵᠢᠯᠡᠨ ᠪᠠᠶᠢᠭᠤᠯᠵᠤ᠂ ᠠᠷᠪᠠᠨ ᠭᠤᠷᠪᠠᠳᠤᠭᠠᠷ ᠵᠠᠮ | ᠵᠡᠷᠭᠡ 14.5 ᠺᠢᠯᠣᠮᠧᠲᠷ ᠤᠨ ᠵᠠᠮ ᠤᠨ ᠬᠤᠭᠤᠯᠠᠶ ᠶᠢᠨ ᠲᠣᠣᠷ ᠢ ᠰᠢᠨ᠎ᠡ ᠪᠠᠷ ᠪᠠᠶᠢᠭᠤᠯᠵᠤ᠂ ᠥᠷᠲᠡᠭᠡᠨ ᠤ | ᠡᠮᠦᠨᠡᠬᠢ ᠵᠠᠮ ᠤᠨ ᠳ᠋ᠦᠩ ᠶᠠᠨ᠂ ᠰᠢᠩ ᠱᠧᠩ ᠵᠡᠭᠦᠨ ᠵᠠᠮ ᠵᠡᠷᠭᠡ ᠵᠠᠮ ᠢ ᠪᠠᠶᠢᠭᠤᠯᠤᠨ ᠳᠠᠭᠤᠰᠬᠠᠵᠤ ᠲᠡᠷᠭᠡ | ᠨᠡᠪᠲᠡᠷᠡᠭᠦᠯᠬᠦ ᠶᠢ ᠲᠦᠯᠬᠢᠨ ᠠᠬᠢᠭᠤᠯᠵᠤ᠂ ᠬᠠᠳᠤᠨ ᠭᠤᠣᠯ ᠶᠡᠭᠡ ᠵᠡᠭᠡᠯᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ᠂ | 110 ᠤᠯᠤᠰ ᠤᠨ ᠵᠠᠮ ︵ᠵᠢᠤ ᠶᠤᠸᠠᠨ ᠬᠡᠰᠡᠭ︶ ᠢ ᠲᠦᠷᠭᠡᠨ ᠥᠭᠡᠷᠡᠴᠢᠯᠡᠬᠦ ᠶᠢ ᠬᠡᠷᠡᠭᠵᠢᠭᠦᠯᠵᠦ᠂ ᠭᠠᠵᠠᠷ | ᠳᠣᠣᠷᠠᠬᠢ ᠣᠷᠣᠨ ᠵᠠᠶ ᠶᠢ ᠨᠡᠭᠡᠭᠡᠨ ᠠᠰᠢᠭᠯᠠᠬᠤ ︵ᠨᠢᠭᠡᠳᠦᠭᠡᠷ ᠬᠤᠭᠤᠴᠠᠭ᠎ᠠ︶ ᠶᠢᠨ ᠵᠦᠢᠯᠡᠰ ᠢ ᠪᠠᠶᠢᠭᠤᠯᠤᠨ | ᠠᠵᠢᠯᠯᠠᠭᠤᠯᠵᠤ᠂ ᠶᠡᠷᠦᠩᠬᠡᠶᠢᠯᠡᠭᠰᠡᠨ ᠦᠢᠯᠡᠴᠢᠯᠡᠭᠡ ᠬᠠᠩᠭᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠬᠤᠳᠠ ᠶᠢᠨ | ᠰᠢᠨᠡᠴᠢᠯᠡᠯᠲᠡ ᠶᠢ ᠭᠦᠨᠵᠡᠭᠡᠶ ᠲᠦᠯᠬᠢᠨ ᠠᠬᠢᠭᠤᠯᠵᠤ᠂ 69 ᠵᠢᠵᠢᠭ ᠲᠣᠭᠤᠷᠢᠭ ᠤᠨ ᠬᠠᠭᠤᠴᠢᠷᠬᠠᠰᠠᠨ ᠰᠢᠲᠠᠮᠠᠬᠠᠶ | ᠬᠡᠢ ᠶᠢᠨ ᠬᠤᠭᠤᠯᠠᠶ ᠶᠢᠨ ᠲᠣᠣᠷ ᠢ ᠥᠭᠡᠷᠡᠴᠢᠯᠡᠨ ᠰᠠᠶᠢᠵᠢᠷᠠᠭᠤᠯᠵᠤ᠂ 12 ᠵᠡᠭᠡᠯᠢ ᠭᠤᠳᠤᠮᠵᠢ ᠶᠢᠨ ᠵᠢᠵᠢᠭ | ᠭᠤᠳᠤᠮᠵᠢ ᠶᠢ ᠴᠡᠭᠴᠡᠯᠡᠨ ᠵᠠᠰᠠᠵᠤ᠂ 400 ᠠᠴᠠ ᠳᠡᠭᠡᠭᠰᠢ ᠴᠠᠬᠢᠯᠭᠠᠨ ᠴᠡᠨᠡᠭᠯᠡᠬᠦ ᠪᠠᠭᠠᠨ᠎ᠠ ᠶᠢ ᠰᠢᠨᠵᠢᠯᠡᠬᠦ | ᠤᠬᠠᠭᠠᠨᠴᠢ ᠪᠠᠷ ᠪᠠᠶᠢᠷᠢᠰᠢᠭᠤᠯᠵᠤ᠂ ᠬᠤᠳᠠ ᠶᠢᠨ ᠲᠣᠭᠤᠷᠢᠭ ᠤᠨ ᠴᠠᠬᠢᠯᠭᠠᠨ ᠴᠡᠨᠡᠭᠯᠡᠬᠦ ᠪᠠᠭᠠᠨ᠎ᠠ ᠶᠢ ᠪᠦᠬᠦᠨ ᠢ | ᠬᠠᠮᠤᠷᠬᠤ ᠶᠢ ᠪᠡᠶᠡᠯᠡᠭᠦᠯᠦᠨ᠎ᠡ᠃ ᠴᠡᠴᠡᠷᠯᠢᠭ ᠤᠨ ᠬᠤᠲᠠ ᠶᠢ ᠬᠦᠴᠦᠯᠡᠨ ᠪᠠᠶᠢᠭᠤᠯᠵᠤ᠂ ᠰᠢᠨ᠎ᠡ ᠬᠤᠲᠠ | ᠲᠣᠭᠤᠷᠢᠭ ᠤᠨ ᠪᠡᠶ᠎ᠡ ᠶᠢᠨ ᠲᠠᠮᠢᠷ ᠤᠨ ᠴᠡᠴᠡᠷᠯᠢᠭ᠂ ᠥᠷᠭᠡᠷᠢᠭ ᠤᠨ ᠠᠷᠪᠠᠨ ᠬᠤᠶᠠᠳᠤᠭᠠᠷ ᠪᠠᠷᠠᠭᠤᠨ ᠵᠠᠮ ᠤᠨ | ᠪᠦᠰᠡᠯᠢᠭ ᠴᠡᠴᠡᠷᠯᠢᠭ ᠵᠡᠷᠭᠡ ᠳᠥᠰᠦᠯ ᠢ ᠡᠬᠢᠯᠡᠭᠦᠯᠵᠦ᠂ ᠲᠤᠯᠤᠭᠠᠨ ᠵᠠᠮ ᠤᠨ ᠵᠠᠮ ᠳᠠᠭᠠᠤ ᠶᠢᠨ | ᠨᠣᠭᠤᠭᠠᠷᠠᠭᠤᠯᠤᠯᠲᠠ ᠶᠢᠨ ᠪᠦᠰᠡ ᠶᠢᠨ ᠪᠥᠲᠥᠭᠡᠨ ᠪᠠᠶᠢᠭᠤᠯᠤᠯᠲᠠ᠂ ᠳᠠᠬᠢᠯᠲᠠ ᠤᠰᠤᠨ ᠤ ᠤᠰᠤᠯᠠᠯᠲᠠ ᠶᠢ | ᠣᠶᠤᠨᠴᠢ ᠪᠠᠷ ᠠᠷᠠᠴᠢᠯᠠᠨ ᠬᠠᠮᠠᠭᠠᠯᠠᠬᠤ ᠵᠡᠷᠭᠡ ᠢᠨᠵᠧᠨᠧᠷᠢᠩ ᠢ ᠬᠡᠷᠡᠭᠵᠢᠭᠦᠯᠵᠦ᠂ ᠲᠤᠬᠠᠶ ᠶᠢᠨ ᠭᠠᠵᠠᠷ ᠣᠷᠣᠨ ᠤ | ᠪᠠᠶᠢᠳᠠᠯ ᠳᠤᠨᠢ ᠳᠣᠭᠢᠷᠠᠭᠤᠯᠤᠨ 10 ᠤᠭᠤᠲᠠ ᠴᠡᠴᠡᠷᠯᠢᠭ ᠪᠠᠶᠢᠭᠤᠯᠵᠤ᠂ ᠪᠤᠭᠤ ᠶᠢᠨ ᠬᠦᠷᠢᠶᠡᠯᠡᠩ ᠵᠡᠷᠭᠡ 3 | ᠴᠡᠴᠡᠷᠯᠢᠭ ᠤᠨ ᠠᠭᠤᠳᠠᠮ ᠲᠠᠯᠠᠪᠠᠶ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠪᠡᠶᠡᠯᠡᠭᠦᠯᠵᠦ᠂ 210 ᠤᠯᠤᠰ ᠤᠨ | ᠵᠠᠮ ᠵᠡᠷᠭᠡ 7 ᠭᠤᠤᠯ ᠳᠡᠳ᠋ ᠭᠤᠤᠯ ᠵᠠᠮ ᠤᠨ ᠦᠵᠡᠮᠵᠢ ᠶᠢᠨ ᠳᠡᠭᠡᠭᠰᠢᠯᠡᠯᠲᠡ ᠶᠢ ᠡᠮᠬᠢ ᠵᠢᠷᠤᠮ ᠲᠠᠢ ᠪᠠᠷ | ᠠᠬᠢᠭᠤᠯᠵᠤ᠂ ᠬᠤᠲᠠ ᠶᠢᠨ ᠥᠩᠭᠡ ᠦᠵᠡᠮᠵᠢ ᠶᠢ ᠲᠠᠰᠤᠷᠠᠯᠲᠠ ᠥᠬᠡᠶ ᠰᠢᠨᠡᠳᠬᠡᠪᠡ᠃ | ᠬᠤᠶᠠᠷ ᠲᠤ᠂ ᠥᠨᠳᠥᠷ ᠪᠠᠷᠢᠮᠵᠢᠶ᠎ᠠ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠦᠯᠢᠭᠡᠷ | ᠳᠠᠭᠤᠷᠢᠶᠠᠯ ᠢ ᠡᠭᠦᠳᠦᠨ᠎ᠡ᠃ 2 ᠪᠠᠯᠭᠠᠰᠤᠨ ᠤ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ | ᠲᠥᠯᠥᠪᠵᠢᠭᠦᠯᠭᠡ ᠶᠢ ᠵᠥᠪᠰᠢᠶᠡᠷᠡᠭᠦᠯᠬᠦ ᠶᠢ ᠲᠦᠯᠬᠢᠨ ᠠᠬᠢᠭᠤᠯᠵᠤ᠂ ᠨᠡᠭᠡᠭᠡᠨ ᠬᠥᠭᠵᠢᠭᠦᠯᠬᠦ ᠬᠢᠯᠢ ᠶᠢᠨ ᠵᠠᠭᠠᠭ ᠤᠨ | ᠳᠣᠲᠣᠭᠠᠳᠤ ᠡᠵᠡᠮᠳᠡᠯ ᠤᠨ ᠲᠣᠭᠲᠠᠭᠠᠯ ᠤᠨ ᠨᠢᠭᠡᠴᠢ ᠳᠤ ᠵᠠᠰᠠᠪᠤᠷᠢ ᠣᠷᠣᠭᠤᠯᠤᠨ ᠨᠠᠶᠢᠷᠠᠭᠤᠯᠬᠤ ᠶᠢ ᠲᠦᠯᠬᠢᠨ | ᠠᠬᠢᠭᠤᠯᠤᠨ᠎ᠠ᠃ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠶᠠᠰᠤ ᠴᠢᠨᠠᠷ ᠢ ᠪᠥᠬᠦ ᠲᠠᠯ᠎ᠠ ᠪᠠᠷ | ᠰᠢᠯᠢᠳᠡᠭᠵᠢᠭᠦᠯᠵᠦ᠂ 50 ᠢᠵᠢ ᠮᠠᠯᠵᠢᠬᠤ ᠲᠠᠷᠢᠶᠠᠯᠠᠬᠤ ᠣᠷᠣᠨ ᠤ ᠡᠷᠦᠬᠡ ᠶᠢᠨ ᠵᠣᠷᠯᠣᠩ ᠢ ᠥᠭᠡᠷᠡᠴᠢᠯᠡᠨ | ᠪᠠᠶᠢᠭᠤᠯᠵᠤ᠂ 3 ᠪᠠᠯᠭᠠᠰᠤ ᠶᠢᠨ ᠠᠮᠢᠳᠤᠷᠠᠯ ᠤᠨ ᠪᠣᠬᠢᠷ ᠤᠰᠤ ᠶᠢ ᠰᠢᠢᠳᠪᠤᠷᠢᠯᠡᠬᠦ ᠢᠨᠵᠧᠨᠧᠷᠢᠩ ᠢ ᠬᠡᠷᠡᠭᠵᠢᠭᠦᠯᠦᠨ᠂ | 77 ᠺᠢᠯᠣᠮᠧᠲᠷ ᠤᠨ ᠪᠣᠬᠢᠷ ᠤᠰᠤᠨ ᠤ ᠬᠤᠭᠤᠯᠠᠶ ᠶᠢᠨ ᠲᠣᠤᠷ ᠢ ᠰᠢᠨ᠎ᠡ ᠪᠠᠷ ᠪᠠᠶᠢᠭᠤᠯᠵᠤ᠂ ᠠᠮᠢᠳᠤᠷᠠᠯ ᠤᠨ ᠪᠣᠬᠢᠷ | ᠤᠰᠤ ᠶᠢ ᠰᠢᠢᠳᠪᠤᠷᠢᠯᠡᠬᠦ ᠨᠣᠷᠮ᠎ᠠ ᠶᠢ 66% ᠠᠴᠠ ᠳᠡᠭᠡᠭᠰᠢ ᠳᠤ ᠬᠦᠷᠦᠭᠦᠯᠦᠨ᠎ᠡ᠃ ᠡᠰᠢ ᠰᠦᠷᠡᠯ ᠢ | ᠶᠡᠷᠦᠩᠬᠡᠶᠢᠯᠡᠨ ᠬᠤᠷᠢᠶᠠᠨ ᠠᠪᠴᠤ ᠠᠰᠢᠭᠯᠠᠬᠤ ᠳᠥᠰᠦᠯ ᠢ ᠡᠬᠢᠯᠡᠭᠦᠯᠵᠦ᠂ 45 ᠵᠠᠰᠠᠭ ᠵᠠᠬᠢᠷᠭᠠᠨ ᠤ ᠲᠣᠰᠬᠤᠨ ᠤ | ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠢ ᠪᠡᠶᠡᠯᠡᠭᠦᠯᠦᠨ᠂ ᠠᠮᠢᠳᠤᠷᠠᠯ ᠤᠨ ᠬᠤᠭ ᠨᠣᠪᠰᠢ ᠶᠢ | ᠰᠢᠢᠳᠪᠤᠷᠢᠯᠡᠬᠦ ᠨᠣᠷᠮ᠎ᠠ ᠶᠢ 99% ᠠᠴᠠ ᠳᠡᠭᠡᠭᠰᠢ ᠳᠤ ᠬᠦᠷᠦᠭᠦᠯᠵᠦ᠂ 13 ᠪᠦᠬᠦᠯᠢ ᠲᠣᠰᠬᠤᠨ ᠤ | ᠨᠣᠭᠤᠭᠠᠷᠠᠭᠤᠯᠤᠯᠲᠠ ᠶᠢᠨ ᠢᠨᠵᠧᠨᠧᠷᠢᠩ ᠢ ᠳᠥᠯᠭᠢᠨ ᠠᠬᠢᠭᠤᠯᠵᠤ᠂ ᠠᠶᠢᠯ ᠲᠣᠰᠬᠤᠨ ᠤ ᠨᠣᠭᠤᠭᠠᠷᠠᠭᠤᠯᠤᠯᠲᠠ ᠶᠢᠨ | ᠪᠦᠷᠬᠦᠴᠡ ᠶᠢ 40% ᠳᠤ ᠬᠦᠷᠦᠭᠦᠯᠦᠨ᠎ᠡ᠃ ᠲᠣᠰᠬᠤᠨ ᠤ ᠬᠠᠮᠲᠤ ᠶᠢᠨ ᠠᠵᠤ ᠠᠬᠤᠶ ᠶᠢ ᠦᠷᠭᠦᠯᠵᠢᠯᠡᠨ | ᠪᠤᠵᠠᠭᠠᠶᠢᠷᠠᠭᠤᠯᠵᠤ᠂ ᠪᠥᠬᠦ ᠪᠠᠲᠤ ᠶᠢᠨ ᠲᠠᠷᠢᠶᠠᠯᠠᠩ ᠤᠨ ᠮᠠᠰᠢᠨ ᠤ ᠦᠢᠯᠡᠴᠢᠯᠡᠭᠡᠨ ᠤ ᠬᠤᠷᠰᠢᠶ᠎ᠠ᠂ ᠲᠠᠷᠢᠶᠠᠯᠠᠩ ᠤᠨ | ᠲᠣᠮᠣ ᠰᠢᠨ᠎ᠡ ᠲᠣᠰᠬᠤᠨ ᠤ ᠬᠥᠳᠡᠭᠡ ᠲᠣᠰᠬᠤᠨ ᠤ ᠵᠢᠭᠤᠯᠴᠢᠯᠠᠯ ᠵᠡᠷᠭᠡ ᠲᠣᠰᠬᠤᠨ ᠤ ᠬᠠᠮᠲᠤ ᠶᠢᠨ ᠠᠵᠤ | ᠠᠬᠤᠶ ᠶᠢᠨ ᠳᠥᠰᠦᠯ ᠢ ᠬᠡᠷᠡᠭᠵᠢᠭᠦᠯᠵᠦ᠂ ᠭᠠᠴᠠᠭ᠎ᠠ ᠲᠣᠰᠬᠤᠨ ᠤ ᠬᠠᠮᠲᠤ ᠶᠢᠨ ᠡᠵᠡᠩᠨᠡᠯᠲᠡ ᠶᠢᠨ ᠴᠢᠨᠠᠷᠲᠠᠶ | ᠣᠷᠣᠯᠭ᠎ᠠ ᠶᠢ ᠲᠣᠭᠲᠠᠭᠤᠨ ᠢᠶᠠᠷ ᠳᠡᠭᠡᠭᠰᠢᠯᠡᠭᠦᠯᠦᠨ᠎ᠡ᠃ ᠵᠠᠰᠠᠮᠠᠯ ᠵᠠᠮ ᠤᠨ ︽ᠵᠠᠮ ᠤᠨ ᠳᠠᠷᠤᠭ᠎ᠠ ᠶᠢᠨ ᠲᠦᠷᠢᠮ︾ ᠢ | ᠪᠥᠬᠦ ᠲᠠᠯ᠎ᠠ ᠪᠠᠷ ᠬᠡᠷᠡᠭᠵᠢᠭᠦᠯᠵᠦ᠂ 9.8 ᠺᠢᠯᠣᠮᠧᠲᠷ ᠤᠨ ᠬᠥᠳᠡᠭᠡ ᠲᠣᠰᠬᠤᠨ ᠤ ᠵᠠᠰᠠᠮᠠᠯ ᠵᠠᠮ ᠢ ᠵᠠᠰᠠᠨ ᠰᠡᠷᠭᠦᠭᠡᠬᠦ | ᠢᠨᠵᠧᠨᠧᠷᠢᠩ ᠢ ᠬᠡᠷᠡᠭᠵᠢᠭᠦᠯᠦᠨ᠂ ᠬᠠᠷᠪᠢᠨ — ᠬᠠᠷᠪᠢᠨ ᠱᠤᠭᠤᠮ ᠤᠨ ᠭᠠᠯ ᠰᠡᠷᠭᠡᠶᠢᠯᠡᠬᠦ ᠨᠡᠪᠲᠡᠷᠡᠬᠦ ᠵᠠᠮ ᠢ | ᠪᠠᠶᠢᠭᠤᠯᠤᠨ ᠨᠡᠪᠲᠡᠷᠡᠭᠦᠯᠵᠦ᠂ ᠪᠤᠭᠤᠲᠤ ᠠᠴᠠ ᠶᠢᠨ ᠤ ᠳᠡᠭᠡᠳᠦ ᠬᠤᠷᠳᠤᠴᠠᠲᠤ ᠲᠡᠮᠦᠷ ᠵᠠᠮ ︵ᠵᠢᠦ ᠶᠤᠸᠠᠨ ᠬᠡᠰᠡᠭ︶ | ᠤᠨ ᠬᠥᠭᠦᠷᠭᠡ ᠶᠢᠨ ᠵᠠᠮ ᠤᠨ ᠰᠠᠭᠤᠷᠢ ᠪᠠ G65 ᠥᠭᠡᠷᠡᠴᠢᠯᠡᠵᠦ ᠥᠷᠭᠡᠳᠬᠡᠨ ᠪᠠᠶᠢᠭᠤᠯᠬᠤ ︵ᠵᠢᠦ ᠶᠤᠸᠠᠨ | ᠬᠡᠰᠡᠭ︶ ᠤᠨ ᠵᠠᠮ ᠳᠡᠭᠡᠷᠡᠬᠢ ᠬᠥᠭᠦᠷᠭᠡ ᠶᠢᠨ ᠭᠤᠯᠳᠤᠩ ᠤᠨ ᠪᠠᠷᠢᠯᠭ᠎ᠠ ᠶᠢᠨ ᠠᠵᠢᠯ ᠳᠠᠭᠤᠰᠬᠤ ᠶᠢ ᠳᠥᠯᠭᠢᠨ | ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠲᠠᠰ ᠤᠨ ︽ᠳᠥᠷᠪᠡᠨ ᠰᠠᠶᠢᠨᠲᠠᠶ ᠬᠥᠳᠡᠭᠡ ᠲᠣᠰᠬᠤᠨ ᠤ ᠵᠠᠮ︾ | ᠤᠨ ᠵᠢᠱᠢᠶ᠎ᠡ ᠦᠵᠡᠭᠦᠯᠬᠦ ᠣᠷᠣᠨ ᠢ ᠢᠳᠡᠪᠬᠢᠲᠡᠶ ᠪᠠᠷ ᠡᠭᠦᠳᠦᠨ ᠪᠠᠶᠢᠭᠤᠯᠤᠨ᠎ᠠ᠃ | ᠭᠤᠷᠪᠠ ᠳᠤ ᠬᠤᠲᠠ ᠬᠥᠳᠡᠭᠡ ᠶᠢᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠨᠠᠷᠢᠯᠢᠬᠵᠢᠭᠤᠯᠤᠨ᠎ᠠ᠃ ︽ | ᠵᠡᠭᠡᠯᠢ ᠶᠢᠨ ᠳᠠᠷᠤᠭ᠎ᠠ ᠶᠢᠨ ᠲᠦᠷᠢᠮ︾ ᠢ ᠪᠦᠲᠦᠮᠵᠢᠲᠡᠶ ᠨᠠᠶᠢᠳᠠᠪᠤᠷᠢᠵᠢᠭᠤᠯᠬᠤ ᠶᠢ ᠠᠬᠢᠭᠤᠯᠵᠤ᠂ ︽ᠪᠣᠭᠤᠲᠣ | ᠬᠤᠲᠠ ᠶᠢᠨ ᠬᠠᠮᠢᠶᠠᠷᠤᠭᠴᠢ︾ ᠶᠢᠨ ᠲᠠᠪᠴᠠᠩ ᠢ ᠳᠡᠯᠭᠡᠷᠡᠭᠦᠯᠦᠨ ᠬᠡᠷᠡᠭᠯᠡᠵᠦ᠂ ᠨᠢᠭᠡᠳᠦᠭᠡᠷ ᠹᠷᠣᠨᠲ ᠲᠤ ᠪᠠᠭᠤᠬᠤ᠂ | ᠵᠠᠰᠠᠮᠠᠯ ᠵᠠᠮ ᠢᠶᠠᠷ ᠠᠵᠢᠯᠯᠠᠬᠤ ᠵᠠᠭᠪᠤᠷ ᠢ ᠭᠦᠨᠵᠡᠭᠡᠶᠢᠷᠡᠭᠦᠯᠦᠨ᠂ ᠵᠠᠮ ᠡᠵᠡᠯᠡᠨ ᠡᠵᠡᠩᠨᠡᠬᠦ᠂ ᠳᠤᠷ᠎ᠠ ᠪᠠᠷ ᠢᠶᠠᠨ | ᠪᠠᠷᠢᠯᠭ᠎ᠠ ᠪᠠᠷᠢᠬᠤ ᠵᠡᠷᠭᠡ ︽ᠳᠠᠬᠢᠨ ᠬᠦᠨᠳᠦᠷᠡᠬᠦ︾ ᠨᠡᠶᠢᠳᠡᠮ ᠤᠨ ᠡᠪᠡᠳᠴᠢᠨ ᠢ ᠪᠦᠲᠦᠮᠵᠢᠲᠡᠶ ᠵᠠᠰᠠᠨ᠎ᠠ᠃ ᠣᠷᠴᠢᠨ | ᠲᠣᠭᠤᠷᠢᠨ ᠤ ᠠᠷᠢᠭᠤᠨ ᠴᠡᠪᠡᠷ ᠤᠨ ᠵᠠᠬ᠎ᠠ ᠳᠡᠯᠭᠡᠭᠦᠷᠴᠢᠯᠡᠬᠦ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠢᠨᠠᠯᠲᠠ | ᠲᠠᠯᠪᠢᠵᠤ ᠬᠢᠨᠠᠨ ᠰᠢᠯᠭᠠᠵᠤ ᠦᠨᠡᠯᠡᠬᠦ ᠲᠣᠭᠲᠠᠴᠠ ᠶᠢ ᠰᠢᠯᠢᠳᠡᠭᠵᠢᠭᠦᠯᠦᠨ᠂ ᠬᠤᠭ ᠨᠣᠪᠰᠢ ᠶᠢ ᠶᠡᠷᠦᠩᠬᠡᠶᠢᠯᠡᠨ | ᠰᠢᠢᠳᠪᠤᠷᠢᠯᠡᠬᠦ ᠲᠥᠪ ᠢ 3 ᠪᠠᠶᠢᠭᠤᠯᠵᠤ᠂ ᠮᠠᠰᠢᠨ ᠢᠶᠠᠷ ᠱᠦᠭᠦᠷᠳᠡᠬᠦ ᠨᠣᠷᠮ᠎ᠠ ᠶᠢ 85% ᠠᠴᠠ ᠳᠡᠭᠡᠭᠰᠢ ᠳᠤ | ᠬᠦᠷᠦᠭᠦᠯᠬᠦ ᠪᠠᠷ ᠴᠢᠷᠮᠠᠶᠢᠨ᠎ᠠ᠃ ᠠᠳᠠᠯ ᠠᠬᠤᠶ ᠶᠢᠨ ᠬᠠᠮᠢᠶᠠᠷᠤᠯᠲᠠ ᠶᠢ ᠳᠡᠭᠡᠭᠰᠢᠯᠡᠭᠦᠯᠬᠦ ᠭᠤᠷᠪᠠᠨ ᠵᠢᠯ ᠤᠨ | ᠠᠵᠢᠯᠯᠠᠭ᠎ᠠ ᠶᠢ ᠨᠠᠶᠢᠳᠠᠪᠤᠷᠢᠵᠢᠭᠤᠯᠵᠤ᠂ ︽ᠬᠤᠪᠢᠰᠬᠠᠯ ᠤᠨ ᠠᠳᠠᠯ ᠠᠬᠤᠶ︾ ᠶᠢᠨ ᠬᠥᠲᠥᠯᠦᠨ ᠳᠠᠭᠠᠭᠤᠯᠬᠤ | ᠦᠢᠯᠡᠳᠦᠯ ᠢ ᠪᠠᠳᠠᠷᠠᠭᠤᠯᠤᠨ᠂ 5 ᠵᠢᠵᠢᠭ ᠲᠣᠭᠤᠷᠢᠭ ᠤᠨ ᠥᠮᠴᠢᠯᠡᠯ ᠤᠨ ᠡᠷᠬᠡ ᠶᠢᠨ ᠦᠯᠡᠳᠡᠭᠳᠡᠯ ᠢ ᠵᠠᠰᠠᠬᠤ ᠶᠢ | ᠪᠡᠶᠡᠯᠡᠭᠦᠯᠵᠦ᠂ ᠣᠷᠣᠨ ᠰᠠᠭᠤᠴᠠ ᠶᠢᠨ ᠪᠤᠰᠤ ᠥᠮᠴᠢᠯᠡᠯ ᠤᠨ ᠡᠷᠬᠡ ᠶᠢᠨ ᠦᠯᠡᠳᠡᠭᠳᠡᠯ ᠢ ᠵᠠᠰᠠᠬᠤ ᠠᠵᠢᠯ ᠢ | ᠡᠬᠢᠯᠡᠭᠦᠯᠦᠨ᠎ᠡ᠃ ᠲᠣᠭᠠᠴᠢᠯᠠᠭᠰᠠᠨ ᠤᠶᠤᠨ ᠴᠢᠳᠠᠪᠤᠷᠢ ᠶᠢᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ︽ᠬᠥᠮᠦᠨ | ᠪᠠ ᠵᠢᠤ ᠶᠤᠸᠠᠨ︾ ᠤ ᠠᠬᠤᠢ ᠲᠠᠯᠠᠪᠠᠢ ᠶᠢᠨ ᠬᠡᠷᠡᠭᠯᠡᠯᠲᠡ ᠶᠢ ᠪᠠᠶᠠᠯᠢᠭᠵᠢᠭᠤᠯᠤᠨ ᠥᠷᠭᠡᠳᠬᠡᠵᠦ᠂ ᠪᠠᠴᠢᠮ ᠪᠠᠶᠢᠳᠠᠯ ᠢ | ᠠᠷᠭᠠᠴᠠᠬᠤ ᠬᠠᠮᠢᠶᠠᠷᠤᠯᠲᠠ᠂ ᠵᠠᠰᠠᠭ ᠠᠵᠤ ᠠᠬᠤᠶᠢᠯᠠᠯ ᠤᠨ ᠨᠡᠪᠲᠡᠷᠡᠯᠴᠡᠭᠡ᠂ ᠱᠠᠯᠠᠪᠳᠠᠭᠤᠯᠤᠨ ᠪᠠᠶᠢᠴᠠᠭᠠᠵᠤ | ᠱᠠᠯᠠᠪᠳᠠᠭᠤᠯᠤᠨ ᠭᠦᠢᠴᠡᠳᠬᠡᠬᠦ ᠬᠡᠰᠡᠭ ᠤᠨ ᠴᠢᠳᠠᠮᠵᠢ ᠶᠢ ᠲᠡᠭᠦᠯᠳᠡᠷᠵᠢᠭᠦᠯᠵᠦ᠂ ᠤᠶᠤᠨᠲᠤ ᠤᠯᠠᠨ ᠴᠢᠳᠠᠮᠵᠢᠳᠦ | ᠳ᠋ᠧᠩ ᠤᠨ ᠪᠠᠭᠠᠨ᠎ᠠ ᠶᠢᠨ ᠥᠭᠡᠷᠡᠴᠢᠯᠡᠯᠲᠡ ᠵᠢᠴᠢ ᠤᠶᠤᠨᠲᠤ ᠲᠡᠷᠭᠡᠨ ᠵᠣᠭᠰᠣᠭᠠᠯ ᠤᠨ ᠪᠦᠳᠦᠭᠡᠨ | ᠪᠠᠶᠢᠭᠤᠯᠤᠯᠲᠠ ᠶᠢᠨ ᠳᠥᠰᠦᠯ ᠢ ᠬᠡᠷᠡᠭᠵᠢᠭᠦᠯᠵᠦ᠂ ᠬᠤᠳᠠ ᠶᠢᠨ ᠤᠶᠤᠨᠴᠢᠯᠠᠭᠰᠠᠨ ᠬᠠᠮᠢᠶᠠᠷᠤᠯᠲᠠ ᠶᠢᠨ ᠲᠦᠪᠰᠢᠨ ᠢ | ᠳᠡᠭᠡᠭᠰᠢᠯᠡᠭᠦᠯᠦᠨ᠎ᠡ᠃ | ᠲᠥᠯᠥᠭᠡᠯᠡᠭᠴᠢᠳ ᠡ᠂ ᠠᠷᠠᠳ ᠤᠨ ᠬᠤᠳᠠ ᠶᠢᠨ ᠬᠥᠮᠦᠰ ᠠᠷᠠᠳᠴᠢᠯᠠᠯ ᠢᠶᠠᠷ ᠤᠯᠤᠰ ᠢᠶᠠᠨ ᠪᠠᠶᠢᠭᠤᠯᠵᠤ᠂ | ᠠᠷᠠᠳ ᠤᠨ ᠬᠤᠳᠠ ᠪᠣᠯ ᠠᠷᠠᠳ ᠲᠦᠮᠡᠨ ᠤ ᠲᠥᠯᠥᠭᠡ ᠶᠤᠮ᠃ ᠪᠢᠳᠠ ᠲᠥᠯᠥᠪᠵᠢᠭᠦᠯᠭᠡ ᠪᠠᠷ ᠬᠦᠳᠦᠯᠦᠨ | ᠳᠠᠭᠠᠭᠤᠯᠬᠤ᠂ ᠪᠦᠳᠦᠭᠡᠨ ᠪᠠᠶᠢᠭᠤᠯᠬᠤ ᠪᠠ ᠬᠠᠮᠢᠶᠠᠷᠬᠤ ᠶᠢ ᠵᠡᠷᠭᠡᠪᠡᠷ ᠴᠢᠬᠤᠯᠠᠴᠢᠯᠠᠬᠤ᠂ ᠳᠣᠲᠣᠭᠠᠳᠤ ᠭᠠᠳᠠᠭᠠᠳᠤ ᠶᠢ | ᠵᠡᠷᠭᠡᠪᠡᠷ ᠵᠠᠰᠠᠬᠤ ᠶᠢ ᠪᠠᠷᠢᠮᠲᠠᠯᠠᠵᠤ᠂ ᠴᠢᠨᠠᠷ ᠰᠠᠶᠢᠲᠠᠢ ᠬᠤᠳᠠ ᠶᠢᠨ ᠪᠦᠳᠦᠭᠡᠨ ᠪᠠᠶᠢᠭᠤᠯᠤᠯᠲᠠ ᠪᠠ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠬᠤᠳᠠ ᠪᠠᠷ | ᠬᠥᠳᠡᠭᠡ ᠲᠣᠰᠬᠤᠨ ᠢ ᠳᠠᠶᠢᠴᠢᠯᠠᠬᠤ᠂ ᠬᠤᠳᠠ ᠬᠥᠳᠡᠭᠡ ᠶᠢ ᠬᠠᠷᠢᠯᠴᠠᠨ ᠨᠥᠬᠦᠪᠥᠷᠢᠯᠡᠬᠦ ᠶᠢ ᠪᠡᠶᠡᠯᠡᠭᠦᠯᠵᠦ᠂ ᠭᠤᠷᠪᠠᠨ | ᠵᠢᠯ ᠤᠨ ᠳᠣᠲᠣᠷ᠎ᠠ 10 ᠲᠦᠮᠡᠨ ᠬᠥᠮᠦᠨ ᠢ ᠴᠡᠪᠡᠷ ᠨᠡᠮᠡᠭᠳᠡᠭᠦᠯᠬᠦ ᠪᠠᠷ ᠴᠢᠷᠮᠠᠶᠢᠵᠤ᠂ ︽ᠤᠢᠢᠷ᠎ᠠ ᠶᠢᠨ ᠬᠢ ᠶᠢ | ᠪᠠᠶᠠᠰᠬᠠᠵᠤ᠂ ᠬᠤᠯᠠ ᠶᠢᠨ ᠬᠢ ᠶᠢ ᠢᠷᠡᠭᠦᠯᠬᠦ︾ ᠵᠣᠯ ᠵᠢᠷᠭᠠᠯᠲᠤ ᠭᠡᠷ ᠣᠷᠣᠨ ᠢ ᠪᠦᠬᠦ ᠬᠦᠴᠦᠨ ᠢᠶᠠᠷ ᠢᠶᠠᠨ | ᠴᠣᠭᠴᠠᠯᠠᠶ᠎ᠠ︕ | ︵ᠵᠢᠷᠭᠤᠭ᠎ᠠ︶ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠴᠢᠩᠭ᠎ᠠ ᠠᠳᠬᠤᠵᠤ᠂ ᠠᠷᠠᠳ ᠲᠦᠮᠡᠨ ᠤ | ᠰᠢᠨ᠎ᠡ ᠬᠦᠰᠡᠯ ᠡᠷᠡᠮᠡᠯᠵᠡᠯ ᠢ ᠨᠡᠩ ᠰᠠᠶᠢᠲᠤᠷ ᠬᠠᠩᠭᠠᠨ᠎ᠠ | ᠨᠢᠭᠡ ᠳᠤ ᠠᠵᠢᠯ ᠣᠯᠭᠤᠯᠲᠠ ᠶᠢ ᠲᠤᠭᠳᠠᠪᠤᠷᠢᠵᠢᠭᠤᠯᠬᠤ ᠪᠠᠷ ᠤᠷᠤᠯᠭ᠎ᠠ ᠪᠠᠨ ᠨᠡᠮᠡᠭᠳᠡᠭᠦᠯᠦᠨ᠎ᠡ᠃ ᠠᠳᠠᠯ | ᠦᠢᠯᠡᠰ ᠴᠣᠭᠴᠠᠯᠠᠬᠤ ᠪᠠᠷ ᠠᠵᠢᠯ ᠣᠯᠭᠤᠯᠲᠠ ᠶᠢ ᠳᠠᠶᠢᠴᠢᠯᠠᠬᠤ ᠠᠵᠢᠯᠯᠠᠭ᠎ᠠ ᠶᠢ ᠬᠡᠷᠡᠭᠵᠢᠭᠦᠯᠵᠦ᠂ ︽ᠰᠠᠯᠬᠢᠨ ᠤ | ᠠᠶ᠎ᠠ ᠶᠢ ᠳᠠᠭᠠᠵᠤ ᠡᠳᠦᠷ ᠳᠠᠷᠠᠭᠠᠯᠠᠨ ᠠᠵᠢᠯᠯᠠᠬᠤ︾ ᠵᠡᠷᠭᠡ 4 ᠥᠪᠡᠷᠮᠢᠴᠡ ᠣᠨᠴᠠᠯᠢᠭ ᠲᠠᠢ ᠬᠥᠳᠡᠯᠮᠦᠷᠢ | ᠦᠢᠯᠡᠴᠢᠯᠡᠭᠡᠨ ᠤ ᠨᠠᠷᠠᠲᠤ ᠲᠥᠷᠥᠯ ᠲᠡᠮᠳᠡᠭᠲᠦ ᠶᠢ ᠪᠤᠶᠢᠵᠢᠭᠤᠯᠵᠤ᠂ ᠠᠳᠠᠯ ᠦᠢᠯᠡᠰ ᠴᠣᠭᠴᠠᠯᠠᠬᠤ ᠲᠠᠭᠠᠭᠠᠯᠳᠠᠳᠤ | ᠵᠢᠭᠡᠯᠡᠯᠭᠡ ᠶᠢ 3000 ᠲᠦᠮᠡᠨ ᠲᠥᠭᠦᠷᠢᠭ ᠠᠴᠠ ᠳᠡᠭᠡᠭᠰᠢ ᠲᠠᠷᠬᠠᠭᠠᠵᠤ᠂ 15 ᠠᠳᠠᠯ ᠦᠢᠯᠡᠰ ᠴᠣᠭᠴᠠᠯᠠᠬᠤ | ᠰᠠᠭᠤᠷᠢᠨ ᠭᠠᠵᠠᠷ ᠲᠤ ᠲᠠᠰ ᠳᠡᠪᠰᠢᠭᠦᠯᠦᠨ ᠲᠠᠰ ᠳᠡᠪᠰᠢᠭᠦᠯᠦᠨ᠎ᠡ᠃ ᠳᠠᠷᠤᠭᠠᠰᠤ ᠶᠢ ᠬᠥᠩᠭᠡᠯᠡᠵᠦ ᠠᠵᠢᠯ ᠤᠨ | ᠪᠠᠶᠢᠷᠢ ᠶᠢ ᠲᠣᠭᠲᠠᠪᠤᠷᠢᠵᠢᠭᠤᠯᠤᠨ ᠠᠵᠢᠯ ᠣᠯᠭᠤᠯᠲᠠ ᠶᠢ ᠥᠷᠭᠡᠳᠬᠡᠬᠦ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠤᠨ᠂ ᠳᠡᠭᠡᠳᠦ ᠰᠤᠷᠭᠠᠭᠤᠯᠢ ᠲᠡᠭᠦᠰᠦᠭᠰᠡᠳ᠂ ᠴᠡᠷᠢᠭ ᠠᠴᠠ ᠬᠠᠯᠠᠭᠳᠠᠭᠰᠠᠳ᠂ ᠲᠠᠷᠢᠶᠠᠴᠢᠨ | ᠮᠠᠯᠴᠢᠨ ᠬᠦᠴᠦ ᠶᠠᠪᠤᠭᠰᠠᠳ ᠵᠡᠷᠭᠡ ᠭᠤᠣᠯᠳᠠᠯᠭ᠎ᠠ ᠲᠠᠢ ᠬᠠᠮᠲᠤᠯᠢᠭ ᠲᠤ ᠠᠵᠢᠯ ᠣᠯᠭᠤᠬᠤ ᠶᠢ ᠲᠣᠪᠤᠶᠢᠮ᠎ᠠ | ᠰᠠᠶᠢᠲᠤᠷ ᠠᠳᠬᠤᠵᠤ᠂ ᠠᠵᠢᠯ ᠤᠯᠬᠤ ᠳᠤ ᠬᠦᠴᠢᠷᠲᠡᠶ ᠬᠥᠮᠦᠰ ᠢ ᠬᠠᠪᠰᠤᠷᠤᠨ ᠲᠡᠳᠬᠦᠬᠦ ᠲᠣᠭᠲᠠᠴᠠ ᠶᠢ | ᠲᠡᠭᠦᠯᠳᠡᠷᠵᠢᠭᠦᠯᠦᠨ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢ 5000 ᠬᠥᠮᠦᠨ ᠤᠳᠠᠭ᠎ᠠ ᠠᠴᠠ ᠳᠡᠭᠡᠭᠰᠢ | ᠪᠣᠯᠪᠠᠰᠤᠷᠠᠭᠤᠯᠵᠤ᠂ ᠬᠤᠲᠠ ᠪᠠᠯᠭᠠᠰᠤᠨ ᠳᠤ 2600 ᠠᠴᠠ ᠳᠡᠭᠡᠭᠰᠢ ᠬᠥᠮᠦᠨ ᠳᠤ ᠰᠢᠨ᠎ᠡ ᠪᠠᠷ ᠠᠵᠢᠯ ᠣᠯᠭᠤᠵᠤ᠂ | 9000 ᠠᠴᠠ ᠳᠡᠭᠡᠭᠰᠢ ᠲᠠᠷᠢᠶᠠᠴᠢᠨ ᠮᠠᠯᠴᠢᠳ ᠢ ᠰᠢᠯᠵᠢᠭᠦᠯᠦᠨ ᠠᠵᠢᠯ ᠣᠯᠭᠤᠪᠠ᠃ | ᠬᠤᠶᠠᠷ ᠲᠤ᠂ ᠪᠠᠲᠤ ᠴᠢᠩᠭ᠎ᠠ ᠪᠠᠲᠤᠯᠠᠭ᠎ᠠ ᠪᠠᠷ ᠵᠣᠯ ᠵᠢᠷᠭᠠᠯ ᠢ ᠡᠷᠭᠦᠨ᠎ᠡ᠃ ᠪᠦᠬᠦ ᠠᠷᠠᠳ ᠢᠶᠠᠷ ᠢᠶᠠᠨ | ᠳᠠᠭᠠᠳᠬᠠᠯ ᠳᠤ ᠣᠷᠣᠯᠴᠠᠬᠤ ᠶᠢ ᠭᠦᠨᠵᠡᠭᠡᠶ ᠲᠦᠯᠬᠢᠨ ᠠᠬᠢᠭᠤᠯᠵᠤ᠂ ᠳᠠᠭᠠᠳᠬᠠᠯ ᠳᠤ ᠣᠷᠣᠯᠴᠠᠭᠰᠠᠨ ᠬᠥᠮᠦᠨ ᠤ | ᠲᠤᠭ᠎ᠠ ᠶᠢ 9200 ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠪᠡ᠃ ᠲᠡᠰ ᠳᠠᠪᠬᠤᠷᠭ᠎ᠠ ᠲᠦᠷᠦᠯ ᠬᠤᠪᠢᠶᠠᠭᠰᠠᠨ | ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮ ᠢ ᠪᠦᠷᠢᠨᠰᠢᠬᠦᠯᠵᠤ᠂ ᠬᠤᠳᠠ ᠬᠥᠳᠡᠭᠡ ᠶᠢᠨ ᠨᠠᠭᠠᠳᠤ ᠵᠠᠬ᠎ᠠ ᠶᠢᠨ | ᠠᠮᠢᠳᠤᠷᠠᠯ ᠤᠨ ᠪᠠᠲᠤᠯᠠᠭ᠎ᠠ᠂ ᠣᠨᠴᠠ ᠬᠦᠴᠢᠷᠳᠡᠯ ᠲᠠᠢ ᠬᠥᠮᠦᠰ ᠢ ᠠᠰᠠᠷᠠᠨ ᠲᠡᠵᠢᠭᠡᠬᠦ ᠪᠠ ᠲᠦᠷ ᠴᠠᠭ ᠠᠪᠤᠷᠠᠨ | ᠲᠤᠰᠠᠯᠠᠬᠤ ᠵᠡᠷᠭᠡ ᠨᠡᠶᠢᠭᠡᠮ ᠤᠨ ᠠᠪᠤᠷᠠᠨ ᠲᠤᠰᠠᠯᠠᠬᠤ ᠴᠢᠳᠠᠮᠵᠢ ᠶᠢ ᠨᠢᠭᠡᠳᠦᠯᠲᠡᠶ ᠲᠥᠯᠥᠪᠯᠡᠨ ᠳᠡᠭᠡᠭᠰᠢᠯᠡᠭᠦᠯᠦᠨ᠎ᠡ᠃ | ᠨᠠᠰᠤᠲᠠᠨ ᠢ ᠠᠰᠠᠷᠠᠵᠤ ᠨᠢᠯᠬᠠᠰ ᠢ ᠰᠠᠭᠠᠲᠠᠭᠤᠯᠬᠤ ᠦᠢᠯᠡᠴᠢᠯᠡᠭᠡ ᠶᠢ ᠰᠢᠯᠢᠳᠡᠭᠵᠢᠭᠦᠯᠵᠦ᠂ ᠭᠡᠷ ᠪᠦᠯᠢ ᠶᠢᠨ | ᠨᠠᠰᠤᠲᠠᠨ ᠢ ᠠᠰᠠᠷᠠᠬᠤ ᠣᠷᠣ ᠶᠢ 130 ᠰᠢᠨ᠎ᠡ ᠪᠠᠷ ᠨᠡᠮᠡᠭᠳᠡᠭᠦᠯᠵᠦ᠂ ᠭᠡᠷ ᠲᠡᠭᠡᠨ ᠰᠠᠭᠤᠵᠤ ᠪᠠᠶᠢᠭ᠎ᠠ ᠨᠠᠰᠤᠲᠠᠨ ᠢ | ᠠᠰᠠᠷᠠᠵᠤ ᠭᠡᠷ ᠲᠤᠨᠢ ᠬᠦᠷᠭᠡᠬᠦ ᠦᠢᠯᠡᠴᠢᠯᠡᠭᠡ ᠶᠢ 260 ᠡᠷᠦᠭᠡ ᠳᠤ ᠥᠷᠨᠢᠭᠦᠯᠵᠦ᠂ ᠬᠡᠦᠬᠡᠳ ᠰᠠᠭᠠᠲᠠᠭᠤᠯᠬᠤ | ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠤᠨ ᠪᠠᠶᠢᠭᠤᠯᠤᠯᠲᠠ ᠶᠢ ᠡᠬᠢᠯᠡᠭᠦᠯᠵᠦ᠂ ᠨᠢᠯᠬ᠎ᠠ ᠬᠡᠦᠬᠡᠳ ᠢ 120 | ᠰᠢᠨ᠎ᠡ ᠪᠠᠷ ᠨᠡᠮᠡᠭᠳᠡᠭᠦᠯᠪᠡ᠃ 80 ᠡᠷᠦᠭᠡ ᠳᠤ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠨᠥᠬᠦᠪᠥᠷᠢ | ᠣᠯᠭᠤᠵᠤ᠂ 108 ᠢᠵᠢ ᠪᠠᠲᠤᠯᠠᠭ᠎ᠠ ᠶᠢᠨ ᠴᠢᠨᠠᠷᠲᠠᠶ ᠴᠢᠳᠠᠪᠤᠷᠢᠲᠠᠨ ᠤ ᠨᠡᠶᠢᠲᠡ ᠶᠢᠨ ᠣᠷᠣᠨ ᠰᠠᠭᠤᠴᠠ ᠶᠢ | ᠪᠠᠶᠢᠭᠤᠯᠪᠠ᠃ ᠴᠡᠷᠢᠭ ᠤᠨ ᠬᠥᠮᠦᠨ ᠪᠠ ᠴᠡᠷᠢᠭ ᠤᠨ ᠬᠡᠷ ᠪᠦᠯᠢ ᠶᠢᠨ ᠬᠢᠨ ᠤ ᠢᠷᠠᠭᠤ ᠠᠯᠳᠠᠷ ᠤᠨ ᠤᠷᠮᠠᠰᠢᠭᠤᠯᠤᠯ | ᠪᠠ ᠡᠷᠬᠡ ᠠᠰᠢᠭ ᠤᠨ ᠪᠠᠲᠤᠯᠠᠭ᠎ᠠ ᠶᠢ ᠴᠢᠩᠭᠠᠳᠬᠠᠵᠤ᠂ ︽ᠳᠥᠷᠪᠡᠨ ᠨᠢᠭᠡ︾ ᠶᠢᠨ ᠬᠤᠶᠠᠷ ᠢ ᠬᠦᠷᠢᠶᠡᠯᠡᠵᠦ | ᠡᠭᠦᠳᠦᠨ ᠪᠠᠶᠢᠭᠤᠯᠬᠤ ᠢᠨᠵᠧᠨᠧᠷᠢᠩ ᠢ ᠬᠡᠷᠡᠭᠵᠢᠭᠦᠯᠦᠨ᠎ᠡ᠃ | ᠭᠤᠷᠪᠠ ᠳᠤ ᠴᠢᠨᠠᠷ ᠰᠠᠶᠢᠲᠠᠶ ᠰᠤᠷᠭᠠᠨ ᠬᠥᠮᠦᠵᠢᠯ ᠢᠶᠠᠷ ᠦᠰᠦᠨ ᠪᠤᠶᠢᠵᠢᠯᠲᠠ ᠳᠤ ᠬᠦᠴᠦᠨ ᠨᠡᠮᠡᠷᠢᠯᠡᠨ᠎ᠡ᠃ | 55 ᠳᠤᠮᠳᠠᠳᠤ ᠰᠤᠷᠭᠠᠭᠤᠯᠢ᠂ ᠱᠢ ᠵᠢᠢ ᠵᠠᠮ ᠤᠨ ᠬᠤᠶᠠᠳᠤᠭᠠᠷ ᠪᠠᠭ᠎ᠠ ᠰᠤᠷᠭᠠᠭᠤᠯᠢ ᠪᠠ ᠵᠠᠯᠠᠭᠤᠴᠤᠳ | ᠪᠠᠭᠠᠴᠤᠳ ᠤᠨ ᠬᠥᠳᠡᠯᠭᠡᠭᠡᠨ ᠤ ᠲᠥᠪ ᠢ ᠥᠨᠳᠥᠷ ᠪᠠᠷᠢᠮᠵᠢᠶ᠎ᠠ ᠪᠠᠷ ᠪᠥᠲᠥᠭᠡᠨ ᠪᠠᠶᠢᠭᠤᠯᠵᠤ᠂ ᠵᠢᠦ ᠶᠤᠸᠠᠨ | ᠲᠣᠭᠤᠷᠢᠭ ᠤᠨ ᠨᠢᠭᠡᠳᠦᠭᠡᠷ᠂ ᠬᠤᠶᠠᠳᠤᠭᠠᠷ ᠲᠤᠷᠰᠢᠯᠲᠠ ᠶᠢᠨ ᠪᠠᠭ᠎ᠠ ᠰᠤᠷᠭᠠᠭᠤᠯᠢ ᠶᠢ ᠥᠭᠡᠷᠡᠴᠢᠯᠡᠵᠦ ᠥᠷᠭᠡᠳᠬᠡᠨ | ᠪᠠᠶᠢᠭᠤᠯᠬᠤ ᠳᠥᠰᠦᠯ ᠪᠠ ᠵᠢᠦ ᠶᠤᠸᠠᠨ ᠬᠤᠶᠠᠳᠤᠭᠠᠷ ᠬᠡᠤᠬᠡᠳ ᠤᠨ ᠴᠡᠴᠡᠷᠯᠢᠭ ᠤᠨ ᠬᠤᠪᠢᠶᠠᠷᠢ ᠴᠡᠴᠡᠷᠯᠢᠭ ᠢ | ᠪᠡᠶᠡᠯᠡᠭᠦᠯᠵᠦ᠂ 33 ᠳᠤᠮᠳᠠᠳᠤ ᠰᠤᠷᠭᠠᠭᠤᠯᠢ ᠶᠢᠨ ᠤᠶᠤᠨᠲᠤ ᠰᠤᠷᠭᠠᠭᠤᠯᠢ ᠶᠢᠨ ᠬᠦᠷᠢᠶᠡᠨ ᠤ ᠪᠥᠲᠥᠭᠡᠨ | ᠪᠠᠶᠢᠭᠤᠯᠤᠯᠲᠠ ᠶᠢ ᠡᠬᠢᠯᠡᠭᠦᠯᠦᠨ᠎ᠡ᠃ ᠨᠥᠬᠦᠴᠡᠯ ᠲᠠᠢ ᠬᠡᠤᠬᠡᠳ ᠤᠨ ᠴᠡᠴᠡᠷᠯᠢᠭ ᠢ ᠬᠥᠲᠥᠯᠦᠨ ᠵᠢᠯᠣᠭᠤᠳᠴᠤ | ᠪᠠᠶᠢᠭᠠᠳ ᠨᠢᠯᠬ᠎ᠠ ᠬᠡᠤᠬᠡᠳ ᠢ ᠬᠠᠷᠠᠭᠠᠯᠵᠠᠨ ᠠᠰᠠᠷᠠᠬᠤ ᠦᠢᠯᠡᠴᠢᠯᠡᠭᠡ ᠥᠷᠨᠢᠭᠦᠯᠵᠦ᠂ ᠰᠤᠷᠬᠤ ᠨᠠᠰᠤᠨ ᠠᠴᠠ | ᠡᠮᠦᠨᠡᠬᠢ ᠰᠤᠷᠭᠠᠨ ᠬᠥᠮᠦᠵᠢᠯ ᠢ ᠲᠦᠭᠡᠮᠡᠯᠵᠢᠭᠦᠯᠬᠦ ᠲᠦᠭᠡᠮᠡᠯ ᠬᠠᠷᠠᠭᠠᠯᠵᠠᠯ ᠤᠨ ᠢᠨᠵᠧᠨᠧᠷᠢᠩ ᠢ ᠪᠥᠬᠦ ᠲᠠᠯ᠎ᠠ ᠪᠠᠷ | ᠳᠥᠯᠭᠢᠨ ᠠᠬᠢᠭᠤᠯᠵᠤ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠠᠯᠪᠠᠨ ᠠᠴᠠ ᠡᠷᠭᠢᠯᠡᠭᠰᠡᠨ | ᠨᠣᠷᠮ᠎ᠠ ᠶᠢ 52% ᠲᠤ ᠬᠦᠷᠦᠭᠦᠯᠦᠨ᠎ᠡ᠃ ᠨᠠᠷᠠᠲᠤ ᠰᠤᠷᠭᠠᠭᠤᠯᠢ ᠶᠢᠨ ᠵᠠᠬᠢᠷᠤᠯ ᠤᠨ ᠪᠥᠲᠥᠭᠡᠨ ᠪᠠᠶᠢᠭᠤᠯᠤᠯᠲᠠ ᠶᠢ | ᠬᠡᠷᠡᠭᠵᠢᠭᠦᠯᠵᠦ᠂ ᠨᠠᠷᠠᠲᠤ ᠪᠠᠭᠰᠢ ︽ᠬᠤᠶᠠᠷ ᠶᠡᠭᠡ ᠢᠨᠵᠧᠨᠧᠷᠢᠩ︾ ᠢ ᠣᠷᠣᠭᠤᠯᠤᠨ ᠠᠪᠴᠢᠷᠠᠵᠤ᠂ ᠵᠢᠯ ᠤᠨ | ᠳᠣᠲᠣᠷ᠎ᠠ ᠵᠠᠮᠴᠢᠯᠠᠬᠤ ᠰᠤᠷᠭᠠᠭᠤᠯᠢ ᠶᠢᠨ ᠵᠠᠬᠢᠷᠤᠯ ᠢ 10 ᠬᠥᠮᠦᠵᠢᠭᠦᠯᠵᠦ᠂ ᠰᠢᠯᠢᠳᠡᠭ ᠰᠤᠷᠭᠠᠨ ᠬᠥᠮᠦᠵᠢᠯ ᠤᠨ | ᠴᠢᠳᠠᠪᠤᠷᠢᠲᠠᠨ ᠢ 90 ᠣᠷᠣᠭᠤᠯᠤᠨ ᠠᠪᠴᠢᠷᠠᠨ᠎ᠠ᠃ ︽ᠬᠤᠶᠠᠷ ᠢ ᠪᠠᠭᠠᠰᠬᠠᠬᠤ︾ ᠠᠵᠢᠯ ᠤᠨ ᠦᠷ᠎ᠡ ᠪᠦᠲᠦᠮᠵᠢ ᠶᠢ | ᠪᠠᠬᠢᠵᠢᠭᠦᠯᠦᠨ ᠳᠡᠭᠡᠭᠰᠢᠯᠡᠭᠦᠯᠵᠦ᠂ ᠰᠤᠷᠭᠠᠨ ᠬᠥᠮᠦᠵᠢᠯ ᠤᠨ ᠰᠢᠯᠢᠳᠡᠭ ᠡᠬᠢ ᠪᠠᠶᠠᠯᠢᠭ ᠢ ᠣᠷᠣᠭᠤᠯᠤᠨ | ᠠᠪᠴᠢᠷᠠᠬᠤ ᠶᠢ ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ ᠰᠠᠭᠤᠷᠢ ᠰᠤᠷᠭᠠᠨ ᠬᠥᠮᠦᠵᠢᠯ ᠤᠨ ᠰᠣᠷᠣᠭᠴᠢ ᠶᠢᠨ | ᠢᠷᠡᠯᠲᠡ ᠶᠢᠨ ᠭᠠᠳᠠᠭᠰᠢ ᠭᠠᠷᠬᠤ ᠶᠢ ᠬᠦᠴᠦᠯᠡᠨ ᠪᠠᠭᠠᠰᠬᠠᠵᠤ᠂ ᠣᠷᠣᠨ ᠪᠦᠰᠡ ᠶᠢᠨ ᠰᠠᠭᠤᠷᠢ ᠰᠤᠷᠭᠠᠨ | ᠬᠥᠮᠦᠵᠢᠯ ᠤᠨ ᠬᠤᠯᠪᠣᠭ᠎ᠠ ᠶᠢᠨ ᠬᠠᠪᠰᠤᠷᠤᠨ ᠲᠡᠳᠬᠦᠬᠦ ᠶᠢ ᠠᠬᠢᠭᠤᠯᠤᠨ᠂ ᠭᠤᠷᠪᠠᠨ ᠵᠢᠯ ᠤᠨ ᠳᠣᠲᠣᠷ᠎ᠠ | ᠭᠤᠤᠯᠳᠠᠯᠭ᠎ᠠ ᠲᠠᠢ ᠰᠤᠷᠭᠠᠭᠤᠯᠢ ᠶᠢᠨ ᠰᠤᠷᠭᠠᠨ ᠬᠥᠮᠦᠵᠢᠯ ᠤᠨ ᠬᠢᠷᠢ ᠬᠡᠮᠵᠢᠶ᠎ᠡ ᠶᠢ ᠪᠥᠬᠦ ᠬᠤᠲᠠ ᠶᠢᠨ ᠨᠢᠭᠡᠳᠦᠭᠡᠷ | ᠱᠠᠲᠤᠨ ᠤ ᠡᠩᠨᠡᠭᠡ ᠳᠤ ᠬᠦᠷᠦᠭᠦᠯᠬᠦ ᠪᠠᠷ ᠴᠢᠷᠮᠠᠶᠢᠨ᠎ᠠ᠃ | ᠳᠥᠷᠪᠡ ᠳᠤ ᠡᠮ ᠡᠮᠨᠡᠯᠭᠡ ᠶᠢ ᠲᠡᠭᠦᠯᠳᠡᠷᠵᠢᠭᠦᠯᠬᠦ ᠪᠠᠷ ᠡᠷᠡᠭᠦᠯ ᠮᠡᠨᠳᠦ ᠶᠢ ᠬᠠᠮᠠᠭᠠᠯᠠᠨ᠎ᠠ᠃ ᠣᠷᠣᠭᠤᠯᠤᠯᠲᠠ | ᠬᠡᠷᠡᠭᠯᠡᠯᠲᠡ ᠶᠢᠨ ᠲᠣᠭᠤᠷᠢᠭ ᠤᠨ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ ᠶᠢ ᠪᠠᠶᠢᠭᠤᠯᠵᠤ᠂ ᠡᠮᠴᠢᠯᠡᠭᠡ ᠶᠢ | ᠳᠠᠭᠠᠭᠠᠴᠢᠯᠠᠭᠰᠠᠨ ᠣᠯᠠᠨ ᠤᠯᠤᠰ ᠤᠨ ᠡᠮᠨᠡᠯᠭᠡ ᠶᠢᠨ ᠬᠤᠷᠢᠶ᠎ᠠ ᠶᠢᠨ ᠳᠥᠰᠦᠯ ᠤᠨ ᠠᠵᠢᠯ ᠢᠶᠠᠨ ᠰᠡᠷᠭᠦᠭᠡᠬᠦ ᠶᠢ | ᠬᠠᠮᠵᠢᠯᠴᠠᠨ ᠠᠬᠢᠭᠤᠯᠵᠤ᠂ 2 ᠰᠠᠭᠤᠷᠢ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ | ᠪᠠᠶᠢᠭᠤᠯᠤᠮᠵᠢ ᠶᠢ ᠲᠠᠰ ᠳᠡᠪᠰᠢᠭᠦᠯᠦᠨ᠎ᠡ᠃ ᠰᠠᠨᠰᠠᠷ ᠤᠨ ᠠᠶᠠᠯᠠᠯ ᠤᠨ ᠡᠮᠨᠡᠯᠭᠡ ᠶᠢᠨ ᠰᠠᠯᠠᠭ᠎ᠠ ᠶᠢᠨ ᠪᠤᠭᠤᠲᠤ ᠶᠢᠨ | ᠪᠣᠯᠣᠳ ᠲᠡᠮᠦᠷ ᠤᠨ ᠺᠣᠮᠫᠠᠨᠢ ᠶᠢᠨ ᠡᠮᠨᠡᠯᠭᠡ ᠶᠢᠨ ᠬᠤᠷᠢᠶ᠎ᠠ ᠪᠠᠷ ᠲᠦᠷᠦᠭᠦᠯᠡᠭᠦᠯᠦᠭᠰᠡᠨ ᠲᠣᠭᠤᠷᠢᠭ ᠤᠨ ᠬᠠᠷᠢᠶ᠎ᠠ | ᠬᠤᠶᠠᠳᠤᠭᠠᠷ ᠬᠥᠬᠡ ᠡᠮᠨᠡᠯᠭᠡ ᠶᠢᠨ ᠬᠤᠷᠢᠶ᠎ᠠ᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ | ᠲᠥᠪ ︵ᠡᠷᠡᠭᠦᠯ ᠬᠠᠮᠠᠭᠠᠯᠠᠯ ᠤᠨ ᠬᠤᠷᠢᠶ᠎ᠠ︶ ᠤᠨ ᠨᠢᠭᠲᠠ ᠬᠡᠯᠪᠡᠷᠢ ᠶᠢᠨ ᠡᠮᠨᠡᠯᠭᠡ ᠶᠢᠨ ᠬᠠᠮᠲᠤ ᠶᠢᠨ ᠴᠣᠭᠴᠠ ᠶᠢᠨ | ᠪᠠᠶᠢᠭᠤᠯᠤᠯᠲᠠ ᠶᠢ ᠲᠦᠷᠭᠡᠳᠬᠡᠵᠦ᠂ ᠶᠡᠷᠦᠩᠬᠡᠶ ᠡᠮᠨᠡᠯᠭᠡ ᠶᠢᠨ ᠬᠤᠷᠢᠶ᠎ᠠ ᠶᠢᠨ ᠫᠠᠶᠢᠰᠠ ᠡᠯᠭᠦᠬᠦ᠂ ᠠᠵᠢᠯᠲᠠᠨ ᠤ | ᠶᠠᠪᠤᠳᠠᠯ ᠤᠨ ᠬᠥᠯᠥᠰᠥ ᠣᠯᠭᠤᠮᠵᠢ ᠶᠢᠨ ᠲᠦᠷᠢᠮ ᠵᠡᠷᠭᠡ ᠥᠭᠡᠷᠡᠴᠢᠯᠡᠯᠲᠡ ᠶᠢ ᠪᠡᠶᠡᠯᠡᠭᠦᠯᠵᠦ᠂ ᠱᠠᠲᠤ ᠬᠤᠪᠢᠶᠠᠨ | ᠣᠨᠣᠰᠢᠯᠠᠨ ᠡᠮᠨᠡᠬᠦ᠂ ᠠᠯᠤᠰ ᠡᠵᠡᠮᠰᠢᠯᠲᠦ ᠡᠮᠴᠢᠯᠡᠭᠡ ᠵᠡᠷᠭᠡ ᠦᠢᠯᠡᠴᠢᠯᠡᠭᠡᠨ ᠤ ᠴᠢᠳᠠᠪᠤᠷᠢ ᠶᠢ ᠪᠥᠬᠦ ᠲᠠᠯ᠎ᠠ ᠪᠠᠷ | ᠳᠡᠭᠡᠭᠰᠢᠯᠡᠭᠦᠯᠦᠨ᠂ 3 ᠵᠢᠯ ᠤᠨ ᠳᠣᠲᠣᠷ᠎ᠠ ᠭᠤᠷᠪᠠᠳᠤᠭᠠᠷ ᠳᠡᠰ ᠤᠨ ᠡᠮᠨᠡᠯᠭᠡ ᠵᠢᠨᠰᠢᠨ᠎ᠡ ᠱᠠᠲᠤᠨ ᠳᠠᠬᠢ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠣᠨᠴᠠᠯᠢᠭ ᠢ ᠤᠨᠢᠨ ᠳᠡᠭᠡᠷ᠎ᠡ ᠨᠢ ᠡᠵᠡᠮᠳᠡᠵᠦ᠂ ᠰᠡᠷᠭᠡᠶᠢᠯᠡᠨ ᠡᠵᠡᠮᠳᠡᠬᠦ ᠠᠷᠭ᠎ᠠ | ᠪᠤᠳᠤᠯᠭ᠎ᠠ ᠶᠢᠨ ᠬᠤᠪᠢᠷᠠᠭᠤᠯᠤᠯᠲᠠ ᠶᠢ ᠲᠣᠭᠲᠠᠭᠤᠨ ᠢᠶᠠᠷ ᠠᠬᠢᠭᠤᠯᠵᠤ᠂ ᠡᠮᠴᠢᠯᠡᠭᠡᠨ ᠤ ᠠᠪᠤᠷᠠᠨ ᠵᠠᠰᠠᠬᠤ | ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠤᠯᠠᠨ ᠲᠦᠮᠡᠨ ᠤ ᠡᠪᠡᠳᠴᠢᠨ ᠦᠵᠡᠭᠦᠯᠬᠦ ᠡᠮ ᠬᠡᠷᠡᠭᠯᠡᠬᠦ | ᠬᠡᠷᠡᠭᠴᠡᠭᠡ ᠶᠢ ᠪᠠᠲᠤᠯᠠᠵᠤ᠂ ᠭᠤᠣᠯᠳᠠᠯᠭ᠎ᠠ ᠲᠠᠢ ᠬᠥᠮᠦᠰ ᠲᠤ ᠸᠠᠺᠼᠢᠨ ᠤ ᠲᠠᠷᠢᠯᠭ᠎ᠠ ᠬᠢᠬᠦ ᠶᠢ ᠠᠬᠢᠭᠤᠯᠵᠤ᠂ ᠠᠷᠠᠳ | ᠤᠯᠠᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠤ ᠶᠢ ᠬᠠᠮᠤᠭ ᠤᠨ ᠶᠡᠭᠡ | ᠬᠡᠮᠵᠢᠶ᠎ᠡ ᠪᠠᠷ ᠪᠠᠲᠤᠯᠠᠨ᠎ᠠ᠃ | ᠲᠠᠪᠤ ᠳᠤ᠂ ᠤᠯᠠᠨ ᠡᠰᠢᠲᠦ ᠰᠣᠶᠣᠯ ᠢᠶᠠᠷ ᠠᠮᠢᠳᠤᠷᠠᠯ ᠢᠶᠠᠨ ᠪᠠᠶᠠᠯᠢᠭᠵᠢᠭᠤᠯᠤᠨ᠎ᠠ᠃ ᠤᠯᠤᠰ ᠤᠨ ᠤᠯᠠᠨ | ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮ ᠤᠨ ᠵᠢᠱᠢᠶ᠎ᠡ ᠦᠵᠡᠭᠦᠯᠬᠦ ᠣᠷᠣᠨ ᠢ ᠡᠭᠦᠳᠦᠨ | ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠵᠦ᠂ ᠲᠤᠰ ᠨᠤᠲᠤᠭ ᠤᠨ ᠤᠳᠬ᠎ᠠ ᠤᠷᠠᠯᠢᠭ ᠤᠨ ᠰᠣᠳᠣᠨ | ᠪᠦᠲᠦᠭᠡᠯ ᠢ 10 ᠭᠠᠷᠭᠠᠵᠤ᠂ ᠰᠣᠶᠣᠯ ᠤᠨ ᠰᠠᠶᠢᠨ ᠳᠤᠷ᠎ᠠ ᠶᠢᠨ ᠲᠣᠭᠯᠠᠯᠲᠠ ᠶᠢᠨ ᠪᠣᠯᠪᠠᠰᠤᠷᠠᠯ ᠤᠨ ᠬᠠᠪᠰᠤᠷᠤᠨ | ᠵᠢᠯᠣᠭᠤᠳᠬᠤ ᠠᠵᠢᠯᠯᠠᠭ᠎ᠠ ᠶᠢ 100 ᠲᠠᠯᠠᠪᠠᠢ ᠠᠴᠠ ᠳᠡᠭᠡᠭᠰᠢ ᠥᠷᠨᠢᠭᠦᠯᠪᠡ᠃ ᠰᠣᠶᠣᠯ ᠵᠢᠭᠤᠯᠴᠢᠯᠠᠯ ᠤᠨ | ᠠᠭᠤᠰᠤᠯᠴᠠᠨ ᠬᠥᠭᠵᠢᠬᠦ ᠶᠢ ᠭᠦᠨᠵᠡᠭᠡᠶ ᠠᠬᠢᠭᠤᠯᠵᠤ᠂ ︽ᠬᠠᠲᠤᠨ ᠭᠤᠤᠯ ᠢᠶᠠᠷ ᠨᠢᠰᠦᠨ ᠥᠩᠭᠡᠷᠡᠬᠦ︾ | ᠲᠣᠭᠠᠴᠢᠯᠠᠭᠰᠠᠨ ᠦᠵᠡᠰᠬᠦᠯᠡᠩ ᠤᠨ ᠣᠷᠳᠣᠨ ᠢ ᠪᠠᠶᠢᠭᠤᠯᠵᠤ᠂ ᠳᠤᠮᠳᠠᠳᠤ ᠤᠯᠤᠰ ᠤᠨ ᠮᠠᠯᠠᠶᠢᠰᠢᠶ᠎ᠠ ᠶᠢᠨ ᠠᠵᠤ | ᠦᠢᠯᠡᠰ ᠤᠨ ᠬᠦᠷᠢᠶᠡᠯᠡᠩ ᠤᠨ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ᠢ ᠰᠤᠳᠤᠯᠤᠨ ᠨᠡᠭᠡᠭᠡᠬᠦ ᠶᠢ | ᠥᠷᠨᠢᠭᠦᠯᠦᠨ᠎ᠡ᠃ ᠮᠠ ᠤᠤᠢ ᠨᠠᠭᠤᠷ ᠤᠨ ᠡᠷᠲᠡᠨ ᠤ ᠬᠤᠲᠠ ᠶᠢᠨ ᠬᠡᠷᠡᠮ ᠵᠡᠷᠭᠡ 2 ᠰᠡᠯᠪᠢᠨ ᠵᠠᠰᠠᠬᠤ ᠢᠨᠵᠧᠨᠧᠷᠢᠩ ᠢ | ᠪᠡᠶᠡᠯᠡᠭᠦᠯᠵᠦ᠂ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠨ ᠤᠯᠠᠮᠵᠢᠯᠠᠬᠤ ᠡᠷᠴᠢᠮ ᠢ ᠴᠢᠩᠭᠠᠷᠠᠭᠤᠯᠤᠨ᠎ᠠ᠃ | ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠶᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠵᠦ᠂ ᠬᠤᠲᠠ ᠶᠢᠨ 1 | ᠪᠡᠶ᠎ᠡ ᠶᠢᠨ ᠲᠠᠮᠢᠷ ᠤᠨ ᠴᠡᠴᠡᠷᠯᠢᠭ ᠢ ᠲᠠᠰ ᠳᠡᠪᠰᠢᠭᠦᠯᠦᠨ ᠥᠭᠡᠷᠡᠴᠢᠯᠡᠵᠦ᠂ 2 ᠪᠡᠶ᠎ᠡ ᠴᠢᠭᠢᠷᠠᠭᠵᠢᠭᠤᠯᠬᠤ ᠶᠠᠪᠠᠭᠠᠨ | ᠵᠠᠮ ᠢ ᠪᠣᠶ ᠪᠣᠯᠭᠠᠵᠤ᠂ 10 ᠵᠦᠢᠯ ᠠᠴᠠ ᠳᠡᠭᠡᠭᠰᠢᠬᠢ ᠣᠯᠠᠨ ᠲᠦᠮᠡᠨ ᠤ ᠪᠡᠶ᠎ᠡ ᠶᠢᠨ ᠲᠠᠮᠢᠷ ᠤᠨ ᠤᠷᠤᠯᠳᠤᠭᠠᠨ ᠤ | ᠠᠵᠢᠯᠯᠠᠭ᠎ᠠ ᠶᠢ ᠨᠠᠷᠢᠨ ᠨᠢᠮᠪᠠᠶ ᠰᠠᠶᠢᠲᠤᠷ ᠡᠷᠭᠢᠯᠡᠨ᠎ᠡ᠃ | ᠵᠢᠷᠭᠤᠭ᠎ᠠ ᠳᠤ᠂ ᠵᠠᠰᠠᠯᠲᠠ ᠶᠢ ᠴᠢᠩᠭᠠᠳᠬᠠᠬᠤ ᠪᠠᠷ ᠠᠮᠤᠷ ᠠᠮᠤᠭᠤᠯᠠᠩ ᠢ ᠬᠠᠮᠲᠤᠪᠠᠷ ᠡᠳ᠋ᠯᠡᠨ᠎ᠡ᠃ ᠨᠡᠶᠢᠭᠡᠮ ᠤᠨ | ᠵᠠᠰᠠᠯᠲᠠ ᠶᠢᠨ ᠰᠢᠨ᠎ᠡ ᠵᠠᠭᠪᠤᠷ ᠢ ᠬᠠᠶᠢᠨ ᠰᠦᠪᠡᠭᠴᠢᠯᠡᠵᠦ᠂ ︽ᠲᠠᠪᠤᠨ ᠦᠡᠭᠭᠡ ᠶᠢᠨ ᠡᠷᠤᠭᠡ ᠶᠢᠨ ᠺᠠᠷᠲ︾ ᠤᠨ | ᠬᠠᠮᠢᠶᠠᠷᠤᠯᠲᠠ ᠶᠢᠨ ᠠᠷᠭ᠎ᠠ ᠮᠠᠶ᠋ᠢᠭ ᠢ ᠪᠦᠬᠦ ᠲᠠᠯ᠎ᠠ ᠪᠠᠷ ᠬᠡᠷᠡᠭᠵᠢᠭᠦᠯᠵᠦ᠂ ᠭᠤᠷᠪᠠᠳᠠᠬᠢ ᠡᠲᠡᠭᠡᠳ ᠤᠨ | ᠦᠢᠯᠡᠴᠢᠯᠡᠭᠡ ᠶᠢ ᠣᠷᠣᠭᠤᠯᠤᠨ ᠠᠪᠴᠢᠷᠠᠵᠤ 12345 ᠬᠠᠯᠠᠭᠤᠨ ᠤᠲᠠᠰᠤ ᠶᠢ ᠰᠢᠢᠳᠪᠤᠷᠢᠯᠡᠨ ᠶᠠᠰᠤ ᠴᠢᠨᠠᠷ ᠤᠨ | ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ︽ᠳᠠᠷᠤᠭᠳᠠᠮᠠᠯ ᠬᠡᠷᠡᠭ ᠢ ᠰᠢᠢᠳᠪᠤᠷᠢᠯᠡᠬᠦ᠂ ᠬᠦᠨᠳᠦ ᠰᠤᠷᠪᠤᠯᠵᠢᠯᠠᠭ᠎ᠠ ᠶᠢ | ᠵᠠᠰᠠᠬᠤ᠂ ᠲᠣᠭᠲᠠᠭᠤᠨ ᠪᠠᠶᠢᠳᠠᠯ ᠢ ᠠᠬᠢᠭᠤᠯᠬᠤ︾ ᠪᠡᠷᠬᠡ ᠰᠡᠳᠦᠪ ᠢ ᠰᠢᠢᠳᠪᠤᠷᠢᠯᠡᠬᠦ ᠠᠵᠢᠯᠯᠠᠭ᠎ᠠ ᠶᠢ ᠥᠷᠨᠢᠭᠦᠯᠵᠦ᠂ | ᠤᠯᠠᠨ ᠲᠦᠮᠡᠨ ᠤ ᠭᠤᠮᠣᠳᠠᠯ ᠱᠠᠭᠠᠷᠳᠠᠯᠭ᠎ᠠ ᠶᠢ ︽ᠶᠠᠪᠤᠳᠠᠯ ᠪᠦᠬᠦᠨ ᠳᠤ ᠬᠠᠷᠢᠭᠤ ᠥᠭᠴᠦ᠂ ᠶᠠᠪᠤᠳᠠᠯ ᠪᠦᠬᠦᠨ ᠳᠤ | ᠨᠠᠶᠢᠳᠠᠪᠤᠷᠢᠵᠢᠭᠤᠯᠬᠤ︾ ᠶᠢ ᠦᠨᠡᠨ ᠬᠦ ᠪᠠᠲᠤᠯᠠᠪᠠ᠃ ᠰᠢᠨ᠎ᠡ ᠠᠶᠤᠯ ᠲᠦᠭᠰᠢᠭᠦᠷᠢ ᠶᠢ ᠬᠦᠴᠦᠯᠡᠨ ᠰᠡᠷᠭᠡᠶᠢᠯᠡᠨ | ᠠᠷᠢᠯᠭᠠᠵᠤ᠂ ᠥᠷᠢ ᠥᠭᠴᠡᠭᠡ ᠶᠢᠨ ᠠᠶᠤᠯ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠲᠡᠰ ᠢ | ᠲᠣᠭᠲᠠᠭᠤᠨ ᠢᠶᠠᠷ ᠪᠠᠭᠤᠷᠠᠭᠤᠯᠵᠤ᠂ ᠵᠠᠰᠠᠭ ᠤᠨ ᠣᠷᠳᠣᠨ ᠤ ᠥᠷᠢ ᠥᠭᠴᠡᠭᠡ ᠶᠢ ᠠᠷᠢᠯᠭᠠᠬᠤ 13.47 | ᠳ᠋ᠦᠩᠰᠢᠭᠤᠷ ᠲᠥᠭᠦᠷᠢᠭ ᠤᠨ ᠵᠢᠯ ᠤᠨ ᠡᠭᠦᠷᠭᠡ ᠶᠢ ᠯᠠᠪᠳᠠᠭᠤᠨ ᠪᠠᠲᠤᠲᠠᠢ ᠪᠡᠶᠡᠯᠡᠭᠦᠯᠪᠡ᠃ ᠴᠠᠬᠢᠯᠭᠠᠨ ᠬᠤᠯᠪᠣᠭ᠎ᠠ | ᠰᠦᠯᠵᠢᠶᠡᠨ ᠤ ᠮᠡᠬᠡᠯᠡᠯ᠂ ᠨᠠᠰᠤᠵᠢᠯ ᠤᠨ ᠠᠰᠠᠷᠠᠮᠵᠢ ᠶᠢᠨ ᠮᠡᠬᠡᠯᠡᠯ ᠵᠡᠷᠭᠡ ᠡᠯ᠎ᠡ ᠲᠦᠷᠦᠯ ᠤᠨ ᠬᠠᠤᠯᠢ ᠠᠴᠠ | ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠠᠵᠢᠯ ᠢ ᠦᠷᠭᠦᠯᠵᠢᠯᠡᠨ ᠥᠷᠨᠢᠭᠦᠯᠪᠡ᠃ | ᠠᠮᠤᠷ ᠲᠦᠪᠰᠢᠨ ᠲᠣᠭᠲᠠᠭᠤᠨ ᠤ ᠰᠢᠨ᠎ᠡ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠵᠦ᠂ ᠠᠮᠤᠷ ᠲᠦᠪᠰᠢᠨ ᠤ | ᠬᠢᠨᠠᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠱᠠᠳᠤ ᠱᠠᠳᠤ ᠪᠠᠷ ᠪᠠᠲᠤᠳᠬᠠᠵᠤ᠂ ᠡᠯ᠎ᠡ ᠲᠦᠷᠦᠯ ᠤᠨ ᠠᠮᠤᠷ | ᠲᠦᠪᠰᠢᠨ ᠤ ᠠᠳᠡᠯ ᠢ ᠪᠦᠲᠦᠮᠵᠢᠲᠡᠢ ᠬᠤᠷᠢᠭᠯᠠᠵᠤ᠂ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ᠂ | ᠤᠢ ᠰᠢᠭᠤᠢ ᠶᠢᠨ ᠭᠠᠯ ᠰᠡᠷᠭᠡᠶᠢᠯᠡᠬᠦ᠂ ᠭᠠᠯ ᠰᠡᠷᠭᠡᠶᠢᠯᠡᠬᠦ ᠠᠮᠤᠷ ᠲᠦᠪᠰᠢᠨ᠂ ᠢᠳᠡᠭᠡᠨ ᠪᠠ ᠡᠮ ᠤᠨ ᠵᠦᠢᠯ ᠵᠡᠷᠭᠡ | ᠠᠵᠢᠯ ᠢ ᠲᠤᠪᠤᠶᠢᠮ᠎ᠠ ᠰᠠᠶᠢᠲᠤᠷ ᠠᠳᠬᠤᠵᠤ᠂ ᠠᠶᠤᠯᠭᠦᠢ ᠦᠢᠯᠡᠳᠪᠦᠷᠢᠯᠡᠯ ᠤᠨ ᠦᠨᠳᠦᠰᠦᠨ ᠪᠠᠶᠢᠳᠠᠯ᠂ | ᠦᠨᠳᠦᠰᠦᠨ ᠪᠠᠶᠢᠳᠠᠯ ᠢ ᠡᠷᠡᠰ ᠪᠠᠲᠤ ᠰᠠᠬᠢᠨ᠎ᠠ᠃ | ᠲᠥᠯᠥᠭᠡᠯᠡᠭᠴᠢᠳ ᠡ᠂ ᠰᠠᠶᠢᠨ ᠰᠠᠶᠢᠬᠠᠨ ᠠᠮᠢᠳᠤᠷᠠᠯ ᠤᠨ ᠲᠤᠬᠠᠶ ᠠᠷᠠᠳ ᠲᠦᠮᠡᠨ ᠤ ᠬᠦᠰᠡᠯ ᠡᠷᠡᠮᠡᠯᠵᠡᠯ ᠪᠣᠯ | ᠳᠠᠷᠤᠶ ᠮᠠᠨ ᠤ ᠲᠡᠮᠡᠴᠡᠯ ᠤᠨ ᠬᠠᠷᠠᠯᠲᠠ ᠮᠥᠨ᠃ ᠲᠤᠰ ᠤᠳᠠᠭ᠎ᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠠᠴᠠ ᠪᠠᠰᠠ ᠪᠢᠯᠧᠲ ᠢᠶᠠᠷ ᠠᠷᠠᠳ ᠤᠨ ᠠᠮᠢᠳᠤᠷᠠᠯ ᠤᠨ 10 ᠵᠦᠢᠯ ᠤᠨ ᠪᠣᠳᠠᠲᠤ ᠶᠠᠪᠤᠳᠠᠯ ᠤᠨ ᠳᠥᠰᠦᠯ ᠢ | ᠲᠣᠭᠲᠠᠭᠠᠪᠠ᠂ ᠪᠢᠳᠡ ᠵᠠᠪᠠᠯ ᠪᠣᠳᠠᠲᠤ ᠶᠠᠪᠤᠳᠠᠯ ᠢ ᠪᠣᠳᠠᠲᠠᠢ ᠬᠢᠵᠦ᠂ ᠰᠠᠶᠢᠨ ᠶᠠᠪᠤᠳᠠᠯ ᠢ ᠰᠠᠶᠢᠲᠤᠷ ᠬᠢᠵᠦ᠂ ᠠᠷᠠᠳ | ᠤᠯᠠᠨ ᠤ ᠬᠦᠰᠡᠯ ᠱᠠᠭᠠᠷᠳᠠᠯᠭ᠎ᠠ ᠶᠢ ᠵᠣᠯ ᠵᠢᠷᠭᠠᠯᠲᠤ ᠠᠯᠠᠭ᠎ᠠ ᠲᠠᠰᠢᠯᠳᠠ ᠶᠢᠨ ᠲᠠᠭᠤᠨ ᠪᠣᠯᠭᠠᠬᠤ ᠪᠠᠷ ᠴᠢᠷᠮᠠᠶᠢᠵᠤ᠂ | ᠠᠷᠠᠳ ᠤᠯᠠᠨ ᠤ ᠢᠨᠢᠶᠡᠳᠦ ᠶᠢ ᠬᠠᠮᠤᠭ ᠤᠨ ᠭᠤᠶᠤ ᠰᠠᠶᠢᠬᠠᠨ ᠦᠵᠡᠮᠵᠢ ᠪᠣᠯᠭᠠᠬᠤ ᠬᠡᠷᠡᠭᠲᠡᠢ︕ | ︵ᠲᠤᠯᠤᠭ᠎ᠠ︶ ᠲᠤᠰ ᠪᠡᠶ᠎ᠡ ᠶᠢᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠤᠨ | ᠵᠠᠰᠠᠭ ᠤᠨ ᠣᠷᠳᠣᠨ ᠤ ᠰᠢᠨ᠎ᠡ ᠲᠦᠷᠢ ᠲᠥᠷᠬᠦ ᠶᠢ ᠢᠯᠡᠷᠡᠭᠦᠯᠬᠦ ᠬᠡᠷᠡᠭᠲᠡᠶ | ᠨᠢᠭᠡ ᠳᠤ᠂ ᠤᠯᠤᠰ ᠲᠦᠷᠦ ᠪᠠᠷ ᠬᠦᠳᠦᠯᠦᠨ ᠳᠠᠭᠠᠭᠤᠯᠬᠤ ᠶᠢ ᠪᠠᠷᠢᠮᠲᠠᠯᠠᠵᠤ᠂ ᠦᠨᠡᠨᠴᠢ ᠰᠢᠳᠤᠷᠭᠤ ᠶᠢᠨ | ᠰᠦᠭ ᠰᠦᠨᠡᠰᠦ ᠶᠢ ᠪᠠᠲᠤ ᠴᠣᠭᠴᠠᠯᠠᠨ᠎ᠠ᠃ ᠤᠯᠤᠰ ᠲᠥᠷᠥ ᠶᠢᠨ ᠪᠠᠶᠢᠭᠤᠯᠤᠯᠲᠠ ᠶᠢ ᠲᠡᠷᠢᠭᠦᠨ ᠪᠠᠶᠢᠷᠢᠨ ᠳᠤ | ᠲᠠᠯᠪᠢᠬᠤ ᠶᠢ ᠪᠠᠷᠢᠮᠲᠠᠯᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠯᠠᠪᠳᠠᠭᠤᠨ ᠪᠠᠲᠤᠲᠠᠢ ᠬᠡᠷᠡᠭᠵᠢᠭᠦᠯᠵᠦ᠂ ᠨᠠᠮ ᠤᠨ | ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠᠷ ᠵᠠᠮᠴᠢᠯᠠᠨ ᠴᠢᠭᠯᠡᠯ ᠢ ᠲᠣᠭᠲᠠᠭᠠᠵᠤ᠂ ︽ᠬᠤᠶᠠᠷ ᠢ | ᠲᠣᠭᠲᠠᠭᠠᠬᠤ︾ ᠪᠠᠷ ᠬᠠᠮᠤᠭ ᠤᠨ ᠪᠠᠲᠤ ᠪᠠᠬᠢ ᠤᠯᠤᠰ ᠲᠥᠷᠥ ᠶᠢᠨ ᠢᠲᠡᠭᠡᠯ ᠪᠢᠰᠢᠷᠡᠯ ᠪᠣᠯᠭᠠᠵᠤ᠂ ︽ᠬᠤᠶᠠᠷ ᠢ | ᠬᠠᠮᠠᠭᠠᠯᠠᠬᠤ︾ ᠪᠠᠷ ᠬᠠᠮᠤᠭ ᠤᠨ ᠦᠨᠳᠦᠰᠦᠨ ᠤᠯᠤᠰ ᠲᠥᠷᠥ ᠶᠢᠨ ᠶᠣᠰᠣ ᠲᠦᠷᠢᠮ ᠪᠣᠯᠭᠠᠵᠤ᠂ ᠦᠵᠡᠯ ᠰᠠᠨᠠᠭ᠎ᠠ | ᠤᠯᠤᠰ ᠲᠥᠷᠥ ᠦᠢᠯᠡ ᠠᠵᠢᠯᠯᠠᠭ᠎ᠠ ᠶᠢᠨ ᠲᠠᠯ᠎ᠠ ᠪᠠᠷ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ | ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠶ ᠪᠠᠶᠢᠬᠤ ᠶᠢ ᠪᠠᠲᠤᠯᠠᠵᠤ᠂ ᠳᠡᠭᠡᠳᠦ ᠱᠠᠲᠤᠨ ᠤ ᠨᠠᠮ ᠤᠨ | ᠬᠤᠷᠢᠶ᠎ᠠ᠂ ᠵᠠᠰᠠᠭ ᠤᠨ ᠣᠷᠳᠣᠨ ᠪᠠ ᠣᠷᠣᠨ ᠤ ᠨᠠᠮ ᠤᠨ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠶᠢ ᠲᠡᠷᠡ | ᠬᠡᠪ ᠢᠶᠠᠷ ᠨᠢ ᠲᠤᠤᠱᠯᠠᠭᠤᠯᠤᠨ᠂ ᠨᠢᠭᠡᠳ ᠨᠢᠭᠡ ᠪᠠᠷ ᠨᠠᠶᠢᠳᠠᠪᠤᠷᠢᠵᠢᠭᠤᠯᠵᠤ᠂ ᠶᠠᠪᠤᠳᠠᠯ ᠪᠣᠯᠭᠠᠨ ᠳᠤ ᠦᠷ᠎ᠡ | ᠪᠦᠲᠦᠮᠵᠢ ᠭᠠᠷᠭᠠᠬᠤ ᠶᠢ ᠪᠡᠶᠡᠯᠡᠭᠦᠯᠬᠦ ᠬᠡᠷᠡᠭᠲᠡᠶ᠃ | ᠬᠤᠶᠠᠷ ᠲᠤ ᠠᠷᠠᠳ ᠲᠦᠮᠡᠨ ᠤ ᠲᠥᠯᠥᠭᠡ ᠵᠢᠳᠬᠦᠬᠦ ᠰᠡᠳᠬᠢᠯ ᠢ ᠪᠠᠷᠢᠮᠲᠠᠯᠠᠵᠤ᠂ ᠪᠣᠳᠠᠲᠠᠶ ᠪᠠᠷ ᠠᠵᠢᠯᠯᠠᠬᠤ | ᠰᠤᠷᠲᠠᠯ ᠢ ᠶᠡᠭᠡ ᠪᠠᠷ ᠮᠠᠨᠳᠤᠭᠤᠯᠤᠨ᠎ᠠ᠃ ︽ᠪᠤᠭᠤᠲᠤ ᠪᠠᠨ ᠬᠠᠶᠢᠷᠠᠯᠠᠵᠤ᠂ ᠬᠤᠪᠢ ᠨᠡᠮᠡᠷᠢ ᠦᠵᠡᠭᠦᠯᠬᠦ︾ ᠭᠤᠣᠯ | ᠰᠡᠳᠦᠪᠲᠦ ᠦᠢᠯᠡᠳᠦᠯᠭᠡ ᠶᠢᠨ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠤᠯᠠᠮ ᠴᠢᠨᠠᠭᠰᠢᠳᠠ ᠴᠤᠭ | ᠰᠦᠯᠳᠡ ᠪᠠᠨ ᠪᠠᠳᠠᠷᠠᠭᠤᠯᠵᠤ᠂ ᠪᠠᠶᠢᠳᠠᠯ ᠢᠶᠠᠨ ᠰᠢᠯᠢᠳᠡᠭᠵᠢᠭᠦᠯᠵᠦ᠂ ᠬᠦᠴᠦᠨ ᠴᠢᠳᠠᠯ ᠢᠶᠠᠨ ᠨᠢᠭᠲᠠᠷᠠᠭᠤᠯᠵᠤ᠂ | ᠺᠠᠳ᠋ᠷ ᠤᠨ ᠵᠦᠳᠡᠷᠡᠯ ᠤᠨ ᠵᠢᠭᠠᠯᠲᠠ ᠲᠤᠭ᠎ᠠ ᠪᠠᠷ ᠤᠯᠠᠨ ᠲᠦᠮᠡᠨ ᠤ ᠬᠠᠨᠤᠮᠵᠢᠲᠠᠢ ᠵᠢᠭᠠᠯᠲᠠ ᠲᠤᠭ᠎ᠠ ᠶᠢ ᠤᠯᠬᠤ | ᠬᠡᠷᠡᠭᠲᠡᠢ᠃ ᠲᠡᠮᠡᠴᠡᠯ ᠤᠨ ᠵᠣᠷᠢᠭ ᠰᠠᠨᠠᠭ᠎ᠠ ᠶᠢ ᠪᠠᠳᠠᠷᠠᠭᠤᠯᠤᠨ᠂ ᠵᠥᠷᠢᠴᠡᠯ ᠤᠨ ᠡᠮᠦᠨ᠎ᠡ ᠵᠣᠷᠢᠭᠲᠠᠶ ᠪᠠᠷ ᠬᠦᠴᠢᠷ ᠢ | ᠰᠦᠷᠦᠨ ᠤᠷᠤᠭᠰᠢᠯᠠᠵᠤ᠂ ᠠᠶᠤᠯ ᠲᠦᠭᠰᠢᠭᠦᠷᠢ ᠶᠢᠨ ᠡᠮᠦᠨ᠎ᠡ ᠵᠣᠷᠢᠭᠲᠠᠶ ᠪᠠᠷ ᠴᠡᠭᠡᠵᠢ ᠲᠦᠷᠢᠨ ᠭᠠᠷᠴᠤ᠂ ᠠᠯᠳᠠᠰᠢ | ᠭᠠᠷᠤᠭᠰᠠᠨ ᠤ ᠡᠮᠦᠨ᠎ᠡ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠵᠦ᠂ ᠶᠠᠪᠤᠳᠠᠯ ᠪᠦᠬᠦᠨ ᠳᠤ ᠬᠠᠮᠤᠭ ᠤᠨ ᠶᠡᠭᠡ | ᠴᠢᠷᠮᠠᠶᠢᠯᠭ᠎ᠠ ᠭᠠᠷᠭᠠᠵᠤ᠂ ᠬᠠᠮᠤᠭ ᠤᠨ ᠰᠠᠶᠢᠨ ᠦᠷ᠎ᠡ ᠳ᠋ᠦᠩ ᠢ ᠤᠯᠬᠤ ᠪᠠᠷ ᠬᠦᠴᠦᠯᠡᠨ ᠴᠢᠷᠮᠠᠶᠢᠬᠤ ᠬᠡᠷᠡᠭᠲᠡᠶ᠃ | ᠵᠠᠰᠠᠭ ᠤᠨ ᠶᠠᠪᠤᠳᠠᠯ ᠤᠨ ᠰᠢᠪᠠᠳᠠᠨ ᠰᠢᠢᠳᠪᠤᠷᠢᠯᠡᠭᠦᠯᠭᠦ ︽ᠣᠷᠳᠣ ᠰᠢᠳᠦ ᠴᠠᠬᠢᠯᠭᠠᠨ ᠲᠠᠢ︾ ᠲᠣᠭᠲᠠᠴᠠ ᠶᠢ | ᠪᠦᠷᠢᠨᠰᠢᠬᠦᠯᠵᠦ᠂ ᠡᠭᠦᠷᠭᠡ ᠶᠢ ᠲᠣᠳᠣᠷᠬᠠᠶ ᠬᠠᠭᠤᠳᠠᠰᠤᠵᠢᠭᠤᠯᠬᠤ᠂ ᠲᠣᠳᠣᠷᠬᠠᠶ ᠬᠠᠭᠤᠳᠠᠰᠤ ᠶᠢ | ᠬᠠᠷᠢᠭᠤᠴᠠᠯᠭᠠᠵᠢᠭᠤᠯᠬᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠶᠢ ᠪᠠᠷᠢᠮᠲᠠᠯᠠᠨ᠂ ᠪᠣᠳᠠᠲᠠᠶ ᠪᠠᠷ ᠠᠵᠢᠯᠯᠠᠬᠤ᠂ | ᠡᠮᠦᠨ᠎ᠡ ᠡᠩᠨᠡᠭᠡᠨ ᠳᠤ ᠶᠠᠪᠤᠬᠤ ᠶᠢ ᠵᠠᠰᠠᠭ ᠤᠨ ᠣᠷᠳᠣᠨ ᠤ ᠢᠯᠡ ᠲᠣᠳᠣ ᠣᠨᠴᠠᠯᠢᠭ ᠪᠣᠯᠭᠠᠨ᠎ᠠ᠃ | ᠭᠤᠷᠪᠠ ᠳᠤ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠠᠷᠢᠮᠲᠠᠯᠠᠵᠤ᠂ ᠬᠠᠤᠯᠢ ᠪᠠᠷ ᠵᠠᠰᠠᠬᠤ ᠶᠢᠨ ᠰᠠᠭᠤᠷᠢ ᠶᠢ | ᠪᠠᠲᠤᠳᠬᠠᠨ᠎ᠠ᠃ ᠵᠠᠰᠠᠭ ᠤᠨ ᠣᠷᠳᠣᠨ ᠤ ᠠᠵᠢᠯᠲᠠᠳ ᠢᠯᠠᠩᠭᠤᠶ᠎ᠠ ᠤᠳᠤᠷᠢᠳᠬᠤ ᠺᠠᠳ᠋ᠷᠴᠤᠳ ᠠᠰᠠᠭᠤᠳᠠᠯ ᠢ | ᠪᠣᠳᠣᠯᠬᠢᠯᠠᠬᠤ᠂ ᠰᠢᠢᠳᠪᠤᠷᠢᠲᠤ ᠪᠤᠳᠤᠯᠭ᠎ᠠ ᠲᠣᠭᠲᠠᠭᠠᠬᠤ᠂ ᠠᠵᠢᠯ ᠶᠠᠪᠤᠳᠠᠯ ᠬᠢᠬᠦ ᠳᠡᠭᠡᠨ ᠡᠷᠬᠡᠪᠰᠢ ᠬᠠᠤᠯᠢ | ᠴᠠᠭᠠᠵᠠ ᠶᠢ ᠰᠠᠬᠢᠵᠤ᠂ ᠵᠢᠷᠤᠮ ᠢ ᠴᠢᠬᠤᠯᠠᠴᠢᠯᠠᠨ᠂ ᠬᠢᠨᠠᠯᠲᠠ ᠶᠢ ᠬᠦᠯᠢᠶᠡᠵᠦ᠂ ᠬᠠᠤᠯᠢ ᠪᠠᠷ ᠲᠣᠭᠲᠠᠭᠠᠭᠰᠠᠨ | ᠲᠤᠰᠢᠶᠠᠯ ᠬᠠᠷᠢᠭᠤᠴᠠᠯᠭ᠎ᠠ ᠪᠠᠨ ᠬᠢᠴᠢᠶᠡᠩᠭᠦ᠋ᠢᠯᠡᠨ ᠵᠢᠷᠤᠮᠯᠠᠬᠤ ᠳᠤ ᠡᠷᠬᠡᠪᠰᠢ ᠬᠢᠬᠦ ᠬᠡᠷᠡᠭᠲᠡᠶ᠂ ᠬᠠᠤᠯᠢ ᠠᠴᠠ ᠡᠷᠬᠡ | ᠣᠯᠭᠤᠭᠰᠠᠨ ᠦᠭᠡᠢ ᠪᠣᠯ ᠬᠢᠵᠦ ᠪᠣᠯᠬᠤ ᠦᠭᠡᠢ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ | ᠲᠡᠭᠦᠨ ᠤ ᠪᠠᠶᠢᠩᠭᠤ ᠶᠢᠨ ᠬᠤᠷᠢᠶᠠᠨ ᠤ ᠬᠠᠤᠯᠢ ᠴᠠᠭᠠᠵᠠ ᠶᠢᠨ ᠬᠢᠨᠠᠯᠲᠠ ᠶᠢ ᠬᠠᠤᠯᠢ ᠶᠣᠰᠣᠭᠠᠷ ᠬᠦᠯᠢᠶᠡᠵᠦ᠂ ᠤᠯᠤᠰ | ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠪᠠ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠬᠢᠨᠠᠯᠲᠠ ᠶᠢ | ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ | ᠵᠥᠪᠯᠡᠯᠭᠡ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠳᠤᠷᠠᠳᠤᠯᠭ᠎ᠠ ᠶᠢ ᠴᠢᠨᠠᠷ ᠰᠠᠶᠢᠲᠠᠢ ᠰᠢᠢᠳᠪᠦᠷᠢᠯᠡᠵᠦ | ᠂ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠨᠠᠮ ᠪᠦᠯᠦᠭ ᠤᠨ ᠪᠤᠰᠤ | ᠬᠥᠮᠦᠰ ᠤᠨ ᠰᠠᠨᠠᠯ ᠪᠠ ᠰᠠᠨᠠᠭᠤᠯᠭ᠎ᠠ ᠶᠢ ᠥᠷᠭᠡᠨ ᠢᠶᠠᠷ ᠰᠣᠨᠣᠰᠴᠤ ᠬᠦᠯᠢᠶᠡᠨ ︽ᠭᠤᠷᠪᠠᠨ ᠴᠢᠬᠤᠯᠠ ᠨᠢᠭᠡ ᠶᠡᠭᠡ︾ | ᠶᠢᠨ ᠵᠦᠢᠯᠡᠰ ᠤᠨ ᠰᠢᠢᠳᠪᠤᠷᠢᠲᠤ ᠪᠣᠳᠣᠯᠭ᠎ᠠ ᠶᠢᠨ ᠬᠡᠷᠡᠭ ᠵᠥᠪᠯᠡᠬᠦ ᠲᠦᠷᠢᠮ᠂ ᠬᠠᠤᠯᠢ ᠴᠠᠭᠠᠵᠠ ᠶᠢᠨ | ᠵᠥᠪᠯᠡᠭᠴᠢ ᠶᠢ ᠬᠢᠨᠠᠨ ᠬᠠᠷᠭᠤᠭᠤᠯᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ︽ᠨᠠᠢᠮᠠᠳᠤᠭᠠᠷ ᠲᠠᠪᠤᠨ ᠵᠢᠯ︾ | ᠤᠨ ᠬᠠᠤᠯᠢ ᠲᠦᠭᠡᠮᠡᠯᠵᠢᠭᠦᠯᠬᠦ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠵᠠᠰᠠᠭ ᠤᠨ ᠣᠷᠳᠣᠨ ᠤ | ᠠᠵᠢᠯ ᠤᠨ ᠬᠠᠤᠯᠢ ᠪᠠᠷ ᠵᠠᠰᠠᠬᠤ ᠬᠢᠷᠢ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ | ᠲᠦᠷᠪᠡ ᠳᠤ᠂ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ ᠶᠢ ᠪᠠᠷᠢᠮᠲᠠᠯᠠᠵᠤ᠂ ᠢᠮᠠᠭᠲᠠ ᠪᠢᠰᠢᠷᠡᠨ | ᠵᠢᠷᠦᠬᠡᠰᠢᠶᠡᠬᠦ ᠰᠡᠳᠬᠢᠯᠭᠡ ᠲᠠᠢ ᠪᠠᠶᠢᠬᠤ ᠬᠡᠷᠡᠭᠲᠡᠢ᠃ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠤᠨ | ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠪᠡᠶᠡᠴᠢ ᠴᠣᠭᠴᠠ ᠶᠢᠨ ᠬᠠᠷᠢᠭᠤᠴᠠᠯᠭ᠎ᠠ ᠪᠠ ︽ | ᠨᠢᠭᠡ ᠠᠵᠢᠯ ᠤᠨ ᠪᠠᠶᠢᠷᠢ ᠳᠤ ᠬᠤᠶᠠᠷ ᠬᠠᠷᠢᠭᠤᠴᠠᠯᠭ᠎ᠠ ᠲᠠᠢ ᠪᠠᠶᠢᠬᠤ︾ ᠬᠠᠷᠢᠭᠤᠴᠠᠯᠭ᠎ᠠ ᠶᠢᠨ ᠲᠦᠷᠢᠮ ᠢ ᠪᠦᠬᠦ | ᠲᠠᠯ᠎ᠠ ᠪᠠᠷ ᠨᠠᠶᠢᠳᠠᠪᠤᠷᠢᠵᠢᠭᠤᠯᠵᠤ᠂ ᠲᠥᠪ ᠬᠤᠷᠢᠶᠠᠨ ᠤ ᠨᠠᠢᠮᠠᠨ ᠵᠦᠢᠯ ᠤᠨ ᠲᠣᠭᠲᠠᠭᠠᠯ ᠤᠨ ᠵᠣᠷᠢᠭ ᠰᠠᠨᠠᠭ᠎ᠠ ᠶᠢ | ᠬᠢᠨᠠᠮᠠᠭᠠᠶ ᠲᠤᠭᠤᠰᠢᠯᠠᠭᠤᠯᠤᠨ᠂ ︽ᠲᠦᠷᠪᠡᠨ ᠰᠤᠷᠲᠠᠯ︾ ᠢ ᠴᠥᠬᠦᠷᠡᠰᠢ ᠦᠭᠡᠢ ᠴᠡᠭᠴᠡᠯᠡᠨ ᠵᠠᠰᠠᠵᠤ᠂ ︽ᠭᠤᠷᠪᠠᠨ | ᠤᠯᠠᠨ ᠭᠤᠷᠪᠠᠨ ᠴᠥᠭᠡᠨ ᠭᠤᠷᠪᠠᠨ ᠤᠳᠠᠭᠠᠨ︾ ᠵᠡᠷᠭᠡ ᠬᠡᠯᠪᠡᠷᠢ ᠶᠢᠨ ᠦᠵᠡᠯ᠂ ᠨᠣᠶᠠᠨᠴᠢ ᠰᠤᠷᠲᠠᠯ ᠤᠨ | ᠠᠰᠠᠭᠤᠳᠠᠯ ᠢ ᠡᠷᠡᠰ ᠬᠤᠷᠢᠭᠯᠠᠨ᠎ᠠ᠃ ︽ᠭᠠᠮᠨᠠᠵᠤ ᠠᠮᠢᠳᠤᠷᠠᠬᠤ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ | ᠂ ᠡᠳ᠋ ᠤᠨ ᠵᠠᠰᠠᠭ ᠤᠨ ᠬᠢᠨᠠᠯᠲᠠ᠂ ᠬᠢᠨᠠᠨ ᠪᠤᠳᠤᠯᠳᠠ ᠶᠢᠨ ᠬᠢᠨᠠᠯᠲᠠ᠂ ᠲᠤᠭ᠎ᠠ ᠪᠦᠷᠢᠳᠬᠡᠯ ᠤᠨ ᠬᠢᠨᠠᠯᠲᠠ᠂ | ᠰᠠᠬᠢᠯᠭ᠎ᠠ ᠪᠠᠲᠤ ᠶᠢᠨ ᠬᠢᠨᠠᠯᠲᠠ ᠶᠢ ᠴᠢᠩᠭᠠᠳᠬᠠᠵᠤ᠂ ᠵᠠᠰᠠᠭ ᠤᠨ ᠣᠷᠳᠣᠨ ᠤ ᠬᠤᠳᠠᠯᠳᠤᠨ ᠠᠪᠬᠤ᠂ | ᠢᠨᠵᠧᠨᠧᠷᠢᠩ ᠤᠨ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ᠂ ᠠᠷᠠᠳ ᠤᠨ ᠠᠮᠢᠳᠤᠷᠠᠯ ᠤᠨ ᠪᠡᠯᠡ | ᠮᠥᠩᠭᠦ ᠶᠢ ᠬᠡᠷᠡᠭᠯᠡᠬᠦ ᠵᠡᠷᠭᠡ ᠭᠤᠣᠯᠳᠠᠯᠭ᠎ᠠ ᠲᠠᠢ ᠬᠦᠷᠢᠶ᠎ᠡ᠂ ᠵᠠᠩᠭᠢᠯᠠᠭ᠎ᠠ ᠶᠢᠨ ᠭᠤᠭᠴᠤᠭ᠎ᠠ ᠶᠢᠨ ᠬᠢᠨᠠᠯᠲᠠ ᠶᠢᠨ | ᠪᠣᠭᠤᠮᠲᠠ ᠶᠢ ᠰᠠᠶᠢᠲᠤᠷ ᠠᠳᠬᠤᠵᠤ᠂ ᠢᠯᠵᠠᠷᠠᠯ ᠢ ᠡᠰᠡᠷᠭᠦᠴᠡᠨ ᠠᠷᠢᠭᠤᠨ ᠴᠢᠬᠡᠴᠢ ᠶᠢ ᠡᠷᠬᠢᠮᠯᠡᠬᠦ ᠠᠵᠢᠯ ᠢ ᠡᠷᠡᠰ | ᠭᠤᠶᠢᠪᠢᠰᠢ ᠦᠭᠡᠢ ᠲᠦᠯᠬᠢᠨ ᠠᠬᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠰᠤᠷᠲᠠᠯ ᠴᠢᠬᠡᠴᠢ ᠣᠪᠣᠷ ᠲᠥᠪ | ᠠᠵᠢᠯᠯᠠᠬᠤ ᠣᠷᠴᠢᠨ ᠨᠥᠬᠦᠴᠡᠯ ᠪᠠ ᠤᠯᠤᠰ ᠲᠦᠷᠦ ᠶᠢᠨ ᠠᠮᠢ ᠠᠬᠤᠶ ᠶᠢ ᠪᠤᠢ ᠪᠣᠯᠭᠠᠨ᠎ᠠ᠃ | ᠲᠥᠯᠥᠭᠡᠯᠡᠭᠴᠢᠳ ᠡ᠂ ᠶᠡᠭᠡ ᠵᠠᠮ ᠲᠦᠢᠯ ᠤᠨ ᠳᠥᠭᠦᠮ ᠳᠥᠲᠡ᠂ ᠦᠨᠡᠨ ᠪᠣᠳᠠᠲᠠᠶ ᠠᠵᠢᠯᠯᠠᠬᠤ ᠶᠢ | ᠲᠡᠷᠢᠭᠦᠨ ᠳᠤ ᠲᠠᠯᠪᠢᠨ᠎ᠠ︕ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ | ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ | ᠵᠠᠰᠠᠭ ᠤᠨ ᠣᠷᠳᠣᠨ ᠪᠣᠯᠤᠨ ᠲᠣᠭᠤᠷᠢᠭ ᠤᠨ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ | ᠪᠦᠬᠦ ᠲᠣᠭᠤᠷᠢᠭ ᠤᠨ ᠠᠷᠠᠳ ᠲᠦᠮᠡᠨ ᠲᠠᠢ ᠬᠠᠮᠲᠤᠪᠠᠷ ᠪᠤᠭᠤᠲᠤ ᠪᠠᠨ ᠬᠠᠶᠢᠷᠠᠯᠠᠵᠤ᠂ ᠬᠤᠪᠢ ᠨᠡᠮᠡᠷᠢ ᠦᠵᠡᠭᠦᠯᠵᠦ᠂ | ᠰᠢᠨ᠎ᠡ ᠬᠠᠭᠤᠳᠠᠰᠤ ᠶᠢ ᠰᠦᠪᠡᠭᠴᠢᠯᠡᠵᠦ᠂ ᠰᠢᠨ᠎ᠡ ᠪᠠᠶᠢᠳᠠᠯ ᠢ ᠨᠡᠭᠡᠭᠡᠵᠦ᠂ ᠰᠡᠳᠬᠢᠯ ᠢᠶᠠᠨ ᠨᠢᠭᠡᠳᠬᠡᠨ ᠬᠦᠴᠦ ᠪᠠᠨ | ᠬᠠᠮᠲᠤᠳᠬᠠᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠡᠷᠡᠯᠬᠡᠭᠯᠡᠨ ᠲᠡᠮᠡᠴᠡᠵᠦ᠂ ᠡᠷᠡᠯᠬᠡᠭᠯᠡᠨ ᠤᠷᠤᠭᠰᠢᠯᠠᠵᠤ | ᠂ ᠣᠳᠣᠬᠢᠴᠢᠯᠠᠯᠲᠠ ᠶᠢᠨ ᠲᠥᠪ ᠬᠤᠳᠠ ᠶᠢᠨ ᠲᠣᠭᠤᠷᠢᠭ ᠤᠨ ᠪᠦᠳᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ | ᠠᠬᠢᠭᠤᠯᠬᠤ ᠰᠢᠨ᠎ᠡ ᠠᠶᠠᠨ ᠵᠠᠮ ᠳᠤ᠂ ᠵᠢᠦ ᠶᠤᠸᠠᠨ ᠤ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ | ᠰᠠᠶᠢᠲᠤᠷ ᠪᠢᠴᠢᠭᠯᠡᠶ᠎ᠡ︕ | | |