ᠵᠢᠦ ᠶᠤᠸᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ︽ᠵᠢᠦ ᠶᠤᠸᠠᠨ ᠲᠣᠭᠤᠷᠢᠭ ᠤᠨ ᠰᠦᠯᠢᠶᠣᠣ ᠪᠦᠷᠬᠦᠪᠴᠢ ᠶᠢ ᠰᠢᠨᠵᠢᠯᠡᠬᠦ ᠤᠬᠠᠭᠠᠨᠴᠢ ᠪᠠᠷ ᠬᠡᠷᠡᠭᠯᠡᠵᠦ ᠬᠤᠷᠢᠶᠠᠨ ᠠᠪᠬᠤ ᠶᠢᠨ ᠬᠡᠷᠡᠭᠵᠢᠭᠦᠯᠬᠦ ᠲᠥᠰᠦᠯ︾᠎ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2023/2/28
    ᠨᠢᠭᠡ᠂ ᠦᠨᠳᠦᠰᠦᠨ ᠪᠠᠶᠢᠳᠠᠯᠠᠬᠤᠶ ᠪᠠᠶᠢᠳᠠᠯ᠄ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ  ᠡᠳ᠋ ᠤᠨ ᠵᠠᠰᠠᠭ ᠤᠨ ᠲᠢᠩᠬᠢᠮ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2022 ᠣᠨ ᠤ ᠰᠦᠯᠢᠶᠣᠣ ᠪᠦᠷᠬᠦᠪᠴᠢ ᠶᠢ ᠰᠢᠨᠵᠢᠯᠡᠬᠦ ᠤᠬᠠᠭᠠᠨᠴᠢ ᠪᠠᠷ ᠬᠡᠷᠡᠭᠯᠡᠵᠦ ᠡᠭᠡᠭᠦᠯᠦᠨ ᠬᠤᠷᠢᠶᠠᠬᠤ ᠲᠤᠷᠰᠢᠯᠲᠠ ᠶᠢᠨ ᠠᠵᠢᠯ ᠤᠨ ᠬᠡᠷᠡᠭᠵᠢᠭᠦᠯᠬᠦ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾ ︽2022 ᠣᠨ ᠤ ᠲᠠᠷᠢᠶᠠᠨ ᠭᠠᠵᠠᠷ ᠤᠨ ᠬᠦᠴᠦᠨ ᠤ ᠬᠠᠮᠠᠭᠠᠯᠠᠯᠲᠠ ᠶᠢᠨ ᠨᠥᠬᠦᠪᠥᠷᠢ ᠶᠢᠨ ᠬᠤᠯᠪᠣᠭᠳᠠᠯ ᠪᠥᠬᠦᠶ ᠵᠦᠢᠯᠡᠰ ᠤᠨ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ  ᠡᠳ᠋ ᠤᠨ ᠵᠠᠰᠠᠭ ᠤᠨ ᠲᠢᠩᠬᠢᠮ ᠤᠨ ᠮᠡᠳᠡᠭᠳᠡᠯ︾ ᠪᠠ ᠪᠤᠭᠤᠲᠤ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ︽2022 ᠣᠨ ᠤ ᠰᠦᠯᠢᠶᠣᠣ ᠪᠦᠷᠬᠦᠪᠴᠢ ᠶᠢ ᠰᠢᠨᠵᠢᠯᠡᠬᠦ ᠤᠬᠠᠭᠠᠨᠴᠢ ᠪᠠᠷ ᠬᠡᠷᠡᠭᠯᠡᠵᠦ ᠡᠭᠡᠭᠦᠯᠦᠨ ᠬᠤᠷᠢᠶᠠᠬᠤ ᠲᠤᠷᠰᠢᠯᠲᠠ ᠶᠢᠨ ᠴᠡᠭ ᠢ ᠰᠢᠨᠵᠢᠯᠡᠬᠦ ᠤᠬᠠᠭᠠᠨᠴᠢ ᠪᠠᠷ ᠬᠡᠷᠡᠭᠯᠡᠨ ᠡᠭᠦᠷᠭᠡ ᠶᠢᠨ ᠬᠤᠪᠢᠶᠠᠷᠢᠯᠠᠯᠲᠠ ᠵᠢᠴᠢ ᠠᠵᠢᠯ ᠢᠶᠠᠨ ᠥᠷᠨᠢᠭᠦᠯᠬᠦ ᠲᠤᠬᠠᠶ ᠮᠡᠳᠡᠭᠳᠡᠯ︾᠎ ᠤᠨ ᠪᠢᠴᠢᠭ ᠮᠠᠲ᠋ᠧᠷᠢᠶᠠᠯ ᠳᠤ ᠱᠠᠭᠠᠷᠳᠠᠭᠰᠠᠨ ᠨᠢ᠂ ᠮᠠᠨ ᠤ ᠲᠣᠭᠤᠷᠢᠭ ᠤᠨ ᠪᠣᠳᠠᠲᠠᠶ ᠪᠠᠶᠢᠳᠠᠯ ᠳᠤ ᠴᠢᠭᠯᠡᠭᠦᠯᠦᠨ᠂ ᠲᠣᠰ ᠲᠥᠰᠦᠯ ᠢ ᠣᠨᠴᠠᠭᠠᠶᠢᠯᠠᠨ ᠳᠣᠤᠷᠠᠬᠢ ᠮᠡᠲᠦ ᠲᠣᠭᠲᠠᠭᠠᠪᠠ᠄      ᠵᠢᠤ ᠶᠤᠸᠠᠨ ᠲᠣᠭᠤᠷᠢᠭ ᠤᠮᠠᠷᠠᠲᠤ ᠰᠡᠷᠢᠭᠦᠨ ᠪᠦᠰᠡ ᠶᠢᠨ ᠡᠬᠡ ᠬᠠᠭᠤᠷᠠᠶ ᠶᠢᠨ ᠠᠭᠤᠷ ᠠᠮᠢᠰᠬᠤᠯ ᠳᠤ ᠬᠠᠷᠢᠶᠠᠯᠠᠭᠳᠠᠵᠤ᠂ ᠪᠥᠬᠦ ᠵᠢᠯ ᠤᠨ ᠨᠡᠷᠡᠨ ᠤ ᠲᠤᠰᠤᠯᠲᠠ ᠶᠢᠨ ᠴᠠᠭ ᠤᠨ ᠲᠤᠭ᠎ᠠ 3177 ᠴᠠᠭ᠂ ᠵᠢᠯ ᠤᠨ ᠳᠤᠮᠳᠠᠴᠢ ᠠᠭᠠᠷ ᠤᠨ ᠳᠤᠯᠠᠭᠠᠨ 8-11℃᠂ ᠪᠥᠬᠦ ᠵᠢᠯ ᠤᠨ ᠬᠢᠷᠠᠭᠤ ᠥᠬᠡᠶ ᠬᠤᠭᠤᠴᠠᠭ᠎ᠠ 165 ᠡᠳᠦᠷ ᠪᠣᠯᠤᠨ᠎ᠠ᠃ 2021 ᠣᠨ ᠤ ᠵᠢᠤ ᠶᠤᠸᠠᠨ ᠲᠣᠭᠤᠷᠢᠭ ᠤᠨ ᠲᠠᠷᠢᠶᠠᠨ ᠭᠠᠵᠠᠷ ᠤᠨ ᠶᠡᠷᠦᠩᠬᠡᠢ ᠲᠠᠯᠠᠪᠠᠢ 24.3 ᠲᠦᠮᠡᠨ ᠮᠦ᠂ ᠲᠠᠷᠢᠮᠠᠯ ᠤᠨ ᠪᠦᠷᠬᠦᠪᠴᠢ ᠶᠢᠨ ᠲᠠᠯᠠᠪᠠᠢ 17.6 ᠲᠦᠮᠡᠨ ᠮᠦ᠂ ᠭᠤᠣᠯ ᠪᠦᠷᠬᠦᠪᠴᠢ ᠶᠢᠨ ᠲᠠᠷᠢᠮᠠᠯ ᠤᠨ ᠡᠷᠳᠡᠨᠢ ᠰᠢᠰᠢ 12 ᠲᠦᠮᠡᠨ ᠮᠦ᠂ ᠢᠳᠡᠰᠢᠨ ᠨᠣᠭᠤᠭ᠎ᠠ 5.6 ᠲᠦᠮᠡᠨ ᠮᠦ᠂ ᠰᠦᠯᠢᠶᠣᠣ ᠪᠦᠷᠬᠦᠪᠴᠢ ᠶᠢᠨ ᠶᠡᠷᠦᠩᠬᠡᠢ ᠬᠡᠷᠡᠭᠯᠡᠭᠡᠨ ᠤ ᠬᠡᠮᠵᠢ᠊ ᠡᠶ᠎ᠡ 880 ᠲᠣᠨ ︵ᠡᠷᠳᠡᠨᠢ ᠰᠢᠰᠢ 600 ᠲᠣᠨ᠂ ᠢᠳᠡᠰᠢᠨ ᠨᠣᠭᠤᠭ᠎ᠠ 280 ᠲᠣᠨ︶ ᠪᠣᠯᠤᠨ᠎ᠠ᠃ ᠪᠦᠷᠬᠦᠭᠦᠯ ᠪᠦᠷᠬᠦᠬᠦ ᠬᠤᠭᠤᠴᠠᠭ᠎ᠠ ᠨᠢ 5 — 10 ᠵᠢᠯ ᠳᠤ ᠪᠠᠷᠤᠭ 9 ᠲᠦᠮᠡᠨ ᠮᠥ︔ 10 — 15 ᠵᠢᠯ ᠳᠤ ᠪᠠᠷᠤᠭ 8.6 ᠲᠦᠮᠡᠨ ᠮᠥ ᠪᠣᠯᠤᠨ᠎ᠠ᠃ 2019 ᠣᠨ ᠤ ᠪᠠᠶᠢᠴᠠᠭᠠᠯᠲᠠ ᠳᠤ 7 ᠵᠢᠯ ᠤᠨ ᠲᠠᠷᠢᠶᠠᠨ ᠭᠠᠵᠠᠷ ᠤᠨ ᠬᠥᠷᠥᠰᠥ ᠰᠢᠷᠣᠶ ᠳᠣᠲᠣᠷᠠᠬᠢ ᠭᠠᠵᠠᠷ ᠤᠨ ᠪᠦᠷᠬᠦᠭᠦᠯ ᠤᠨ ᠦᠯᠡᠳᠡᠭᠳᠡᠯ ᠤᠨ ᠬᠡᠮᠵᠢᠶ᠎ᠡ ᠨᠢ 4.49 kg/ ᠮᠥ ᠣᠷᠴᠢᠮ ᠪᠠᠶᠢᠵᠤ᠂ ᠪᠥᠬᠦ ᠲᠣᠭᠤᠷᠢᠭ ᠤᠨ ᠭᠠᠵᠠᠷ ᠤᠨ ᠪᠦᠷᠬᠦᠭᠦᠯ ᠤᠨ ᠦᠯᠡᠳᠡᠭᠳᠡᠯ ᠤᠨ ᠶᠡᠷᠦᠩᠬᠡᠶ ᠬᠡᠮᠵᠢᠶ᠎ᠡ ᠨᠢ ᠪᠠᠷᠤᠭ 790 ᠲᠣᠨ ᠪᠣᠯᠤᠨ᠎ᠠ᠃      ᠬᠤᠶᠠᠷ᠂ ᠵᠣᠷᠢᠯᠲᠠ ᠪᠠ ᠠᠴᠢ ᠬᠤᠯᠪᠣᠭᠳᠠᠯ᠄    ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠶᠡᠭᠡ ᠬᠦᠴᠦ ᠣᠷᠣᠭᠤᠯᠤᠨ ︽ᠴᠠᠭᠠᠨ ᠪᠣᠬᠢᠷᠲᠤᠯ︾᠎ ᠢ ᠵᠠᠰᠠᠬᠤ ᠱᠠᠭᠠᠷᠳᠠᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠥᠷᠥ ᠶᠢᠨ ᠪᠣᠳᠣᠯᠭ᠎ᠠ ᠪᠠᠷ ᠬᠥᠲᠥᠯᠦᠨ ᠵᠢᠯᠣᠭᠤᠳᠬᠤ ᠪᠠ ᠬᠠᠤᠯᠢ ᠲᠣᠭᠲᠠᠭᠠᠯ ᠢᠶᠠᠷ ᠬᠢᠵᠠᠭᠠᠷᠯᠠᠬᠤ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠨ᠂ ᠰᠦᠯᠢᠶᠣᠣ ᠪᠦᠷᠬᠦᠪᠴᠢ ᠶᠢ ᠰᠢᠨᠵᠢᠯᠡᠬᠦ ᠤᠬᠠᠭᠠᠨᠴᠢ ᠪᠠᠷ ᠬᠡᠷᠡᠭᠯᠡᠬᠦ ᠪᠠ ᠡᠭᠡᠭᠦᠯᠦᠨ ᠬᠤᠷᠢᠶᠠᠵᠤ ᠰᠢᠢᠳᠪᠦᠷᠢᠯᠡᠬᠦ ᠶᠢ ᠵᠡᠷᠭᠡ ᠪᠠᠷ ᠴᠢᠬᠤᠯᠠᠴᠢᠯᠠᠵᠤ᠂ ᠲᠤᠷᠰᠢᠯᠲᠠ ᠬᠢᠵᠦ ᠵᠢᠱᠢᠶ᠎ᠡ ᠦᠵᠡᠭᠦᠯᠬᠦ ᠪᠠ ᠳᠡᠯᠭᠡᠷᠡᠭᠦᠯᠦᠨ ᠬᠡᠷᠡᠭᠯᠡᠬᠦ ᠶᠢ ᠵᠡᠷᠭᠡ ᠪᠠᠷ ᠠᠬᠢᠭᠤᠯᠤᠨ᠂ ᠳᠠᠬᠢᠨ ᠠᠰᠢᠭᠯᠠᠬᠤ ᠪᠠ ᠬᠤᠤᠷ ᠦᠭᠡᠶᠢᠵᠢᠭᠦᠯᠦᠨ ᠰᠢᠢᠳᠪᠦᠷᠢᠯᠡᠬᠦ ᠶᠢ ᠵᠡᠷᠭᠡ ᠪᠠᠷ ᠶᠠᠪᠤᠭᠤᠯᠤᠨ᠎ᠠ᠃    ᠪᠥᠬᠦ ᠲᠣᠭᠤᠷᠢᠭ ᠳᠤ 5 ᠰᠦᠯᠢᠶᠣᠣ ᠪᠦᠷᠬᠦᠪᠴᠢ ᠶᠢᠨ ᠲᠠᠯᠠᠪᠠᠶ ᠪᠠᠷ ᠨᠡᠯᠢᠶᠡᠳ ᠶᠡᠭᠡ ᠰᠤᠮᠤ ᠪᠠᠯᠭᠠᠰᠤ ᠵᠡᠭᠡᠯᠢ ᠭᠤᠳᠤᠮᠵᠢ ᠶᠢ ᠰᠣᠩᠭᠤᠨ ᠠᠪᠴᠤ᠂ ᠰᠦᠯᠢᠶᠣᠣ ᠪᠦᠷᠬᠦᠪᠴᠢ ᠶᠢ ᠰᠢᠨᠵᠢᠯᠡᠬᠦ ᠤᠬᠠᠭᠠᠨᠴᠢ ᠪᠠᠷ ᠬᠡᠷᠡᠭᠯᠡᠵᠦ ᠡᠭᠡᠭᠦᠯᠦᠨ ᠬᠤᠷᠢᠶᠠᠬᠤ ᠲᠤᠷᠰᠢᠯᠲᠠ ᠶᠢᠨ ᠳᠥᠰᠦᠯ ᠢ ᠨᠢᠭᠡᠳᠦᠯᠲᠡᠶ ᠲᠥᠯᠥᠪᠯᠡᠨ ᠬᠡᠷᠡᠭᠵᠢᠭᠦᠯᠵᠦ᠂ ᠲᠠᠷᠢᠶᠠᠨ ᠭᠠᠵᠠᠷ ᠤᠨ ᠭᠠᠵᠠᠷ ᠤᠨ ᠬᠦᠴᠦᠨ ᠤ ᠬᠠᠮᠠᠭᠠᠯᠠᠯᠲᠠ ᠶᠢᠨ ᠨᠥᠬᠦᠪᠥᠷᠢ ᠶᠢ ᠲᠠᠷᠢᠶᠠᠨ ᠭᠠᠵᠠᠷ ᠠᠴᠠ ᠰᠠᠯᠬᠤ ᠯᠤᠭ᠎ᠠ ᠬᠠᠷᠢᠯᠴᠠᠨ ᠬᠤᠯᠪᠣᠭᠳᠠᠭᠤᠯᠬᠤ ᠲᠣᠭᠲᠠᠴᠠ ᠶᠢ ᠪᠠᠶᠢᠭᠤᠯᠤᠨ᠂ ᠰᠦᠯᠢᠶᠣᠣ ᠪᠦᠷᠬᠦᠪᠴᠢ ᠶᠢ ᠰᠢᠨᠵᠢᠯᠡᠬᠦ ᠤᠬᠠᠭᠠᠨᠴᠢ ᠪᠠᠷ ᠬᠡᠷᠡᠭᠯᠡᠵᠦ ᠡᠭᠡᠭᠦᠯᠦᠨ ᠬᠤᠷᠢᠶᠠᠬᠤ ᠠᠷᠭ᠎ᠠ ᠵᠠᠮ ᠢ ᠪᠦᠲᠦᠮᠵᠢᠲᠡᠶ ᠰᠦᠪᠡᠭᠴᠢᠯᠡᠵᠦ᠂ ᠬᠠᠶᠠᠭᠳᠠᠮᠠᠯ ᠬᠠᠭᠤᠴᠢᠨ ᠰᠦᠯᠢᠶᠣᠣ ᠪᠦᠷᠬᠦᠪᠴᠢ ᠶᠢᠨ ᠪᠣᠬᠢᠷᠲᠤᠯ ᠢ ᠵᠠᠰᠠᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ᠂ ᠲᠠᠷᠢᠶᠠᠯᠠᠩ ᠮᠠᠯ ᠠᠵᠤ ᠠᠬᠤᠶ ᠶᠢᠨ ᠴᠢᠨᠠᠷ ᠰᠠᠶᠢᠲᠠᠶ ᠪᠣᠬᠢᠷᠲᠤᠯ ᠥᠬᠡᠶ ᠬᠥᠭᠵᠢᠯᠲᠡ ᠶᠢ ᠠᠬᠢᠭᠤᠯᠤᠨ᠎ᠠ᠃ ᠭᠤᠷᠪᠠ᠂ ᠬᠠᠷᠠᠯᠲᠠ ᠪᠠ ᠴᠢᠬᠤᠯᠠ ᠡᠭᠦᠷᠭᠡ    ᠬᠠᠷᠠᠯᠲᠠ ᠶᠢᠨ ᠡᠭᠦᠷᠭᠡ᠄ ᠰᠦᠯᠢᠶᠣᠣ ᠪᠦᠷᠬᠦᠪᠴᠢ ᠶᠢ ᠰᠢᠨᠵᠢᠯᠡᠬᠦ ᠤᠬᠠᠭᠠᠨᠴᠢ ᠪᠠᠷ ᠬᠡᠷᠡᠭᠯᠡᠬᠦ ᠪᠠᠷ ᠳᠠᠮᠵᠢᠭᠤᠯᠤᠨ ᠂ ᠣᠲᠣ ᠶᠢᠨ ᠪᠠᠶᠢᠭ᠎ᠠ ᠬᠠᠶᠠᠭᠳᠠᠮᠠᠯ ᠬᠠᠭᠤᠴᠢᠨ ᠰᠦᠯᠢᠶᠣᠣ ᠪᠦᠷᠬᠦᠪᠴᠢ ᠶᠢ ᠬᠤᠷᠢᠶᠠᠨ ᠠᠪᠴᠤ ᠠᠰᠢᠭᠯᠠᠬᠤ ᠰᠢᠰᠲ᠋ᠧᠮᠵᠢ ᠶᠢ ᠤᠯᠠᠮ ᠨᠢᠭᠡ ᠠᠯᠬᠤᠮ ᠪᠠᠬᠢᠵᠢᠭᠦᠯᠵᠦ᠂ ᠡᠵᠡᠩᠨᠡᠯᠲᠡ ᠶᠢᠨ ᠭᠤᠤᠯ ᠴᠣᠭᠴᠠ ᠶᠢᠨ ᠡᠭᠡᠭᠦᠯᠦᠨ ᠬᠤᠷᠢᠶᠠᠬᠤ᠂ ᠲᠤᠰᠬᠠᠶᠢᠵᠢᠭᠰᠠᠨ ᠵᠣᠬᠢᠶᠠᠨ ᠪᠠᠶᠢᠭᠤᠯᠤᠯᠲᠠ ᠶᠢᠨ ᠡᠭᠡᠭᠦᠯᠦᠨ ᠬᠤᠷᠢᠶᠠᠬᠤ᠂ ᠡᠳ᠋ᠰᠢᠭᠦᠯᠬᠦ ᠠᠵᠤ ᠠᠬᠤᠶᠢᠯᠠᠯ ᠤᠨ ᠡᠭᠡᠭᠦᠯᠦᠨ ᠬᠤᠷᠢᠶᠠᠬᠤ ᠵᠡᠷᠭᠡ ᠵᠠᠬ᠎ᠠ ᠳᠡᠯᠭᠡᠭᠦᠷᠴᠢᠯᠡᠭᠰᠡᠨ ᠡᠭᠡᠭᠦᠯᠦᠨ ᠬᠤᠷᠢᠶᠠᠬᠤ ᠠᠵᠢᠯᠯᠠᠭᠠᠨ ᠤ ᠲᠣᠭᠲᠠᠴᠠ ᠶᠢ ᠲᠠᠰᠤᠷᠠᠯᠲᠠ ᠥᠬᠡᠶ ᠲᠡᠭᠦᠯᠳᠡᠷᠵᠢᠭᠦᠯᠦᠨ ᠪᠦᠷᠢᠨᠰᠢᠬᠦᠯᠵᠦ᠂ ᠲᠣᠰ ᠤᠯᠠᠷᠢᠯ ᠤᠨ ᠰᠦᠯᠢᠶᠣᠣ ᠪᠦᠷᠬᠦᠪᠴᠢ ᠶᠢᠨ ᠡᠭᠡᠭᠦᠯᠦᠨ ᠬᠤᠷᠢᠶᠠᠬᠤ ᠨᠣᠷᠮ᠎ᠠ ᠶᠢ 81%᠎ ᠠᠴᠠ ᠳᠡᠭᠡᠭᠰᠢ ᠳᠤ ᠲᠣᠭᠲᠠᠪᠤᠷᠢᠵᠢᠭᠤᠯᠤᠨ᠎ᠠ᠃ ᠲᠤᠰᠬᠠᠶᠢᠵᠢᠭᠰᠠᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢ ᠶᠡᠬᠡᠪᠡᠷ ᠪᠤᠶᠢᠵᠢᠭᠤᠯᠵᠤ᠂ ᠰᠦᠯᠢᠶᠣᠣ ᠪᠦᠷᠬᠦᠪᠴᠢ ᠶᠢ ᠡᠭᠡᠭᠦᠯᠦᠨ ᠬᠤᠷᠢᠶᠠᠬᠤ ᠥᠷᠲᠡᠭᠡ ᠴᠡᠭ ᠢ 5᠎ ᠠᠴᠠ ᠳᠡᠭᠡᠭᠰᠢ ᠪᠠᠶᠢᠭᠤᠯᠬᠤ ᠪᠠᠷ ᠴᠢᠷᠮᠠᠶᠢᠵᠤ᠂ ᠡᠭᠡᠭᠦᠯᠦᠨ ᠬᠤᠷᠢᠶᠠᠬᠤ ᠴᠢᠳᠠᠪᠤᠷᠢ ᠪᠠ ᠬᠢᠷᠢ ᠲᠦᠪᠰᠢᠨ ᠢ ᠶᠡᠬᠡᠪᠡᠷ ᠳᠡᠭᠡᠭᠰᠢᠯᠡᠭᠦᠯᠦᠨ᠎ᠡ᠃ ᠲᠣᠭᠤᠷᠢᠭ ᠰᠢᠶᠠᠩ ᠬᠤᠶᠠᠷ ᠱᠠᠲᠤᠨ ᠤ ᠬᠠᠤᠯᠢ ᠬᠡᠷᠡᠭᠵᠢᠭᠦᠯᠬᠦ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠲᠤᠰ ᠣᠷᠣᠨ ᠪᠦᠰᠡ ᠶᠢᠨ ᠰᠦᠯᠢᠶᠣᠣ ᠪᠦᠷᠬᠦᠪᠴᠢ ᠶᠢᠨ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠰᠢᠰᠲ᠋ᠧᠮ ᠢ ᠪᠦᠷᠢᠨᠰᠢᠭᠦᠯᠦᠨ᠎ᠡ ᠃ 2023 ᠣᠨ ᠳᠤ ᠵᠤᠵᠠᠭᠠᠨ ᠤ ᠬᠦᠴᠦᠯᠡᠴᠡ ᠲᠠᠢ ᠥᠨᠳᠥᠷ ᠬᠦᠴᠦᠯᠡᠴᠡ ᠲᠠᠢ ᠰᠦᠯᠢᠶᠣᠣ ᠪᠦᠷᠬᠦᠪᠴᠢ ᠶᠢᠨ ᠬᠡᠷᠡᠭᠯᠡᠭᠡᠨ ᠤ ᠲᠠᠯᠠᠪᠠᠢ ᠶᠢ 10 ᠲᠦᠮᠡᠨ ᠮᠦ᠂ ᠪᠦᠬᠦ ᠠᠮᠢᠳᠤ ᠪᠣᠳᠠᠰ ᠤᠨ ᠵᠠᠳᠠᠷᠠᠵᠤ ᠪᠣᠯᠬᠤ ᠰᠦᠯᠢᠶᠣᠣ ᠪᠦᠷᠬᠦᠪᠴᠢ ᠶᠢᠨ ᠬᠡᠷᠡᠭᠯᠡᠯᠲᠡ ᠶᠢᠨ ᠲᠠᠯᠠᠪᠠᠢ ᠶᠢ 2.5 ᠲᠦᠮᠡᠨ ᠮᠦ ᠪᠣᠯᠭᠠᠨ᠎ᠠ᠃    ᠲᠤᠷᠰᠢᠯᠲᠠ ᠶᠢᠨ ᠬᠡᠪᠴᠢᠶ᠎ᠡ᠄ 2022 ᠣᠨ ᠤ 4 ᠰᠠᠷ᠎ᠠ ᠠᠴᠠ 2023 ᠣᠨ ᠤ 6 ᠰᠠᠷ᠎ᠠ ᠪᠣᠯᠲᠠᠯ᠎ᠠ᠂ ᠵᠢᠦ ᠶᠤᠸᠠᠨ ᠲᠣᠭᠤᠷᠢᠭ 10 ᠲᠦᠮᠡᠨ ᠮᠥ ᠰᠦᠯᠢᠶᠣᠣ ᠪᠦᠷᠬᠦᠪᠴᠢ ᠶᠢ ᠬᠠᠲᠠᠭᠤᠷᠠᠭᠤᠯᠵᠤ᠂ ᠪᠥᠬᠦ ᠠᠮᠢᠳᠤ ᠪᠣᠳᠠᠰ ᠤᠨ ᠵᠠᠳᠠᠷᠠᠵᠤ ᠪᠣᠯᠬᠤ ᠰᠦᠯᠢᠶᠣᠣ ᠪᠦᠷᠬᠦᠪᠴᠢ ᠶᠢ ᠳᠡᠯᠭᠡᠷᠡᠭᠦᠯᠬᠦ ᠡᠭᠦᠷᠭᠡ ᠶᠢ 2.5 ᠲᠦᠮᠡᠨ ᠮᠥ ᠪᠡᠶᠡᠯᠡᠭᠦᠯᠪᠡ᠃ ᠰᠦᠯᠢᠶᠣᠣ ᠪᠦᠷᠬᠦᠪᠴᠢ ᠬᠡᠷᠡᠭᠯᠡᠭᠰᠡᠨ ᠪᠣᠯᠪᠠᠴᠤ ᠰᠦᠯᠢᠶᠣᠣ ᠪᠦᠷᠬᠦᠪᠴᠢ ᠶᠢ ᠲᠠᠷᠢᠶᠠᠨ ᠭᠠᠵᠠᠷ ᠠᠴᠠ ᠰᠠᠯᠭᠠᠬᠤ ᠠᠷᠭ᠎ᠠ ᠬᠡᠮᠵᠢᠶ᠎ᠡ ᠠᠪᠤᠭᠰᠠᠨ ᠥᠬᠡᠶ ᠪᠤᠶᠤ ᠲᠠᠷᠢᠶᠠᠨ ᠭᠠᠵᠠᠷ ᠠᠴᠠ ᠰᠠᠯᠤᠭᠰᠠᠨ ᠬᠠᠷᠢᠴᠠᠯ ᠨᠢ ᠥᠪᠡᠷᠲᠡᠭᠡᠨ ᠵᠠᠰᠠᠬᠤ ᠣᠷᠣᠨ ᠤ ᠱᠠᠭᠠᠷᠳᠠᠯᠭ᠎ᠠ ᠳᠤ ᠬᠦᠷᠦᠭᠰᠡᠨ ᠥᠬᠡᠶ ᠪᠠᠶᠢᠪᠠᠯ᠂ ᠲᠠᠷᠢᠶᠠᠨ ᠭᠠᠵᠠᠷ ᠤᠨ ᠭᠠᠵᠠᠷ ᠤᠨ ᠬᠦᠴᠦᠨ ᠤ ᠨᠥᠬᠦᠪᠥᠷᠢ ᠶᠢ ᠬᠤᠶᠢᠰᠢᠯᠠᠭᠤᠯᠬᠤ ᠪᠤᠶᠤ ᠣᠯᠭᠤᠬᠤ ᠶᠢ ᠲᠦᠷ ᠵᠣᠭᠰᠣᠭᠠᠵᠤ᠂ ᠲᠤᠬᠠᠶ ᠶᠢᠨ ᠵᠢᠯ ᠤᠨ ᠰᠦᠯᠢᠶᠣᠣ ᠪᠦᠷᠬᠦᠪᠴᠢ ᠶᠢ ᠡᠭᠡᠭᠦᠯᠦᠨ ᠬᠤᠷᠢᠶᠠᠬᠤ ᠨᠣᠷᠮ᠎ᠠ ᠶᠢ 82%᠎ ᠠᠴᠠ ᠳᠡᠭᠡᠭᠰᠢ ᠳᠤ ᠬᠦᠷᠦᠭᠦᠯᠵᠦ᠂ ︽ᠴᠠᠭᠠᠨ ᠪᠣᠬᠢᠷᠲᠤᠯ︾᠎ ᠢ ᠪᠦᠲᠦᠮᠵᠢᠲᠡᠶ ᠬᠢᠵᠠᠭᠠᠷᠯᠠᠨ᠎ᠠ᠃ᠬᠡᠷᠡᠭᠵᠢᠭᠦᠯᠬᠦ ᠠᠭᠤᠯᠭ᠎ᠠ    ᠲᠠᠶᠢᠴᠢᠯᠠᠨ ᠪᠠᠶᠢᠷᠢᠯᠠᠭᠤᠯᠬᠤ ᠱᠠᠳᠤ ᠦᠶ᠎ᠡ ︵2 ᠰᠠᠷ᠎ᠠ ᠶᠢᠨ 24᠎ ᠤ ᠡᠳᠦᠷ ᠠᠴᠠ 3 ᠰᠠᠷ᠎ᠠ ᠶᠢᠨ 15᠎ ᠤ ᠡᠳᠦᠷ︶    ᠡᠯ᠎ᠡ ᠰᠤᠮᠤ ᠪᠠᠯᠭᠠᠰᠤ ᠵᠡᠭᠡᠯᠢ ᠭᠤᠳᠤᠮᠵᠢ ᠶᠢᠨ ᠬᠢᠨ ᠰᠦᠯᠢᠶᠣᠣ ᠪᠦᠷᠬᠦᠪᠴᠢ ᠶᠢ ᠰᠢᠨᠵᠢᠯᠡᠬᠦ ᠤᠬᠠᠭᠠᠨᠴᠢ ᠪᠠᠷ ᠬᠡᠷᠡᠭᠯᠡᠵᠦ ᠡᠭᠡᠭᠦᠯᠦᠨ ᠬᠤᠷᠢᠶᠠᠬᠤ ᠲᠤᠷᠰᠢᠯᠲᠠ ᠶᠢ ᠠᠬᠢᠭᠤᠯᠬᠤ ᠠᠵᠢᠯ ᠢ ᠪᠥᠬᠦ ᠲᠠᠯ᠎ᠠ ᠪᠠᠷ ᠳᠣᠭᠢᠷᠠᠭᠤᠯᠤᠨ ᠪᠠᠶᠢᠷᠢᠯᠠᠭᠤᠯᠵᠤ᠂ ᠠᠵᠢᠯ ᠤᠨ ᠡᠭᠦᠷᠭᠡ ᠪᠠᠨ ᠵᠠᠳᠠᠯᠤᠨ᠂ ᠲᠠᠷᠢᠶᠠᠴᠢᠨ ᠡᠷᠦᠬᠡ ᠲᠠᠢ ᠥᠨᠳᠥᠷ ᠬᠦᠴᠦᠯᠡᠴᠡ ᠲᠠᠢ ᠰᠦᠯᠢᠶᠣᠣ ᠪᠦᠷᠬᠦᠪᠴᠢ ᠪᠠ ᠪᠥᠬᠦ ᠠᠮᠢᠳᠤ ᠪᠣᠳᠠᠰ ᠤᠨ ᠵᠠᠳᠠᠷᠠᠵᠤ ᠪᠣᠯᠬᠤ ᠰᠦᠯᠢᠶᠣᠣ ᠪᠦᠷᠬᠦᠪᠴᠢ ᠶᠢ ᠬᠤᠳᠠᠯᠳᠤᠨ ᠠᠪᠬᠤ ᠬᠡᠯᠡᠯᠴᠡᠭᠡᠷ ᠲᠣᠭᠲᠠᠵᠤ᠂ ᠬᠡᠷᠡᠭᠯᠡᠬᠦ ᠭᠤᠤᠯ ᠴᠣᠭᠴᠠ᠂ ᠲᠠᠯᠠᠪᠠᠶ᠂ ᠨᠥᠬᠦᠪᠥᠷᠢ ᠶᠢᠨ ᠲᠤᠭ᠎ᠠ ᠬᠡᠮᠵᠢᠶ᠎ᠡ᠂ ᠡᠭᠡᠭᠦᠯᠦᠨ ᠬᠤᠷᠢᠶᠠᠬᠤ ᠡᠭᠦᠷᠭᠡ ᠶᠢ ᠲᠣᠳᠣᠷᠬᠠᠶᠢᠯᠠᠬᠤ ᠶᠢᠨ ᠬᠠᠮᠲᠤ ᠪᠦᠷᠢᠳᠬᠡᠬᠦ ᠪᠠ ᠢᠯᠡ ᠨᠡᠶᠢᠲᠡᠯᠡᠬᠦ ᠬᠡᠷᠡᠭᠲᠡᠶ᠃    ᠡᠯ᠎ᠡ ᠰᠤᠮᠤ ᠪᠠᠯᠭᠠᠰᠤ ᠪᠠ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠨᠢ ᠪᠦᠷᠢᠶ᠎ᠡ᠂ ᠤᠬᠠᠭᠤᠯᠭ᠎ᠠ ᠶᠢᠨ ᠬᠠᠭᠤᠳᠠᠰᠤ ᠵᠡᠷᠭᠡ ᠣᠯᠠᠨ ᠵᠦᠢᠯ ᠤᠨ ᠬᠡᠯᠪᠡᠷᠢ ᠶᠢ ᠭᠦᠢᠴᠡᠳ ᠠᠰᠢᠭᠯᠠᠨ᠂ ᠦᠯᠡᠳᠡᠭᠳᠡᠯ ᠪᠦᠷᠬᠦᠭᠦᠯ ᠤᠨ ᠪᠣᠬᠢᠷᠲᠤᠯ ᠤᠨ ᠬᠤᠤᠷ ᠬᠥᠨᠥᠭᠡᠯ ᠪᠠ ᠡᠭᠡᠭᠦᠯᠦᠨ ᠬᠤᠷᠢᠶᠠᠬᠤ ᠶᠢᠨ ᠰᠠᠶᠢᠨ ᠲᠠᠯ᠎ᠠ ᠶᠢ ᠤᠬᠠᠭᠤᠯᠤᠨ ᠲᠠᠶᠢᠯᠪᠤᠷᠢᠯᠠᠬᠤ ᠶᠢ ᠥᠷᠨᠢᠭᠦᠯᠵᠦ᠂ ᠣᠯᠠᠨ ᠲᠦᠮᠡᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠦᠵᠡᠯ ᠤᠬᠠᠮᠰᠠᠷ ᠪᠠ ᠣᠷᠣᠯᠴᠠᠬᠤ ᠬᠡᠮᠵᠢᠶ᠎ᠡ᠂ ᠬᠠᠮᠵᠢᠯᠴᠠᠬᠤ ᠬᠡᠮᠵᠢᠶ᠎ᠡ ᠶᠢ ᠳᠡᠭᠡᠭᠰᠢᠯᠡᠭᠦᠯᠦᠨ᠂ ᠲᠠᠷᠢᠶᠠᠨ ᠭᠠᠵᠠᠷ ᠤᠨ ᠭᠠᠵᠠᠷ ᠤᠨ ᠬᠦᠴᠦᠨ ᠤ ᠬᠠᠮᠠᠭᠠᠯᠠᠯᠲᠠ ᠶᠢᠨ ᠨᠥᠬᠦᠪᠥᠷᠢ ᠣᠯᠭᠤᠬᠤ ᠶᠢ ᠦᠯᠡᠳᠡᠭᠳᠡᠯ ᠪᠦᠷᠬᠦᠭᠦᠯ ᠢ ᠡᠭᠡᠭᠦᠯᠦᠨ ᠬᠤᠷᠢᠶᠠᠬᠤ ᠲᠠᠢ ᠬᠤᠯᠪᠣᠭᠳᠠᠭᠤᠯᠬᠤ ᠶᠢ ᠲᠣᠳᠣᠷᠬᠠᠶᠢᠯᠠᠵᠤ᠂ ᠪᠥᠬᠦ ᠨᠡᠶᠢᠭᠡᠮ ᠢᠶᠠᠷ ᠢᠶᠠᠨ ᠰᠦᠯᠢᠶᠣᠣ ᠪᠦᠷᠬᠦᠪᠴᠢ ᠶᠢ ᠰᠢᠨᠵᠢᠯᠡᠬᠦ ᠤᠬᠠᠭᠠᠨᠴᠢ ᠪᠠᠷ ᠬᠡᠷᠡᠭᠯᠡᠵᠦ ᠡᠭᠡᠭᠦᠯᠦᠨ ᠬᠤᠷᠢᠶᠠᠬᠤ ᠳᠤ ᠣᠷᠣᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠨ᠎ᠠ᠃    ᠬᠤᠳᠠᠯᠳᠤᠨ ᠠᠪᠴᠤ ᠬᠡᠷᠡᠭᠯᠡᠬᠦ ᠱᠠᠲᠤ ︵3 ᠳ᠋ᠤᠭᠠᠷ ᠰᠠᠷ᠎ᠠ ᠶᠢᠨ 15᠎ ᠤ ᠡᠳᠦᠷ — 5 ᠳ᠋ᠤᠭᠠᠷ ᠰᠠᠷ᠎ᠠ ᠶᠢᠨ ᠰᠡᠭᠦᠯᠴᠢ︶    ᠲᠠᠷᠢᠶᠠᠴᠢᠨ ᠡᠷᠦᠬᠡ ᠰᠤᠮᠤ᠂ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤ ᠬᠦᠷᠴᠦ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠡᠵᠡᠩᠨᠡᠯᠲᠡ ᠶᠢᠨ ᠳᠡᠯᠭᠡᠭᠦᠷ ᠪᠤᠶᠤ ᠦᠢᠯᠡᠳᠪᠦᠷᠢ ᠶᠢᠨ ᠰᠢᠭᠤᠳ ᠪᠣᠷᠣᠯᠠᠭᠤᠯᠬᠤ ᠴᠡᠭ ᠢ ᠵᠢᠭᠠᠨ ᠲᠣᠭᠲᠠᠭᠠᠵᠤ᠂ ᠳᠥᠰᠦᠯ ᠤᠨ ᠨᠥᠬᠦᠪᠦᠷᠢ ᠶᠢ ᠥᠨᠳᠥᠷ ᠬᠦᠴᠦᠯᠡᠴᠡ ᠲᠠᠢ ᠰᠦᠯᠢᠶᠣᠣ ᠪᠦᠷᠬᠦᠪᠴᠢ ᠪᠠ ᠪᠦᠬᠦ ᠠᠮᠢᠳᠤ ᠪᠣᠳᠠᠰ ᠢ ᠵᠠᠳᠠᠷᠠᠭᠤᠯᠵᠤ ᠪᠣᠯᠬᠤ ᠰᠦᠯᠢᠶᠣᠣ ᠪᠦᠷᠬᠦᠪᠴᠢ ᠶᠢ ᠬᠤᠳᠠᠯᠳᠤᠨ ᠠᠪᠬᠤ ᠶᠢᠨ ᠬᠠᠮᠲᠤ ᠳᠠᠩᠰᠠᠯᠠᠵᠤ᠂ ᠦᠯᠡᠳᠡᠭᠳᠡᠯ ᠪᠦᠷᠬᠦᠪᠴᠢ ᠶᠢ ᠲᠠᠷᠢᠶᠠᠨ ᠭᠠᠵᠠᠷ ᠠᠴᠠ ᠰᠠᠯᠭᠠᠬᠤ ᠶᠢ ᠠᠮᠠᠯᠳᠠᠪᠠ᠃ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ᠲᠠᠷᠢᠶᠠᠯᠠᠩ ᠤᠨ ᠰᠦᠯᠢᠶᠣᠣ ᠪᠦᠷᠬᠦᠪᠴᠢ ᠶᠢᠨ ᠵᠠᠬ᠎ᠠ ᠳᠡᠯᠭᠡᠭᠦᠷ ᠢ ᠲᠥᠪᠯᠡᠷᠡᠭᠦᠯᠦᠨ ᠲᠤᠰᠬᠠᠶ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ᠵᠤᠵᠠᠭᠠᠨ ᠨᠢ 0.01mm᠎ ᠠᠴᠠ ᠳᠣᠤᠷ᠎ᠠ ᠪᠠᠶᠢᠬᠤ ᠤᠯᠤᠰ ᠤᠨ ᠠᠯᠪᠠᠳᠠᠯᠭ᠎ᠠ ᠶᠢᠨ ᠴᠢᠨᠠᠷᠲᠠᠶ ᠪᠠᠷᠢᠮᠵᠢᠶ᠎ᠠ ᠶᠢᠨ ᠪᠥᠭᠡᠭᠡᠨᠡᠷᠡᠯ ᠲᠠᠷᠢᠶᠠᠯᠠᠩ ᠳᠤ ᠬᠡᠷᠡᠭᠯᠡᠬᠦ ᠨᠢᠮᠭᠡᠨ ᠪᠦᠷᠬᠦᠭᠦᠯ ᠢ ᠴᠢᠩᠭ᠎ᠠ ᠪᠠᠶᠢᠴᠠᠭᠠᠨ ᠰᠢᠢᠳᠪᠦᠷᠢᠯᠡᠬᠦ ᠬᠡᠷᠡᠭᠲᠡᠶ᠃     ᠲᠥᠪᠯᠡᠷᠡᠭᠦᠯᠦᠨ ᠬᠤᠷᠢᠶᠠᠨ ᠠᠪᠬᠤ ᠱᠠᠲᠤ ᠦᠶ᠎ᠡ ︵10 ᠰᠠᠷ᠎ᠠ ᠶᠢᠨ ᠡᠬᠢᠯᠡᠬᠦ ᠦᠶᠡᠰ ᠠᠴᠠ 2024 ᠣᠨ ᠤ ᠡᠬᠢ ᠪᠣᠯᠲᠠᠯ᠎ᠠ︶    ᠡᠯ᠎ᠡ ᠰᠤᠮᠤ ᠪᠠᠯᠭᠠᠰᠤ ᠨᠢ ᠰᠦᠯᠢᠶᠣᠣ ᠪᠦᠷᠬᠦᠪᠴᠢ ᠶᠢ ᠳᠠᠷᠢᠵᠤ ᠪᠠᠶᠢᠭ᠎ᠠ ᠪᠠᠶᠢᠳᠠᠯ ᠲᠠᠢ ᠤᠶᠠᠯᠳᠤᠭᠤᠯᠤᠨ᠂ ᠲᠠᠷᠢᠮᠠᠯ ᠤᠨ ᠡᠷᠦᠬᠡ᠂ ᠲᠠᠷᠢᠶᠠᠯᠠᠩ ᠤᠨ ᠮᠠᠰᠢᠨ ᠤ ᠲᠣᠮᠣ ᠡᠷᠦᠬᠡ᠂ ᠬᠤᠷᠰᠢᠶ᠎ᠠ ᠶᠢ ᠵᠣᠬᠢᠶᠠᠨ ᠪᠠᠶᠢᠭᠤᠯᠤᠨ ᠰᠦᠯᠢᠶᠣᠣ ᠪᠦᠷᠬᠦᠪᠴᠢ ᠶᠢ ᠬᠤᠷᠢᠶᠠᠨ ᠠᠪᠬᠤ ᠠᠵᠢᠯ ᠢ ᠥᠷᠨᠢᠭᠦᠯᠬᠦ ᠬᠡᠷᠡᠭᠲᠡᠶ᠃    ᠪᠠᠶᠢᠴᠠᠭᠠᠵᠤ ᠰᠢᠯᠭᠠᠨ ᠠᠪᠬᠤ ᠱᠠᠲᠤ ︵10 ᠰᠠᠷ᠎ᠠ ᠶᠢᠨ ᠰᠡᠭᠦᠯᠴᠢ ᠠᠴᠠ 2024 ᠣᠨ ᠤ ᠡᠬᠢ ᠪᠣᠯᠲᠠᠯ᠎ᠠ︶   ᠡᠯ᠎ᠡ ᠰᠤᠮᠤ ᠪᠠᠯᠭᠠᠰᠤ ᠶᠢᠨ ᠬᠡᠷᠡᠭ ᠡᠷᠬᠢᠯᠡᠬᠦ ᠭᠠᠵᠠᠷ ᠨᠢ ᠦᠯᠡᠳᠡᠭᠳᠡᠯ ᠪᠦᠷᠬᠦᠪᠴᠢ ᠶᠢ ᠬᠤᠷᠢᠶᠠᠨ ᠠᠪᠬᠤ ᠠᠵᠢᠯ ᠤᠨ ᠪᠣᠳᠠᠲᠠᠶ ᠰᠢᠯᠭᠠᠨ ᠠᠪᠬᠤ ᠠᠷᠭ᠎ᠠ ᠶᠢ ᠲᠣᠭᠲᠠᠭᠠᠬᠤ ᠶᠢᠨ ᠬᠠᠮᠲᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠣᠶ ᠪᠣᠯᠭᠠᠬᠤ ᠬᠡᠷᠡᠭᠲᠡᠶ᠃ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠲᠦᠷᠦᠭᠦᠯᠡᠨ᠂ ᠬᠠᠮᠢᠶ᠎ᠠ ᠪᠦᠬᠦᠢ ᠨᠢᠭᠡᠴᠡ ᠨᠦᠭᠦᠳ ᠪᠠᠶᠢᠴᠠᠭᠠᠵᠤ ᠰᠢᠯᠭᠠᠨ ᠠᠪᠬᠤ ᠳᠤᠭᠤᠶᠢᠯᠠᠩ ᠪᠠᠶᠢᠭᠤᠯᠵᠤ᠂ ᠦᠯᠡᠳᠡᠭᠳᠡᠯ ᠪᠦᠷᠬᠦᠪᠴᠢ ᠶᠢ ᠬᠤᠷᠢᠶᠠᠨ ᠠᠪᠬᠤ ᠠᠵᠢᠯ ᠳᠤ ᠰᠤᠭᠤᠴᠢᠨ ᠪᠠᠶᠢᠴᠠᠭᠠᠵᠤ ᠰᠢᠯᠭᠠᠨ ᠠᠪᠴᠤ᠂ ᠰᠤᠭᠤᠴᠢᠨ ᠰᠢᠯᠭᠠᠭᠰᠠᠨ ᠲᠤᠭ᠎ᠠ ᠬᠡᠮᠵᠢᠶ᠎ᠡ ᠨᠢ ᠶᠡᠷᠦᠩᠬᠡᠶ ᠲᠣᠭᠠᠨ ᠤ 10%᠎ ᠠᠴᠠ ᠳᠣᠤᠷ᠎ᠠ ᠦᠭᠡᠶ ᠪᠠᠶᠢᠵᠤ᠂ ᠰᠢᠯᠭᠠᠨ ᠠᠪᠤᠭᠰᠠᠨ ᠦᠷ᠎ᠡ ᠳ᠋ᠦᠩ ᠨᠢ ᠲᠠᠷᠢᠶᠠᠨ ᠭᠠᠵᠠᠷ ᠤᠨ ᠬᠦᠴᠦᠨ ᠤ ᠬᠠᠮᠠᠭᠠᠯᠠᠯᠲᠠ ᠶᠢᠨ ᠨᠥᠬᠦᠪᠥᠷᠢ ᠪᠠᠯᠠ ᠮᠥᠩᠭᠦ ᠣᠯᠭᠤᠬᠤ ᠦᠨᠳᠦᠰᠦᠯᠡᠯ ᠪᠣᠯᠭᠠᠨ᠎ᠠ᠃ ᠳᠦᠷᠪᠡ᠂ ᠨᠥᠬᠦᠪᠥᠷᠢ ᠣᠯᠭᠤᠬᠤ ᠡᠲᠡᠭᠡᠳ ᠪᠠ ᠨᠥᠬᠦᠪᠥᠷᠢ ᠥᠭᠬᠦ ᠪᠠᠷᠢᠮᠵᠢᠶ᠎ᠠ     ︵ᠨᠢᠭᠡ︶ ᠨᠥᠬᠦᠪᠥᠷᠢ ᠣᠯᠭᠤᠬᠤ ᠡᠲᠡᠭᠡᠳ᠄ ᠲᠣᠭᠲᠠᠭᠠᠯ ᠳᠤ ᠨᠡᠶᠢᠴᠡᠬᠦ ᠰᠦᠯᠢᠶᠣᠣ ᠪᠦᠷᠬᠦᠪᠴᠢ ᠶᠢ ᠬᠤᠳᠠᠯᠳᠤᠨ ᠠᠪᠴᠤ ᠬᠡᠷᠡᠭᠯᠡᠭᠰᠡᠨ ᠲᠠᠷᠢᠶᠠᠴᠢᠨ ᠡᠷᠦᠬᠡ᠂ ᠬᠤᠷᠰᠢᠶ᠎ᠠ ᠪᠠ ᠬᠠᠮᠢᠶ᠎ᠠ ᠪᠥᠬᠦᠶ ᠠᠵᠤ ᠠᠬᠤᠶᠢᠯᠠᠯ    ︵ᠬᠤᠶᠠᠷ︶ ᠨᠥᠬᠦᠪᠥᠷᠢ ᠥᠭᠬᠦ ᠪᠠᠷᠢᠮᠵᠢᠶ᠎ᠠ᠄ ᠰᠦᠯᠢᠶᠣᠣ ᠪᠦᠷᠬᠦᠪᠴᠢ ᠶᠢᠨ ᠨᠥᠬᠦᠪᠥᠷᠢ ᠶᠢᠨ ᠪᠠᠷᠢᠮᠵᠢᠶ᠎ᠠ ᠶᠢ 25 ᠲᠥᠭᠦᠷᠢᠭ / ᠮᠥ᠂ ᠵᠢᠦ ᠶᠤᠸᠠᠨ ᠲᠣᠭᠤᠷᠢᠭ ᠤᠨ ᠨᠥᠬᠦᠪᠥᠷᠢ ᠶᠢᠨ ᠲᠠᠯᠠᠪᠠᠶ ᠶᠢ 10 ᠲᠦᠮᠡᠨ ᠮᠥ᠂ ᠨᠥᠬᠦᠪᠥᠷᠢ ᠶᠢᠨ ᠪᠠᠯᠠ ᠮᠥᠩᠭᠦ 250 ᠲᠦᠮᠡᠨ ᠲᠥᠭᠦᠷᠢᠭ︔ ᠪᠥᠬᠦ ᠠᠮᠢᠳᠤ ᠪᠣᠳᠠᠰ ᠤᠨ ᠵᠠᠳᠠᠷᠠᠯᠲᠠ ᠶᠢᠨ ᠰᠦᠯᠢᠶᠣᠣ ᠪᠦᠷᠬᠦᠪᠴᠢ ᠶᠢᠨ ᠮᠥ ᠪᠦᠷᠢ ᠳᠤ ᠨᠥᠬᠦᠪᠥᠷᠢ ᠥᠭᠬᠦ ᠪᠠᠷᠢᠮᠵᠢᠶ᠎ᠠ ᠶᠢ 120 ᠲᠥᠭᠦᠷᠢᠭ / ᠮᠥ᠂ ᠵᠢᠦ ᠶᠤᠸᠠᠨ ᠲᠣᠭᠤᠷᠢᠭ ᠤᠨ ᠨᠥᠬᠦᠪᠥᠷᠢ ᠶᠢᠨ ᠲᠠᠯᠠᠪᠠᠶ ᠶᠢ 2.5 ᠲᠦᠮᠡᠨ ᠮᠥ᠂ ᠨᠥᠬᠦᠪᠥᠷᠢ ᠶᠢᠨ ᠪᠠᠯᠠ ᠮᠥᠩᠭᠦ ᠶᠢ 300 ᠲᠦᠮᠡᠨ ᠲᠥᠭᠦᠷᠢᠭ᠃ ᠬᠤᠶᠠᠷ ᠵᠦᠢᠯ ᠳᠤ ᠨᠡᠶᠢᠲᠡ 550 ᠲᠦᠮᠡᠨ ᠲᠥᠭᠦᠷᠢᠭ ᠤᠨ ᠨᠥᠬᠦᠪᠥᠷᠢ ᠮᠥᠩᠭᠦ ᠣᠯᠭᠤᠪᠠ᠃     ᠡᠭᠦᠨ ᠤ ᠬᠠᠮᠲᠤ ᠲᠠᠷᠢᠶᠠᠨ ᠭᠠᠵᠠᠷ ᠤᠨ ᠭᠠᠵᠠᠷ ᠤᠨ ᠬᠦᠴᠦᠨ ᠤ ᠬᠠᠮᠠᠭᠠᠯᠠᠯᠲᠠ ᠶᠢᠨ ᠨᠥᠬᠦᠪᠥᠷᠢ ᠶᠢᠨ ᠲᠤᠷᠰᠢᠯᠲᠠ ᠶᠢᠨ ᠴᠡᠭ᠄  10 ᠲᠦᠮᠡᠨ ᠮᠥ ᠵᠤᠵᠠᠭᠠᠨ ᠥᠨᠳᠥᠷ ᠬᠦᠴᠦᠯᠡᠴᠡ ᠲᠠᠢ ᠰᠦᠯᠢᠶᠣᠣ ᠪᠦᠷᠬᠦᠭᠦᠯ ᠳᠤ ᠮᠥ ᠪᠦᠷᠢ ᠳᠤ 15 ᠲᠥᠭᠦᠷᠢᠭ ᠨᠥᠬᠦᠪᠥᠷᠢ ᠥᠭᠴᠦ᠂ ᠵᠢᠱᠢᠯᠲᠡ ᠪᠠᠷ 150 ᠲᠦᠮᠡᠨ ᠲᠥᠭᠦᠷᠢᠭ ᠤᠨ ᠨᠥᠬᠦᠪᠥᠷᠢ ᠥᠭᠭᠦᠨ᠎ᠡ᠃ 1 ᠲᠦᠮᠡᠨ ᠮᠥ ᠰᠢᠷ᠎ᠠ ᠪᠤᠷᠴᠠᠭ ᠡᠷᠳᠡᠨᠢ ᠰᠢᠰᠢ ᠶᠢ ᠪᠦᠰᠡᠯᠢᠭ ᠬᠡᠯᠪᠡᠷᠢ ᠪᠠᠷ ᠬᠤᠯᠢᠯᠳᠤᠭᠤᠯᠤᠨ ᠳᠠᠷᠢᠬᠤ ᠶᠢᠨ ᠬᠠᠮᠲᠤ ᠪᠥᠬᠦ ᠠᠮᠢᠳᠤ ᠪᠣᠳᠠᠰ ᠤᠨ ᠵᠠᠳᠠᠷᠠᠯᠲᠠ ᠶᠢᠨ ᠰᠦᠯᠢᠶᠣᠣ ᠪᠦᠷᠬᠦᠪᠴᠢ ᠶᠢ ᠬᠡᠷᠡᠭᠯᠡᠭᠰᠡᠨ ᠮᠥ ᠪᠦᠷᠢ ᠳᠤ 48 ᠲᠥᠭᠦᠷᠢᠭ ᠤᠨ ᠨᠥᠬᠦᠪᠥᠷᠢ ᠥᠭᠴᠦ᠂ ᠵᠢᠱᠢᠯᠲᠡ ᠪᠠᠷ 48 ᠲᠦᠮᠡᠨ ᠲᠥᠭᠦᠷᠢᠭ ᠤᠨ ᠨᠥᠬᠦᠪᠥᠷᠢ ᠥᠭᠭᠦᠨ᠎ᠡ︔ 0.5 ᠲᠦᠮᠡᠨ ᠮᠥ ᠳᠤ ᠪᠤᠰᠤᠳ ᠲᠠᠷᠢᠮᠠᠯ ᠲᠠᠷᠢᠬᠤ ᠶᠢᠨ ᠬᠠᠮᠲᠤ ᠪᠥᠬᠦ ᠠᠮᠢᠳᠤ ᠪᠣᠳᠠᠰ ᠤᠨ ᠵᠠᠳᠠᠷᠠᠯᠲᠠ ᠶᠢᠨ ᠰᠦᠯᠢᠶᠣᠣ ᠪᠦᠷᠬᠦᠪᠴᠢ ᠶᠢ ᠬᠡᠷᠡᠭᠯᠡᠭᠰᠡᠨ ᠳᠤ ᠨᠡᠮᠡᠵᠦ ᠨᠥᠬᠦᠪᠥᠷᠢ ᠮᠥ ᠳᠤ 24 ᠲᠥᠭᠦᠷᠢᠭ ᠥᠭᠴᠦ᠂ ᠵᠢᠱᠢᠯᠲᠡ ᠪᠠᠷ 12 ᠲᠦᠮᠡᠨ ᠲᠥᠭᠦᠷᠢᠭ ᠤᠨ ᠨᠥᠬᠦᠪᠥᠷᠢ ᠥᠭᠭᠦᠨ᠎ᠡ᠃ ᠨᠥᠬᠦᠪᠦᠷᠢ ᠶᠢᠨ ᠪᠡᠯᠡ ᠮᠥᠩᠭᠦ ᠶᠢ ᠨᠡᠶᠢᠲᠡ 222 ᠲᠦᠮᠡᠨ ᠲᠥᠭᠦᠷᠢᠭ ᠨᠡᠮᠡᠵᠦ ᠣᠷᠣᠭᠤᠯᠬᠤ ᠪᠠᠷ ᠵ᠊ 
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号