ᠨᠢᠭᠡ᠂ ᠦᠨᠳᠦᠰᠦᠨ ᠪᠠᠶᠢᠳᠠᠯ | ᠠᠬᠤᠶ ᠪᠠᠶᠢᠳᠠᠯ᠄ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ | ᠲᠢᠩᠬᠢᠮ ᠡᠳ᠋ ᠤᠨ ᠵᠠᠰᠠᠭ ᠤᠨ ᠲᠢᠩᠬᠢᠮ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2022 ᠣᠨ ᠤ | ᠰᠦᠯᠢᠶᠣᠣ ᠪᠦᠷᠬᠦᠪᠴᠢ ᠶᠢ ᠰᠢᠨᠵᠢᠯᠡᠬᠦ ᠤᠬᠠᠭᠠᠨᠴᠢ ᠪᠠᠷ ᠬᠡᠷᠡᠭᠯᠡᠵᠦ ᠡᠭᠡᠭᠦᠯᠦᠨ ᠬᠤᠷᠢᠶᠠᠬᠤ ᠲᠤᠷᠰᠢᠯᠲᠠ ᠶᠢᠨ | ᠠᠵᠢᠯ ᠤᠨ ᠬᠡᠷᠡᠭᠵᠢᠭᠦᠯᠬᠦ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾ ︽2022 ᠣᠨ ᠤ ᠲᠠᠷᠢᠶᠠᠨ | ᠭᠠᠵᠠᠷ ᠤᠨ ᠬᠦᠴᠦᠨ ᠤ ᠬᠠᠮᠠᠭᠠᠯᠠᠯᠲᠠ ᠶᠢᠨ ᠨᠥᠬᠦᠪᠥᠷᠢ ᠶᠢᠨ ᠬᠤᠯᠪᠣᠭᠳᠠᠯ ᠪᠥᠬᠦᠶ ᠵᠦᠢᠯᠡᠰ ᠤᠨ ᠲᠤᠬᠠᠶ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠡᠳ᠋ ᠤᠨ ᠵᠠᠰᠠᠭ ᠤᠨ | ᠲᠢᠩᠬᠢᠮ ᠤᠨ ᠮᠡᠳᠡᠭᠳᠡᠯ︾ ᠪᠠ ᠪᠤᠭᠤᠲᠤ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ︽ | 2022 ᠣᠨ ᠤ ᠰᠦᠯᠢᠶᠣᠣ ᠪᠦᠷᠬᠦᠪᠴᠢ ᠶᠢ ᠰᠢᠨᠵᠢᠯᠡᠬᠦ ᠤᠬᠠᠭᠠᠨᠴᠢ ᠪᠠᠷ ᠬᠡᠷᠡᠭᠯᠡᠵᠦ ᠡᠭᠡᠭᠦᠯᠦᠨ ᠬᠤᠷᠢᠶᠠᠬᠤ | ᠲᠤᠷᠰᠢᠯᠲᠠ ᠶᠢᠨ ᠴᠡᠭ ᠢ ᠰᠢᠨᠵᠢᠯᠡᠬᠦ ᠤᠬᠠᠭᠠᠨᠴᠢ ᠪᠠᠷ ᠬᠡᠷᠡᠭᠯᠡᠨ ᠡᠭᠦᠷᠭᠡ ᠶᠢᠨ ᠬᠤᠪᠢᠶᠠᠷᠢᠯᠠᠯᠲᠠ ᠵᠢᠴᠢ ᠠᠵᠢᠯ ᠢᠶᠠᠨ | ᠥᠷᠨᠢᠭᠦᠯᠬᠦ ᠲᠤᠬᠠᠶ ᠮᠡᠳᠡᠭᠳᠡᠯ︾ ᠤᠨ ᠪᠢᠴᠢᠭ ᠮᠠᠲ᠋ᠧᠷᠢᠶᠠᠯ ᠳᠤ ᠱᠠᠭᠠᠷᠳᠠᠭᠰᠠᠨ ᠨᠢ᠂ ᠮᠠᠨ ᠤ ᠲᠣᠭᠤᠷᠢᠭ ᠤᠨ | ᠪᠣᠳᠠᠲᠠᠶ ᠪᠠᠶᠢᠳᠠᠯ ᠳᠤ ᠴᠢᠭᠯᠡᠭᠦᠯᠦᠨ᠂ ᠲᠣᠰ ᠲᠥᠰᠦᠯ ᠢ ᠣᠨᠴᠠᠭᠠᠶᠢᠯᠠᠨ ᠳᠣᠤᠷᠠᠬᠢ ᠮᠡᠲᠦ ᠲᠣᠭᠲᠠᠭᠠᠪᠠ᠄ | ᠵᠢᠤ ᠶᠤᠸᠠᠨ ᠲᠣᠭᠤᠷᠢᠭ ᠤᠮᠠᠷᠠᠲᠤ ᠰᠡᠷᠢᠭᠦᠨ ᠪᠦᠰᠡ ᠶᠢᠨ ᠡᠬᠡ ᠬᠠᠭᠤᠷᠠᠶ ᠶᠢᠨ ᠠᠭᠤᠷ ᠠᠮᠢᠰᠬᠤᠯ ᠳᠤ | ᠬᠠᠷᠢᠶᠠᠯᠠᠭᠳᠠᠵᠤ᠂ ᠪᠥᠬᠦ ᠵᠢᠯ ᠤᠨ ᠨᠡᠷᠡᠨ ᠤ ᠲᠤᠰᠤᠯᠲᠠ ᠶᠢᠨ ᠴᠠᠭ ᠤᠨ ᠲᠤᠭ᠎ᠠ 3177 ᠴᠠᠭ᠂ ᠵᠢᠯ ᠤᠨ | ᠳᠤᠮᠳᠠᠴᠢ ᠠᠭᠠᠷ ᠤᠨ ᠳᠤᠯᠠᠭᠠᠨ 8-11℃᠂ ᠪᠥᠬᠦ ᠵᠢᠯ ᠤᠨ ᠬᠢᠷᠠᠭᠤ ᠥᠬᠡᠶ ᠬᠤᠭᠤᠴᠠᠭ᠎ᠠ 165 ᠡᠳᠦᠷ | ᠪᠣᠯᠤᠨ᠎ᠠ᠃ 2021 ᠣᠨ ᠤ ᠵᠢᠤ ᠶᠤᠸᠠᠨ ᠲᠣᠭᠤᠷᠢᠭ ᠤᠨ ᠲᠠᠷᠢᠶᠠᠨ ᠭᠠᠵᠠᠷ ᠤᠨ ᠶᠡᠷᠦᠩᠬᠡᠢ ᠲᠠᠯᠠᠪᠠᠢ 24.3 | ᠲᠦᠮᠡᠨ ᠮᠦ᠂ ᠲᠠᠷᠢᠮᠠᠯ ᠤᠨ ᠪᠦᠷᠬᠦᠪᠴᠢ ᠶᠢᠨ ᠲᠠᠯᠠᠪᠠᠢ 17.6 ᠲᠦᠮᠡᠨ ᠮᠦ᠂ ᠭᠤᠣᠯ ᠪᠦᠷᠬᠦᠪᠴᠢ ᠶᠢᠨ | ᠲᠠᠷᠢᠮᠠᠯ ᠤᠨ ᠡᠷᠳᠡᠨᠢ ᠰᠢᠰᠢ 12 ᠲᠦᠮᠡᠨ ᠮᠦ᠂ ᠢᠳᠡᠰᠢᠨ ᠨᠣᠭᠤᠭ᠎ᠠ 5.6 ᠲᠦᠮᠡᠨ ᠮᠦ᠂ ᠰᠦᠯᠢᠶᠣᠣ | ᠪᠦᠷᠬᠦᠪᠴᠢ ᠶᠢᠨ ᠶᠡᠷᠦᠩᠬᠡᠢ ᠬᠡᠷᠡᠭᠯᠡᠭᠡᠨ ᠤ ᠬᠡᠮᠵᠢ᠊ ᠡᠶ᠎ᠡ 880 ᠲᠣᠨ ︵ᠡᠷᠳᠡᠨᠢ ᠰᠢᠰᠢ 600 ᠲᠣᠨ᠂ ᠢᠳᠡᠰᠢᠨ | ᠨᠣᠭᠤᠭ᠎ᠠ 280 ᠲᠣᠨ︶ ᠪᠣᠯᠤᠨ᠎ᠠ᠃ ᠪᠦᠷᠬᠦᠭᠦᠯ ᠪᠦᠷᠬᠦᠬᠦ ᠬᠤᠭᠤᠴᠠᠭ᠎ᠠ ᠨᠢ 5 — 10 ᠵᠢᠯ ᠳᠤ ᠪᠠᠷᠤᠭ 9 | ᠲᠦᠮᠡᠨ ᠮᠥ︔ 10 — 15 ᠵᠢᠯ ᠳᠤ ᠪᠠᠷᠤᠭ 8.6 ᠲᠦᠮᠡᠨ ᠮᠥ ᠪᠣᠯᠤᠨ᠎ᠠ᠃ 2019 ᠣᠨ ᠤ | ᠪᠠᠶᠢᠴᠠᠭᠠᠯᠲᠠ ᠳᠤ 7 ᠵᠢᠯ ᠤᠨ ᠲᠠᠷᠢᠶᠠᠨ ᠭᠠᠵᠠᠷ ᠤᠨ ᠬᠥᠷᠥᠰᠥ ᠰᠢᠷᠣᠶ ᠳᠣᠲᠣᠷᠠᠬᠢ ᠭᠠᠵᠠᠷ ᠤᠨ ᠪᠦᠷᠬᠦᠭᠦᠯ ᠤᠨ | ᠦᠯᠡᠳᠡᠭᠳᠡᠯ ᠤᠨ ᠬᠡᠮᠵᠢᠶ᠎ᠡ ᠨᠢ 4.49 kg/ ᠮᠥ ᠣᠷᠴᠢᠮ ᠪᠠᠶᠢᠵᠤ᠂ ᠪᠥᠬᠦ ᠲᠣᠭᠤᠷᠢᠭ ᠤᠨ ᠭᠠᠵᠠᠷ ᠤᠨ | ᠪᠦᠷᠬᠦᠭᠦᠯ ᠤᠨ ᠦᠯᠡᠳᠡᠭᠳᠡᠯ ᠤᠨ ᠶᠡᠷᠦᠩᠬᠡᠶ ᠬᠡᠮᠵᠢᠶ᠎ᠡ ᠨᠢ ᠪᠠᠷᠤᠭ 790 ᠲᠣᠨ ᠪᠣᠯᠤᠨ᠎ᠠ᠃ | ᠬᠤᠶᠠᠷ᠂ ᠵᠣᠷᠢᠯᠲᠠ ᠪᠠ ᠠᠴᠢ ᠬᠤᠯᠪᠣᠭᠳᠠᠯ᠄ | ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠶᠡᠭᠡ ᠬᠦᠴᠦ ᠣᠷᠣᠭᠤᠯᠤᠨ ︽ᠴᠠᠭᠠᠨ | ᠪᠣᠬᠢᠷᠲᠤᠯ︾ ᠢ ᠵᠠᠰᠠᠬᠤ ᠱᠠᠭᠠᠷᠳᠠᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠥᠷᠥ ᠶᠢᠨ ᠪᠣᠳᠣᠯᠭ᠎ᠠ ᠪᠠᠷ | ᠬᠥᠲᠥᠯᠦᠨ ᠵᠢᠯᠣᠭᠤᠳᠬᠤ ᠪᠠ ᠬᠠᠤᠯᠢ ᠲᠣᠭᠲᠠᠭᠠᠯ ᠢᠶᠠᠷ ᠬᠢᠵᠠᠭᠠᠷᠯᠠᠬᠤ ᠶᠢ ᠵᠡᠷᠭᠡ ᠪᠠᠷ ᠴᠢᠬᠤᠯᠠᠴᠢᠯᠠᠬᠤ ᠶᠢ | ᠪᠠᠷᠢᠮᠲᠠᠯᠠᠨ᠂ ᠰᠦᠯᠢᠶᠣᠣ ᠪᠦᠷᠬᠦᠪᠴᠢ ᠶᠢ ᠰᠢᠨᠵᠢᠯᠡᠬᠦ ᠤᠬᠠᠭᠠᠨᠴᠢ ᠪᠠᠷ ᠬᠡᠷᠡᠭᠯᠡᠬᠦ ᠪᠠ ᠡᠭᠡᠭᠦᠯᠦᠨ ᠬᠤᠷᠢᠶᠠᠵᠤ | ᠰᠢᠢᠳᠪᠦᠷᠢᠯᠡᠬᠦ ᠶᠢ ᠵᠡᠷᠭᠡ ᠪᠠᠷ ᠴᠢᠬᠤᠯᠠᠴᠢᠯᠠᠵᠤ᠂ ᠲᠤᠷᠰᠢᠯᠲᠠ ᠬᠢᠵᠦ ᠵᠢᠱᠢᠶ᠎ᠡ ᠦᠵᠡᠭᠦᠯᠬᠦ ᠪᠠ ᠳᠡᠯᠭᠡᠷᠡᠭᠦᠯᠦᠨ | ᠬᠡᠷᠡᠭᠯᠡᠬᠦ ᠶᠢ ᠵᠡᠷᠭᠡ ᠪᠠᠷ ᠠᠬᠢᠭᠤᠯᠤᠨ᠂ ᠳᠠᠬᠢᠨ ᠠᠰᠢᠭᠯᠠᠬᠤ ᠪᠠ ᠬᠤᠤᠷ ᠦᠭᠡᠶᠢᠵᠢᠭᠦᠯᠦᠨ ᠰᠢᠢᠳᠪᠦᠷᠢᠯᠡᠬᠦ ᠶᠢ | ᠵᠡᠷᠭᠡ ᠪᠠᠷ ᠶᠠᠪᠤᠭᠤᠯᠤᠨ᠎ᠠ᠃ | ᠪᠥᠬᠦ ᠲᠣᠭᠤᠷᠢᠭ ᠳᠤ 5 ᠰᠦᠯᠢᠶᠣᠣ ᠪᠦᠷᠬᠦᠪᠴᠢ ᠶᠢᠨ ᠲᠠᠯᠠᠪᠠᠶ ᠪᠠᠷ ᠨᠡᠯᠢᠶᠡᠳ ᠶᠡᠭᠡ ᠰᠤᠮᠤ ᠪᠠᠯᠭᠠᠰᠤ ᠵᠡᠭᠡᠯᠢ | ᠭᠤᠳᠤᠮᠵᠢ ᠶᠢ ᠰᠣᠩᠭᠤᠨ ᠠᠪᠴᠤ᠂ ᠰᠦᠯᠢᠶᠣᠣ ᠪᠦᠷᠬᠦᠪᠴᠢ ᠶᠢ ᠰᠢᠨᠵᠢᠯᠡᠬᠦ ᠤᠬᠠᠭᠠᠨᠴᠢ ᠪᠠᠷ ᠬᠡᠷᠡᠭᠯᠡᠵᠦ ᠡᠭᠡᠭᠦᠯᠦᠨ | ᠬᠤᠷᠢᠶᠠᠬᠤ ᠲᠤᠷᠰᠢᠯᠲᠠ ᠶᠢᠨ ᠳᠥᠰᠦᠯ ᠢ ᠨᠢᠭᠡᠳᠦᠯᠲᠡᠶ ᠲᠥᠯᠥᠪᠯᠡᠨ ᠬᠡᠷᠡᠭᠵᠢᠭᠦᠯᠵᠦ᠂ ᠲᠠᠷᠢᠶᠠᠨ ᠭᠠᠵᠠᠷ ᠤᠨ | ᠭᠠᠵᠠᠷ ᠤᠨ ᠬᠦᠴᠦᠨ ᠤ ᠬᠠᠮᠠᠭᠠᠯᠠᠯᠲᠠ ᠶᠢᠨ ᠨᠥᠬᠦᠪᠥᠷᠢ ᠶᠢ ᠲᠠᠷᠢᠶᠠᠨ ᠭᠠᠵᠠᠷ ᠠᠴᠠ ᠰᠠᠯᠬᠤ ᠯᠤᠭ᠎ᠠ ᠬᠠᠷᠢᠯᠴᠠᠨ | ᠬᠤᠯᠪᠣᠭᠳᠠᠭᠤᠯᠬᠤ ᠲᠣᠭᠲᠠᠴᠠ ᠶᠢ ᠪᠠᠶᠢᠭᠤᠯᠤᠨ᠂ ᠰᠦᠯᠢᠶᠣᠣ ᠪᠦᠷᠬᠦᠪᠴᠢ ᠶᠢ ᠰᠢᠨᠵᠢᠯᠡᠬᠦ ᠤᠬᠠᠭᠠᠨᠴᠢ ᠪᠠᠷ | ᠬᠡᠷᠡᠭᠯᠡᠵᠦ ᠡᠭᠡᠭᠦᠯᠦᠨ ᠬᠤᠷᠢᠶᠠᠬᠤ ᠠᠷᠭ᠎ᠠ ᠵᠠᠮ ᠢ ᠪᠦᠲᠦᠮᠵᠢᠲᠡᠶ ᠰᠦᠪᠡᠭᠴᠢᠯᠡᠵᠦ᠂ ᠬᠠᠶᠠᠭᠳᠠᠮᠠᠯ ᠬᠠᠭᠤᠴᠢᠨ | ᠰᠦᠯᠢᠶᠣᠣ ᠪᠦᠷᠬᠦᠪᠴᠢ ᠶᠢᠨ ᠪᠣᠬᠢᠷᠲᠤᠯ ᠢ ᠵᠠᠰᠠᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ | ᠪᠠᠶᠢᠭᠤᠯᠤᠨ᠂ ᠲᠠᠷᠢᠶᠠᠯᠠᠩ ᠮᠠᠯ ᠠᠵᠤ ᠠᠬᠤᠶ ᠶᠢᠨ ᠴᠢᠨᠠᠷ ᠰᠠᠶᠢᠲᠠᠶ ᠪᠣᠬᠢᠷᠲᠤᠯ ᠥᠬᠡᠶ ᠬᠥᠭᠵᠢᠯᠲᠡ ᠶᠢ | ᠠᠬᠢᠭᠤᠯᠤᠨ᠎ᠠ᠃ | ᠭᠤᠷᠪᠠ᠂ ᠬᠠᠷᠠᠯᠲᠠ ᠪᠠ ᠴᠢᠬᠤᠯᠠ ᠡᠭᠦᠷᠭᠡ | ᠬᠠᠷᠠᠯᠲᠠ ᠶᠢᠨ ᠡᠭᠦᠷᠭᠡ᠄ ᠰᠦᠯᠢᠶᠣᠣ ᠪᠦᠷᠬᠦᠪᠴᠢ ᠶᠢ ᠰᠢᠨᠵᠢᠯᠡᠬᠦ ᠤᠬᠠᠭᠠᠨᠴᠢ ᠪᠠᠷ ᠬᠡᠷᠡᠭᠯᠡᠬᠦ ᠪᠠᠷ ᠳᠠᠮᠵᠢᠭᠤᠯᠤᠨ | ᠂ ᠣᠲᠣ ᠶᠢᠨ ᠪᠠᠶᠢᠭ᠎ᠠ ᠬᠠᠶᠠᠭᠳᠠᠮᠠᠯ ᠬᠠᠭᠤᠴᠢᠨ ᠰᠦᠯᠢᠶᠣᠣ ᠪᠦᠷᠬᠦᠪᠴᠢ ᠶᠢ ᠬᠤᠷᠢᠶᠠᠨ ᠠᠪᠴᠤ ᠠᠰᠢᠭᠯᠠᠬᠤ | ᠰᠢᠰᠲ᠋ᠧᠮᠵᠢ ᠶᠢ ᠤᠯᠠᠮ ᠨᠢᠭᠡ ᠠᠯᠬᠤᠮ ᠪᠠᠬᠢᠵᠢᠭᠦᠯᠵᠦ᠂ ᠡᠵᠡᠩᠨᠡᠯᠲᠡ ᠶᠢᠨ ᠭᠤᠤᠯ ᠴᠣᠭᠴᠠ ᠶᠢᠨ ᠡᠭᠡᠭᠦᠯᠦᠨ | ᠬᠤᠷᠢᠶᠠᠬᠤ᠂ ᠲᠤᠰᠬᠠᠶᠢᠵᠢᠭᠰᠠᠨ ᠵᠣᠬᠢᠶᠠᠨ ᠪᠠᠶᠢᠭᠤᠯᠤᠯᠲᠠ ᠶᠢᠨ ᠡᠭᠡᠭᠦᠯᠦᠨ ᠬᠤᠷᠢᠶᠠᠬᠤ᠂ ᠡᠳ᠋ᠰᠢᠭᠦᠯᠬᠦ ᠠᠵᠤ | ᠠᠬᠤᠶᠢᠯᠠᠯ ᠤᠨ ᠡᠭᠡᠭᠦᠯᠦᠨ ᠬᠤᠷᠢᠶᠠᠬᠤ ᠵᠡᠷᠭᠡ ᠵᠠᠬ᠎ᠠ ᠳᠡᠯᠭᠡᠭᠦᠷᠴᠢᠯᠡᠭᠰᠡᠨ ᠡᠭᠡᠭᠦᠯᠦᠨ ᠬᠤᠷᠢᠶᠠᠬᠤ ᠠᠵᠢᠯᠯᠠᠭᠠᠨ ᠤ | ᠲᠣᠭᠲᠠᠴᠠ ᠶᠢ ᠲᠠᠰᠤᠷᠠᠯᠲᠠ ᠥᠬᠡᠶ ᠲᠡᠭᠦᠯᠳᠡᠷᠵᠢᠭᠦᠯᠦᠨ ᠪᠦᠷᠢᠨᠰᠢᠬᠦᠯᠵᠦ᠂ ᠲᠣᠰ ᠤᠯᠠᠷᠢᠯ ᠤᠨ ᠰᠦᠯᠢᠶᠣᠣ | ᠪᠦᠷᠬᠦᠪᠴᠢ ᠶᠢᠨ ᠡᠭᠡᠭᠦᠯᠦᠨ ᠬᠤᠷᠢᠶᠠᠬᠤ ᠨᠣᠷᠮ᠎ᠠ ᠶᠢ 81% ᠠᠴᠠ ᠳᠡᠭᠡᠭᠰᠢ ᠳᠤ ᠲᠣᠭᠲᠠᠪᠤᠷᠢᠵᠢᠭᠤᠯᠤᠨ᠎ᠠ᠃ | ᠲᠤᠰᠬᠠᠶᠢᠵᠢᠭᠰᠠᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢ ᠶᠡᠬᠡᠪᠡᠷ ᠪᠤᠶᠢᠵᠢᠭᠤᠯᠵᠤ᠂ ᠰᠦᠯᠢᠶᠣᠣ | ᠪᠦᠷᠬᠦᠪᠴᠢ ᠶᠢ ᠡᠭᠡᠭᠦᠯᠦᠨ ᠬᠤᠷᠢᠶᠠᠬᠤ ᠥᠷᠲᠡᠭᠡ ᠴᠡᠭ ᠢ 5 ᠠᠴᠠ ᠳᠡᠭᠡᠭᠰᠢ ᠪᠠᠶᠢᠭᠤᠯᠬᠤ ᠪᠠᠷ ᠴᠢᠷᠮᠠᠶᠢᠵᠤ᠂ | ᠡᠭᠡᠭᠦᠯᠦᠨ ᠬᠤᠷᠢᠶᠠᠬᠤ ᠴᠢᠳᠠᠪᠤᠷᠢ ᠪᠠ ᠬᠢᠷᠢ ᠲᠦᠪᠰᠢᠨ ᠢ ᠶᠡᠬᠡᠪᠡᠷ ᠳᠡᠭᠡᠭᠰᠢᠯᠡᠭᠦᠯᠦᠨ᠎ᠡ᠃ ᠲᠣᠭᠤᠷᠢᠭ ᠰᠢᠶᠠᠩ | ᠬᠤᠶᠠᠷ ᠱᠠᠲᠤᠨ ᠤ ᠬᠠᠤᠯᠢ ᠬᠡᠷᠡᠭᠵᠢᠭᠦᠯᠬᠦ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠲᠤᠰ ᠣᠷᠣᠨ | ᠪᠦᠰᠡ ᠶᠢᠨ ᠰᠦᠯᠢᠶᠣᠣ ᠪᠦᠷᠬᠦᠪᠴᠢ ᠶᠢᠨ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠰᠢᠰᠲ᠋ᠧᠮ ᠢ ᠪᠦᠷᠢᠨᠰᠢᠭᠦᠯᠦᠨ᠎ᠡ | ᠃ 2023 ᠣᠨ ᠳᠤ ᠵᠤᠵᠠᠭᠠᠨ ᠤ ᠬᠦᠴᠦᠯᠡᠴᠡ ᠲᠠᠢ ᠥᠨᠳᠥᠷ ᠬᠦᠴᠦᠯᠡᠴᠡ ᠲᠠᠢ ᠰᠦᠯᠢᠶᠣᠣ ᠪᠦᠷᠬᠦᠪᠴᠢ ᠶᠢᠨ | ᠬᠡᠷᠡᠭᠯᠡᠭᠡᠨ ᠤ ᠲᠠᠯᠠᠪᠠᠢ ᠶᠢ 10 ᠲᠦᠮᠡᠨ ᠮᠦ᠂ ᠪᠦᠬᠦ ᠠᠮᠢᠳᠤ ᠪᠣᠳᠠᠰ ᠤᠨ ᠵᠠᠳᠠᠷᠠᠵᠤ ᠪᠣᠯᠬᠤ ᠰᠦᠯᠢᠶᠣᠣ | ᠪᠦᠷᠬᠦᠪᠴᠢ ᠶᠢᠨ ᠬᠡᠷᠡᠭᠯᠡᠯᠲᠡ ᠶᠢᠨ ᠲᠠᠯᠠᠪᠠᠢ ᠶᠢ 2.5 ᠲᠦᠮᠡᠨ ᠮᠦ ᠪᠣᠯᠭᠠᠨ᠎ᠠ᠃ | ᠲᠤᠷᠰᠢᠯᠲᠠ ᠶᠢᠨ ᠬᠡᠪᠴᠢᠶ᠎ᠡ᠄ 2022 ᠣᠨ ᠤ 4 ᠰᠠᠷ᠎ᠠ ᠠᠴᠠ 2023 ᠣᠨ ᠤ 6 ᠰᠠᠷ᠎ᠠ ᠪᠣᠯᠲᠠᠯ᠎ᠠ᠂ ᠵᠢᠦ | ᠶᠤᠸᠠᠨ ᠲᠣᠭᠤᠷᠢᠭ 10 ᠲᠦᠮᠡᠨ ᠮᠥ ᠰᠦᠯᠢᠶᠣᠣ ᠪᠦᠷᠬᠦᠪᠴᠢ ᠶᠢ ᠬᠠᠲᠠᠭᠤᠷᠠᠭᠤᠯᠵᠤ᠂ ᠪᠥᠬᠦ ᠠᠮᠢᠳᠤ ᠪᠣᠳᠠᠰ ᠤᠨ | ᠵᠠᠳᠠᠷᠠᠵᠤ ᠪᠣᠯᠬᠤ ᠰᠦᠯᠢᠶᠣᠣ ᠪᠦᠷᠬᠦᠪᠴᠢ ᠶᠢ ᠳᠡᠯᠭᠡᠷᠡᠭᠦᠯᠬᠦ ᠡᠭᠦᠷᠭᠡ ᠶᠢ 2.5 ᠲᠦᠮᠡᠨ ᠮᠥ ᠪᠡᠶᠡᠯᠡᠭᠦᠯᠪᠡ᠃ | ᠰᠦᠯᠢᠶᠣᠣ ᠪᠦᠷᠬᠦᠪᠴᠢ ᠬᠡᠷᠡᠭᠯᠡᠭᠰᠡᠨ ᠪᠣᠯᠪᠠᠴᠤ ᠰᠦᠯᠢᠶᠣᠣ ᠪᠦᠷᠬᠦᠪᠴᠢ ᠶᠢ ᠲᠠᠷᠢᠶᠠᠨ ᠭᠠᠵᠠᠷ ᠠᠴᠠ ᠰᠠᠯᠭᠠᠬᠤ | ᠠᠷᠭ᠎ᠠ ᠬᠡᠮᠵᠢᠶ᠎ᠡ ᠠᠪᠤᠭᠰᠠᠨ ᠥᠬᠡᠶ ᠪᠤᠶᠤ ᠲᠠᠷᠢᠶᠠᠨ ᠭᠠᠵᠠᠷ ᠠᠴᠠ ᠰᠠᠯᠤᠭᠰᠠᠨ ᠬᠠᠷᠢᠴᠠᠯ ᠨᠢ ᠥᠪᠡᠷᠲᠡᠭᠡᠨ ᠵᠠᠰᠠᠬᠤ | ᠣᠷᠣᠨ ᠤ ᠱᠠᠭᠠᠷᠳᠠᠯᠭ᠎ᠠ ᠳᠤ ᠬᠦᠷᠦᠭᠰᠡᠨ ᠥᠬᠡᠶ ᠪᠠᠶᠢᠪᠠᠯ᠂ ᠲᠠᠷᠢᠶᠠᠨ ᠭᠠᠵᠠᠷ ᠤᠨ ᠭᠠᠵᠠᠷ ᠤᠨ ᠬᠦᠴᠦᠨ ᠤ | ᠨᠥᠬᠦᠪᠥᠷᠢ ᠶᠢ ᠬᠤᠶᠢᠰᠢᠯᠠᠭᠤᠯᠬᠤ ᠪᠤᠶᠤ ᠣᠯᠭᠤᠬᠤ ᠶᠢ ᠲᠦᠷ ᠵᠣᠭᠰᠣᠭᠠᠵᠤ᠂ ᠲᠤᠬᠠᠶ ᠶᠢᠨ ᠵᠢᠯ ᠤᠨ ᠰᠦᠯᠢᠶᠣᠣ | ᠪᠦᠷᠬᠦᠪᠴᠢ ᠶᠢ ᠡᠭᠡᠭᠦᠯᠦᠨ ᠬᠤᠷᠢᠶᠠᠬᠤ ᠨᠣᠷᠮ᠎ᠠ ᠶᠢ 82% ᠠᠴᠠ ᠳᠡᠭᠡᠭᠰᠢ ᠳᠤ ᠬᠦᠷᠦᠭᠦᠯᠵᠦ᠂ ︽ᠴᠠᠭᠠᠨ | ᠪᠣᠬᠢᠷᠲᠤᠯ︾ ᠢ ᠪᠦᠲᠦᠮᠵᠢᠲᠡᠶ ᠬᠢᠵᠠᠭᠠᠷᠯᠠᠨ᠎ᠠ᠃ | ᠬᠡᠷᠡᠭᠵᠢᠭᠦᠯᠬᠦ ᠠᠭᠤᠯᠭ᠎ᠠ | ᠲᠠᠶᠢᠴᠢᠯᠠᠨ ᠪᠠᠶᠢᠷᠢᠯᠠᠭᠤᠯᠬᠤ ᠱᠠᠳᠤ ᠦᠶ᠎ᠡ ︵2 ᠰᠠᠷ᠎ᠠ ᠶᠢᠨ 24 ᠤ ᠡᠳᠦᠷ ᠠᠴᠠ 3 ᠰᠠᠷ᠎ᠠ ᠶᠢᠨ 15 ᠤ | ᠡᠳᠦᠷ︶ | ᠡᠯ᠎ᠡ ᠰᠤᠮᠤ ᠪᠠᠯᠭᠠᠰᠤ ᠵᠡᠭᠡᠯᠢ ᠭᠤᠳᠤᠮᠵᠢ ᠶᠢᠨ ᠬᠢᠨ ᠰᠦᠯᠢᠶᠣᠣ ᠪᠦᠷᠬᠦᠪᠴᠢ ᠶᠢ ᠰᠢᠨᠵᠢᠯᠡᠬᠦ ᠤᠬᠠᠭᠠᠨᠴᠢ ᠪᠠᠷ | ᠬᠡᠷᠡᠭᠯᠡᠵᠦ ᠡᠭᠡᠭᠦᠯᠦᠨ ᠬᠤᠷᠢᠶᠠᠬᠤ ᠲᠤᠷᠰᠢᠯᠲᠠ ᠶᠢ ᠠᠬᠢᠭᠤᠯᠬᠤ ᠠᠵᠢᠯ ᠢ ᠪᠥᠬᠦ ᠲᠠᠯ᠎ᠠ ᠪᠠᠷ ᠳᠣᠭᠢᠷᠠᠭᠤᠯᠤᠨ | ᠪᠠᠶᠢᠷᠢᠯᠠᠭᠤᠯᠵᠤ᠂ ᠠᠵᠢᠯ ᠤᠨ ᠡᠭᠦᠷᠭᠡ ᠪᠠᠨ ᠵᠠᠳᠠᠯᠤᠨ᠂ ᠲᠠᠷᠢᠶᠠᠴᠢᠨ ᠡᠷᠦᠬᠡ ᠲᠠᠢ ᠥᠨᠳᠥᠷ ᠬᠦᠴᠦᠯᠡᠴᠡ ᠲᠠᠢ | ᠰᠦᠯᠢᠶᠣᠣ ᠪᠦᠷᠬᠦᠪᠴᠢ ᠪᠠ ᠪᠥᠬᠦ ᠠᠮᠢᠳᠤ ᠪᠣᠳᠠᠰ ᠤᠨ ᠵᠠᠳᠠᠷᠠᠵᠤ ᠪᠣᠯᠬᠤ ᠰᠦᠯᠢᠶᠣᠣ ᠪᠦᠷᠬᠦᠪᠴᠢ ᠶᠢ ᠬᠤᠳᠠᠯᠳᠤᠨ | ᠠᠪᠬᠤ ᠬᠡᠯᠡᠯᠴᠡᠭᠡᠷ ᠲᠣᠭᠲᠠᠵᠤ᠂ ᠬᠡᠷᠡᠭᠯᠡᠬᠦ ᠭᠤᠤᠯ ᠴᠣᠭᠴᠠ᠂ ᠲᠠᠯᠠᠪᠠᠶ᠂ ᠨᠥᠬᠦᠪᠥᠷᠢ ᠶᠢᠨ ᠲᠤᠭ᠎ᠠ ᠬᠡᠮᠵᠢᠶ᠎ᠡ᠂ | ᠡᠭᠡᠭᠦᠯᠦᠨ ᠬᠤᠷᠢᠶᠠᠬᠤ ᠡᠭᠦᠷᠭᠡ ᠶᠢ ᠲᠣᠳᠣᠷᠬᠠᠶᠢᠯᠠᠬᠤ ᠶᠢᠨ ᠬᠠᠮᠲᠤ ᠪᠦᠷᠢᠳᠬᠡᠬᠦ ᠪᠠ ᠢᠯᠡ ᠨᠡᠶᠢᠲᠡᠯᠡᠬᠦ ᠬᠡᠷᠡᠭᠲᠡᠶ᠃ | ᠡᠯ᠎ᠡ ᠰᠤᠮᠤ ᠪᠠᠯᠭᠠᠰᠤ ᠪᠠ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠨᠢ ᠪᠦᠷᠢᠶ᠎ᠡ᠂ | ᠤᠬᠠᠭᠤᠯᠭ᠎ᠠ ᠶᠢᠨ ᠬᠠᠭᠤᠳᠠᠰᠤ ᠵᠡᠷᠭᠡ ᠣᠯᠠᠨ ᠵᠦᠢᠯ ᠤᠨ ᠬᠡᠯᠪᠡᠷᠢ ᠶᠢ ᠭᠦᠢᠴᠡᠳ ᠠᠰᠢᠭᠯᠠᠨ᠂ ᠦᠯᠡᠳᠡᠭᠳᠡᠯ | ᠪᠦᠷᠬᠦᠭᠦᠯ ᠤᠨ ᠪᠣᠬᠢᠷᠲᠤᠯ ᠤᠨ ᠬᠤᠤᠷ ᠬᠥᠨᠥᠭᠡᠯ ᠪᠠ ᠡᠭᠡᠭᠦᠯᠦᠨ ᠬᠤᠷᠢᠶᠠᠬᠤ ᠶᠢᠨ ᠰᠠᠶᠢᠨ ᠲᠠᠯ᠎ᠠ ᠶᠢ ᠤᠬᠠᠭᠤᠯᠤᠨ | ᠲᠠᠶᠢᠯᠪᠤᠷᠢᠯᠠᠬᠤ ᠶᠢ ᠥᠷᠨᠢᠭᠦᠯᠵᠦ᠂ ᠣᠯᠠᠨ ᠲᠦᠮᠡᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠦᠵᠡᠯ ᠤᠬᠠᠮᠰᠠᠷ ᠪᠠ ᠣᠷᠣᠯᠴᠠᠬᠤ ᠬᠡᠮᠵᠢᠶ᠎ᠡ᠂ ᠬᠠᠮᠵᠢᠯᠴᠠᠬᠤ ᠬᠡᠮᠵᠢᠶ᠎ᠡ ᠶᠢ ᠳᠡᠭᠡᠭᠰᠢᠯᠡᠭᠦᠯᠦᠨ᠂ ᠲᠠᠷᠢᠶᠠᠨ | ᠭᠠᠵᠠᠷ ᠤᠨ ᠭᠠᠵᠠᠷ ᠤᠨ ᠬᠦᠴᠦᠨ ᠤ ᠬᠠᠮᠠᠭᠠᠯᠠᠯᠲᠠ ᠶᠢᠨ ᠨᠥᠬᠦᠪᠥᠷᠢ ᠣᠯᠭᠤᠬᠤ ᠶᠢ ᠦᠯᠡᠳᠡᠭᠳᠡᠯ ᠪᠦᠷᠬᠦᠭᠦᠯ ᠢ | ᠡᠭᠡᠭᠦᠯᠦᠨ ᠬᠤᠷᠢᠶᠠᠬᠤ ᠲᠠᠢ ᠬᠤᠯᠪᠣᠭᠳᠠᠭᠤᠯᠬᠤ ᠶᠢ ᠲᠣᠳᠣᠷᠬᠠᠶᠢᠯᠠᠵᠤ᠂ ᠪᠥᠬᠦ ᠨᠡᠶᠢᠭᠡᠮ ᠢᠶᠠᠷ ᠢᠶᠠᠨ ᠰᠦᠯᠢᠶᠣᠣ | ᠪᠦᠷᠬᠦᠪᠴᠢ ᠶᠢ ᠰᠢᠨᠵᠢᠯᠡᠬᠦ ᠤᠬᠠᠭᠠᠨᠴᠢ ᠪᠠᠷ ᠬᠡᠷᠡᠭᠯᠡᠵᠦ ᠡᠭᠡᠭᠦᠯᠦᠨ ᠬᠤᠷᠢᠶᠠᠬᠤ ᠳᠤ ᠣᠷᠣᠯᠴᠠᠬᠤ ᠰᠠᠶᠢᠨ ᠰᠠᠶᠢᠬᠠᠨ | ᠠᠭᠤᠷ ᠠᠮᠢᠰᠬᠤᠯ ᠢ ᠪᠣᠶ ᠪᠣᠯᠭᠠᠨ᠎ᠠ᠃ | ᠬᠤᠳᠠᠯᠳᠤᠨ ᠠᠪᠴᠤ ᠬᠡᠷᠡᠭᠯᠡᠬᠦ ᠱᠠᠲᠤ ︵3 ᠳ᠋ᠤᠭᠠᠷ ᠰᠠᠷ᠎ᠠ ᠶᠢᠨ 15 ᠤ ᠡᠳᠦᠷ — 5 ᠳ᠋ᠤᠭᠠᠷ ᠰᠠᠷ᠎ᠠ ᠶᠢᠨ | ᠰᠡᠭᠦᠯᠴᠢ︶ | ᠲᠠᠷᠢᠶᠠᠴᠢᠨ ᠡᠷᠦᠬᠡ ᠰᠤᠮᠤ᠂ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤ ᠬᠦᠷᠴᠦ | ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠡᠵᠡᠩᠨᠡᠯᠲᠡ ᠶᠢᠨ ᠳᠡᠯᠭᠡᠭᠦᠷ ᠪᠤᠶᠤ ᠦᠢᠯᠡᠳᠪᠦᠷᠢ ᠶᠢᠨ ᠰᠢᠭᠤᠳ | ᠪᠣᠷᠣᠯᠠᠭᠤᠯᠬᠤ ᠴᠡᠭ ᠢ ᠵᠢᠭᠠᠨ ᠲᠣᠭᠲᠠᠭᠠᠵᠤ᠂ ᠳᠥᠰᠦᠯ ᠤᠨ ᠨᠥᠬᠦᠪᠦᠷᠢ ᠶᠢ ᠥᠨᠳᠥᠷ ᠬᠦᠴᠦᠯᠡᠴᠡ ᠲᠠᠢ | ᠰᠦᠯᠢᠶᠣᠣ ᠪᠦᠷᠬᠦᠪᠴᠢ ᠪᠠ ᠪᠦᠬᠦ ᠠᠮᠢᠳᠤ ᠪᠣᠳᠠᠰ ᠢ ᠵᠠᠳᠠᠷᠠᠭᠤᠯᠵᠤ ᠪᠣᠯᠬᠤ ᠰᠦᠯᠢᠶᠣᠣ ᠪᠦᠷᠬᠦᠪᠴᠢ ᠶᠢ | ᠬᠤᠳᠠᠯᠳᠤᠨ ᠠᠪᠬᠤ ᠶᠢᠨ ᠬᠠᠮᠲᠤ ᠳᠠᠩᠰᠠᠯᠠᠵᠤ᠂ ᠦᠯᠡᠳᠡᠭᠳᠡᠯ ᠪᠦᠷᠬᠦᠪᠴᠢ ᠶᠢ ᠲᠠᠷᠢᠶᠠᠨ ᠭᠠᠵᠠᠷ ᠠᠴᠠ ᠰᠠᠯᠭᠠᠬᠤ ᠶᠢ | ᠠᠮᠠᠯᠳᠠᠪᠠ᠃ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ᠲᠠᠷᠢᠶᠠᠯᠠᠩ ᠤᠨ | ᠰᠦᠯᠢᠶᠣᠣ ᠪᠦᠷᠬᠦᠪᠴᠢ ᠶᠢᠨ ᠵᠠᠬ᠎ᠠ ᠳᠡᠯᠭᠡᠭᠦᠷ ᠢ ᠲᠥᠪᠯᠡᠷᠡᠭᠦᠯᠦᠨ ᠲᠤᠰᠬᠠᠶ ᠴᠡᠭᠴᠡᠯᠡᠨ ᠵᠠᠰᠠᠬᠤ ᠠᠵᠢᠯ ᠢ | ᠥᠷᠨᠢᠭᠦᠯᠵᠦ᠂ ᠵᠤᠵᠠᠭᠠᠨ ᠨᠢ 0.01mm ᠠᠴᠠ ᠳᠣᠤᠷ᠎ᠠ ᠪᠠᠶᠢᠬᠤ ᠤᠯᠤᠰ ᠤᠨ ᠠᠯᠪᠠᠳᠠᠯᠭ᠎ᠠ ᠶᠢᠨ ᠴᠢᠨᠠᠷᠲᠠᠶ | ᠪᠠᠷᠢᠮᠵᠢᠶ᠎ᠠ ᠶᠢᠨ ᠪᠥᠭᠡᠭᠡᠨᠡᠷᠡᠯ ᠲᠠᠷᠢᠶᠠᠯᠠᠩ ᠳᠤ ᠬᠡᠷᠡᠭᠯᠡᠬᠦ ᠨᠢᠮᠭᠡᠨ ᠪᠦᠷᠬᠦᠭᠦᠯ ᠢ ᠴᠢᠩᠭ᠎ᠠ ᠪᠠᠶᠢᠴᠠᠭᠠᠨ ᠰᠢᠢᠳᠪᠦᠷᠢᠯᠡᠬᠦ | ᠬᠡᠷᠡᠭᠲᠡᠶ᠃ | ᠲᠥᠪᠯᠡᠷᠡᠭᠦᠯᠦᠨ ᠬᠤᠷᠢᠶᠠᠨ ᠠᠪᠬᠤ ᠱᠠᠲᠤ ᠦᠶ᠎ᠡ ︵10 ᠰᠠᠷ᠎ᠠ ᠶᠢᠨ ᠡᠬᠢᠯᠡᠬᠦ ᠦᠶᠡᠰ ᠠᠴᠠ 2024 | ᠣᠨ ᠤ ᠡᠬᠢ ᠪᠣᠯᠲᠠᠯ᠎ᠠ︶ | ᠡᠯ᠎ᠡ ᠰᠤᠮᠤ ᠪᠠᠯᠭᠠᠰᠤ ᠨᠢ ᠰᠦᠯᠢᠶᠣᠣ ᠪᠦᠷᠬᠦᠪᠴᠢ ᠶᠢ ᠳᠠᠷᠢᠵᠤ ᠪᠠᠶᠢᠭ᠎ᠠ ᠪᠠᠶᠢᠳᠠᠯ ᠲᠠᠢ ᠤᠶᠠᠯᠳᠤᠭᠤᠯᠤᠨ᠂ | ᠲᠠᠷᠢᠮᠠᠯ ᠤᠨ ᠡᠷᠦᠬᠡ᠂ ᠲᠠᠷᠢᠶᠠᠯᠠᠩ ᠤᠨ ᠮᠠᠰᠢᠨ ᠤ ᠲᠣᠮᠣ ᠡᠷᠦᠬᠡ᠂ ᠬᠤᠷᠰᠢᠶ᠎ᠠ ᠶᠢ ᠵᠣᠬᠢᠶᠠᠨ ᠪᠠᠶᠢᠭᠤᠯᠤᠨ | ᠰᠦᠯᠢᠶᠣᠣ ᠪᠦᠷᠬᠦᠪᠴᠢ ᠶᠢ ᠬᠤᠷᠢᠶᠠᠨ ᠠᠪᠬᠤ ᠠᠵᠢᠯ ᠢ ᠥᠷᠨᠢᠭᠦᠯᠬᠦ ᠬᠡᠷᠡᠭᠲᠡᠶ᠃ | ᠪᠠᠶᠢᠴᠠᠭᠠᠵᠤ ᠰᠢᠯᠭᠠᠨ ᠠᠪᠬᠤ ᠱᠠᠲᠤ ︵10 ᠰᠠᠷ᠎ᠠ ᠶᠢᠨ ᠰᠡᠭᠦᠯᠴᠢ ᠠᠴᠠ 2024 ᠣᠨ ᠤ ᠡᠬᠢ ᠪᠣᠯᠲᠠᠯ᠎ᠠ︶ | ᠡᠯ᠎ᠡ ᠰᠤᠮᠤ ᠪᠠᠯᠭᠠᠰᠤ ᠶᠢᠨ ᠬᠡᠷᠡᠭ ᠡᠷᠬᠢᠯᠡᠬᠦ ᠭᠠᠵᠠᠷ ᠨᠢ ᠦᠯᠡᠳᠡᠭᠳᠡᠯ ᠪᠦᠷᠬᠦᠪᠴᠢ ᠶᠢ ᠬᠤᠷᠢᠶᠠᠨ ᠠᠪᠬᠤ | ᠠᠵᠢᠯ ᠤᠨ ᠪᠣᠳᠠᠲᠠᠶ ᠰᠢᠯᠭᠠᠨ ᠠᠪᠬᠤ ᠠᠷᠭ᠎ᠠ ᠶᠢ ᠲᠣᠭᠲᠠᠭᠠᠬᠤ ᠶᠢᠨ ᠬᠠᠮᠲᠤ ᠣᠷᠳᠣ ᠬᠤᠭᠤᠴᠠᠭᠠᠨ ᠤ ᠪᠦᠲᠦᠮᠵᠢᠲᠡᠶ | ᠲᠣᠭᠲᠠᠴᠠ ᠶᠢ ᠪᠣᠶ ᠪᠣᠯᠭᠠᠬᠤ ᠬᠡᠷᠡᠭᠲᠡᠶ᠃ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠲᠦᠷᠦᠭᠦᠯᠡᠨ᠂ ᠬᠠᠮᠢᠶ᠎ᠠ | ᠪᠦᠬᠦᠢ ᠨᠢᠭᠡᠴᠡ ᠨᠦᠭᠦᠳ ᠪᠠᠶᠢᠴᠠᠭᠠᠵᠤ ᠰᠢᠯᠭᠠᠨ ᠠᠪᠬᠤ ᠳᠤᠭᠤᠶᠢᠯᠠᠩ ᠪᠠᠶᠢᠭᠤᠯᠵᠤ᠂ ᠦᠯᠡᠳᠡᠭᠳᠡᠯ ᠪᠦᠷᠬᠦᠪᠴᠢ ᠶᠢ | ᠬᠤᠷᠢᠶᠠᠨ ᠠᠪᠬᠤ ᠠᠵᠢᠯ ᠳᠤ ᠰᠤᠭᠤᠴᠢᠨ ᠪᠠᠶᠢᠴᠠᠭᠠᠵᠤ ᠰᠢᠯᠭᠠᠨ ᠠᠪᠴᠤ᠂ ᠰᠤᠭᠤᠴᠢᠨ ᠰᠢᠯᠭᠠᠭᠰᠠᠨ ᠲᠤᠭ᠎ᠠ | ᠬᠡᠮᠵᠢᠶ᠎ᠡ ᠨᠢ ᠶᠡᠷᠦᠩᠬᠡᠶ ᠲᠣᠭᠠᠨ ᠤ 10% ᠠᠴᠠ ᠳᠣᠤᠷ᠎ᠠ ᠦᠭᠡᠶ ᠪᠠᠶᠢᠵᠤ᠂ ᠰᠢᠯᠭᠠᠨ ᠠᠪᠤᠭᠰᠠᠨ ᠦᠷ᠎ᠡ ᠳ᠋ᠦᠩ ᠨᠢ | ᠲᠠᠷᠢᠶᠠᠨ ᠭᠠᠵᠠᠷ ᠤᠨ ᠬᠦᠴᠦᠨ ᠤ ᠬᠠᠮᠠᠭᠠᠯᠠᠯᠲᠠ ᠶᠢᠨ ᠨᠥᠬᠦᠪᠥᠷᠢ ᠪᠠᠯᠠ ᠮᠥᠩᠭᠦ ᠣᠯᠭᠤᠬᠤ ᠦᠨᠳᠦᠰᠦᠯᠡᠯ | ᠪᠣᠯᠭᠠᠨ᠎ᠠ᠃ | ᠳᠦᠷᠪᠡ᠂ ᠨᠥᠬᠦᠪᠥᠷᠢ ᠣᠯᠭᠤᠬᠤ ᠡᠲᠡᠭᠡᠳ ᠪᠠ ᠨᠥᠬᠦᠪᠥᠷᠢ ᠥᠭᠬᠦ ᠪᠠᠷᠢᠮᠵᠢᠶ᠎ᠠ | ︵ᠨᠢᠭᠡ︶ ᠨᠥᠬᠦᠪᠥᠷᠢ ᠣᠯᠭᠤᠬᠤ ᠡᠲᠡᠭᠡᠳ᠄ ᠲᠣᠭᠲᠠᠭᠠᠯ ᠳᠤ ᠨᠡᠶᠢᠴᠡᠬᠦ ᠰᠦᠯᠢᠶᠣᠣ ᠪᠦᠷᠬᠦᠪᠴᠢ ᠶᠢ | ᠬᠤᠳᠠᠯᠳᠤᠨ ᠠᠪᠴᠤ ᠬᠡᠷᠡᠭᠯᠡᠭᠰᠡᠨ ᠲᠠᠷᠢᠶᠠᠴᠢᠨ ᠡᠷᠦᠬᠡ᠂ ᠬᠤᠷᠰᠢᠶ᠎ᠠ ᠪᠠ ᠬᠠᠮᠢᠶ᠎ᠠ ᠪᠥᠬᠦᠶ ᠠᠵᠤ ᠠᠬᠤᠶᠢᠯᠠᠯ | ︵ᠬᠤᠶᠠᠷ︶ ᠨᠥᠬᠦᠪᠥᠷᠢ ᠥᠭᠬᠦ ᠪᠠᠷᠢᠮᠵᠢᠶ᠎ᠠ᠄ ᠰᠦᠯᠢᠶᠣᠣ ᠪᠦᠷᠬᠦᠪᠴᠢ ᠶᠢᠨ ᠨᠥᠬᠦᠪᠥᠷᠢ ᠶᠢᠨ ᠪᠠᠷᠢᠮᠵᠢᠶ᠎ᠠ ᠶᠢ | 25 ᠲᠥᠭᠦᠷᠢᠭ / ᠮᠥ᠂ ᠵᠢᠦ ᠶᠤᠸᠠᠨ ᠲᠣᠭᠤᠷᠢᠭ ᠤᠨ ᠨᠥᠬᠦᠪᠥᠷᠢ ᠶᠢᠨ ᠲᠠᠯᠠᠪᠠᠶ ᠶᠢ 10 ᠲᠦᠮᠡᠨ ᠮᠥ᠂ | ᠨᠥᠬᠦᠪᠥᠷᠢ ᠶᠢᠨ ᠪᠠᠯᠠ ᠮᠥᠩᠭᠦ 250 ᠲᠦᠮᠡᠨ ᠲᠥᠭᠦᠷᠢᠭ︔ ᠪᠥᠬᠦ ᠠᠮᠢᠳᠤ ᠪᠣᠳᠠᠰ ᠤᠨ ᠵᠠᠳᠠᠷᠠᠯᠲᠠ ᠶᠢᠨ | ᠰᠦᠯᠢᠶᠣᠣ ᠪᠦᠷᠬᠦᠪᠴᠢ ᠶᠢᠨ ᠮᠥ ᠪᠦᠷᠢ ᠳᠤ ᠨᠥᠬᠦᠪᠥᠷᠢ ᠥᠭᠬᠦ ᠪᠠᠷᠢᠮᠵᠢᠶ᠎ᠠ ᠶᠢ 120 ᠲᠥᠭᠦᠷᠢᠭ / ᠮᠥ᠂ ᠵᠢᠦ | ᠶᠤᠸᠠᠨ ᠲᠣᠭᠤᠷᠢᠭ ᠤᠨ ᠨᠥᠬᠦᠪᠥᠷᠢ ᠶᠢᠨ ᠲᠠᠯᠠᠪᠠᠶ ᠶᠢ 2.5 ᠲᠦᠮᠡᠨ ᠮᠥ᠂ ᠨᠥᠬᠦᠪᠥᠷᠢ ᠶᠢᠨ ᠪᠠᠯᠠ ᠮᠥᠩᠭᠦ ᠶᠢ | 300 ᠲᠦᠮᠡᠨ ᠲᠥᠭᠦᠷᠢᠭ᠃ ᠬᠤᠶᠠᠷ ᠵᠦᠢᠯ ᠳᠤ ᠨᠡᠶᠢᠲᠡ 550 ᠲᠦᠮᠡᠨ ᠲᠥᠭᠦᠷᠢᠭ ᠤᠨ ᠨᠥᠬᠦᠪᠥᠷᠢ ᠮᠥᠩᠭᠦ | ᠣᠯᠭᠤᠪᠠ᠃ | ᠡᠭᠦᠨ ᠤ ᠬᠠᠮᠲᠤ ᠲᠠᠷᠢᠶᠠᠨ ᠭᠠᠵᠠᠷ ᠤᠨ ᠭᠠᠵᠠᠷ ᠤᠨ ᠬᠦᠴᠦᠨ ᠤ ᠬᠠᠮᠠᠭᠠᠯᠠᠯᠲᠠ ᠶᠢᠨ ᠨᠥᠬᠦᠪᠥᠷᠢ ᠶᠢᠨ | ᠲᠤᠷᠰᠢᠯᠲᠠ ᠶᠢᠨ ᠴᠡᠭ᠄ 10 ᠲᠦᠮᠡᠨ ᠮᠥ ᠵᠤᠵᠠᠭᠠᠨ ᠥᠨᠳᠥᠷ ᠬᠦᠴᠦᠯᠡᠴᠡ ᠲᠠᠢ ᠰᠦᠯᠢᠶᠣᠣ ᠪᠦᠷᠬᠦᠭᠦᠯ ᠳᠤ ᠮᠥ | ᠪᠦᠷᠢ ᠳᠤ 15 ᠲᠥᠭᠦᠷᠢᠭ ᠨᠥᠬᠦᠪᠥᠷᠢ ᠥᠭᠴᠦ᠂ ᠵᠢᠱᠢᠯᠲᠡ ᠪᠠᠷ 150 ᠲᠦᠮᠡᠨ ᠲᠥᠭᠦᠷᠢᠭ ᠤᠨ ᠨᠥᠬᠦᠪᠥᠷᠢ | ᠥᠭᠭᠦᠨ᠎ᠡ᠃ 1 ᠲᠦᠮᠡᠨ ᠮᠥ ᠰᠢᠷ᠎ᠠ ᠪᠤᠷᠴᠠᠭ ᠡᠷᠳᠡᠨᠢ ᠰᠢᠰᠢ ᠶᠢ ᠪᠦᠰᠡᠯᠢᠭ ᠬᠡᠯᠪᠡᠷᠢ ᠪᠠᠷ ᠬᠤᠯᠢᠯᠳᠤᠭᠤᠯᠤᠨ | ᠳᠠᠷᠢᠬᠤ ᠶᠢᠨ ᠬᠠᠮᠲᠤ ᠪᠥᠬᠦ ᠠᠮᠢᠳᠤ ᠪᠣᠳᠠᠰ ᠤᠨ ᠵᠠᠳᠠᠷᠠᠯᠲᠠ ᠶᠢᠨ ᠰᠦᠯᠢᠶᠣᠣ ᠪᠦᠷᠬᠦᠪᠴᠢ ᠶᠢ ᠬᠡᠷᠡᠭᠯᠡᠭᠰᠡᠨ ᠮᠥ | ᠪᠦᠷᠢ ᠳᠤ 48 ᠲᠥᠭᠦᠷᠢᠭ ᠤᠨ ᠨᠥᠬᠦᠪᠥᠷᠢ ᠥᠭᠴᠦ᠂ ᠵᠢᠱᠢᠯᠲᠡ ᠪᠠᠷ 48 ᠲᠦᠮᠡᠨ ᠲᠥᠭᠦᠷᠢᠭ ᠤᠨ ᠨᠥᠬᠦᠪᠥᠷᠢ | ᠥᠭᠭᠦᠨ᠎ᠡ︔ 0.5 ᠲᠦᠮᠡᠨ ᠮᠥ ᠳᠤ ᠪᠤᠰᠤᠳ ᠲᠠᠷᠢᠮᠠᠯ ᠲᠠᠷᠢᠬᠤ ᠶᠢᠨ ᠬᠠᠮᠲᠤ ᠪᠥᠬᠦ ᠠᠮᠢᠳᠤ ᠪᠣᠳᠠᠰ ᠤᠨ | ᠵᠠᠳᠠᠷᠠᠯᠲᠠ ᠶᠢᠨ ᠰᠦᠯᠢᠶᠣᠣ ᠪᠦᠷᠬᠦᠪᠴᠢ ᠶᠢ ᠬᠡᠷᠡᠭᠯᠡᠭᠰᠡᠨ ᠳᠤ ᠨᠡᠮᠡᠵᠦ ᠨᠥᠬᠦᠪᠥᠷᠢ ᠮᠥ ᠳᠤ 24 ᠲᠥᠭᠦᠷᠢᠭ | ᠥᠭᠴᠦ᠂ ᠵᠢᠱᠢᠯᠲᠡ ᠪᠠᠷ 12 ᠲᠦᠮᠡᠨ ᠲᠥᠭᠦᠷᠢᠭ ᠤᠨ ᠨᠥᠬᠦᠪᠥᠷᠢ ᠥᠭᠭᠦᠨ᠎ᠡ᠃ ᠨᠥᠬᠦᠪᠦᠷᠢ ᠶᠢᠨ ᠪᠡᠯᠡ | ᠮᠥᠩᠭᠦ ᠶᠢ ᠨᠡᠶᠢᠲᠡ 222 ᠲᠦᠮᠡᠨ ᠲᠥᠭᠦᠷᠢᠭ ᠨᠡᠮᠡᠵᠦ ᠣᠷᠣᠭᠤᠯᠬᠤ ᠪᠠᠷ ᠵ᠊ | |