ᠪᠤᠭᠤᠲᠤ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠢᠦ ᠶᠤᠸᠠᠨ ᠬᠤᠪᠢᠶᠠᠷᠢ ᠲᠣᠪᠴᠢᠶ᠎ᠠ ︽ᠠᠵᠢᠯ ᠰᠠᠯᠬᠢᠨ ᠤ ᠬᠠᠯᠠᠭᠤᠨ ᠤᠲᠠᠰᠤ︾ ᠳᠤ ᠣᠷᠣᠯᠴᠠᠪᠠ
ᠨᠡᠶᠢᠲᠡᠯᠡᠭᠰᠡᠨ ᠴᠠᠭ᠄
2023/3/29
ᠴᠠᠭ᠄ 2023.03.29ᠬᠦᠨᠳᠦᠲᠦ ᠵᠣᠴᠢᠨ᠄ ᠵᠢᠦ ᠶᠤᠸᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠺᠣᠮᠢᠰᠰᠠᠷ ᠰᠢᠶᠧ ᠵᠢᠶᠦ᠋ᠨ ᠬᠤᠩᠲᠣᠪᠴᠢᠯᠠᠪᠠᠯ᠄ ᠪᠤᠭᠤᠲᠤ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠢᠦ ᠶᠤᠸᠠᠨ ᠬᠤᠪᠢᠶᠠᠷᠢ ᠲᠣᠪᠴᠢᠶ᠎ᠠ《ᠠᠵᠢᠯ ᠰᠠᠯᠬᠢᠨ ᠤ ᠬᠠᠯᠠᠭᠤᠨ ᠤᠲᠠᠰᠤ》 ᠳᠤ ᠣᠷᠤᠯᠴᠠᠪᠠᠤᠯᠤᠰ ᠲᠦᠷᠦ ᠶᠢᠨ ᠭᠡᠰᠢᠭᠦᠨ ᠰᠢᠶᠧ ᠵᠢᠶᠦ᠋ᠨ ᠬᠤᠩ᠄    ᠬᠥᠲᠥᠯᠥᠭᠴᠢ ᠰᠠᠶᠢᠨ ᠤᠤ᠂ ᠰᠤᠨᠤᠰᠤᠬᠴᠢᠳ ᠰᠠᠶᠢᠨ ᠪᠠᠶᠢᠵᠠᠭᠠᠨ᠎ᠠ ᠤᠣ︕    ᠪᠢ ᠪᠣᠯ ᠵᠢᠤ ᠶᠤᠸᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠦᠷᠦ ᠶᠢᠨ ᠭᠡᠰᠢᠭᠦᠨ ᠰᠢᠶᠧ ᠵᠢᠶᠦ᠋ᠨ ᠬᠤᠩ ᠪᠣᠯᠤᠨ᠎ᠠ᠃ ᠵᠢᠤ ᠶᠤᠸᠠᠨ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠨᠠᠮ ᠤᠨ ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ ᠱᠠᠨ ᠵᠢᠶᠧ ᠠᠵᠢᠯ ᠤᠨ ᠰᠢᠯᠲᠠᠭᠠᠨ ᠠᠴᠠ ᠪᠣᠯᠵᠣ  ᠲᠤᠬᠠᠶ ᠶᠢᠨ ᠲᠠᠯᠠᠪᠤᠷ ᠲᠤ ᠬᠦᠷᠴᠦ ᠳᠡᠶᠢᠯᠬᠦ ᠥᠬᠡᠶ ᠪᠣᠯᠬᠤᠷ ᠲᠤᠰᠬᠠᠶᠢᠯᠠᠨ ᠨᠠᠳᠠ ᠳᠤ ᠥᠨᠥᠳᠦᠷ ᠤᠨ ︽ᠠᠵᠢᠯ ᠰᠠᠯᠬᠢᠨ ᠤ ᠬᠠᠯᠠᠭᠤᠨ ᠤᠲᠠᠰᠤ︾ ᠳᠤ ᠣᠷᠣᠯᠴᠠᠬᠤ ᠶᠢ ᠨᠠᠶᠢᠳᠠᠪᠠ᠃ ᠥᠨᠥᠳᠦᠷ ᠪᠢ ᠬᠠᠮᠲᠤ ᠠᠵᠢᠯᠯᠠᠭᠰᠠᠳ ᠲᠠᠢ ᠪᠠᠨ ᠰᠢᠭᠤᠳ ᠨᠡᠪᠲᠡᠷᠡᠭᠦᠯᠭᠡ ᠶᠢᠨ ᠲᠠᠰᠤᠭ ᠲᠤ ᠣᠴᠢᠬᠤ ᠳᠠᠭᠠᠨ ᠶᠠᠭᠤᠨ ᠤ ᠡᠮᠦᠨ᠎ᠡ ᠰᠤᠨᠤᠰᠤᠭᠴᠢᠳ ᠤᠨ ᠵᠢᠦ ᠶᠤᠸᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢ ᠬᠠᠯᠠᠮᠵᠢᠯᠠᠨ ᠳᠡᠮᠵᠢᠭᠰᠡᠭᠡᠷ ᠢᠷᠡᠭᠰᠡᠨ ᠳᠤ ᠲᠠᠯᠠᠷᠬᠠᠶ᠎ᠠ᠂ ᠪᠠᠰᠠ ︽ᠠᠵᠢᠯ ᠰᠠᠯᠬᠢᠨ ᠤ ᠬᠠᠯᠠᠭᠤᠨ ᠤᠲᠠᠰᠤ︾ ᠪᠤᠯᠤᠩ ᠨᠢ ᠵᠢᠦ ᠶᠤᠸᠠᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠳᠤ ᠰᠤᠨᠤᠰᠤᠭᠴᠢᠳ ᠲᠠᠢ ᠰᠠᠨᠠᠯ ᠢᠶᠠᠨ ᠰᠣᠯᠢᠯᠴᠠᠬᠤ᠂ ᠨᠡᠪᠲᠡᠷᠡᠯᠴᠡᠬᠦ ᠲᠠᠪᠴᠠᠩ ᠬᠠᠩᠭᠠᠭᠰᠠᠨ ᠳᠤ ᠲᠠᠯᠠᠷᠬᠠᠶ᠎ᠠ᠃ ᠥᠷᠭᠡᠨ ᠤᠯᠠᠨ ᠰᠤᠨᠤᠰᠤᠭᠴᠢᠳ ᠤᠨ ᠪᠢᠳᠡᠨ ᠤ ᠠᠮᠤᠷ ᠠᠮᠤᠭᠤᠯᠠᠩ ᠵᠢᠤ ᠶᠤᠸᠠᠨ ᠢ ᠪᠦᠳᠦᠭᠡᠨ ᠪᠠᠶᠢᠭᠤᠯᠵᠤ᠂ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠬᠤ᠂ ᠠᠷᠠᠳ ᠤᠯᠠᠨ ᠳᠤ ᠦᠢᠯᠡᠴᠢᠯᠡᠬᠦ᠂ ᠡᠩᠨᠡᠭᠡᠨ ᠤ ᠪᠠᠶᠢᠭᠤᠯᠤᠯᠲᠠ ᠵᠡᠷᠭᠡ ᠲᠠᠯ᠎ᠠ ᠪᠠᠷ ᠡᠷᠬᠢᠮ ᠨᠠᠨᠳᠢᠨ ᠰᠠᠨᠠᠯ ᠳᠤᠷᠠᠳᠬᠤ ᠶᠢ ᠪᠠᠶᠠᠷᠯᠠᠨ ᠤᠭᠲᠤᠵᠤ ᠪᠠᠶᠢᠨ᠎ᠠ᠃ ᠪᠢᠳᠡ ᠦᠷᠭᠦᠯᠵᠢᠯᠡᠨ ᠠᠵᠢᠯ ᠤᠨ ᠳᠤᠮᠳᠠᠬᠢ ᠵᠥᠷᠢᠶ᠎ᠡ ᠪᠠ ᠬᠦᠷᠦᠯᠴᠡᠬᠦ ᠥᠬᠡᠶ ᠲᠠᠯ᠎ᠠ ᠪᠠᠨ ᠴᠢᠷᠮᠠᠶᠢᠨ ᠨᠥᠬᠦᠪᠥᠷᠢᠯᠡᠵᠦ᠂ ︽ᠲᠠᠨ ᠤ ᠰᠡᠳᠬᠢᠯ ᠬᠠᠨᠤᠮᠵᠢᠲᠠᠶ ᠪᠠᠶᠢᠬᠤ ᠶᠢ ᠪᠠᠲᠤᠯᠠᠵᠤ︾ ᠬᠠᠤᠯᠢ ᠪᠠᠷ ᠵᠠᠰᠠᠭᠰᠠᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠪᠥᠬᠦ ᠬᠦᠴᠦᠨ ᠢᠶᠠᠷ ᠢᠶᠠᠨ ᠪᠣᠶ ᠪᠣᠯᠭᠠᠨ᠎ᠠ᠃     ᠳᠣᠲᠣᠭᠠᠳᠤ ᠶᠢ ᠬᠠᠮᠠᠭᠠᠯᠠᠬᠤ ᠭᠤᠣᠯ ᠠᠵᠢᠯ    2022 ᠣᠨ ᠠᠴᠠ ᠨᠠᠰᠢ᠂ ᠵᠢᠦ ᠶᠤᠸᠠᠨ ᠤ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠨᠠᠮ ᠤᠨ ᠬᠤᠷᠢᠶ᠎ᠠ ᠨᠢ ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ ᠪᠠ ᠬᠤᠲᠠ ᠶᠢᠨ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠵᠥᠪ ᠣᠨᠣᠪᠴᠢᠲᠠᠶ ᠤᠳᠤᠷᠢᠳᠤᠯᠭ᠎ᠠ ᠳᠣᠣᠷ᠎ᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠪᠦᠬᠦ ᠲᠠᠯ᠎ᠠ ᠶᠢᠨ ᠠᠷᠠᠳ ᠤᠨ ᠴᠠᠭᠳᠠᠭ᠎ᠠ᠂ ᠲᠤᠰᠠᠯᠠᠬᠤ ᠴᠠᠭᠳᠠᠭ᠎ᠠ ᠶᠢ ᠪᠦᠯᠬᠦᠮᠳᠡᠭᠦᠯᠦᠨ ᠳᠠᠭᠠᠭᠤᠯᠵᠤ᠂ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠴᠦ ᠴᠡᠭᠴᠡᠯᠡᠨ ᠵᠠᠰᠠᠨ᠂ ᠤᠯᠠᠨ ᠨᠡᠶᠢᠲᠡ ᠶᠢᠨ ᠠᠮᠤᠷ ᠲᠦᠪᠰᠢᠨ ᠪᠠ ᠠᠮᠢ ᠠᠬᠤᠢ ᠶᠢᠨ ᠠᠮᠤᠷ ᠲᠦᠪᠰᠢᠨ ᠢ ᠬᠠᠮᠠᠭᠠᠯᠠᠬᠤ᠂ ᠬᠠᠤᠯᠢᠵᠢᠯ ᠤᠨ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠵᠡᠷᠭᠡ ᠲᠠᠯ᠎ᠠ ᠪᠠᠷ ᠦᠷᠭᠦᠯᠵᠢᠯᠡᠨ ᠲᠡᠮᠡᠴᠡᠵᠦ᠂ ᠵᠢᠤ ᠶᠤᠸᠠᠨ ᠲᠣᠭᠤᠷᠢᠭ ᠤᠨ ᠤᠯᠤᠰ ᠲᠦᠷᠦ ᠨᠡᠶᠢᠭᠡᠮ ᠤᠨ ᠶᠡᠭᠡ ᠲᠠᠯ᠎ᠠ ᠶᠢᠨ ᠦᠷᠭᠦᠯᠵᠢᠯᠡᠨ ᠠᠮᠤᠷ ᠲᠣᠭᠲᠠᠭᠤᠨ ᠪᠠᠶᠢᠬᠤ ᠶᠢ ᠬᠦᠴᠦᠲᠡᠢ ᠬᠠᠮᠠᠭᠠᠯᠠᠪᠠ᠃ ᠬᠤᠪᠢᠶᠠᠷᠢ ᠲᠣᠪᠴᠢᠶ᠎ᠠ ᠨᠢ ᠳᠣᠲᠣᠭᠠᠳᠤ ᠶᠢ ᠬᠠᠮᠠᠭᠠᠯᠠᠬᠤ ᠲᠢᠩᠬᠢᠮ ᠳᠤ ︽ᠪᠥᠬᠦ ᠲᠣᠭᠤᠷᠢᠭ ᠤᠨ ᠰᠢᠯᠢᠳᠡᠭ ᠳᠣᠲᠣᠭᠠᠳᠤ ᠶᠢ ᠬᠠᠮᠠᠭᠠᠯᠠᠬᠤ ᠲᠣᠪᠴᠢᠶ᠎ᠠ︾ ᠪᠠᠷ ᠬᠥᠬᠢᠭᠦᠯᠦᠭᠳᠡᠵᠦ᠂ ᡁᠢ ᠰᠢᠩ ᠵᠠᠮ ᠤᠨ ᠲᠣᠮᠢᠯᠠᠭᠰᠠᠨ ᠰᠠᠯᠪᠤᠷᠢ ᠳᠣᠲᠣᠭᠠᠳᠤ ᠶᠢ ᠬᠠᠮᠠᠭᠠᠯᠠᠬᠤ ᠶᠠᠮᠤᠨ ᠳᠤ ︽ᠪᠥᠬᠦ ᠤᠯᠤᠰ ᠤᠨ ᠰᠢᠯᠢᠳᠡᠭ ᠦᠨᠳᠦᠰᠦᠨ ᠱᠠᠲᠤᠨ ᠤ ᠨᠢᠭᠡᠴᠡ︾ ᠪᠠᠷ ᠦᠨᠡᠯᠡᠭᠳᠡᠵᠦ᠂ ᠠᠭᠠᠷᠤᠳᠠᠢ ᠰᠤᠮᠤ ᠶᠢᠨ ᠲᠣᠮᠢᠯᠠᠭᠰᠠᠨ ᠰᠠᠯᠪᠤᠷᠢ ᠶᠢᠨ ᠳᠠᠷᠤᠭ᠎ᠠ ᠮᠠ ᠴᠦᠨ ᠢᠦᠶ ᠶᠢ ᠲᠥᠪ ᠤᠨ ᠤᠬᠠᠭᠤᠯᠬᠤ ᠬᠡᠯᠲᠡᠰ᠂ ᠳᠣᠲᠣᠭᠠᠳᠤ ᠶᠢ ᠬᠠᠮᠠᠭᠠᠯᠠᠬᠤ ᠶᠠᠮᠤᠨ ᠬᠠᠮᠲᠤᠷᠠᠨ ︽ᠪᠥᠬᠦ ᠤᠯᠤᠰ ᠤᠨ ᠬᠠᠮᠤᠭ ᠤᠨ ᠭᠤᠶᠣ ᠦᠨᠳᠦᠰᠦᠨ ᠱᠠᠲᠤᠨ ᠤ ᠠᠷᠠᠳ ᠤᠨ ᠴᠠᠭᠳᠠᠭ᠎ᠠ︾ ᠪᠠᠷ ᠬᠥᠬᠢᠭᠦᠯᠦᠨ ᠰᠠᠶᠢᠰᠢᠶᠠᠵᠤ᠂ ᠲᠤᠰᠠᠯᠠᠬᠤ ᠴᠠᠭᠳᠠᠭ᠎ᠠ ᠱᠣᠤ ᠰᠢᠤᠢ ᠴᠢᠶᠠᠩ ᠳᠣᠲᠣᠭᠠᠳᠤ ᠶᠢ ᠬᠠᠮᠠᠭᠠᠯᠠᠬᠤ ᠲᠢᠩᠬᠢᠮ ᠳᠤ ︽ᠤᠮᠠᠷᠠᠲᠤ ᠬᠢᠯᠢ ᠶᠢ ᠳᠣᠭᠳᠣᠯᠤᠭᠤᠯᠤᠭᠰᠠᠨ · ᠬᠠᠮᠤᠭ ᠤᠨ ᠭᠤᠶᠣ ᠲᠤᠰᠠᠯᠠᠬᠤ ᠴᠠᠭᠳᠠᠭ᠎ᠠ︾ ᠪᠠᠷ ᠦᠨᠡᠯᠡᠭᠳᠡᠪᠡ᠃    ᠴᠣᠬᠢᠯᠲᠠ ᠥᠭᠴᠦ ᠰᠡᠷᠭᠡᠶᠢᠯᠡᠨ ᠵᠠᠰᠠᠬᠤ ᠶᠢ ᠨᠠᠩ ᠪᠥᠬᠦ ᠲᠠᠯ᠎ᠠ ᠪᠠᠷ ᠬᠦᠴᠦᠨ ᠲᠠᠢ ᠪᠣᠯᠭᠠᠪᠠ᠃ 2022 ᠣᠨ ᠳᠤ᠂ ᠡᠯ᠎ᠡ ᠲᠥᠷᠥᠯ ᠤᠨ ᠡᠷᠡᠭᠦᠦ ᠶᠢᠨ ᠬᠡᠷᠡᠭ ᠠᠳᠠᠯᠢ ᠬᠤᠭᠤᠴᠠᠭᠠᠨ ᠤ ᠬᠢ ᠠᠴᠠ 21.34% ᠪᠠᠭᠤᠷᠠᠵᠤ᠂ ᠬᠡᠷᠡᠭ ᠢ ᠢᠯᠡᠷᠡᠭᠦᠯᠦᠭᠰᠡᠨ ᠨᠢ ᠠᠳᠠᠯᠢ ᠬᠤᠭᠤᠴᠠᠭᠠᠨ ᠤ ᠬᠢ ᠠᠴᠠ 32.03% ᠨᠡᠮᠡᠭᠳᠡᠵᠦ᠂ 256 ᠬᠥᠮᠦᠨ ᠳᠤ ᠴᠣᠬᠢᠯᠲᠠ ᠥᠭᠴᠦ ᠰᠢᠢᠳᠪᠦᠷᠢᠯᠡᠨ᠂ ᠰᠦᠯᠵᠢᠶᠡᠨ ᠳᠡᠭᠡᠷ᠎ᠡ ᠤᠷᠭᠤᠭᠰᠠᠨ 42 ᠬᠡᠷᠡᠭᠲᠡᠨ ᠢ ᠪᠠᠷᠢᠪᠴᠢᠯᠠᠪᠠ᠃ ᠴᠠᠬᠢᠯᠭᠠᠨ ᠬᠤᠯᠪᠣᠭ᠎ᠠ ᠰᠦᠯᠵᠢᠶ᠎ᠡ ᠪᠠᠷ ᠮᠡᠬᠡᠯᠡᠭᠰᠡᠨ ᠬᠡᠷᠡᠭ ᠢ 85 ᠲᠠᠩᠨᠠᠨ ᠢᠯᠡᠷᠡᠭᠦᠯᠵᠦ᠂ ᠶᠠᠯ᠎ᠠ ᠬᠢᠭᠰᠡᠨ ᠰᠡᠵᠢᠭᠳᠡᠨ ᠢ 173 ᠪᠠᠷᠢᠪᠴᠢᠯᠠᠪᠠ᠃ ︽ᠬᠤᠶᠠᠷ ᠪᠤᠯᠢᠶᠠᠯᠳᠤᠨ ᠨᠢᠭᠡ ᠬᠤᠯᠠᠭᠠᠶᠢᠯᠠᠬᠤ︾ ᠬᠡᠷᠡᠭ ᠢ 56 ᠢᠯᠡᠷᠡᠭᠦᠯᠵᠦ᠂ 28 ᠶᠠᠯ᠎ᠠ ᠬᠢᠭᠰᠡᠨ ᠰᠡᠵᠢᠭᠳᠡᠨ ᠢ ᠪᠠᠷᠢᠪᠴᠢᠯᠠᠪᠠ᠃ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ ᠮᠡᠬᠡᠯᠡᠯ ᠢ ᠡᠰᠡᠷᠭᠦᠴᠡᠬᠦ ᠤᠬᠠᠭᠤᠯᠭ᠎ᠠ ᠶᠢᠨ ᠠᠵᠢᠯᠯᠠᠭ᠎ᠠ ᠶᠢ ᠬᠡᠪ ᠤᠨ ᠪᠠᠶᠢᠳᠠᠯ ᠢᠶᠠᠷ ᠥᠷᠨᠢᠭᠦᠯᠵᠦ᠂ 7 ᠲᠣᠮᠢᠯᠠᠭᠰᠠᠨ ᠰᠠᠯᠪᠤᠷᠢ ᠶᠢᠨ 96 ᠨᠡᠶᠢᠭᠡᠮ ᠲᠣᠭᠤᠷᠢᠭ ᠤᠨ ᠠᠷᠠᠳ ᠤᠨ ᠴᠠᠭᠳᠠᠭ᠎ᠠ 642 ᠨᠡᠶᠢᠭᠡᠮ ᠲᠣᠭᠤᠷᠢᠭ ᠪᠠ ᠨᠡᠶᠢᠭᠡᠮ ᠲᠣᠭᠤᠷᠢᠭ ᠤᠨ ᠠᠳᠠᠯ ᠠᠬᠤᠶ ᠶᠢᠨ ᠸᠢᠴᠠᠲ ᠤᠨ ᠪᠦᠯᠦᠭᠯᠡᠯ ᠳᠤ ᠣᠷᠣᠵᠤ᠂ ᠡᠳᠦᠷ ᠪᠦᠷᠢ ᠮᠡᠬᠡᠯᠡᠯ ᠢ ᠡᠰᠡᠷᠭᠦᠴᠡᠬᠦ ᠤᠬᠠᠭᠤᠯᠭ᠎ᠠ ᠶᠢᠨ ᠵᠢᠵᠢᠭ ᠸᠢᠳᠢᠣ᠋᠂ ᠮᠡᠬᠡᠯᠡᠯ ᠢ ᠡᠰᠡᠷᠭᠦᠴᠡᠬᠦ ᠶᠡᠷᠦ ᠶᠢᠨ ᠮᠡᠳᠡᠯᠭᠡ ᠶᠢ ᠬᠦᠷᠭᠡᠵᠦ᠂ ᠰᠠᠭᠤᠭᠠᠯᠢ ᠠᠷᠠᠳ ᠤᠨ ᠲᠣᠭᠤᠷᠢᠭ ᠤᠨ ᠠᠰᠠᠷ ᠨᠢᠭᠡᠪᠦᠷᠢ ᠳᠤ ᠮᠡᠬᠡᠯᠡᠯ ᠢ ᠡᠰᠡᠷᠭᠦᠴᠡᠬᠦ ᠤᠬᠠᠭᠤᠯᠭ᠎ᠠ ᠶᠢᠨ ᠵᠠᠷᠯᠠᠯ ᠤᠨ ᠫᠠᠶᠢᠰᠠ ᠨᠠᠭᠠᠵᠤ᠂ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠡᠭᠦᠰᠦᠭᠰᠡᠨ ᠬᠡᠷᠡᠭ ᠠᠳᠠᠯᠢ ᠬᠤᠭᠤᠴᠠᠭᠠᠨ ᠤ ᠬᠢ ᠠᠴᠠ 29.74% ᠪᠠᠷ ᠪᠠᠭᠤᠷᠠᠵᠤ᠂ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ ᠴᠠᠭᠳᠠᠭᠠᠨ ᠤ ᠪᠠᠶᠢᠳᠠᠯ ᠢ ᠬᠦᠴᠦᠲᠡᠶ ᠳᠠᠷᠤᠵᠤ᠂ ᠠᠷᠠᠳ ᠣᠯᠠᠨ ᠤ ᠡᠳ᠋ ᠬᠥᠷᠥᠩᠭᠡ ᠶᠢᠨ ᠠᠮᠤᠷ ᠲᠦᠪᠰᠢᠨ ᠢ ᠬᠠᠮᠠᠭᠠᠯᠠᠪᠠ᠃    ᠣᠯᠠᠨ ᠨᠡᠶᠢᠲᠡ ᠶᠢᠨ ᠠᠮᠤᠷ ᠲᠦᠪᠰᠢᠨ ᠪᠠ ᠠᠮᠢ ᠠᠬᠤᠶ ᠶᠢᠨ ᠠᠮᠤᠷ ᠲᠦᠪᠰᠢᠨ ᠤ ᠬᠤᠷᠢᠭ᠎ᠠ ᠱᠤᠭᠤᠮ ᠢ ᠨᠠᠩ ᠪᠠᠲᠤ ᠪᠣᠶ ᠪᠣᠯᠭᠠᠵᠠᠢ᠄ ︽ᠬᠤᠶᠠᠷ ᠢ ᠴᠡᠪᠡᠷᠯᠡᠵᠦ ᠬᠤᠶᠠᠷ ᠢ ᠡᠵᠡᠮᠳᠡᠬᠦ︾᠂ ︽ᠭᠤᠷᠪᠠ ᠶᠢ ᠪᠠᠶᠢᠴᠠᠭᠠᠵᠤ ᠨᠢᠭᠡ ᠶᠢ ᠡᠵᠡᠮᠳᠡᠬᠦ︾᠂ ︽ᠱᠠᠯᠢᠭ ᠵᠠᠪᠬᠠᠶ ᠵᠦᠢᠯᠡᠰ ᠢ ᠠᠷᠢᠯᠭᠠᠵᠤ ᠳᠡᠯᠪᠡᠷᠡᠯᠲᠡ ᠶᠢ ᠵᠠᠰᠠᠬᠤ︾᠂ ︽ᠠᠮᠤᠷ ᠲᠦᠪᠰᠢᠨ ᠤ ᠶᠡᠭᠡ ᠪᠠᠶᠢᠴᠠᠭᠠᠯᠲᠠ᠂ ᠳᠠᠯᠳᠠ ᠬᠡᠮ ᠢ ᠶᠡᠬᠡᠪᠡᠷ ᠵᠢᠭᠰᠠᠭᠠᠨ ᠪᠠᠶᠢᠴᠠᠭᠠᠬᠤ︾ ᠵᠡᠷᠭᠡ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠪᠠᠷᠠᠭᠤᠨ ᠣᠷᠣᠨ ᠤ ᠠᠭᠤᠯᠠ ᠠᠭᠤᠷᠬᠠᠶ ᠳᠤ ᠬᠤᠯᠪᠣᠭᠳᠠᠭᠰᠠᠨ ᠳᠡᠯᠪᠡᠷᠡᠯᠲᠡ ᠳᠤ ᠬᠤᠯᠪᠣᠭᠳᠠᠭᠰᠠᠨ ᠳᠠᠯᠳᠠ ᠬᠡᠮ ᠢ ᠪᠠᠶᠢᠩᠭᠤ ᠲᠣᠭᠤᠷᠢᠨ ᠪᠠᠶᠢᠴᠠᠭᠠᠵᠤ ᠴᠡᠭᠴᠡᠯᠡᠨ ᠵᠠᠰᠠᠵᠤ᠂ ᠳᠡᠯᠪᠡᠷᠡᠯᠲᠡ ᠳᠤ ᠬᠤᠯᠪᠣᠭᠳᠠᠭᠰᠠᠨ ᠶᠢᠰᠦᠨ ᠪᠠᠭ᠎ᠠ ᠲᠠᠯᠠᠪᠤᠷ ᠭᠠᠵᠠᠷ ᠢ 3607 ᠤᠳᠠᠭ᠎ᠠ ᠪᠠᠶᠢᠴᠠᠭᠠᠵᠤ᠂ 1285 ᠠᠮᠤᠷ ᠲᠦᠪᠰᠢᠨ ᠤ ᠳᠠᠯᠳᠠ ᠬᠡᠮ ᠢ ᠢᠯᠡᠷᠡᠭᠦᠯᠦᠨ ᠰᠢᠮᠳᠠᠭᠤᠯᠵᠤ ᠪᠠᠶᠢᠭᠠᠳ ᠴᠡᠭᠴᠡᠯᠡᠨ ᠰᠠᠶᠢᠵᠢᠷᠠᠭᠤᠯᠵᠤ᠂ ᠡᠯ᠎ᠡ ᠲᠥᠷᠥᠯ ᠤᠨ ᠵᠥᠷᠢᠴᠡᠯ ᠵᠢᠭᠤᠷᠠᠯᠳᠤᠭᠠᠨ ᠢ 319 ᠵᠢᠭᠰᠠᠭᠠᠨ ᠪᠠᠶᠢᠴᠠᠭᠠᠵᠤ ᠠᠷᠢᠯᠭᠠᠨ᠂ ᠣᠯᠠᠨ ᠨᠡᠶᠢᠲᠡ ᠶᠢᠨ ᠠᠮᠤᠷ ᠲᠦᠪᠰᠢᠨ ᠪᠠ ᠠᠮᠢ ᠠᠬᠤᠶ ᠶᠢᠨ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠪᠠ᠃    ᠬᠠᠤᠯᠢᠵᠢᠯ ᠤᠨ ᠡᠵᠡᠩᠨᠡᠯᠲᠡ ᠶᠢᠨ ᠣᠷᠴᠢᠨ ᠲᠣᠭᠤᠷᠢᠨ ᠤᠯᠠᠮ ᠰᠢᠯᠢᠳᠡᠭᠵᠢᠪᠡ᠄ ︽ᠲᠠᠨ ᠤ ᠰᠠᠨᠠᠭ᠎ᠠ ᠠᠮᠤᠷ ᠪᠠᠶᠢᠬᠤ ᠶᠢ ᠳᠠᠭᠠᠭᠠᠴᠢᠯᠠᠬᠤ︾ ᠬᠠᠤᠯᠢᠵᠢᠯ ᠤᠨ ᠡᠵᠡᠩᠨᠡᠯᠲᠡ ᠶᠢᠨ ᠣᠷᠴᠢᠨ ᠲᠣᠭᠤᠷᠢᠨ ᠢ ᠪᠣᠶ ᠪᠣᠯᠭᠠᠬᠤ ᠶᠢᠨ ᠲᠣᠭᠤᠷᠢᠨ ᠳᠤ᠂ ᠬᠤᠲᠠ᠂ ᠲᠣᠭᠤᠷᠢᠭ ᠬᠤᠶᠠᠷ ᠱᠠᠲᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ︽ᠬᠤᠶᠠᠷ ᠢ ᠡᠯᠰᠡᠵᠦ ᠬᠤᠶᠠᠷ ᠢ ᠲᠠᠲᠠᠵᠤ ᠨᠢᠭᠡ ᠶᠢ ᠰᠢᠯᠢᠳᠡᠭᠵᠢᠭᠦᠯᠬᠦ︾ ᠬᠤᠷᠠᠯ ᠤᠨ ᠵᠣᠷᠢᠭ ᠰᠠᠨᠠᠭ᠎ᠠ ᠶᠢ ᠢᠳᠡᠪᠬᠢᠲᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠵᠢᠦ ᠶᠤᠸᠠᠨ ᠲᠣᠭᠤᠷᠢᠭ ᠤᠨ ᠬᠤᠪᠢᠶᠠᠷᠢ ᠲᠣᠪᠴᠢᠶ᠎ᠠ ᠶᠢᠨ ︽︿ᠲᠠᠨ ᠤ ᠰᠠᠨᠠᠭ᠎ᠠ ᠠᠮᠤᠷ ᠪᠠᠶᠢᠬᠤ ᠶᠢ ᠳᠠᠭᠠᠭᠠᠴᠢᠯᠠᠬᠤ﹀ ᠬᠠᠤᠯᠢᠵᠢᠯ ᠤᠨ ᠡᠵᠡᠩᠨᠡᠯᠲᠡ ᠶᠢᠨ ᠣᠷᠴᠢᠨ ᠲᠣᠭᠤᠷᠢᠨ ᠤ ᠬᠤᠷᠢᠨ ᠵᠦᠶ᠋ᠯ ᠤᠨ ᠠᠷᠭ᠎ᠠ ᠬᠡᠮᠵᠢᠶ᠎ᠡ︾ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ 11ᠵᠦᠢᠯ ᠤᠨ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ᠃ ᠴᠠᠭᠳᠠᠭ᠎ᠠ ᠪᠠ ᠠᠵᠤ ᠠᠬᠤᠶᠢᠯᠠᠯ ᠤᠨ ᠬᠠᠷᠢᠯᠴᠠᠬᠤ ᠲᠦᠷᠢᠮ ᠢ ᠪᠠᠶᠢᠭᠤᠯᠵᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠴᠠᠭᠳᠠᠭ᠎ᠠ ᠪᠠ ᠠᠵᠤ ᠠᠬᠤᠶᠢᠯᠠᠯ ᠤᠨ ᠶᠠᠷᠢᠯᠴᠠᠬᠤ ᠬᠤᠷᠠᠯ ᠢ ᠬᠤᠷᠠᠯᠳᠤᠭᠤᠯᠵᠤ᠂ ᠠᠵᠤ ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠪᠠ ᠬᠦᠴᠢᠷᠳᠡᠯ ᠢ ᠴᠠᠭ ᠲᠤᠬᠠᠶ ᠳᠤᠨᠢ ᠴᠤᠭᠯᠠᠭᠤᠯᠵᠤ᠂ ᠬᠠᠷᠢᠭᠤ ᠥᠭᠴᠦ᠂ ᠰᠢᠢᠳᠪᠤᠷᠢᠯᠡᠨ᠎ᠡ᠃ ᠬᠤᠪᠢᠶᠠᠷᠢ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠭᠡᠰᠢᠭᠦᠨ ᠭᠤᠣᠯᠳᠠᠯᠭ᠎ᠠ ᠲᠠᠢ ᠠᠵᠤ ᠠᠬᠤᠶᠢᠯᠠᠯ ᠢ ᠳᠠᠭᠠᠭᠠᠴᠢᠯᠠᠨ ᠬᠤᠯᠪᠣᠭᠠᠯᠠᠬᠤ ᠲᠣᠭᠲᠠᠴᠠ ᠶᠢ ᠪᠠᠶᠢᠭᠤᠯᠵᠤ᠂ ᠨᠠᠮ ᠤᠨ ᠬᠤᠷᠢᠶ᠎ᠠ ᠶᠢᠨ ᠤᠳᠤᠷᠢᠳᠬᠤ ᠪᠠᠭ ᠤᠨ ᠪᠦᠷᠢᠯᠳᠦᠬᠦᠨ ᠨᠠᠭᠠᠳᠤ ᠵᠠᠬ᠎ᠠ ᠳᠠᠭᠠᠨ 5 ᠠᠵᠤ ᠠᠬᠤᠶᠢᠯᠠᠯ ᠲᠠᠢ ᠬᠠᠷᠢᠯᠴᠠᠵᠤ᠂ ᠠᠵᠤ ᠠᠬᠤᠶᠢᠯᠠᠯ ᠳᠤ ᠬᠤᠯᠪᠣᠭᠳᠠᠭᠰᠠᠨ 1 ᠭᠤᠣᠯᠳᠠᠯᠭ᠎ᠠ ᠲᠠᠢ ᠬᠡᠷᠡᠭ ᠢ ᠠᠩᠬᠠᠷᠤᠨ ᠰᠢᠢᠳᠪᠤᠷᠢᠯᠡᠪᠡ ᠃ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠶᠢ ᠠᠵᠤ ᠠᠬᠤᠶᠢᠯᠠᠯ ᠲᠠᠢ ᠬᠤᠯᠪᠣᠭᠳᠠᠭᠤᠯᠤᠨ ᠬᠠᠷᠢᠯᠴᠠᠬᠤ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠬᠦᠴᠢᠷᠳᠡᠯ ᠢ ᠰᠢᠢᠳᠪᠤᠷᠢᠯᠡᠵᠣ᠂ ᠲᠥᠷᠥ ᠶᠢᠨ ᠪᠣᠳᠣᠯᠭ᠎ᠠ ᠶᠢᠨ ᠵᠥᠪᠯᠡᠯᠭᠡ ᠥᠭᠬᠦ ᠵᠡᠷᠭᠡ ᠠᠵᠢᠯ ᠤᠨ ᠦᠢᠯᠡᠴᠢᠯᠡᠭᠡᠨ ᠤ ᠵᠦᠢᠯᠡᠰ ᠢ ︽ᠬᠡᠷ ᠲᠤᠨᠢ ᠬᠦᠷᠴᠦ ᠰᠢᠢᠳᠪᠤᠷᠢᠯᠡᠬᠦ︾ ᠠᠵᠢᠯᠯᠠᠭ᠎ᠠ ᠶᠢ ᠥᠷᠭᠡᠨ ᠢᠶᠠᠷ ᠥᠷᠨᠢᠭᠦᠯᠦᠨ᠎ᠡ᠃ ︽ᠳᠥᠭᠦᠮᠴᠢᠯᠡᠨ ᠭᠦᠢᠴᠡᠳᠭᠡᠬᠦ᠂ ᠣᠶᠢᠷ᠎ᠠ ᠬᠠᠪᠢ ᠳᠠᠭᠠᠨ ᠭᠦᠢᠴᠡᠳᠭᠡᠬᠦ᠂ ᠥᠪᠡᠰᠦᠪᠡᠨ ᠭᠦᠢᠴᠡᠳᠭᠡᠬᠦ᠂ ᠰᠦᠯᠵᠢᠶᠡᠨ ᠳᠡᠭᠡᠷ᠎ᠡ ᠭᠦᠢᠴᠡᠳᠭᠡᠬᠦ᠂ ᠵᠢᠷᠤᠮᠵᠢᠭᠤᠯᠤᠨ ᠭᠦᠢᠴᠡᠳᠭᠡᠬᠦ ᠂ ᠤᠷᠢᠳᠴᠢᠯᠠᠨ ᠪᠣᠯᠵᠣᠵᠤ ᠭᠦᠢᠴᠡᠳᠭᠡᠬᠦ᠂ ᠳᠠᠷᠦ᠋ᠢᠬᠠᠨ ᠭᠦᠢᠴᠡᠳᠭᠡᠬᠦ᠂ ᠲᠤᠬᠠᠶ ᠶᠢᠨ ᠲᠠᠯᠠᠪᠤᠷ ᠲᠤᠨᠢ ᠭᠦᠢᠴᠡᠳᠭᠡᠬᠦ᠂ ᠨᠢᠭᠡ ᠴᠣᠩᠬᠤ ᠪᠠᠷ ᠭᠦᠢᠴᠡᠳᠭᠡᠬᠦ᠂ ᠲᠠᠨ ᠢ ᠬᠠᠪᠰᠤᠷᠤᠨ ᠭᠦᠢᠴᠡᠳᠭᠡᠬᠦ︾ ᠳᠤ ᠰᠠᠭᠤᠷᠢᠯᠠᠨ᠂ ᠠᠷᠠᠳ ᠲᠤ ᠲᠥᠬᠦᠮ ᠦᠵᠡᠭᠦᠯᠵᠦ ᠠᠵᠤ ᠠᠬᠤᠶᠢᠯᠠᠯ ᠳᠤ ᠠᠰᠢᠭ ᠬᠦᠷᠲᠡᠭᠡᠬᠦ ᠲᠠᠪᠤᠨ ᠵᠦᠢᠯ ᠤᠨ ︽ᠳᠣᠲᠣᠨᠣ︾ ᠦᠢᠯᠡᠴᠢᠯᠡᠭᠡ ᠶᠢ ᠭᠠᠷᠭᠠᠨ᠎ᠠ᠃ ᠠᠵᠤ ᠠᠬᠤᠶᠢᠯᠠᠯ ᠳᠤ ᠬᠤᠯᠪᠣᠭᠳᠠᠭᠰᠠᠨ ᠬᠡᠷᠡᠭ ᠢ ᠲᠦᠷᠭᠡᠨ ᠪᠠᠶᠢᠴᠠᠭᠠᠵᠤ ᠲᠦᠷᠭᠡᠨ ᠢᠯᠡᠷᠡᠭᠦᠯᠵᠦ᠂ ᠴᠠᠭᠳᠠᠭᠠᠨ ᠤ ᠶᠠᠪᠤᠳᠠᠯ ᠤᠨ ᠲᠠᠰᠤᠭ ᠢ ᠠᠵᠤ ᠦᠢᠯᠡᠳᠪᠤᠷᠢ ᠶᠢᠨ ᠬᠦᠷᠢᠶᠡᠯᠡᠩ ᠲᠣᠭᠤᠷᠢᠭ ᠲᠤ ᠰᠢᠯᠵᠢᠭᠦᠯᠦᠨ ᠰᠠᠭᠤᠯᠭᠠᠪᠠ᠃ 11 ᠲᠣᠭᠤᠷᠢᠨ ᠴᠠᠭᠳᠠᠬᠤ ᠠᠩᠭᠢ ᠶᠢ ᠵᠣᠬᠢᠶᠠᠨ ᠪᠠᠶᠢᠭᠤᠯᠵᠤ᠂ ︽ᠳᠥᠷᠪᠡᠨ ᠰᠦᠯᠵᠢᠶ᠎ᠡ ᠶᠢ ᠨᠡᠶᠢᠯᠡᠭᠦᠯᠬᠦ︾ ︵ᠨᠡᠶᠢᠭᠡᠮ ᠲᠣᠭᠤᠷᠢᠭ ᠤᠨ ᠠᠵᠤ ᠠᠬᠤᠶᠢᠯᠠᠯ ᠤᠨ ᠲᠣᠭᠤᠷᠢᠨ ᠰᠡᠷᠭᠡᠶᠢᠯᠡᠬᠦ ᠰᠦᠯᠵᠢᠶ᠎ᠡ᠂ ᠵᠡᠭᠡᠯᠢ ᠳᠡᠭᠡᠷᠡᠬᠢ ᠲᠣᠭᠤᠷᠢᠨ ᠡᠵᠡᠮᠳᠡᠬᠦ ᠰᠦᠯᠵᠢᠶ᠎ᠡ᠂ ᠠᠭᠠᠷ ᠤᠨ ᠣᠷᠣᠨ ᠤ ᠲᠣᠭᠤᠷᠢᠨ ᠪᠠᠶᠢᠴᠠᠭᠠᠬᠤ ᠰᠦᠯᠵᠢᠶ᠎ᠡ᠂ ᠬᠠᠷᠠᠭᠠᠨ ᠳᠠᠪᠲᠠᠮᠵᠢ ᠶᠢᠨ ᠲᠣᠭᠤᠷᠢᠨ ᠪᠠᠶᠢᠴᠠᠭᠠᠬᠤ ᠰᠦᠯᠵᠢᠶ᠎ᠡ︶᠂ ︽ᠳᠥᠷᠪᠡᠨ ᠣᠳᠣᠬᠢᠴᠢᠯᠠᠯᠲᠠ ᠶᠢ ᠬᠠᠮᠵᠢᠯᠴᠠᠭᠤᠯᠬᠤ︾ ︵ᠲᠣᠤᠷᠵᠢᠭᠤᠯᠬᠤ᠂ ᠤᠶᠤᠨᠵᠢᠭᠤᠯᠬᠤ᠂ ᠪᠣᠰᠤᠭ᠎ᠠ ᠴᠤᠭᠴᠠᠵᠢᠭᠤᠯᠬᠤ᠂ ᠵᠢᠷᠤᠮᠵᠢᠭᠤᠯᠬᠤ︶ ᠰᠢᠨ᠎ᠡ ᠬᠡᠯᠪᠡᠷᠢ ᠶᠢᠨ ᠲᠣᠭᠤᠷᠢᠨ ᠡᠵᠡᠮᠳᠡᠬᠦ ᠴᠠᠭᠳᠠᠭᠠᠨ ᠤ ᠶᠠᠪᠤᠳᠠᠯ ᠤᠨ ᠵᠠᠭᠪᠤᠷ ᠢ ᠬᠡᠷᠡᠭᠵᠢᠭᠦᠯᠵᠦ᠂ ᠵᠡᠭᠡᠯᠢ ᠳᠡᠭᠡᠷᠡᠬᠢ ᠴᠠᠭᠳᠠᠭᠠᠨ ᠤ ᠶᠠᠪᠤᠳᠠᠯ ᠤᠨ ᠨᠣᠷᠮ᠎ᠠ᠂ ᠬᠡᠷᠡᠭ ᠶᠠᠪᠤᠳᠠᠯ ᠢ ᠬᠠᠮᠢᠶᠠᠷᠬᠤ ᠨᠣᠷᠮ᠎ᠠ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠠᠮᠤᠷ ᠲᠦᠪᠰᠢᠨ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠂ ᠲᠥᠪ ᠭᠤᠤᠯᠴᠢ ᠰᠢᠳᠤᠷᠭᠤ ᠶᠣᠰᠣᠨ ᠤ ᠬᠠᠤᠯᠢ ᠪᠠᠷ ᠵᠠᠰᠠᠬᠤ ᠣᠷᠴᠢᠨ ᠲᠣᠭᠤᠷᠢᠨ ᠪᠠ ᠴᠢᠨᠠᠷ ᠰᠠᠶᠢᠲᠠᠶ ᠥᠨᠳᠥᠷ ᠪᠦᠲᠦᠮᠵᠢᠲᠡᠶ ᠦᠢᠯᠡᠴᠢᠯᠡᠭᠡᠨ ᠤ ᠣᠷᠴᠢᠨ ᠲᠣᠭᠤᠷᠢᠨ ᠢ ᠪᠥᠬᠦ ᠬᠦᠴᠦᠨ ᠢᠶᠠᠷ ᠢᠶᠠᠨ ᠪᠣᠶ ᠪᠣᠯᠭᠠᠨ᠎ᠠ᠃ ᠢᠯᠠᠩᠭᠤᠶ᠎ᠠ ᠴᠠᠬᠢᠯᠭᠠᠨ ᠮᠠᠰᠢᠨ ᠬᠤᠯᠠᠭᠠᠶᠢᠯᠠᠭᠰᠠᠨ ᠬᠡᠷᠡᠭ ᠢ 18 ᠢᠯᠡᠷᠡᠭᠦᠯᠵᠦ᠂ ᠠᠵᠤ ᠠᠬᠤᠶᠢᠯᠠᠯ ᠳᠤ ᠬᠤᠯᠪᠣᠭᠳᠠᠭᠰᠠᠨ ᠬᠤᠯᠠᠭᠠᠶᠢᠯᠠᠭᠰᠠᠨ ᠬᠡᠷᠡᠭ ᠢ 6 ᠢᠯᠡᠷᠡᠭᠦᠯᠵᠦ᠂ ᠪᠣᠯᠪᠠᠰᠤᠷᠠᠭᠤᠯᠤᠭᠰᠠᠨ ᠴᠢᠯᠠᠭᠤᠨ ᠲᠣᠰᠣ ᠶᠢ ᠬᠠᠤᠯᠢ ᠪᠤᠰᠤ ᠪᠠᠷ ᠪᠣᠷᠣᠯᠠᠭᠤᠯᠤᠭᠰᠠᠨ ᠬᠡᠷᠡᠭ ᠢ 4 ᠢᠯᠡᠷᠡᠭᠦᠯᠵᠦ᠂ ᠠᠵᠤ ᠠᠬᠤᠶᠢᠯᠠᠯ ᠤᠨ ᠠᠰᠢᠭ ᠲᠤᠰᠠ ᠶᠢ ᠬᠤᠬᠢᠷᠠᠭᠤᠯᠤᠭᠰᠠᠨ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠦᠴᠦᠲᠡᠶ ᠴᠣᠬᠢᠯᠲᠠ ᠥᠭᠴᠦ᠂ ᠵᠢᠦ ᠶᠤᠸᠠᠨ ᠲᠣᠭᠤᠷᠢᠭ ᠤᠨ ᠠᠵᠤ ᠠᠬᠤᠶᠢᠯᠠᠯ ᠳᠤ ᠠᠮᠤᠷ ᠲᠦᠪᠰᠢᠨ᠂ ᠡᠮᠬᠢ ᠵᠢᠷᠤᠮ ᠲᠠᠢ ᠬᠥᠭᠵᠢᠯᠲᠡ ᠶᠢᠨ ᠣᠷᠴᠢᠨ ᠨᠥᠬᠦᠴᠡᠯ ᠢ ᠪᠣᠶ ᠪᠣᠯᠭᠠᠵᠤ ᠥᠭᠭᠦᠭᠰᠡᠨ ᠪᠠᠶᠢᠨ᠎ᠠ᠃    2023 ᠣᠨ ᠳᠤ᠂ ᠪᠢᠳᠡ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠤᠬᠠᠭᠤᠯᠵᠤ ᠲᠤᠤᠱᠯᠠᠭᠤᠯᠬᠤ ᠪᠣᠯᠤᠨ᠎ᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ᠤᠯᠤᠰ ᠲᠦᠷᠦ ᠶᠢᠨ ᠠᠮᠤᠷ ᠲᠦᠪᠰᠢᠨ ᠢ ᠡᠷᠡᠰ ᠬᠠᠮᠠᠭᠠᠯᠠᠵᠤ᠂ ᠨᠡᠶᠢᠭᠡᠮ ᠤᠨ ᠲᠣᠭᠲᠠᠭᠤᠨ ᠢ ᠬᠠᠮᠠᠭᠠᠯᠠᠵᠤ᠂ ᠠᠷᠠᠳ ᠲᠦᠮᠡᠨ ᠤ ᠠᠮᠤᠷ ᠲᠣᠭᠲᠠᠭᠤᠨ ᠢ ᠪᠠᠲᠤᠯᠠᠵᠤ᠂ ᠨᠡᠩ ᠥᠨᠳᠥᠷ ᠲᠦᠪᠰᠢᠨ ᠪᠦᠬᠦᠢ ᠠᠮᠤᠷ ᠠᠮᠤᠭᠤᠯᠠᠩ ᠵᠢᠤ ᠶᠤᠸᠠᠨ᠂ ᠬᠠᠤᠯᠢᠵᠢᠯ ᠤᠨ ᠵᠢᠤ ᠶᠤᠸᠠᠨ᠂ ᠠᠮᠤᠷ ᠲᠦᠪᠰᠢᠨ ᠲᠣᠭᠲᠠᠭᠤᠨ ᠬᠤᠷᠢᠭ᠎ᠠ ᠱᠤᠭᠤᠮ ᠢ ᠪᠠᠲᠤ ᠰᠠᠬᠢᠵᠤ᠂ ︽ᠰᠡᠳᠬᠢᠯ ᠬᠠᠨᠤᠮᠵᠢᠲᠠᠢ ᠪᠠᠶᠢᠬᠤ ᠶᠢ ᠳᠠᠭᠠᠭᠠᠬᠤ︾ ᠬᠠᠤᠯᠢᠵᠢᠯ ᠤᠨ ᠡᠵᠡᠩᠨᠡᠯᠲᠡ ᠶᠢᠨ ᠣᠷᠴᠢᠨ ᠲᠣᠭᠤᠷᠢᠨ ᠢ ᠪᠦᠬᠦ ᠬᠦᠴᠦᠨ ᠢᠶᠠᠷ ᠢᠶᠠᠨ ᠪᠤᠢ ᠪᠣᠯᠭᠠᠵᠤ᠂ ᠳᠣᠲᠣᠭᠠᠳᠤ ᠶᠢ ᠬᠠᠮᠠᠭᠠᠯᠠᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠪᠠᠷ ᠨᠡᠶᠢᠭᠡᠮ ᠵᠢᠷᠤᠮ ᠤᠨ ᠣᠳᠣᠬᠢᠴᠢᠯᠠᠯᠲᠠ ᠶᠢᠨ ᠰᠢᠨ᠎ᠡ ᠶᠢᠰᠦᠨ ᠶᠤᠸᠠᠨ ᠤ ᠪᠦᠳᠦᠭᠡᠨ ᠪᠠᠶᠢᠭᠤᠯᠤᠯᠲᠠ ᠶᠢ ᠪᠠᠲᠤᠯᠠᠬᠤ ᠬᠡᠷᠡᠭᠲᠡᠢ᠃    ᠢᠯᠡ ᠪᠠᠷ ᠬᠢᠨᠠᠯᠲᠠ ᠲᠠᠯᠪᠢᠬᠤ ᠤᠲᠠᠰᠤ᠄ 0472 — 7166419 
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号