ᠵᠢᠥ ᠶᠤᠸᠠᠨ ᠲᠣᠭᠤᠷᠢᠭ ᠤᠨ ᠵᠠᠰᠠᠭ ᠤᠨ ᠣᠷᠳᠣᠨ ᠤ 2023 ᠣᠨ ᠤ ᠬᠤᠶᠠᠳᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/3/31
 2023 ᠣᠨ ᠤ 3 ᠰᠠᠷ᠎ᠠ ᠶᠢᠨ 30᠎ ᠤ ᠡᠳᠦᠷ ᠲᠣᠭᠤᠷᠢᠭ ᠤᠨ ᠵᠠᠰᠠᠭ ᠤᠨ ᠣᠷᠳᠣᠨ ᠬᠤᠶᠠᠳᠤᠭᠠᠷ ᠤᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠭᠤᠯᠪᠠᠨᠢᠭᠡ᠂ ᠬᠤᠷᠠᠯ ᠤᠨ ᠭᠤᠣᠯᠳᠠᠯᠭ᠎ᠠ    ︽ᠵᠢᠥ ᠶᠤᠸᠠᠨ ᠲᠣᠭᠤᠷᠢᠭ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠠᠵᠢᠯ ᠤᠨ ᠲᠥᠰᠦᠯ︾᠎ ᠤᠨ ᠬᠤᠯᠪᠣᠭᠳᠠᠯ ᠪᠥᠬᠦᠶ ᠵᠦᠢᠯᠡᠰ ᠢ ᠰᠤᠳᠤᠯᠪᠠ᠃ᠬᠤᠷᠠᠯ ᠤᠨ ᠠᠭᠤᠯᠭ᠎ᠠᠬᠤᠷᠠᠯ ᠤᠨ ᠵᠠᠷᠴᠢᠮ    ︵ᠨᠢᠭᠡ︶ ᠬᠤᠷᠠᠯ ᠠᠴᠠ ︽ᠵᠢᠥ ᠶᠤᠸᠠᠨ ᠲᠣᠭᠤᠷᠢᠭ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠠᠵᠢᠯ ᠤᠨ ᠲᠥᠰᠦᠯ︾᠎ ᠢ ᠵᠠᠷᠴᠢᠮ ᠳᠡᠭᠡᠷ᠎ᠡ ᠪᠠᠨ ᠵᠥᠪᠰᠢᠶᠡᠷᠡᠵᠦ᠂ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢ ᠬᠤᠷᠠᠯ ᠤᠨ ᠰᠠᠨᠠᠯ ᠤᠨ ᠶᠣᠰᠣᠭᠠᠷ ᠤᠯᠠᠮ ᠨᠢᠭᠡ ᠠᠯᠬᠤᠮ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠴᠧᠨ ᠪᠢᠩ ᠲᠣᠭᠤᠷᠢᠭ ᠤᠨ ᠳᠡᠳ᠋ ᠳᠠᠷᠤᠭ᠎ᠠ ᠪᠠᠷ ᠬᠠᠷᠢᠭᠤᠴᠠᠭᠤᠯᠤᠭᠰᠠᠨ ᠤ ᠳᠠᠷᠠᠭ᠎ᠠ᠂ ᠠᠯᠢ ᠲᠦᠷᠭᠡᠨ ᠢᠶᠠᠷ ᠳᠠᠷᠤᠮᠠᠯᠯᠠᠨ ᠲᠠᠷᠬᠠᠭᠠᠵᠤ ᠬᠡᠷᠡᠭᠵᠢᠭᠦᠯᠪᠡ᠃    ︵ᠬᠤᠶᠠᠷ︶ ᠬᠤᠷᠠᠯ ᠠᠴᠠ ᠱᠠᠭᠠᠷᠳᠠᠭᠰᠠᠨ ᠨᠢ᠂ ᠨᠢᠭᠡ ᠳᠤ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠬᠦ ᠬᠡᠷᠡᠭᠲᠡᠢ᠃ ᠡᠯ᠎ᠡ ᠬᠠᠷᠢᠭᠤᠴᠠᠯᠭᠠᠲᠤ ᠨᠢᠭᠡᠴᠡ ᠨᠦᠭᠦᠳ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠶᠢᠨ ᠴᠢᠬᠤᠯᠠ ᠴᠢᠨᠠᠷ ᠪᠠ ᠵᠠᠶᠢᠯᠠᠰᠢ ᠥᠬᠡᠶ ᠴᠢᠨᠠᠷ ᠢ ᠭᠦᠢᠴᠡᠳ ᠲᠠᠨᠢᠵᠤ᠂ ︽ᠠᠵᠢᠯ ᠤᠨ ᠲᠥᠰᠦᠯ︾᠎ ᠳᠠᠬᠢ ᠡᠯ᠎ᠡ ᠵᠦᠢᠯ ᠤᠨ ᠡᠭᠦᠳᠦᠨ ᠪᠠᠶᠢᠭᠤᠯᠬᠤ ᠡᠭᠦᠷᠭᠡ ᠶᠢ ᠲᠣᠪᠤᠶᠢᠮ᠎ᠠ ᠪᠠᠶᠢᠷᠢᠨ ᠳᠤ ᠲᠠᠯᠪᠢᠵᠤ᠂ ᠰᠤᠳᠤᠯᠤᠨ ᠪᠠᠶᠢᠷᠢᠯᠠᠭᠤᠯᠬᠤ ᠪᠠᠨ ᠴᠢᠩᠭᠠᠳᠬᠠᠨ᠂ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠡᠯ᠎ᠡ ᠵᠦᠢᠯ ᠤᠨ ᠠᠵᠢᠯ ᠤᠨ ᠡᠮᠬᠢ ᠵᠢᠷᠤᠮ ᠲᠠᠢ ᠠᠬᠢᠭᠤᠯᠬᠤ᠂ ᠪᠣᠳᠠᠲᠤ ᠦᠷ᠎ᠡ ᠪᠦᠲᠦᠮᠵᠢ ᠤᠯᠬᠤ ᠶᠢ ᠦᠨᠡᠨᠬᠦ ᠪᠠᠲᠤᠯᠠᠵᠤ᠂ ᠵᠢᠯᠣᠭᠤᠳᠬᠤ ᠭᠠᠵᠠᠷ ᠤᠨ ᠠᠯᠪᠠᠨ ᠬᠡᠷ ᠭᠤᠤᠯᠳᠠᠯᠭ᠎ᠠ ᠲᠠᠢ ᠠᠵᠢᠯ ᠤᠨ ᠲᠣᠭᠤᠷᠢᠨ ᠳᠤ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠪᠠᠨ ᠴᠢᠩᠭᠠᠳᠬᠠᠨ᠂ ᠴᠠᠭ ᠤᠨ ᠳᠠᠷᠠᠭᠠᠯᠠᠯ ᠤᠨ ᠠᠬᠢᠴᠠ ᠪᠠᠷ ᠬᠢᠨᠠᠨ ᠵᠢᠯᠣᠭᠤᠳᠴᠤ ᠪᠠᠶᠢᠴᠠᠭᠠᠬᠤ ᠪᠠᠨ ᠴᠢᠩᠭᠠᠳᠬᠠᠵᠤ᠂ ᠲᠣᠭᠲᠠᠮᠠᠯ ᠬᠤᠭᠤᠴᠠᠭ᠎ᠠ ᠲᠠᠢ ᠪᠠᠷ ᠵᠠᠷᠯᠠᠨ ᠮᠡᠳᠡᠭᠳᠡᠵᠦ᠂ ︽ᠠᠵᠢᠯ ᠤᠨ ᠲᠥᠰᠦᠯ︾᠎ ᠤᠨ ᠡᠯ᠎ᠡ ᠵᠦᠢᠯ ᠤᠨ ᠡᠭᠦᠷᠭᠡ ᠶᠢ ᠴᠠᠭ ᠲᠤᠬᠠᠶ ᠳᠤᠨᠢ ᠪᠡᠶᠡᠯᠡᠭᠦᠯᠬᠦ ᠶᠢ ᠦᠨᠡᠨᠬᠦ ᠠᠬᠢᠭᠤᠯᠬᠤ ᠬᠡᠷᠡᠭᠲᠡᠶ᠃ ᠬᠤᠶᠠᠷ ᠲᠤ᠂ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠨᠠᠷᠢᠯᠢᠭᠵᠢᠭᠤᠯᠤᠨ᠎ᠠ᠃ ᠡᠯ᠎ᠡ ᠬᠠᠷᠢᠭᠤᠴᠠᠯᠭᠠᠲᠤ ᠨᠢᠭᠡᠴᠡ ᠨᠦᠭᠦᠳ ᠲᠦᠷᠦᠭᠦᠯᠡᠨ ᠶᠡᠷᠦᠩᠬᠡᠶ ᠨᠠᠶᠢᠳᠠᠪᠤᠷᠢᠵᠢᠭᠤᠯᠤᠯᠲᠠ ᠶᠢ ᠠᠳᠬᠤᠬᠤ ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠵᠦ᠂ ᠳᠥᠷᠪᠡᠨ ᠴᠢᠬᠤᠯᠠ ᠪᠦᠬᠦᠢ ᠨᠥᠬᠦᠴᠡᠯ ᠳᠤ ᠬᠦᠷᠦᠭᠰᠡᠨ ᠰᠠᠭᠤᠷᠢᠨ ᠳᠡᠭᠡᠷ᠎ᠡ᠂ ᠡᠯ᠎ᠡ ᠵᠦᠢᠯ ᠤᠨ ᠰᠢᠯᠭᠠᠨ ᠦᠨᠡᠯᠡᠬᠦ ᠭᠦᠢᠴᠡᠳᠬᠡᠯ ᠲᠤᠭ᠎ᠠ ᠲᠠᠢ ᠬᠠᠷᠢᠴᠠᠭᠤᠯᠤᠨ᠂ ᠡᠭᠦᠷᠭᠡ ᠶᠢᠨ ᠵᠠᠳᠠᠯᠤᠯᠲᠠ ᠶᠢ ᠦᠳᠲᠡᠷ ᠲᠦᠷᠭᠡᠨ ᠬᠢᠵᠦ᠂ ᠬᠠᠷᠢᠭᠤᠴᠠᠯᠭᠠᠲᠤ ᠺᠠᠳ᠋ᠷ᠂ ᠬᠠᠷᠢᠭᠤᠴᠠᠯᠭᠠᠲᠠᠨ ᠢ ᠲᠣᠳᠣᠷᠬᠠᠶᠢᠯᠠᠨ᠂ ᠪᠣᠳᠠᠲᠠᠶ ᠠᠵᠢᠯ ᠤᠨ ᠲᠥᠯᠥᠪᠯᠡᠭᠡ ᠪᠠ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠬᠢᠨᠠᠮᠠᠭᠠᠶ ᠰᠤᠳᠤᠯᠤᠨ ᠲᠣᠭᠲᠠᠭᠠᠵᠤ᠂ ᠡᠭᠦᠳᠦᠨ ᠪᠠᠶᠢᠭᠤᠯᠬᠤ ᠠᠵᠢᠯ ᠤᠨ ᠰᠠᠨᠠᠭᠠᠴᠢᠯᠠᠭᠠᠲᠤ ᠴᠢᠨᠠᠷ᠂ ᠬᠠᠨᠳᠤᠯᠭᠠᠲᠤ ᠴᠢᠨᠠᠷ ᠢ ᠦᠨᠡᠨᠬᠦ ᠴᠢᠩᠭᠠᠳᠬᠠᠬᠤ ᠬᠡᠷᠡᠭᠲᠡᠶ᠃ ᠭᠤᠷᠪᠠ ᠳᠤ᠂ ᠡᠭᠦᠳᠦᠨ ᠪᠠᠶᠢᠭᠤᠯᠬᠤ ᠠᠭᠤᠷ ᠠᠮᠢᠰᠬᠤᠯ ᠢ ᠪᠣᠶ ᠪᠣᠯᠭᠠᠨ᠎ᠠ᠃ ᠡᠯ᠎ᠡ ᠰᠤᠮᠤ ᠪᠠᠯᠭᠠᠰᠤ ᠵᠡᠭᠡᠯᠢ ᠭᠤᠳᠤᠮᠵᠢ᠂ ᠰᠠᠯᠠᠭ᠎ᠠ ᠮᠥᠴᠢᠷ ᠨᠢᠭᠡᠴᠡ ᠨᠦᠭᠦᠳ ᠲᠣᠰ ᠲᠣᠰ ᠪᠣᠳᠠᠲᠠᠶ ᠲᠠᠢ ᠪᠠᠨ ᠤᠶᠠᠯᠳᠤᠭᠤᠯᠤᠨ᠂ ᠢᠳᠡᠭᠡᠨ ᠤ ᠠᠮᠤᠷ ᠲᠦᠪᠰᠢᠨ ᠢ ᠠᠵᠤ ᠠᠬᠤᠶᠢᠯᠠᠯ᠂ ᠬᠥᠳᠡᠭᠡ ᠲᠣᠰᠬᠤᠨ᠂ ᠰᠤᠷᠭᠠᠭᠤᠯᠢ ᠶᠢᠨ ᠬᠦᠷᠢᠶ᠎ᠡ᠂ ᠭᠡᠷ ᠬᠤᠷᠢᠶᠠᠯᠠᠯ᠂ ᠵᠠᠬ᠎ᠠ ᠳᠡᠯᠭᠡᠭᠦᠷ ᠲᠤ ᠣᠷᠣᠭᠤᠯᠬᠤ ᠵᠡᠷᠭᠡ ᠠᠵᠢᠯᠯᠠᠭ᠎ᠠ ᠶᠢ ᠴᠢᠭᠯᠡᠭᠦᠯᠬᠦ ᠴᠢᠨᠠᠷᠲᠠᠶ ᠪᠠᠷ ᠥᠷᠨᠢᠭᠦᠯᠵᠦ᠂ ᠨᠡᠶᠢᠭᠡᠮ ᠤᠨ ᠡᠯ᠎ᠡ ᠲᠠᠯ᠎ᠠ ᠶᠢᠨ ᠬᠦᠴᠦᠨ ᠤ ᠢᠳᠡᠭᠡᠨ ᠤ ᠠᠮᠤᠷ ᠲᠦᠪᠰᠢᠨ ᠤ ᠬᠢᠨᠠᠯᠲᠠ ᠲᠠᠯᠪᠢᠯᠲᠠ ᠳᠤ ᠣᠷᠣᠯᠴᠠᠬᠤ ᠶᠢ ᠳᠡᠮᠵᠢᠵᠦ᠂ ᠪᠥᠬᠦ ᠨᠡᠶᠢᠭᠡᠮ ᠳᠤ ᠡᠭᠦᠳᠦᠨ ᠪᠠᠶᠢᠭᠤᠯᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠵᠤ᠂ ᠬᠦᠴᠦᠷᠬᠡᠭ ᠶᠡᠭᠡ ᠡᠭᠦᠳᠦᠨ ᠪᠠᠶᠢᠭᠤᠯᠬᠤ ᠨᠡᠶᠢᠯᠡᠮᠡᠯ ᠬᠦᠴᠦᠨ ᠢ ᠪᠣᠶ ᠪᠣᠯᠭᠠᠬᠤ ᠬᠡᠷᠡᠭᠲᠡᠶ᠃ᠬᠤᠶᠠᠷ᠂ ᠬᠤᠷᠠᠯ ᠤᠨ ᠭᠤᠣᠯᠳᠠᠯᠭ᠎ᠠ    ᠬᠤᠶᠠᠷ᠂ ︽ᠵᠢᠥ ᠶᠤᠸᠠᠨ ᠲᠣᠭᠤᠷᠢᠭ ᠤᠨ ︿ᠬᠠᠶᠠᠭᠳᠠᠮᠠᠯ ᠪᠣᠳᠠᠰ ᠥᠬᠡᠶ ᠬᠤᠲᠠ﹀᠎ ᠶᠢᠨ ᠪᠥᠲᠥᠭᠡᠨ ᠪᠠᠶᠢᠭᠤᠯᠤᠯᠲᠠ ᠶᠢᠨ ᠠᠵᠢᠯ ᠤᠨ ᠬᠡᠷᠡᠭᠵᠢᠭᠦᠯᠬᠦ ᠲᠥᠰᠦᠯ︾᠎ ᠤᠨ ᠬᠤᠯᠪᠣᠭᠳᠠᠯ ᠪᠥᠬᠦᠶ ᠵᠦᠢᠯᠡᠰ ᠢ ᠰᠤᠳᠤᠯᠪᠠ᠃ᠬᠤᠷᠠᠯ ᠤᠨ ᠠᠭᠤᠯᠭ᠎ᠠᠬᠤᠷᠠᠯ ᠤᠨ ᠵᠠᠷᠴᠢᠮ    ︵ᠨᠢᠭᠡ︶ ᠬᠤᠷᠠᠯ ᠠᠴᠠ ︽ᠵᠢᠥ ᠶᠤᠸᠠᠨ ᠲᠣᠭᠤᠷᠢᠭ ︿ᠬᠠᠶᠠᠭᠳᠠᠮᠠᠯ ᠪᠣᠳᠠᠰ ᠦᠭᠡᠢ ᠬᠤᠳᠠ﹀᠎ ᠶᠢᠨ ᠪᠦᠳᠦᠭᠡᠨ ᠪᠠᠶᠢᠭᠤᠯᠤᠯᠲᠠ ᠶᠢᠨ ᠠᠵᠢᠯ ᠤᠨ ᠬᠡᠷᠡᠭᠵᠢᠭᠦᠯᠬᠦ ᠲᠥᠰᠦᠯ︾᠎ ᠢ ᠵᠠᠷᠴᠢᠮ ᠳᠡᠭᠡᠷ᠎ᠡ ᠪᠠᠨ ᠵᠥᠪᠰᠢᠶᠡᠷᠡᠵᠦ᠂ ᠲᠣᠭᠤᠷᠢᠭ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠤᠪᠢᠶᠠᠷᠢ ᠲᠤᠪᠴᠢᠶ᠎ᠠ ᠶᠢ ᠵᠠᠷᠯᠢᠭᠳᠠᠵᠤ ᠬᠤᠷᠠᠯ ᠤᠨ ᠰᠠᠨᠠᠯ ᠤᠨ ᠶᠣᠰᠣᠭᠠᠷ ᠴᠢᠨᠠᠭᠰᠢᠳᠠ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠴᠧᠨ ᠪᠢᠩ ᠲᠣᠭᠤᠷᠢᠭ ᠤᠨ ᠳᠡᠳ᠋ ᠳᠠᠷᠤᠭ᠎ᠠ ᠪᠠᠷ ᠬᠠᠷᠢᠭᠤᠴᠠᠭᠤᠯᠤᠭᠰᠠᠨ ᠤ ᠳᠠᠷᠠᠭ᠎ᠠ᠂ ᠳᠠᠷᠤᠮᠠᠯᠯᠠᠨ ᠲᠠᠷᠬᠠᠭᠠᠵᠤ ᠬᠡᠷᠡᠭᠵᠢᠭᠦᠯᠪᠡ᠃    ︵ᠬᠤᠶᠠᠷ︶ ᠬᠤᠷᠠᠯ ᠠᠴᠠ᠂ ᠨᠢᠭᠡ ᠳᠤ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠬᠦ ᠬᠡᠷᠡᠭᠲᠡᠢ᠃ ︽ᠬᠠᠶᠠᠭᠳᠠᠮᠠᠯ ᠪᠣᠳᠠᠰ ᠦᠭᠡᠢ ᠬᠤᠲᠠ︾᠎ ᠶᠢᠨ ᠪᠦᠲᠦᠭᠡᠨ ᠪᠠᠶᠢᠭᠤᠯᠤᠯᠲᠠ ᠶᠢᠨ ᠴᠢᠬᠤᠯᠠ ᠴᠢᠨᠠᠷ ᠢ ᠭᠦᠨᠵᠡᠭᠡᠢ ᠲᠠᠨᠢᠵᠤ᠂ ᠠᠵᠢᠯ ᠤᠨ ᠬᠤᠪᠢᠶᠠᠷᠢᠯᠠᠯ ᠲᠣᠳᠣᠷᠬᠠᠢ᠂ ᠡᠷᠬᠡ ᠬᠠᠷᠢᠭᠤᠴᠠᠯᠭ᠎ᠠ ᠲᠣᠳᠣᠷᠬᠠᠢ᠂ ᠴᠤᠭᠭᠠᠷ ᠠᠳᠬᠤᠵᠤ ᠬᠠᠮᠲᠤ ᠪᠠᠷ ᠬᠠᠮᠢᠶᠠᠷᠬᠤ ᠠᠵᠢᠯ ᠢ ᠠᠬᠢᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ︽ᠬᠠᠶᠠᠭᠳᠠᠮᠠᠯ ᠪᠣᠳᠠᠰ ᠦᠭᠡᠢ ᠬᠤᠲᠠ︾᠎ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠦᠨᠡᠨᠬᠦ ᠲᠦᠯᠬᠢᠨ ᠠᠬᠢᠭᠤᠯᠬᠤ ᠬᠡᠷᠡᠭᠲᠡᠢ᠃ ᠬᠤᠶᠠᠷ ᠲᠤ᠂ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠬᠡᠷᠡᠭᠲᠡᠢ᠃ ᠬᠡᠷᠡᠭᠵᠢᠭᠦᠯᠬᠦ ᠲᠥᠰᠦᠯ ᠤᠨ ᠵᠢᠷᠭᠤᠭᠠᠨ ᠶᠡᠭᠡ ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢᠨ ᠲᠣᠭᠤᠷᠢᠨ ᠳᠤ᠂ 19 ᠵᠦᠢᠯ ᠤᠨ ᠲᠤᠰᠬᠠᠶ ᠡᠭᠦᠷᠭᠡ ᠲᠠᠢ ᠬᠠᠷᠢᠴᠠᠭᠤᠯᠤᠨ᠂ ᠡᠯ᠎ᠡ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠷᠭ᠎ᠠ ᠬᠡᠮᠵᠢᠶ᠎ᠡ ᠶᠢ ᠨᠠᠷᠢᠯᠢᠬᠵᠢᠭᠤᠯᠤᠨ ᠪᠣᠳᠠᠲᠠᠶᠢᠵᠢᠭᠤᠯᠵᠤ᠂ ᠠᠬᠢᠭᠤᠯᠬᠤ ᠡᠷᠴᠢᠮ ᠢᠶᠠᠨ ᠴᠢᠩᠭᠠᠷᠠᠭᠤᠯᠤᠨ᠂ ᠲᠣᠭᠲᠠᠮᠠᠯ ᠬᠤᠭᠤᠴᠠᠭ᠎ᠠ ᠲᠠᠢ ᠪᠠᠷ ᠮᠥᠷᠳᠡᠨ ᠦᠨᠡᠯᠡᠵᠦ᠂ ᠬᠦᠴᠢᠷ ᠲᠦᠪᠡᠭᠲᠡᠶ ᠠᠰᠠᠭᠤᠳᠠᠯ ᠤᠨ ᠲᠠᠯ᠎ᠠ ᠪᠠᠷ ᠲᠤᠰᠬᠠᠶ ᠰᠡᠳᠦᠪᠲᠦ ᠰᠤᠳᠤᠯᠭᠠᠨ ᠢ ᠴᠢᠩᠭᠠᠳᠬᠠᠵᠤ᠂ ᠰᠢᠨ᠎ᠡ ᠰᠢᠪᠲᠤᠯᠤᠯᠲᠠ ᠶᠢ ᠡᠷᠢᠯᠬᠢᠯᠡᠨ᠎ᠡ᠃ ᠭᠤᠷᠪᠠ ᠳᠤ᠂ ᠱᠠᠯᠠᠪᠳᠠᠭᠤᠯᠤᠨ ᠪᠠᠶᠢᠴᠠᠭᠠᠬᠤ ᠶᠢ ᠴᠢᠩᠭᠠᠳᠬᠠᠬᠤ ᠬᠡᠷᠡᠭᠲᠡᠢ᠃ ᠪᠡᠶᠡᠯᠡᠭᠦᠯᠬᠦ ᠴᠠᠭ ᠤᠨ ᠬᠢᠵᠠᠭᠠᠷ ᠵᠢᠴᠢ ᠠᠵᠢᠯ ᠤᠨ ᠵᠠᠩᠭᠢᠯᠠᠭ᠎ᠠ ᠶᠢᠨ ᠴᠡᠭ ᠶᠣᠰᠣᠭᠠᠷ᠂ ᠠᠵᠤ ᠦᠢᠯᠡᠳᠪᠦᠷᠢ ᠶᠢᠨ ᠬᠠᠶᠠᠭᠳᠠᠮᠠᠯ ᠪᠣᠳᠠᠰ᠂ ᠲᠠᠷᠢᠶᠠᠯᠠᠩ ᠤᠨ ᠬᠠᠶᠠᠭᠳᠠᠮᠠᠯ ᠪᠣᠳᠠᠰ᠂ ᠪᠠᠷᠢᠯᠭ᠎ᠠ ᠶᠢᠨ ᠬᠤᠭ ᠨᠣᠪᠰᠢ᠂ ᠠᠮᠢᠳᠤᠷᠠᠯ ᠤᠨ ᠬᠤᠭ ᠨᠣᠪᠰᠢ ᠵᠡᠷᠭᠡ ᠬᠦᠷᠢᠶᠡᠨ ᠳᠠᠬᠢ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠰᠢᠢᠳᠪᠦᠷᠢᠯᠡᠵᠦ ᠠᠰᠢᠭᠯᠠᠭᠰᠠᠨ ᠪᠠᠶᠢᠳᠠᠯ ᠳᠤ ᠲᠣᠭᠲᠠᠮᠠᠯ ᠬᠤᠭᠤᠴᠠᠭ᠎ᠠ ᠲᠠᠢ ᠪᠠᠷ ᠱᠠᠯᠠᠪᠳᠠᠭᠤᠯᠤᠨ ᠪᠠᠶᠢᠴᠠᠭᠠᠵᠤ ᠦᠷ᠎ᠡ ᠪᠦᠲᠦᠮᠵᠢ ᠶᠢ ᠠᠰᠠᠭᠤᠵᠤ᠂ 2023 ᠣᠨ ᠤ ᠬᠠᠷᠠᠯᠲᠠ ᠡᠭᠦᠷᠭᠡ ᠶᠢᠨ ᠶᠠᠰᠤ ᠴᠢᠨᠠᠷ ᠪᠠ ᠲᠤᠭ᠎ᠠ ᠬᠡᠮᠵᠢᠶ᠎ᠡ ᠶᠢ ᠪᠠᠲᠤᠯᠠᠨ ᠪᠡᠶᠡᠯᠡᠭᠦᠯᠬᠦ ᠶᠢ ᠠᠬᠢᠭᠤᠯᠵᠤ᠂ ᠠᠯᠤᠰ ᠬᠡᠲᠦ ᠶᠢᠨ ᠬᠠᠷᠠᠯᠲᠠ ᠶᠢ ᠪᠡᠶᠡᠯᠡᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠬᠤ ᠬᠡᠷᠡᠭᠲᠡᠢ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号