ᠵᠢᠤ ᠶᠤᠸᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ  ᠵᠢᠤ ᠶᠤᠸᠠᠨ ᠲᠣᠭᠤᠷᠢᠭ ᠤᠨ ᠰᠤᠷᠭᠠᠨ ᠬᠦᠮᠦᠵᠢᠯ ᠤᠨ ᠰᠤᠷᠭᠠᠭᠤᠯᠢ ᠪᠠᠶᠢᠴᠠᠭᠠᠭᠴᠢ ᠶᠢ ᠨᠥᠬᠦᠪᠥᠷᠢᠯᠡᠨ ᠲᠣᠮᠢᠯᠠᠬᠤ ᠲᠤᠬᠠᠶ ᠵᠢᠤ ᠶᠤᠸᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2023/3/8
                        ᠪᠣᠭᠤᠳᠤ ᠬᠤᠲᠠ ᠶᠢᠨ ᠵᠢᠦ ᠶᠤᠸᠠᠨ ᠲᠣᠭᠤᠷᠢᠭ ᠤᠨ ᠠᠷᠠᠳ ᠤᠨ ᠵᠠᠰᠠᠭ ᠤᠨ                       ᠣᠷᠳᠤᠨ ᠤ ᠲᠠᠷᠬᠠᠭᠠᠭᠰᠠᠨ ﹇2023﹈ 21 ᠳ᠋ᠦ᠋ᠭᠡᠷ ᠲᠣᠭᠠᠲᠤ               ᠵᠢᠦ ᠶᠤᠸᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ         ᠵᠢᠦ ᠶᠤᠸᠠᠨ ᠲᠣᠭᠤᠷᠢᠭ ᠤᠨ ᠰᠤᠷᠭᠠᠨ ᠬᠥᠮᠦᠵᠢᠯ ᠤᠨ ᠰᠤᠷᠭᠠᠭᠤᠯᠢ ᠪᠠᠶᠢᠴᠠᠭᠠᠭᠴᠢ ᠶᠢ        ᠨᠥᠬᠦᠪᠥᠷᠢᠯᠡᠨ ᠲᠣᠮᠢᠯᠠᠬᠤ ᠲᠤᠬᠠᠶ ᠮᠡᠳᠡᠭᠳᠡᠯᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠵᠥᠪᠯᠡᠯ ᠤᠨ ᠡᠯ᠎ᠡ ᠪᠦᠷᠢᠯᠳᠦᠬᠦᠨ ᠤ ᠨᠢᠭᠡᠴᠢ᠄    ᠤᠯᠤᠰ ᠤᠨ ︽ᠰᠤᠷᠭᠠᠨ ᠬᠦᠮᠦᠵᠢᠯ ᠤᠨ ᠬᠢᠨᠠᠨ ᠵᠢᠯᠤᠭᠤᠳᠬᠤ ᠳᠦᠷᠢᠮ︾ ︽ᠳᠤᠮᠳᠠᠳᠤ ᠪᠠᠭ᠎ᠠ ᠰᠤᠷᠭᠠᠭᠤᠯᠢ ᠶᠢᠨ ᠬᠠᠷᠢᠭᠤᠴᠠᠯᠭ᠎ᠠ ᠶᠢᠨ ᠰᠤᠷᠭᠠᠭᠤᠯᠢ  ᠪᠠᠶᠢᠴᠠᠭᠠᠬᠤ ᠫᠠᠶᠢᠰᠠ ᠡᠯᠭᠦᠨ ᠬᠢᠨᠠᠨ ᠵᠢᠯᠣᠭᠤᠳᠬᠤ ᠠᠷᠭ᠎ᠠ︾ ︵ᠤᠯᠤᠰ ᠤᠨ ᠰᠤᠷᠭᠠᠨ ᠬᠦᠮᠦᠵᠢᠯ ᠤᠨ ᠰᠢᠪᠠᠳᠠᠨ ᠬᠢᠯᠬᠢᠬᠦ ᠠᠯᠪᠠᠨ ᠭᠡᠷ︹ 2013 ︺ 2 ᠳ᠋ᠤᠭᠠᠷ ᠲᠣᠭᠠᠲᠤ︶ ︽ᠬᠡᠤᠬᠡᠳ ᠤᠨ ᠴᠡᠴᠡᠷᠯᠢᠭ ᠤᠨ ᠬᠠᠷᠢᠭᠤᠴᠠᠯᠭ᠎ᠠ ᠶᠢᠨ ᠰᠤᠷᠭᠠᠭᠤᠯᠢ ᠰᠢᠪᠠᠳᠠᠨ ᠫᠠᠶᠢᠰᠠ ᠡᠯᠭᠦᠨ ᠬᠢᠨᠠᠨ ᠵᠢᠯᠣᠭᠤᠳᠬᠤ ᠠᠷᠭ᠎ᠠ︾ ︵ᠰᠤᠷᠭᠠᠨ ᠬᠥᠮᠦᠵᠢᠯ ᠤᠨ ᠬᠢᠨᠠᠨ ᠪᠠᠶᠢᠴᠠᠭᠠᠭᠴᠢ︹ 2019 ︺3 ᠳ᠋ᠤᠭᠠᠷ ᠲᠣᠭᠠᠲᠤ︶ ᠶᠢᠨ ᠱᠠᠭᠠᠷᠳᠠᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠲᠣᠭᠲᠠᠴᠠ ᠶᠢ ᠲᠡᠭᠦᠯᠳᠡᠷᠵᠢᠭᠦᠯᠵᠦ᠂ ᠳᠤᠮᠳᠠᠳᠤ ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ ᠤᠨ ᠬᠠᠷᠢᠭᠤᠴᠠᠯᠭᠠᠲᠤ ᠰᠤᠷᠭᠠᠭᠤᠯᠢ ᠪᠠᠶᠢᠴᠠᠭᠠᠭᠴᠢ ᠫᠠᠶᠢᠰᠠ ᠡᠯᠭᠦᠨ ᠬᠢᠨᠠᠨ ᠵᠢᠯᠣᠭᠤᠳᠬᠤ ᠲᠦᠷᠢᠮ ᠢ ᠨᠠᠶᠢᠳᠠᠪᠤᠷᠢᠵᠢᠭᠤᠯᠤᠨ᠂ ᠰᠤᠷᠭᠠᠭᠤᠯᠢ᠂ ᠬᠡᠤᠬᠡᠳ ᠤᠨ ᠴᠡᠴᠡᠷᠯᠢᠭ ᠤᠨ ᠰᠤᠷᠭᠠᠭᠤᠯᠢ ᠡᠷᠭᠢᠯᠡᠬᠦ ᠦᠢᠯᠡ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠲᠣᠭᠤᠷᠢᠭ ᠤᠨ ᠵᠠᠰᠠᠭ ᠤᠨ ᠣᠷᠳᠣᠨ ᠤ ᠰᠤᠳᠤᠯᠤᠯᠲᠠ ᠪᠠᠷ ᠳᠡᠮᠵᠢᠨ᠂ ᠣᠲᠣ ᠵᠢᠦ ᠶᠤᠸᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠵᠥᠪᠯᠡᠯ ᠤᠨ ᠭᠤᠷᠪᠠᠳᠤᠭᠠᠷ ᠪᠦᠯᠦᠭ ᠤᠨ ᠲᠤᠰᠬᠠᠶ ᠲᠤᠰᠢᠶᠠᠯᠲᠤ ᠰᠤᠷᠭᠠᠭᠤᠯᠢ ᠪᠠᠶᠢᠴᠠᠭᠠᠭᠴᠢ ᠶᠢ ᠨᠥᠬᠦᠪᠥᠷᠢᠯᠡᠪᠡ᠂ ᠲᠣᠰ ᠲᠣᠰ᠄ ᠰᠢᠶᠤᠤ ᠽᠦᠸᠧ ᠮᠢᠨ᠂ ᠰᠦᠨ ᠶᠢᠨ ᠯᠢᠨ᠂ ᠮᠠ ᠸᠤᠨ᠂ ᠬᠡᠰᠢᠭᠨᠡᠭᠤᠷᠪᠤ᠂ ᠨᠢ ᠹᠤᠩ ᠰᠢᠶᠠᠨ᠂ ᠬᠠᠨ ᠬᠤᠸᠠ᠂ ᠪᠠᠶ ᠵᠢᠶᠦ᠋ᠨ ᠪᠣᠯᠤᠨ᠎ᠠ᠃    ᠰᠤᠷᠭᠠᠭᠤᠯᠢ ᠪᠠᠶᠢᠴᠠᠭᠠᠭᠴᠢ ᠶᠢ ᠰᠣᠩᠭᠤᠨ ᠲᠣᠮᠢᠯᠠᠬᠤ᠂ ᠳᠣᠭᠢᠷᠠᠭᠤᠯᠬᠤ ᠪᠠ ᠬᠠᠷᠢᠭᠤᠴᠠᠯᠭ᠎ᠠ ᠶᠢᠨ ᠲᠣᠭᠤᠷᠢᠭ ᠢ ᠬᠤᠪᠢᠶᠠᠷᠢᠯᠠᠬᠤ ᠵᠡᠷᠭᠡ ᠠᠵᠢᠯ ᠢ ᠵᠢᠦ ᠶᠤᠸᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠵᠥᠪᠯᠡᠯ ᠤᠨ ᠠᠯᠪᠠᠨ ᠬᠡᠷ ᠠᠴᠠ ᠪᠣᠳᠠᠲᠠᠶ ᠳᠣᠭᠢᠷᠠᠭᠤᠯᠤᠨ᠎ᠠ᠃                           ᠵᠢᠦ ᠶᠤᠸᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ                          2023 ᠣᠨ ᠤ 3 ᠰᠠᠷ᠎ᠠ ᠶᠢᠨ 8 ᠤ ᠡᠳᠦᠷ
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号