︽ᠵᠢᠦ ᠶᠤᠸᠠᠨ ᠲᠣᠭᠤᠷᠢᠭ ᠤᠨ ᠪᠥᠬᠦ ᠤᠯᠤᠰ ᠤᠨ ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ ᠠᠵᠢᠯ ᠤᠨ ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠠᠶᠢᠭᠤᠯᠬᠤ ᠭᠤᠷᠪᠠᠨ ᠵᠢᠯ ᠤᠨ ᠠᠵᠢᠯ ᠤᠨ ᠲᠥᠯᠥᠪᠯᠡᠭᠡ ︵2022 — 2024 ᠣᠨ︶︾᠎ ᠶᠢᠨ ᠲᠤᠬᠠᠶ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2023/4/12
    ᠲᠣᠭᠲᠠᠭᠠᠭᠰᠠᠨ ᠠᠬᠤᠶ ᠪᠠᠶᠢᠳᠠᠯ᠄ ᠨᠠᠮ ᠪᠠ ᠤᠯᠤᠰ ᠤᠨ ᠬᠢᠲᠠᠳ ᠡᠮ ᠡᠮᠨᠡᠯᠭᠡ ᠪᠠ ᠦᠨᠳᠦᠰᠦᠲᠡᠨ ᠤ ᠡᠮ ᠡᠮᠨᠡᠯᠭᠡ ᠶᠢᠨ ᠦᠢᠯᠡᠰ ᠤᠨ ᠬᠥᠭᠵᠢᠯᠲᠡ ᠶᠢ ᠲᠡᠳᠬᠦᠨ ᠳᠡᠮᠵᠢᠬᠦ ᠦᠨᠳᠦᠰᠦᠨ ᠪᠣᠳᠣᠯᠭ᠎ᠠ ᠴᠢᠭᠯᠡᠯᠲᠡ ᠶᠢ ᠲᠤᠤᠱᠯᠠᠭᠤᠯᠬᠤ ᠶᠢᠨ ᠲᠥᠯᠥᠭᠡ᠂ ︽ᠬᠢᠲᠠᠳ ᠡᠮ ᠡᠮᠨᠡᠯᠭᠡ ᠮᠣᠩᠭᠤᠯ ᠡᠮ ᠡᠮᠨᠡᠯᠭᠡ ᠶᠢ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠦᠨ ᠬᠥᠭᠵᠢᠭᠦᠯᠬᠦ ᠶᠢ ᠠᠬᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠡᠷᠡᠭᠵᠢᠭᠦᠯᠬᠦ ᠰᠠᠨᠠᠯ︾ ︽ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶᠎ ᠶᠢᠨ ᠣᠨᠴᠠᠯᠢᠭ ᠲᠠᠢ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠨᠦᠭᠦᠳ ᠤᠨ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︽ᠪᠤᠭᠤᠳᠤ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠡᠮ ᠡᠮᠨᠡᠯᠬᠡ ᠬᠢᠳᠠᠳ ᠡᠮ ᠡᠮᠨᠡᠯᠬᠡ ᠶᠢᠨ ᠦᠢᠯᠡᠰ ᠢ ᠬᠦᠭᠵᠢᠬᠦᠯᠬᠦ ᠲᠤᠬᠠᠢ ᠬᠡᠷᠡᠭᠵᠢᠬᠦᠯᠬᠦ ᠰᠠᠨᠠᠯ︾ ︵ᠪᠣᠭᠤᠳᠤ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠲᠠᠷᠬᠠᠭᠠᠭᠰᠠᠨ〔2018〕48 ᠳ᠋ᠤᠭᠠᠷ︶ ︽ᠪᠤᠭᠤᠲᠤ ᠬᠤᠲᠠ ᠶᠢᠨ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶᠎ ᠶᠢ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠦᠨ ᠬᠥᠭᠵᠢᠭᠦᠯᠬᠦ ᠶᠢ ᠠᠬᠢᠭᠤᠯᠬᠤ ᠲᠤᠬᠠᠶ ᠠᠷᠭ᠎ᠠ ᠬᠡᠮᠵᠢᠶ᠎ᠡ ᠨᠦᠭᠦᠳ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾ ︵ᠪᠣᠭᠤᠳᠤ ᠬᠤᠲᠠ ᠶᠢᠨ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢᠨ ᠠᠯᠪᠠᠨ ᠭᠡᠷ ᠤᠨ ᠲᠠᠷᠬᠠᠭᠰᠠᠨ〔2022〕1 ᠳ᠋ᠦ᠋ᠭᠡᠷ︶ ᠵᠡᠷᠭᠡ ᠱᠠᠭᠠᠷᠳᠠᠯᠭ᠎ᠠ ᠶᠢ ᠨᠠᠶᠢᠳᠠᠪᠤᠷᠢᠵᠢᠭᠦᠯᠦᠨ᠂     ᠵᠢᠦ ᠶᠤᠸᠠᠨ ᠲᠣᠭᠤᠷᠢᠭ ᠨᠢᠭᠡᠨᠲᠡ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶᠎ ᠶᠢᠨ ᠠᠵᠢᠯ ᠢ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠥᠪᠵᠢᠭᠦᠯᠭᠡ ᠳᠤ ᠣᠷᠣᠭᠤᠯᠵᠤ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶᠎ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠤᠨ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶᠎ ᠶᠢᠨ ᠦᠢᠯᠡᠴᠢᠯᠡᠭᠡᠨ ᠤ ᠲᠣᠤᠷ ᠰᠦᠯᠵᠢᠶ᠎ᠡ ᠶᠢ ᠤᠯᠠᠮ ᠨᠢᠭᠡ ᠠᠯᠬᠤᠮ ᠪᠠᠶᠢᠭᠤᠯᠤᠨ ᠪᠦᠷᠢᠨᠰᠢᠭᠦᠯᠵᠦ᠂ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶᠎ ᠶᠢᠨ ᠦᠢᠯᠡᠴᠢᠯᠡᠭᠡᠨ ᠤ ᠴᠢᠳᠠᠪᠤᠷᠢ ᠪᠠ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶᠎ ᠶᠢᠨ ᠦᠢᠯᠡᠰ ᠤᠨ ᠦᠷᠭᠦᠯᠵᠢᠯᠡᠨ᠂ ᠲᠣᠭᠲᠠᠭᠤᠨ᠂ ᠰᠢᠨᠵᠢᠯᠡᠬᠦ ᠤᠬᠠᠭᠠᠨᠴᠢ᠂ ᠵᠣᠬᠢᠴᠠᠩᠭᠤᠶ᠂ ᠡᠷᠡᠭᠦᠯ ᠢᠶᠠᠷ ᠬᠥᠭᠵᠢᠬᠦ ᠶᠢ ᠨᠠᠩ ᠰᠠᠶᠢᠲᠤᠷ ᠠᠬᠢᠭᠤᠯᠬᠤ ᠶᠢᠨ ᠲᠤᠰᠠᠳᠠ᠂ ᠣᠨᠴᠠᠭᠠᠶᠢᠯᠠᠨ ᠲᠣᠰ ᠲᠥᠯᠥᠪᠯᠡᠭᠡ ᠶᠢ ᠲᠣᠭᠲᠠᠭᠠᠪᠠ᠃  ᠵᠢᠯᠤᠭᠤᠳᠬᠤ ᠦᠵᠡᠯ ᠰᠠᠨᠠᠭ᠎ᠠ᠄ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠬᠢᠲᠠᠳ ᠡᠮ ᠡᠮᠨᠡᠯᠭᠡ ᠶᠢᠨ ᠠᠵᠢᠯ ᠤᠨ ᠲᠤᠬᠠᠶ ᠴᠢᠬᠤᠯᠠ ᠥᠭᠦᠯᠡᠯᠲᠡ ᠵᠢᠴᠢ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠬᠢᠲᠠᠳ ᠡᠮ ᠡᠮᠨᠡᠯᠭᠡ ᠶᠢᠨ ᠠᠵᠢᠯ ᠤᠨ ᠴᠢᠭᠯᠡᠯᠲᠡ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠤᠯᠤᠰ ᠤᠨ ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ ᠠᠵᠢᠯ ᠤᠨ ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠠᠶᠢᠭᠤᠯᠬᠤ ᠠᠵᠢᠯ ᠢᠶᠠᠷ ᠬᠥᠲᠥᠯᠥᠨ ᠳᠠᠭᠠᠭᠤᠯᠵᠤ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶᠎ ᠶᠢᠨ ᠡᠷᠡᠭᠦᠯ ᠮᠡᠨᠳᠦ ᠶᠢᠨ ᠦᠢᠯᠡᠴᠢᠯᠡᠭᠡᠨ ᠤ ᠬᠠᠩᠭᠠᠯᠭ᠎ᠠ ᠶᠢ ᠰᠢᠯᠢᠳᠡᠭᠵᠢᠭᠦᠯᠦᠨ᠂ ᠬᠢᠲᠠᠳ ᠡᠮ ᠡᠮᠨᠡᠯᠭᠡ ᠶᠢᠨ ᠮᠣᠩᠭᠤᠯ ᠡᠮ ᠡᠮᠨᠡᠯᠭᠡ︶᠎ ᠶᠢᠨ ᠦᠢᠯᠡᠴᠢᠯᠡᠭᠡᠨ ᠤ ᠴᠢᠳᠠᠪᠤᠷᠢ ᠪᠠ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠪᠥᠬᠦ ᠲᠣᠭᠤᠷᠢᠭ ᠤᠨ ᠦᠨᠳᠦᠰᠦᠨ ᠱᠠᠲᠤᠨ ᠤ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶᠎ ᠶᠢᠨ ᠠᠵᠢᠯ ᠤᠨ ᠪᠦᠬᠦᠯᠢ ᠴᠣᠭᠴᠠ ᠶᠢᠨ ᠳᠡᠭᠡᠭᠰᠢᠯᠡᠯᠲᠡ ᠶᠢ ᠠᠬᠢᠭᠤᠯᠵᠤ᠂ ᠠᠷᠠᠳ ᠣᠯᠠᠨ ᠳᠤ ᠨᠠᠩ ᠴᠢᠨᠠᠷ ᠰᠠᠶᠢᠲᠠᠶ ᠥᠨᠳᠥᠷ ᠪᠦᠲᠦᠮᠵᠢᠲᠡᠶ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶᠎ ᠶᠢᠨ ᠦᠢᠯᠡᠴᠢᠯᠡᠭᠡ ᠬᠠᠩᠭᠠᠨ᠎ᠠ᠃  ᠬᠥᠭᠵᠢᠯᠲᠡ ᠶᠢᠨ ᠬᠠᠷᠠᠯᠲᠠ᠄ ᠤᠯᠤᠰ ᠤᠨ ᠬᠢᠲᠠᠳ ᠡᠮ ᠡᠮᠨᠡᠯᠭᠡ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠳᠠᠷᠤᠮᠠᠯᠯᠠᠨ ᠲᠠᠷᠬᠠᠭᠠᠭᠰᠠᠨ ︽2022 - 2024 ᠣᠨ ᠤ ᠪᠥᠬᠦ ᠤᠯᠤᠰ ᠤᠨ ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ ᠠᠵᠢᠯ ᠤᠨ ᠵᠢᠱᠢᠶ᠎ᠡ ᠦᠵᠡᠭᠦᠯᠬᠦ ᠬᠤᠲᠠ ︵ᠰᠢᠶᠠᠨ︶᠎ ᠶᠢ ᠡᠭᠦᠳᠦᠨ ᠪᠠᠶᠢᠭᠤᠯᠵᠤ ᠬᠢᠨᠠᠨ ᠲᠣᠭᠲᠠᠭᠠᠬᠤ ᠠᠵᠢᠯ ᠤᠨ ᠲᠥᠰᠦᠯ︾ ︽ᠪᠦᠬᠦ ᠤᠯᠤᠰ ᠤᠨ ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ ᠠᠵᠢᠯ ᠤᠨ ᠳᠡᠯᠭᠡᠨ ᠦᠵᠡᠭᠦᠯᠬᠦ ᠬᠦᠷᠢᠶᠡᠯᠡᠩ ᠬᠤᠲᠠ ︵ᠰᠢᠶᠠᠨ︶᠎ ᠶᠢᠨ ᠬᠠᠮᠢᠶᠠᠷᠤᠯᠲᠠ ᠶᠢᠨ ᠠᠷᠭ᠎ᠠ︾ ︽ᠪᠥᠬᠦ ᠤᠯᠤᠰ ᠤᠨ ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ ᠠᠵᠢᠯ ᠤᠨ ᠵᠢᠱᠢᠶ᠎ᠡ ᠦᠵᠡᠭᠦᠯᠬᠦ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠪᠠᠷᠢᠮᠵᠢᠶ᠎ᠠ︾ ︽ᠪᠥᠬᠦ ᠤᠯᠤᠰ ᠤᠨ ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ ᠠᠵᠢᠯ ᠤᠨ ᠵᠢᠱᠢᠶ᠎ᠡ ᠦᠵᠡᠭᠦᠯᠬᠦ ᠰᠢᠶᠠᠨ ᠤ ᠪᠥᠲᠥᠭᠡᠨ ᠪᠠᠶᠢᠭᠤᠯᠤᠯᠲᠠ ᠶᠢᠨ ᠪᠠᠷᠢᠮᠵᠢᠶ᠎ᠠ︾ ᠵᠡᠷᠭᠡ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ 2022 ᠣᠨ ᠳᠤ ᠪᠥᠬᠦ ᠤᠯᠤᠰ ᠤᠨ ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ ᠠᠵᠢᠯ ᠤᠨ ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠠᠶᠢᠭᠤᠯᠬᠤ ᠠᠵᠢᠯ ᠢ ᠪᠥᠬᠦ ᠲᠠᠯ᠎ᠠ ᠪᠠᠷ ᠡᠬᠢᠯᠡᠭᠦᠯᠵᠦ᠂ ᠡᠭᠦᠳᠦᠨ ᠪᠠᠶᠢᠭᠤᠯᠬᠤ ᠪᠠᠷᠢᠮᠵᠢᠶ᠎ᠠ ᠳᠤ ᠬᠦᠷᠦᠭᠦᠯᠬᠦ ᠪᠠᠷ ᠴᠢᠷᠮᠠᠶᠢᠨ᠎ᠠ᠃ ᠪᠦᠬᠦ ᠲᠣᠭᠤᠷᠢᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠯᠦᠭᠡ ᠬᠠᠷᠢᠯᠴᠠᠨ ᠲᠣᠬᠢᠷᠠᠯᠴᠠᠭᠰᠠᠨ ᠭᠠᠵᠠᠷ ᠣᠷᠣᠨ ᠤ ᠣᠨᠴᠠᠯᠢᠭ ᠲᠠᠢ᠂ ᠪᠦᠬᠦ ᠲᠣᠭᠤᠷᠢᠭ ᠤᠨ ᠠᠷᠠᠳ ᠣᠯᠠᠨ ᠤ ᠬᠡᠷᠡᠭᠴᠡᠭᠡ ᠶᠢ ᠦᠨᠳᠦᠰᠦᠨ ᠳᠤᠨᠢ ᠬᠠᠩᠭᠠᠵᠤ ᠳᠡᠶᠢᠯᠬᠦ ᠬᠢᠲᠠᠳ ᠡᠮ ᠡᠮᠨᠡᠯᠭᠡ ᠮᠣᠩᠭᠤᠯ ᠡᠮ ᠡᠮᠨᠡᠯᠭᠡ ᠡᠷᠡᠭᠦᠯ ᠮᠡᠨᠳᠦ ᠶᠢ ᠬᠠᠮᠠᠭᠠᠯᠠᠬᠤ᠂ ᠰᠤᠷᠭᠠᠨ ᠬᠥᠮᠦᠵᠢᠯ᠂ ᠤᠯᠠᠮᠵᠢᠯᠠᠨ ᠵᠠᠯᠭᠠᠮᠵᠢᠯᠠᠬᠤ᠂ ᠰᠢᠨᠵᠢᠯᠡᠬᠦ ᠤᠬᠠᠭᠠᠨ ᠤ ᠰᠤᠳᠤᠯᠤᠯ ᠵᠡᠷᠭᠡ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠬᠤ ᠬᠡᠷᠡᠭᠲᠡᠶ  ᠡᠭᠦᠳᠦᠨ ᠪᠠᠶᠢᠭᠤᠯᠬᠤ ᠪᠠᠶᠢᠭᠤᠯᠤᠯᠲᠠ ᠶᠢᠨ ᠬᠡᠷᠡᠭᠵᠢᠭᠦᠯᠬᠦ ᠠᠭᠤᠯᠭ᠎ᠠ᠄    ᠨᠢᠭᠡ᠂ ᠪᠡᠯᠡᠳᠬᠡᠯ ᠱᠠᠲᠤ ᠦᠶ᠎ᠡ    ᠬᠤᠶᠠᠷ᠂ ᠬᠡᠷᠡᠭᠵᠢᠭᠦᠯᠬᠦ ᠱᠠᠲᠤ ᠦᠶ᠎ᠡ    ᠭᠤᠷᠪᠠ᠂ ᠥᠪᠡᠷᠲᠡᠭᠡᠨ ᠵᠠᠰᠠᠬᠤ ᠣᠷᠣᠨ ᠤ ᠦᠨᠡᠯᠡᠨ ᠵᠢᠱᠢᠵᠦ ᠰᠢᠯᠭᠠᠨ ᠬᠤᠷᠢᠶᠠᠬᠤ ᠱᠠᠲᠤ ᠦᠶ᠎ᠡ    ᠳᠥᠷᠪᠡ᠂ ᠴᠡᠭᠴᠡᠯᠡᠨ ᠰᠠᠶᠢᠵᠢᠷᠠᠭᠤᠯᠵᠤ ᠳᠡᠭᠡᠭᠰᠢᠯᠡᠭᠦᠯᠬᠦ ᠱᠠᠲᠤ ᠦᠶ᠎ᠡ     ︵ᠨᠢᠭᠡ︶ ᠪᠡᠯᠡᠳᠬᠡᠯ ᠱᠠᠲᠤ ᠦᠶ᠎ᠡ ︵2022 ᠣᠨ︶   ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ ᠠᠵᠢᠯ ᠤᠨ ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠠᠶᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠪᠠ ᠠᠯᠪᠠᠨ ᠭᠡᠷ ᠢ ᠪᠠᠶᠢᠭᠤᠯᠤᠨ᠎ᠠ᠃ ᠵᠢᠤ ᠶᠤᠸᠠᠨ ᠲᠣᠭᠤᠷᠢᠭ ᠤᠨ ᠪᠥᠬᠦ ᠤᠯᠤᠰ ᠤᠨ ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ ᠠᠵᠢᠯ ᠤᠨ ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠠᠶᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶᠎ ᠶᠢᠨ ᠠᠵᠢᠯ ᠢ ᠲᠣᠭᠲᠠᠮᠠᠯ ᠬᠤᠭᠤᠴᠠᠭ᠎ᠠ ᠲᠠᠢ ᠪᠠᠷ ᠰᠤᠳᠤᠯᠤᠨ ᠪᠠᠶᠢᠷᠢᠯᠠᠭᠤᠯᠵᠤ ᠂ ᠵᠢᠪ ᠶᠤᠸᠠᠨ ᠲᠣᠭᠤᠷᠢᠭ ᠤᠨ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶᠎ ᠶᠢᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢᠨ ᠶᠣᠰᠣᠭᠠᠷ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶᠎ ᠶᠢᠨ ᠠᠵᠢᠯ ᠢ ᠬᠠᠮᠲᠤᠪᠠᠷ ᠠᠬᠢᠭᠤᠯᠬᠤ ᠶᠢᠨ ᠵᠣᠬᠢᠴᠠᠭᠤᠯᠬᠤ ᠲᠣᠭᠲᠠᠴᠠ ᠶᠢ ᠪᠠᠶᠢᠭᠤᠯᠤᠨ᠎ᠠ᠃ ᠪᠥᠬᠦ ᠲᠣᠭᠤᠷᠢᠭ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶᠎ ᠶᠢᠨ ᠠᠵᠢᠯ ᠦᠢᠯᠡᠰ ᠤᠨ ᠵᠠᠷᠤᠳᠠᠯ ᠢ ᠡᠳ᠋ ᠤᠨ ᠵᠠᠰᠠᠭ ᠤᠨ ᠲᠥᠰᠦᠪ ᠲᠤ ᠣᠷᠣᠭᠤᠯᠬᠤ ᠶᠢᠨ ᠬᠠᠮᠲᠤ ᠵᠢᠯ ᠳᠠᠷᠠᠭᠠᠯᠠᠨ ᠳᠡᠭᠡᠭᠰᠢᠯᠡᠭᠦᠯᠦᠨ᠎ᠡ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡᠨ ᠤ ᠪᠠᠲᠤᠯᠠᠭ᠎ᠠ ᠳᠤ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶᠎ ᠶᠢᠨ ᠦᠢᠯᠡᠳᠦᠯ ᠢ ᠭᠦᠢᠴᠡᠳ ᠰᠣᠩᠭᠤᠨ ᠭᠠᠷᠭᠠᠵᠤ᠂ ᠤᠷᠮᠠᠰᠢᠭᠤᠯᠬᠤ ᠲᠥᠷᠥ ᠶᠢᠨ ᠪᠣᠳᠣᠯᠭ᠎ᠠ ᠶᠢ ᠲᠣᠭᠲᠠᠭᠠᠨ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶᠎ ᠶᠢᠨ ᠦᠢᠯᠡᠴᠢᠯᠡᠭᠡᠨ ᠢ ᠰᠣᠩᠭᠤᠨ ᠬᠡᠷᠡᠭᠯᠡᠬᠦ ᠶᠢ ᠬᠥᠲᠥᠯᠦᠨ ᠵᠢᠯᠣᠭᠤᠳᠤᠨ᠎ᠠ᠃    ︵ᠬᠤᠶᠠᠷ︶ ᠬᠡᠷᠡᠭᠵᠢᠭᠦᠯᠬᠦ ᠱᠠᠲᠤ ᠦᠶ᠎ᠡ ︵2023 ᠣᠨ︶   1.ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶᠎ ᠶᠢᠨ ᠦᠢᠯᠡᠴᠢᠯᠡᠭᠡᠨ ᠤ ᠲᠣᠤᠷ ᠰᠦᠯᠵᠢᠶ᠎ᠡ ᠶᠢᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠎ᠡ᠃ ᠪᠥᠬᠦ ᠲᠣᠭᠤᠷᠢᠭ ᠤᠨ ᠡᠯ᠎ᠡ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶᠎ ᠶᠢᠨ ᠦᠢᠯᠡᠴᠢᠯᠡᠭᠡᠨ ᠢ ᠲᠡᠳᠬᠦᠬᠦ ᠡᠷᠴᠢᠮ ᠢ ᠴᠢᠩᠭᠠᠷᠠᠭᠤᠯᠵᠤ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶᠎ ᠶᠢᠨ ᠠᠵᠢᠯ ᠦᠢᠯᠡᠰ ᠤᠨ ᠬᠥᠭᠵᠢᠯᠲᠡ ᠶᠢ ᠲᠡᠳᠬᠦᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠡᠮᠴᠢᠯᠡᠭᠡᠨ ᠤ ᠪᠦᠯᠦᠭᠯᠡᠯ ᠤᠨ ᠳᠣᠲᠣᠭᠠᠳᠤ ᠶᠢᠨ ᠣᠯᠠᠨ ᠵᠦᠢᠯ ᠤᠨ ᠬᠡᠯᠪᠡᠷᠢ ᠮᠠᠶ᠋ᠢᠭ ᠤᠨ ᠪᠥᠲᠥᠭᠡᠨ ᠪᠠᠶᠢᠭᠤᠯᠤᠯᠲᠠ ᠶᠢᠨ ᠠᠷᠭ᠎ᠠ ᠵᠠᠮ ᠢ ᠰᠠᠭᠠᠳ ᠥᠬᠡᠶ ᠨᠡᠪᠲᠡᠷᠡᠭᠦᠯᠵᠦ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶᠎ ᠶᠢᠨ ᠦᠢᠯᠡᠴᠢᠯᠡᠭᠡᠨ ᠤ ᠲᠣᠤᠷ ᠰᠦᠯᠵᠢᠶ᠎ᠡ ᠶᠢᠨ ᠠᠮᠤᠷ ᠲᠦᠪᠰᠢᠨ ᠢ ᠪᠦᠷᠢᠨᠰᠢᠭᠦᠯᠦᠨ᠎ᠡ᠃    2. ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶᠎ ᠶᠢᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠷᠠᠭᠤᠯᠤᠨ᠎ᠠ᠃ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶᠎ ᠶᠢᠨ ᠠᠵᠢᠯᠲᠠᠨ ᠤ ᠦᠷᠭᠦᠯᠵᠢᠯᠡᠭᠰᠡᠨ ᠰᠤᠷᠭᠠᠨ ᠬᠥᠮᠦᠵᠢᠯ ᠢ ᠬᠢᠨᠠᠮᠠᠭᠠᠶ ᠰᠠᠶᠢᠲᠤᠷ ᠬᠢᠵᠦ᠂ ᠴᠢᠳᠠᠪᠤᠷᠢᠲᠠᠨ ᠬᠥᠮᠦᠵᠢᠭᠦᠯᠬᠦ ᠠᠵᠢᠯ ᠢ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶᠎ ᠶᠢᠨ ᠠᠵᠢᠯ ᠤᠨ ᠴᠢᠬᠤᠯᠠ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠠᠵᠢᠯ ᠳᠤ ᠪᠠᠶᠢᠭ᠎ᠠ ᠬᠢᠲᠠᠳ ᠡᠮᠨᠡᠯᠭᠡ ᠶᠢᠨ ᠠᠵᠢᠯᠲᠠᠨ ᠤ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶᠎ ᠶᠢᠨ ᠨᠠᠰᠤᠨ ᠳᠤ ᠬᠦᠷᠦᠭᠰᠡᠳ ᠤᠨ ᠰᠤᠷᠤᠯᠭ᠎ᠠ ᠶᠢᠨ ᠨᠠᠮᠲᠠᠷ ᠤᠨ ᠰᠤᠷᠭᠠᠨ ᠬᠥᠮᠦᠵᠢᠯ ᠪᠤᠶᠤ ︽ᠧᠦ᠋ᠷᠣᠫᠠ ᠡᠮᠨᠡᠯᠭᠡ ᠬᠢᠲᠠᠳ ᠡᠮᠨᠡᠯᠭᠡ ᠠᠴᠠ ᠰᠤᠷᠤᠯᠴᠠᠬᠤ︾ ᠪᠣᠯᠪᠠᠰᠤᠷᠠᠭᠤᠯᠤᠯ ᠳᠤ ᠣᠷᠣᠯᠴᠠᠬᠤ ᠶᠢ ᠳᠡᠮᠵᠢᠨ ᠵᠣᠷᠢᠭᠵᠢᠭᠤᠯᠤᠨ᠎ᠠ᠃ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶᠎ ᠶᠢᠨ ᠲᠤᠰᠬᠠᠶ ᠮᠡᠷᠭᠡᠵᠢᠯᠲᠡᠳ ᠤᠨ ᠤᠯᠠᠮᠵᠢᠯᠠᠨ ᠵᠠᠯᠭᠠᠮᠵᠢᠯᠠᠵᠤ ᠱᠠᠪᠢ ᠳᠠᠭᠠᠭᠤᠯᠬᠤ ᠠᠵᠢᠯ ᠢ ᠬᠢᠨᠠᠮᠠᠭᠠᠶ ᠥᠷᠨᠢᠭᠦᠯᠵᠦ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶᠎ ᠶᠢᠨ ᠶᠡᠭᠡ ᠳᠡᠭᠡᠳᠦ ᠰᠤᠷᠭᠠᠭᠤᠯᠢ ᠠᠴᠠ ᠲᠡᠭᠦᠰᠦᠭᠰᠡᠳ ᠢ ᠢᠳᠡᠪᠬᠢᠲᠡᠶ ᠪᠠᠷ ᠣᠷᠣᠭᠤᠯᠤᠨ ᠠᠪᠴᠢᠷᠠᠵᠤ᠂ ᠠᠯᠤᠰ ᠡᠵᠡᠮᠰᠢᠯᠲᠦ ᠠᠨᠠᠭᠠᠬᠤ ᠤᠬᠠᠭᠠᠨ ᠤ ᠰᠤᠷᠭᠠᠨ ᠬᠥᠮᠦᠵᠢᠯ ᠵᠡᠷᠭᠡ ᠣᠯᠠᠨ ᠵᠦᠢᠯ ᠤᠨ ᠬᠡᠯᠪᠡᠷᠢ ᠮᠠᠶ᠋ᠢᠭ ᠢ ᠭᠦᠢᠴᠡᠳ ᠠᠰᠢᠭᠯᠠᠨ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶᠎ ᠶᠢᠨ ᠠᠵᠢᠯ ᠡᠷᠭᠢᠯᠡᠭᠰᠡᠳ ᠤᠨ ᠪᠦᠬᠦᠯᠢ ᠴᠣᠭᠴᠠ ᠶᠢᠨ ᠬᠡᠪ ᠴᠢᠨᠠᠷ ᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ ᠤᠤᠯ ᠤᠨ ᠪᠠᠶᠢᠭᠰᠠᠨ ᠮᠡᠷᠭᠡᠵᠢᠯ ᠢ ᠪᠠᠬᠢᠵᠢᠭᠦᠯᠦᠭᠰᠡᠨ ᠰᠠᠭᠤᠷᠢᠨ ᠳᠡᠭᠡᠷ᠎ᠡ᠂ ᠤᠯᠤᠰ ᠤᠨ ᠬᠢᠲᠠᠳ ᠡᠮ ᠡᠮᠨᠡᠯᠭᠡ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠵᠥᠪᠰᠢᠶᠡᠷᠡᠨ ᠳᠡᠯᠭᠡᠷᠡᠭᠦᠯᠬᠦ ᠬᠢᠲᠠᠳ ᠡᠮ ᠡᠮᠨᠡᠯᠭᠡ ᠶᠢᠨ ᠳᠣᠭᠢᠷᠠᠬᠤ ᠮᠡᠷᠭᠡᠵᠢᠯ ᠤᠨ ᠲᠥᠷᠥᠯ ᠵᠦᠢᠯ ᠢ ᠦᠨᠳᠦᠰᠦᠯᠡᠨ᠂ ᠵᠢᠦ ᠶᠤᠸᠠᠨ ᠲᠣᠭᠤᠷᠢᠭ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠳᠣᠭᠢᠷᠠᠬᠤ ᠲᠥᠷᠥᠯ ᠵᠦᠢᠯ ᠢ ᠰᠢᠯᠢᠨ ᠰᠣᠩᠭᠤᠵᠤ ᠳᠡᠯᠭᠡᠷᠡᠭᠦᠯᠦᠨ ᠬᠡᠷᠡᠭᠯᠡᠵᠦ᠂ ᠲᠤᠰᠬᠠᠶ ᠮᠡᠷᠭᠡᠵᠢᠯ ᠤᠨ ᠲᠤᠰᠬᠠᠶ ᠡᠪᠡᠳᠴᠢᠲᠡᠨ ᠤ ᠴᠢᠳᠠᠪᠤᠷᠢᠲᠠᠨ ᠢ ᠬᠥᠮᠦᠵᠢᠭᠦᠯᠦᠨ᠂ ᠡᠮᠨᠡᠯᠭᠡ ᠶᠢᠨ ᠬᠤᠷᠢᠶ᠎ᠠ ᠳᠤ ᠲᠤᠰᠬᠠᠶ ᠮᠡᠷᠭᠡᠵᠢᠯ ᠤᠨ ᠰᠠᠯᠠᠭ᠎ᠠ ᠲᠠᠢ᠂ ᠰᠠᠯᠠᠭ᠎ᠠ ᠳᠤ ᠲᠤᠰᠬᠠᠶ ᠡᠪᠡᠳᠴᠢᠨ ᠲᠠᠢ᠂ ᠡᠪᠡᠳᠴᠢᠨ ᠳᠤ ᠲᠤᠰᠬᠠᠶ ᠡᠮ ᠲᠠᠢ᠂ ᠪᠠᠶᠢᠴᠠᠭᠠᠨ ᠵᠠᠰᠠᠬᠤ ᠳᠤ ᠲᠤᠰᠬᠠᠶ ᠲᠥᠬᠦᠭᠡᠷᠦᠮᠵᠢ ᠲᠠᠢ ᠪᠣᠯᠭᠠᠨ᠎ᠠ᠃    ᠲᠣᠰ ᠬᠤᠰᠢᠭᠤᠨ ᠤ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶᠎ ᠶᠢᠨ ᠳᠤᠮᠳᠠ ᠳᠡᠭᠡᠳᠦ ᠲᠠᠰ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠪᠠ ᠬᠥᠮᠦᠵᠢᠭᠦᠯᠦᠨ᠎ᠡ᠃ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶᠎ ᠶᠢᠨ ᠱᠣᠷᠣᠩ ᠰᠢᠷᠣᠶ᠂ ᠵᠢᠩᠬᠢᠨᠢ ᠠᠩᠭᠢ ᠶᠢᠨ ᠲᠡᠭᠦᠰᠦᠭᠰᠡᠳ ᠢ ᠢᠳᠡᠪᠬᠢᠲᠡᠶ ᠪᠠᠷ ᠣᠷᠣᠭᠤᠯᠤᠨ ᠠᠪᠴᠢᠷᠠᠵᠤ᠂ ᠪᠥᠬᠦ ᠬᠤᠰᠢᠭᠤᠨ ᠤ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶᠎ ᠶᠢᠨ ᠴᠢᠳᠠᠪᠤᠷᠢᠲᠠᠨ ᠤ ᠡᠩᠨᠡᠭᠡ ᠶᠢᠨ ᠬᠡᠪ ᠴᠢᠨᠠᠷ ᠢ ᠳᠡᠭᠡᠭᠰᠢᠯᠡᠭᠦᠯᠦᠨ᠎ᠡ᠃ ᠦᠷᠭᠦᠯᠵᠢᠯᠡᠭᠰᠡᠨ ᠰᠤᠷᠭᠠᠨ ᠬᠥᠮᠦᠵᠢᠯ᠂ ᠠᠵᠢᠯ ᠤᠨ ᠪᠠᠶᠢᠷᠢ ᠶᠢᠨ ᠪᠣᠯᠪᠠᠰᠤᠷᠠᠭᠤᠯᠤᠯ᠂ ︽ᠭᠤᠷᠪᠠᠨ ᠦᠨᠳᠦᠰᠦᠨ︾᠎ ᠤ ᠪᠣᠯᠪᠠᠰᠤᠷᠠᠭᠤᠯᠤᠯ᠂ ᠰᠠᠭᠤᠷᠢᠨ ᠡᠮᠴᠢᠯᠡᠭᠴᠢ ᠶᠢᠨ ᠵᠢᠷᠤᠮᠵᠢᠭᠰᠠᠨ ᠪᠣᠯᠪᠠᠰᠤᠷᠠᠭᠤᠯᠤᠯ᠂ ᠲᠤᠰᠬᠠᠶ ᠮᠡᠷᠭᠡᠵᠢᠯ ᠤᠨ ᠴᠢᠳᠠᠪᠤᠷᠢᠲᠠᠨ ᠤ ᠭᠤᠤᠯᠯᠠᠭᠴᠢ ᠪᠣᠯᠪᠠᠰᠤᠷᠠᠭᠤᠯᠤᠯ ᠵᠡᠷᠭᠡ ᠠᠵᠢᠯ ᠢ ᠰᠠᠶᠢᠲᠤᠷ ᠬᠢᠨ᠎ᠠ᠃ ᠦᠨᠳᠦᠰᠦᠨ ᠱᠠᠲᠤᠨ ᠳᠤ ᠣᠷᠳᠣ ᠬᠤᠭᠤᠴᠠᠭ᠎ᠠ ᠪᠠᠷ ᠦᠢᠯᠡᠴᠢᠯᠡᠳᠡᠭ ᠬᠢᠲᠠᠳ ᠡᠮᠨᠡᠯᠭᠡ ᠶᠢᠨ ᠲᠥᠷᠥᠯ ᠤᠨ ᠡᠮᠴᠢ ᠶᠢᠨ ᠮᠡᠷᠭᠡᠵᠢᠯ ᠤᠨ ᠴᠣᠯᠠ ᠳᠡᠪᠰᠢᠭᠦᠯᠬᠦ ᠳᠤ ᠬᠠᠮᠢᠶ᠎ᠠ ᠪᠥᠬᠦᠶ ᠬᠡᠯᠪᠠᠶᠢᠯᠭᠡᠬᠦ ᠲᠥᠷᠥ ᠶᠢᠨ ᠪᠣᠳᠣᠯᠭ᠎ᠠ ᠶᠢ ᠲᠣᠭᠲᠠᠭᠠᠨ᠎ᠠ᠃    3. ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶᠎ ᠶᠢᠨ ᠦᠢᠯᠡᠴᠢᠯᠡᠭᠡᠨ ᠤ ᠴᠢᠳᠠᠪᠤᠷᠢ ᠶᠢᠨ ᠪᠠᠶᠢᠭᠤᠯᠤᠯᠲᠠ ᠶᠢᠨ ᠳᠡᠰ ᠳᠡᠪᠰᠢᠬᠦ ᠶᠢ ᠴᠢᠩᠭᠠᠳᠬᠠᠨ᠎ᠠ᠃ ᠬᠢᠲᠠᠳ ᠡᠮᠨᠡᠯᠭᠡ ︵ᠮᠣᠩᠭᠤᠯ ᠡᠮᠨᠡᠯᠭᠡ︶᠎ ᠶᠢᠨ ᠣᠨᠴᠠᠯᠢᠭᠲᠤ ᠲᠤᠰᠬᠠᠶ ᠡᠮᠨᠡᠯᠭᠡ ᠶᠢᠨ ᠪᠠᠶᠢᠭᠤᠯᠤᠯᠲᠠ ᠶᠢᠨ ᠠᠵᠢᠯ ᠢ ᠥᠷᠨᠢᠭᠦᠯᠵᠦ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶᠎ ᠶᠢᠨ ᠲᠣᠬᠢᠷᠠᠬᠤ ᠮᠡᠷᠭᠡᠵᠢᠯ ᠢ ᠢᠳᠡᠪᠬᠢᠲᠡᠶ ᠪᠠᠷ ᠣᠷᠣᠭᠤᠯᠵᠤ ᠢᠷᠡᠬᠦ ᠪᠠ ᠳᠡᠯᠭᠡᠷᠡᠭᠦᠯᠬᠦ ᠬᠡᠷᠡᠭᠲᠡᠶ᠃ ᠬᠢᠲᠠᠳ ᠡᠮᠨᠡᠯᠭᠡ ︵ᠮᠣᠩᠭᠤᠯ ᠡᠮᠨᠡᠯᠭᠡ︶᠎ ᠶᠢᠨ ᠰᠢᠨᠵᠢᠯᠡᠬᠦ ᠤᠬᠠᠭᠠᠨ ᠤ ᠰᠤᠳᠤᠯᠤᠯ ᠤᠨ ᠠᠵᠢᠯ ᠢ ᠴᠢᠩᠭᠠᠳᠬᠠᠵᠤ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶᠎ ᠶᠢᠨ ᠰᠢᠨᠵᠢᠯᠡᠬᠦ ᠤᠬᠠᠭᠠᠨ ᠤ ᠰᠤᠳᠤᠯᠤᠯ ᠤᠨ ᠰᠡᠳᠦᠪ ᠢ ᠵᠣᠬᠢᠶᠠᠨ ᠪᠠᠶᠢᠭᠤᠯᠤᠨ ᠭᠤᠶᠤᠴᠢᠯᠠᠨ ᠮᠡᠳᠡᠭᠦᠯᠵᠦ᠂ ᠬᠢᠲᠠᠳ ᠡᠮᠨᠡᠯᠭᠡ ︵ᠮᠣᠩᠭᠤᠯ ᠡᠮᠨᠡᠯᠭᠡ︶᠎ ᠶᠢᠨ ᠲᠤᠰᠬᠠᠶ ᠰᠠᠯᠠᠭ᠎ᠠ ︵ᠲᠤᠰᠬᠠᠶ ᠡᠪᠡᠳᠴᠢᠨ︶᠎ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠤᠨ᠎ᠠ᠃ ᠪᠤᠢ ᠪᠦᠬᠦᠢ ᠰᠤᠮᠤ ᠪᠠᠯᠭᠠᠰᠤ ᠶᠢᠨ ᠡᠷᠡᠬᠦᠯ ᠬᠠᠮᠠᠭᠠᠯᠠᠯ ᠤᠨ ᠬᠤᠷᠢᠶ᠎ᠠ᠂ ᠨᠡᠶᠢᠬᠡᠮ ᠲᠤᠭᠤᠷᠢᠭ ᠤᠨ ᠡᠷᠡᠬᠦᠯ ᠬᠠᠮᠠᠭᠠᠯᠠᠯ ᠤᠨ ᠦᠢᠯᠡᠴᠢᠯᠡᠬᠡᠨ ᠤ ᠲᠦᠪ ᠠᠴᠠ ᠬᠢᠳᠠᠳ ᠡᠮᠨᠡᠯᠬᠡ ᠶᠢᠨ ᠰᠠᠯᠠᠭ᠎ᠠ ︵ᠮᠤᠩᠭᠤᠯ ᠡᠮᠨᠡᠯᠬᠡ ᠶᠢᠨ ᠰᠠᠯᠠᠭ᠎ᠠ︶ ᠪᠠ ᠬᠢᠳᠠᠳ ᠡᠮ ᠤᠨ ᠦᠷᠦᠬᠡ ︵ᠮᠤᠩᠭᠤᠯ ᠡᠮ ᠤᠨ ᠦᠷᠦᠬᠡ︶᠎ ᠶᠢᠨ ᠪᠦᠳᠦᠬᠡᠨ ᠪᠠᠶᠢᠭᠤᠯᠤᠯᠳᠠ ᠶᠢ ᠤᠯᠠᠮ ᠨᠢᠬᠡ ᠠᠯᠬᠤᠮ ᠴᠢᠩᠭᠠᠳᠬᠠᠬᠤ ᠶᠢᠨ ᠬᠠᠮᠳᠤ ᠵᠡᠬᠦᠤ ᠲᠦᠬᠡᠨᠡᠯᠬᠡ᠂ ᠪᠤᠴᠠᠯᠭᠠᠬᠤ ᠪᠤᠳᠤᠩ᠂ ᠬᠤᠰᠤᠬᠤ᠂ ᠢᠯᠢᠵᠦ ᠨᠤᠬᠤᠯᠠᠬᠤ᠂   ᠳᠦᠷᠬᠢᠨ ᠨᠠᠭᠠᠬᠤ ᠵᠡᠷᠬᠡ 6 ᠲᠦᠷᠦᠯ ᠤᠨ 10 ᠭᠠᠷᠤᠢ ᠵᠦᠢᠯ ᠤᠨ ᠬᠢᠳᠡᠳ ᠡᠮ ᠡᠮᠨᠡᠯᠬᠡ ︵ᠮᠤᠩᠭᠤᠯ ᠡᠮ ᠡᠮᠨᠡᠯᠬᠡ︶᠎ ᠶᠢᠨ ᠤᠯᠠᠮᠵᠢᠯᠠᠯᠳᠤ ᠮᠡᠷᠬᠡᠵᠢᠯ ᠢ ᠦᠷᠨᠢᠬᠦᠯᠵᠠᠢ᠃ ᠡᠭᠦᠳᠡᠨ ᠡᠮᠨᠡᠯᠭᠡ ᠬᠢᠲᠠᠳ ᠡᠮ ᠡᠮᠨᠡᠯᠭᠡ ︵ᠮᠣᠩᠭᠤᠯ ᠡᠮᠨᠡᠯᠭᠡ︶᠎ ᠶᠢᠨ ᠵᠣᠷ ︵ᠬᠢᠲᠠᠳ ᠡᠮ ᠤᠨ ᠴᠢᠨᠠᠬᠤ ᠡᠮ᠂ ᠬᠢᠲᠠᠳ ᠡᠮ᠂ ᠮᠣᠩᠭᠤᠯ ᠨᠠᠶᠢᠷᠠᠭᠰᠠᠨ ᠡᠮ ᠪᠠ ᠬᠢᠲᠠᠳ ᠡᠮᠨᠡᠯᠭᠡ᠂ ᠮᠣᠩᠭᠤᠯ ᠡᠮ ᠡᠮᠨᠡᠯᠭᠡ ᠶᠢᠨ ᠡᠮ ᠤᠨ ᠪᠤᠰᠤ ᠵᠣᠷ︶᠎ ᠤᠨ ᠲᠤᠭ᠎ᠠ ᠵᠣᠷ ᠤᠨ ᠶᠡᠷᠦᠩᠬᠡᠶ ᠲᠤᠭ᠎ᠠ ᠶᠢᠨ ᠬᠠᠷᠢᠴᠠᠯ ᠢ 5%᠎ ᠠᠴᠠ ᠳᠣᠤᠷ᠎ᠠ ᠪᠠᠶᠢᠯᠭᠠᠵᠤ ᠪᠣᠯᠬᠤ ᠦᠭᠡᠶ᠃   4.ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶᠎ ᠶᠢᠨ ᠦᠨᠳᠦᠰᠦᠨ ᠡᠮᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠲᠣᠭᠤᠷᠢᠭ ᠤᠨ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ ᠪᠠᠷ ᠬᠥᠲᠥᠴᠢ ᠪᠣᠯᠭᠠᠵᠤ᠂ ᠲᠣᠭᠤᠷᠢᠭ ᠤᠨ ᠡᠮᠨᠡᠯᠭᠡ ᠶᠢᠨ ᠬᠤᠷᠢᠶ᠎ᠠ ︵ᠮᠣᠩᠭᠤᠯ ᠡᠮᠨᠡᠯᠭᠡ︶᠎ ᠶᠢᠨ ᠰᠠᠯᠠᠭ᠎ᠠ ᠪᠠᠷ ᠭᠤᠤᠯ ᠪᠣᠯᠭᠠᠭᠰᠠᠨ᠂ ᠰᠤᠮᠤ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠪᠠ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠠᠴᠠ ᠬᠤᠶᠠᠳᠤᠭᠠᠷ ᠳᠡᠰ ᠤᠨ ᠬᠦᠢᠰᠦ᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠥᠷᠲᠡᠭᠡ ᠪᠠ ᠭᠠᠴᠠᠭ᠎ᠠ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠢᠶᠠᠷ ᠰᠦᠯᠵᠢᠶᠡᠨ ᠤ ᠰᠠᠭᠤᠷᠢ ᠪᠣᠯᠭᠠᠭᠰᠠᠨ ᠭᠤᠷᠪᠠᠨ ᠱᠠᠲᠤᠨ ᠤ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠤᠨ᠎ᠠ᠃    ᠨᠢᠭᠡ ᠳᠤ᠂ ᠲᠤᠭᠤᠷᠢᠭ ᠤᠨ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ ᠶᠢᠨ ᠪᠥᠲᠥᠭᠡᠨ ᠪᠠᠶᠢᠭᠤᠯᠤᠯᠲᠠ ᠶᠢᠨ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠦᠨᠳᠦᠰᠦᠨ ᠱᠠᠲᠤᠨ ᠤ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶᠎ ᠶᠢᠨ ᠵᠢᠯᠣᠭᠤᠳᠬᠤ ᠰᠠᠯᠠᠭ᠎ᠠ ᠲᠠᠰᠤᠭ ᠢ ᠨᠠᠩ ᠲᠡᠭᠦᠯᠳᠡᠷᠵᠢᠭᠦᠯᠵᠦ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶᠎ ᠶᠢᠨ ᠲᠣᠬᠢᠷᠠᠮᠵᠢᠲᠠᠶ ᠮᠡᠷᠭᠡᠵᠢᠯ ᠢ ᠢᠳᠡᠪᠬᠢᠲᠡᠶ ᠪᠠᠷ ᠣᠷᠣᠭᠤᠯᠤᠨ ᠠᠪᠴᠢᠷᠠᠬᠤ ᠪᠠ ᠳᠡᠯᠭᠡᠷᠡᠭᠦᠯᠵᠦ᠂ ᠦᠨᠳᠦᠰᠦᠨ ᠱᠠᠲᠤᠨ ᠤ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶᠎ ᠶᠢᠨ ᠠᠵᠢᠯ ᠤᠨ ᠵᠢᠯᠣᠭᠤᠳᠣᠯᠭ᠎ᠠ ᠶᠢ ᠴᠢᠩᠭᠠᠳᠬᠠᠨ᠎ᠠ᠃   ᠬᠤᠶᠠᠷ ᠲᠤ᠂ ᠲᠣᠭᠤᠷᠢᠭ ᠤᠨ ᠱᠠᠲᠤᠨ ᠤ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ᠂ ᠡᠬᠡ ᠨᠢᠯᠬᠠᠰ ᠤᠨ ᠡᠷᠡᠭᠦᠯᠵᠢᠯ ᠤᠨ ᠪᠠᠶᠢᠭᠤᠯᠤᠮᠵᠢ ᠵᠡᠷᠭᠡ ᠬᠢᠲᠠᠳ ᠡᠮᠨᠡᠯᠭᠡ ︵ᠮᠣᠩᠭᠤᠯ ᠡᠮ ᠡᠮᠨᠡᠯᠭᠡ︶᠎ ᠶᠢᠨ ᠲᠥᠷᠥᠯ ᠤᠨ ᠪᠤᠰᠤ ᠡᠮᠴᠢᠯᠡᠭᠡᠨ ᠤ ᠪᠠᠶᠢᠭᠤᠯᠤᠮᠵᠢ ᠶᠢᠨ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶᠎ ᠶᠢᠨ ᠰᠠᠯᠠᠭ᠎ᠠ ᠲᠠᠰᠤᠭ ᠤᠨ ᠪᠠᠷᠢᠮᠵᠢᠶᠠᠵᠢᠭᠤᠯᠤᠭᠰᠠᠨ ᠪᠠᠶᠢᠭᠤᠯᠤᠯᠲᠠ ᠶᠢ ᠴᠢᠩᠭᠠᠳᠬᠠᠨ ᠲᠡᠭᠦᠯᠳᠡᠷᠵᠢᠭᠦᠯᠵᠦ᠂ ᠡᠭᠦᠨ ᠳᠤ ᠬᠢᠲᠠᠳ ᠡᠮᠴᠢᠯᠡᠭᠡ ︵ᠮᠣᠩᠭᠤᠯ ᠡᠮᠨᠡᠯᠭᠡ︶᠎ ᠶᠢᠨ ᠡᠮᠴᠢᠯᠡᠭᠡᠨ ᠤ ᠰᠠᠯᠠᠭ᠎ᠠ ᠲᠠᠰᠤᠭ᠂ ᠬᠢᠲᠠᠳ ᠡᠮ ᠤᠨ ᠲᠠᠰᠤᠭ ︵ᠮᠣᠩᠭᠤᠯ ᠡᠮ ᠤᠨ ᠲᠠᠰᠤᠭ︶᠂ ᠡᠮ ᠴᠢᠨᠠᠬᠤ ᠲᠠᠰᠤᠭ ᠵᠡᠷᠭᠡ ᠪᠡᠯᠡᠳᠬᠡᠮᠵᠢ ᠲᠥᠬᠦᠭᠡᠷᠦᠮᠵᠢ ᠶᠢᠨ ᠲᠣᠬᠢᠷᠠᠭᠤᠯᠤᠯᠲᠠ ᠶᠢ ᠳᠡᠭᠡᠭᠰᠢᠯᠡᠭᠦᠯᠦᠨ᠎ᠡ᠃    ᠭᠤᠷᠪᠠ ᠳᠤ ᠪᠤᠢ ᠪᠦᠬᠦᠢ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ᠂ ᠰᠤᠮᠤ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠳᠤ ᠬᠢᠲᠠᠳ ᠡᠮᠨᠡᠯᠭᠡ ᠶᠢᠨ ᠰᠠᠯᠠᠭ᠎ᠠ ︵ᠮᠣᠩᠭᠤᠯ ᠡᠮᠨᠡᠯᠭᠡ ᠶᠢᠨ ᠰᠠᠯᠠᠭ᠎ᠠ︶᠂ ᠬᠢᠲᠠᠳ ᠡᠮ ᠤᠨ ᠲᠠᠰᠤᠭ ︵ᠮᠣᠩᠭᠤᠯ ᠡᠮ ᠤᠨ ᠲᠠᠰᠤᠭ︶᠎ ᠢ ᠵᠢᠷᠤᠮᠵᠢᠭᠤᠯᠤᠨ ᠪᠠᠶᠢᠷᠢᠯᠠᠭᠤᠯᠵᠤ᠂ ᠬᠢᠲᠠᠳ ᠡᠮᠨᠡᠯᠭᠡ ︵ᠮᠣᠩᠭᠤᠯ ᠡᠮᠨᠡᠯᠭᠡ︶᠎ ᠶᠢᠨ ᠣᠨᠣᠰᠢᠯᠠᠨ ᠡᠮᠨᠡᠬᠦ ᠲᠥᠬᠦᠭᠡᠷᠦᠮᠵᠢ ᠲᠣᠬᠢᠷᠠᠭᠤᠯᠤᠨ᠎ᠠ᠃ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠪᠣᠯᠤᠨ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠨᠢ ᠬᠢᠲᠠᠳ ᠡᠮᠨᠡᠯᠭᠡ ᠶᠢᠨ ᠣᠷᠳᠣᠨ ᠪᠤᠶᠤ ᠮᠣᠩᠭᠤᠯ ᠡᠮᠨᠡᠯᠭᠡ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠣᠭᠤᠷᠢᠭ ᠢ 100%᠎ ᠪᠠᠷ ᠲᠣᠬᠢᠷᠠᠭᠤᠯᠵᠤ᠂ ᠦᠢᠯᠡᠴᠢᠯᠡᠭᠡᠨ ᠤ ᠠᠭᠤᠯᠤᠭᠳᠠᠬᠤᠨ ᠤ ᠪᠠᠶᠢᠭᠤᠯᠤᠯᠲᠠ ᠶᠢ ᠴᠢᠩᠭᠠᠳᠬᠠᠨ᠂ ᠬᠢᠲᠠᠳ ᠡᠮᠨᠡᠯᠭᠡ ︵ᠮᠣᠩᠭᠤᠯ ᠡᠮᠨᠡᠯᠭᠡ︶᠎ ᠶᠢᠨ ᠡᠷᠡᠭᠦᠯ ᠮᠡᠨᠳᠦ ᠶᠢᠨ ᠮᠡᠳᠡᠭᠡ ᠵᠠᠩᠭᠢ ᠶᠢ ᠲᠡᠭᠰᠢ ᠪᠠᠶᠢᠯᠭᠠᠵᠤ᠂ ᠡᠷᠡᠭᠦᠯᠵᠢᠯ ᠤᠨ ᠰᠠᠯᠠᠭ᠎ᠠ ᠲᠠᠰᠤᠭ ᠪᠠᠶᠢᠭᠤᠯᠤᠨ᠂ ᠰᠠᠭᠤᠭᠠᠯᠢ ᠠᠷᠠᠳ ᠲᠤ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶᠎ ᠶᠢᠨ ᠡᠷᠡᠭᠦᠯᠵᠢᠯ ᠤᠨ ᠦᠢᠯᠡᠴᠢᠯᠡᠭᠡ ᠬᠠᠩᠭᠠᠨ᠎ᠠ᠃    ᠳᠥᠷᠪᠡ ᠳᠤ ᠬᠢᠲᠠᠳ ᠡᠮᠨᠡᠯᠭᠡ ᠶᠢᠨ ᠲᠥᠷᠥᠯ ᠤᠨ ᠡᠮᠴᠢᠯᠡᠭᠡᠨ ᠤ ᠪᠠᠶᠢᠭᠤᠯᠤᠮᠵᠢ ᠵᠢᠴᠢ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠲᠣᠭᠤᠷᠢᠭ ᠤᠨ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ ᠵᠢᠨ‌ᠡᠯᠧᠺᠲᠷᠣᠨ ᠡᠪᠡᠳᠴᠢᠨ ᠤ ᠥᠩᠭᠡᠷᠡᠯᠲᠡ ᠨᠢ 4 ᠲᠠᠰ ᠤᠨ ᠬᠢᠷᠢ ᠲᠦᠪᠰᠢᠨ ᠳᠤ ᠬᠦᠷᠴᠡᠶ᠃ ᠣᠷᠣᠨ ᠪᠦᠰᠡ ᠶᠢᠨ ᠡᠮᠴᠢᠯᠡᠭᠡᠨ ᠤ ᠪᠦᠯᠦᠭᠯᠡᠯ ᠤᠨ ᠳᠣᠲᠣᠷᠠᠬᠢ ᠪᠦᠷᠢᠯᠳᠦᠬᠦᠨ ᠨᠢᠭᠡᠴᠡ ᠨᠦᠭᠦᠳ ᠮᠡᠳᠡᠭᠡ ᠵᠠᠩᠭᠢ ᠪᠠᠨ ᠬᠠᠷᠢᠯᠴᠠᠨ ᠨᠡᠪᠲᠡᠷᠡᠯᠴᠡᠵᠦ ᠬᠠᠮᠲᠤ ᠪᠠᠷ ᠭᠥᠷᠳᠡᠬᠦ ᠶᠢ ᠪᠡᠶᠡᠯᠡᠭᠦᠯᠵᠦ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠪᠠ ᠤᠯᠤᠰ ᠤᠨ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶᠎ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠱᠠᠭᠠᠷᠳᠠᠯᠭ᠎ᠠ ᠶᠣᠰᠣᠭᠠᠷ ᠬᠠᠮᠢᠶ᠎ᠠ ᠪᠥᠬᠦᠶ ᠮᠡᠳᠡᠭᠡ ᠵᠠᠩᠭᠢ ᠵᠢᠴᠢ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢ ᠴᠠᠭ ᠲᠤᠬᠠᠶ ᠳᠤᠨᠢ ᠣᠨᠣᠪᠴᠢᠲᠠᠶ ᠳᠡᠭᠡᠭᠰᠢ ᠮᠡᠳᠡᠭᠦᠯᠬᠦ ᠬᠡᠷᠡᠭᠲᠡᠶ᠃    ︵ᠭᠤᠷᠪᠠ ︶ ᠥᠪᠡᠷᠲᠡᠭᠡᠨ ᠵᠠᠰᠠᠬᠤ ᠣᠷᠣᠨ ᠤ ᠦᠨᠡᠯᠡᠨ ᠵᠢᠱᠢᠵᠦ ᠰᠢᠯᠭᠠᠨ ᠬᠤᠷᠢᠶᠠᠬᠤ ᠱᠠᠲᠤ ᠦᠶ᠎ᠡ ︵2023 ᠣᠨ︶   ᠮᠠᠨ ᠤ ᠲᠣᠭᠤᠷᠢᠭ ᠤᠨ ᠪᠦᠬᠦ ᠤᠯᠤᠰ ᠤᠨ ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ ᠠᠵᠢᠯ ᠤᠨ ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠠᠶᠢᠭᠤᠯᠬᠤ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠠᠰᠠᠭᠤᠳᠠᠯ ᠢ ᠡᠷᠢᠵᠦ᠂ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠰᠤᠳᠤᠯᠤᠭᠰᠠᠨ ᠤ ᠳᠠᠷᠠᠭ᠎ᠠ ᠳᠡᠭᠡᠳᠦ ᠱᠠᠲᠤᠨ ᠤ ᠬᠢᠲᠠᠳ ᠡᠮ ᠡᠮᠨᠡᠯᠭᠡ ᠶᠢᠨ ᠬᠠᠮᠢᠶᠠᠷᠤᠯᠲᠠ ᠶᠢᠨ ᠶᠠᠮᠤᠨ ᠳᠤ ᠭᠤᠶᠤᠴᠢᠯᠠᠯ ᠭᠠᠷᠭᠠᠵᠤ᠂ ᠥᠪᠡᠷᠲᠡᠭᠡᠨ ᠵᠠᠰᠠᠬᠤ ᠣᠷᠣᠨ ᠤ ᠱᠠᠲᠤᠨ ᠤ ᠬᠢᠲᠠᠳ ᠡᠮ ᠡᠮᠨᠡᠯᠭᠡ ᠶᠢᠨ ᠭᠤᠤᠯᠴᠢᠯᠠᠨ ᠬᠠᠮᠢᠶᠠᠷᠬᠤ ᠬᠡᠯᠲᠡᠰ ᠠᠴᠠ ᠮᠠᠨ ᠤ  ᠲᠣᠭᠤᠷᠢᠭ ᠤᠨ ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ ᠠᠵᠢᠯ ᠤᠨ ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠠᠶᠢᠭᠤᠯᠬᠤ ᠰᠢᠯᠭᠠᠨ ᠠᠪᠬᠤ ᠶᠢ ᠤᠭᠲᠤᠨ᠎ᠠ᠃    ︵ᠳᠥᠷᠪᠡ ︶ ᠴᠡᠭᠴᠡᠯᠡᠨ ᠰᠠᠶᠢᠵᠢᠷᠠᠭᠤᠯᠵᠤ ᠳᠡᠭᠡᠭᠰᠢᠯᠡᠭᠦᠯᠬᠦ ᠱᠠᠲᠤ ᠦᠶ᠎ᠡ   1. ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠳᠠᠬᠢ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠵᠢᠨ‌ᠦᠢᠯᠡᠳᠦᠯ ᠢ ᠪᠠᠳᠠᠷᠠᠭᠤᠯᠤᠨ᠎ᠠ᠃ ᠬᠢᠲᠠᠳ ᠡᠮᠨᠡᠯᠭᠡ ᠶᠢᠨ ︵ᠮᠣᠩᠭᠤᠯ ᠡᠮᠨᠡᠯᠭᠡ︶᠎ ᠶᠢᠨ ᠣᠨᠴᠠᠯᠢᠠᠠᠳᠣ ᠰᠡᠷᠭᠡᠶᠢᠯᠡᠵᠦ ᠡᠷᠡᠭᠦᠯᠵᠢᠭᠦᠯᠬᠦ ᠰᠢᠰᠲ᠋ᠧᠮᠵᠢ ᠶᠢᠨ ᠪᠠᠶᠢᠭᠤᠯᠤᠯᠲᠠ ᠶᠢ ᠴᠢᠬᠤᠯᠠᠴᠢᠯᠠᠵᠤ᠂ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠨ᠂ ᠬᠢᠲᠠᠳ ᠡᠮᠨᠡᠯᠭᠡ ︵ᠮᠣᠩᠭᠤᠯ ᠡᠮᠨᠡᠯᠭᠡ︶᠎ ᠶᠢᠨ ᠣᠨᠴᠠᠯᠢᠠᠠᠳᠣ ᠰᠡᠷᠭᠡᠶᠢᠯᠡᠵᠦ ᠡᠷᠡᠭᠦᠯᠵᠢᠭᠦᠯᠬᠦ ᠰᠢᠰᠲ᠋ᠧᠮᠵᠢ ᠶᠢᠨ ᠪᠠᠶᠢᠭᠤᠯᠤᠯᠲᠠ ᠶᠢᠨ ᠰᠢᠨ᠎ᠡ ᠵᠠᠮ ᠢ ᠴᠢᠷᠮᠠᠶᠢᠨ ᠰᠦᠪᠡᠭᠴᠢᠯᠡᠨ᠎ᠡ᠃ ᠡᠯ᠎ᠡ ᠱᠠᠲᠤᠨ ᠤ ᠡᠮᠴᠢᠯᠡᠭᠡᠨ ᠤ ᠪᠠᠶᠢᠭᠤᠯᠤᠮᠵᠢ ᠨᠤᠭᠤᠳ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶᠎ ᠶᠢᠨ ᠮᠡᠳᠡᠯᠭᠡ ᠪᠠ ᠮᠡᠷᠭᠡᠵᠢᠯ ᠴᠢᠳᠠᠪᠤᠷᠢ ᠶᠢ ᠢᠳᠡᠪᠬᠢᠲᠡᠶ ᠪᠠᠷ ᠠᠰᠢᠭᠯᠠᠨ ᠡᠪᠡᠳᠴᠢᠨ ᠰᠡᠷᠭᠡᠶᠢᠯᠡᠬᠦ᠂ ᠡᠪᠡᠳᠴᠢᠨ ᠵᠠᠰᠠᠬᠤ ᠶᠢ ᠥᠷᠨᠢᠭᠦᠯᠵᠦ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶᠎ ᠶᠢᠨ ᠬᠡᠷ ᠪᠦᠯᠢ ᠶᠢᠨ ᠡᠮᠴᠢ ᠶᠢᠨ ᠭᠡᠷ᠎ᠡ ᠲᠣᠭᠲᠠᠨ ᠦᠢᠯᠡᠴᠢᠯᠡᠭᠦᠯᠵᠦ᠂ ᠡᠷᠡᠭᠦᠯ ᠮᠡᠨᠳᠦ ᠶᠢᠨ ᠬᠥᠮᠦᠵᠢᠯ ᠪᠠ ᠤᠬᠠᠭᠤᠯᠭ᠎ᠠ ᠯᠠᠪᠯᠠᠯᠭ᠎ᠠ ᠶᠢᠨ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶᠎ ᠶᠢᠨ ᠤᠷᠢᠳᠴᠢᠯᠠᠨ ᠰᠡᠷᠭᠡᠶᠢᠯᠡᠵᠦ ᠡᠷᠡᠭᠦᠯᠵᠢᠭᠦᠯᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶᠎ ᠶᠢᠨ ᠡᠷᠡᠭᠦᠯᠵᠢᠯ ᠤᠨ ᠵᠣᠷ ᠢ ᠵᠠᠬᠢᠶᠠᠯᠠᠨ  ᠦᠢᠯᠡᠳᠴᠦ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶᠎ ᠶᠢᠨ ᠮᠡᠳᠡᠯᠭᠡ ᠪᠠ ᠠᠷᠭ᠎ᠠ ᠶᠢ ᠬᠡᠷᠡᠭᠯᠡᠨ ᠤᠳᠠᠭᠠᠨ ᠴᠢᠨᠠᠷᠲᠠᠶ ᠡᠪᠡᠳᠴᠢᠨ ᠤ ᠬᠠᠷᠠᠭᠠᠯᠵᠠᠯ ᠭᠥᠷᠳᠡᠭᠰᠡᠳ ᠤᠨ ᠬᠠᠮᠢᠶᠠᠷᠤᠯᠲᠠ ᠶᠢᠨ ᠦᠢᠯᠡᠴᠢᠯᠡᠭᠡᠨ ᠢ ᠥᠷᠨᠢᠭᠦᠯᠦᠨ᠎ᠡ᠃ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶᠎ ᠶᠢᠨ ᠣᠨᠴᠠᠯᠢᠭ ᠪᠠ ᠳᠠᠪᠠᠭᠤᠯᠢᠭ ᠢ ᠪᠠᠳᠠᠷᠠᠭᠤᠯᠤᠨ᠂ ᠬᠠᠯᠳᠠᠪᠤᠷᠢᠲᠤ ᠡᠪᠡᠳᠴᠢᠨ ᠢ ᠰᠡᠷᠭᠡᠶᠢᠯᠡᠬᠦ ᠠᠵᠢᠯ ᠳᠤ ᠢᠳᠡᠪᠬᠢᠲᠡᠶ ᠣᠷᠣᠯᠴᠠᠨ᠎ᠠ᠃     2. ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶᠎ ᠶᠢᠨ ᠪᠡᠶ᠎ᠡ ᠰᠤᠪᠢᠯᠠᠯᠲᠠ ᠡᠷᠡᠭᠦᠯᠵᠢᠯ ᠪᠠ ᠣᠨᠴᠠᠯᠢᠭ ᠲᠠᠢ ᠡᠷᠡᠭᠦᠯᠵᠢᠯ ᠤᠨ ᠦᠢᠯᠡᠴᠢᠯᠡᠭᠡ ᠶᠢ ᠬᠥᠭᠵᠢᠭᠦᠯᠦᠨ᠎ᠡ᠃ ᠬᠢᠲᠠᠳ ᠡᠮᠨᠡᠯᠭᠡ ︵ᠮᠣᠩᠭᠤᠯ ᠡᠮᠨᠡᠯᠭᠡ︶᠎ ᠶᠢᠨ ᠪᠡᠶ᠎ᠡ ᠰᠤᠪᠢᠯᠠᠯᠲᠠ ᠡᠷᠡᠭᠦᠯᠵᠢᠯ ᠤᠨ ᠪᠠᠶᠢᠭᠤᠯᠤᠮᠵᠢ ᠶᠢᠨ ᠬᠥᠭᠵᠢᠯᠲᠡ ᠶᠢ ᠳᠡᠮᠵᠢᠵᠦ᠂ ᠬᠢᠲᠠᠳ ᠡᠮᠨᠡᠯᠭᠡ ︵ᠮᠣᠩᠭᠤᠯ ᠡᠮᠨᠡᠯᠭᠡ︶᠎ ᠶᠢᠨ ᠪᠡᠶ᠎ᠡ ᠰᠤᠪᠢᠯᠠᠯᠲᠠ ᠡᠷᠡᠭᠦᠯᠵᠢᠯ ᠪᠣᠯᠤᠨ ᠣᠨᠴᠠᠯᠢᠭ ᠲᠠᠢ ᠡᠷᠡᠭᠦᠯᠵᠢᠯ ᠤᠨ ᠦᠢᠯᠡᠴᠢᠯᠡᠭᠡᠨ ᠢ ᠵᠢᠷᠤᠮᠵᠢᠭᠤᠯᠵᠤ᠂ ᠪᠡᠶ᠎ᠡ ᠰᠤᠪᠢᠯᠠᠬᠤ ᠰᠣᠶᠣᠯ ᠬᠢᠭᠡᠳ ᠡᠷᠡᠭᠦᠯ ᠮᠡᠨᠳᠦ ᠶᠢᠨ ᠵᠢᠭᠤᠯᠴᠢᠯᠠᠯ ᠤᠨ ᠠᠵᠤ ᠦᠢᠯᠡᠰ ᠢ ᠬᠠᠷᠢᠯᠴᠠᠨ ᠤᠶᠠᠯᠳᠤᠭᠤᠯᠵᠤ᠂ ᠬᠢᠲᠠᠳ ᠡᠮᠨᠡᠯᠭᠡ ︵ᠮᠣᠩᠭᠤᠯ ᠡᠮᠨᠡᠯᠭᠡ︶᠎ ᠶᠢᠨ ᠣᠨᠴᠠᠯᠢᠭᠲᠤ ᠡᠷᠡᠭᠦᠯ ᠮᠡᠨᠳᠦ ᠶᠢᠨ ᠦᠢᠯᠡᠴᠢᠯᠡᠭᠡᠨ ᠤ ᠴᠢᠳᠠᠪᠤᠷᠢ ᠶᠢ ᠥᠷᠭᠡᠳᠬᠡᠨ᠎ᠡ᠃    3. ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶᠎ ᠶᠢᠨ ᠰᠣᠶᠣᠯ ᠤᠨ ᠪᠠᠶᠢᠭᠤᠯᠤᠯᠲᠠ ᠶᠢ ᠳᠣᠪᠤᠶᠢᠯᠭᠠᠨ᠎ᠠ᠃ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶᠎ ᠶᠢᠨ ᠰᠣᠶᠣᠯ ᠵᠢᠭᠤᠯᠴᠢᠯᠠᠯ ᠤᠨ ᠲᠥᠷᠥᠯ ᠵᠦᠢᠯ ᠢ ᠥᠷᠨᠢᠭᠦᠯᠵᠦ᠂ ᠲᠣᠭᠤᠷᠢᠭ ᠤᠨ ᠳᠣᠲᠣᠷᠠᠬᠢ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶᠎ ᠶᠢᠨ ᠲᠤᠰᠬᠠᠶ ᠠᠵᠢᠯ ᠤᠨ ᠪᠠᠶᠢᠭᠤᠯᠤᠮᠵᠢ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶᠎ ᠶᠢᠨ ᠰᠣᠶᠣᠯ ᠤᠬᠠᠭᠤᠯᠭ᠎ᠠ ᠬᠥᠮᠦᠵᠢᠯ ᠤᠨ ᠰᠠᠭᠤᠷᠢᠨ ᠭᠠᠵᠠᠷ᠂ ᠡᠮ ᠤᠨ ᠮᠠᠲ᠋ᠧᠷᠢᠶᠠᠯ ᠳᠠᠷᠢᠬᠤ ᠰᠠᠭᠤᠷᠢᠨ ᠭᠠᠵᠠᠷ ᠵᠡᠷᠭᠡ ᠶᠢ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶᠎ ᠶᠢᠨ ᠰᠣᠶᠣᠯ ᠡᠷᠡᠭᠦᠯ ᠮᠡᠨᠳᠦ ᠶᠢᠨ ᠠᠵᠤ ᠦᠢᠯᠡᠰ ᠯᠦᠭᠡ ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠤᠨ᠎ᠠ᠃ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶᠎ ᠶᠢᠨ ᠴᠢᠳᠠᠪᠤᠷᠢ ᠶᠢ ᠳᠡᠭᠡᠭᠰᠢᠯᠡᠭᠦᠯᠬᠦ ᠪᠠᠢᠭᠤᠯᠤᠯᠲᠠ ᠶᠢ ᠴᠢᠩᠭᠠᠳᠬᠠᠵᠤ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶᠎ ᠶᠢᠨ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠬᠡᠷᠡᠭᠵᠢᠭᠦᠯᠦᠨ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶᠎ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠬᠥᠮᠦᠵᠢᠯ ᠢ ᠠᠬᠢᠭᠤᠯᠵᠤ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶᠎ ᠶᠢᠨ ᠰᠣᠶᠣᠯ ᠰᠤᠷᠭᠠᠨ ᠬᠥᠮᠦᠵᠢᠯ ᠤᠨ ᠳᠣᠲᠣᠭᠠᠳᠤ ᠭᠡᠨᠡᠳᠲᠡ ᠶᠢᠨ ᠪᠠ ᠠᠵᠢᠯᠯᠠᠭ᠎ᠠ ᠶᠢᠨ ᠬᠡᠯᠪᠡᠷᠢ ᠶᠢ ᠪᠠᠶᠠᠯᠢᠭᠵᠢᠭᠤᠯᠤᠨ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶᠎ ᠶᠢᠨ ᠰᠣᠶᠣᠯ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠠᠵᠢᠯ ᠢ ᠵᠣᠬᠢᠶᠠᠨ ᠪᠠᠶᠢᠭᠤᠯᠵᠤ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠠᠵᠢᠯ ᠢ ᠠᠬᠢᠭᠤᠯᠤᠨ᠎ᠠ᠃ ᠪᠦᠬᠦ ᠲᠣᠭᠤᠷᠢᠭ ᠤᠨ ᠡᠮᠴᠢᠯᠡᠭᠡᠨ ᠤ ᠪᠠᠶᠢᠭᠤᠯᠤᠮᠵᠢ ᠳᠤ ᠬᠢᠲᠠᠳ ᠡᠮᠨᠡᠯᠭᠡ ︵ᠮᠣᠩᠭᠤᠯ ᠡᠮᠨᠡᠯᠭᠡ︶᠎ ᠶᠢᠨ ᠣᠨᠣᠰᠢᠯᠠᠨ ᠡᠮᠨᠡᠬᠦ ᠣᠨᠴᠠᠯᠢᠭᠲᠤ ᠶᠡᠷᠦᠩᠬᠡᠶᠢᠯᠡᠭᠰᠡᠨ ᠦᠢᠯᠡᠴᠢᠯᠡᠭᠡᠨ ᠤ ᠲᠣᠭᠤᠷᠢᠭ ᠢ ᠪᠠᠶᠢᠭᠤᠯᠵᠤ᠂ ᠦᠢᠯᠡᠴᠢᠯᠡᠭᠡᠨ ᠤ ᠣᠨᠤᠯ᠂ ᠠᠵᠢᠯᠯᠠᠭᠠᠨ ᠤ ᠵᠢᠷᠤᠮᠵᠢᠯ᠂ ᠣᠷᠴᠢᠨ ᠲᠣᠭᠤᠷᠢᠨ ᠤ ᠳᠦᠷᠢ ᠲᠥᠷᠬᠦ ᠵᠡᠷᠭᠡ ᠲᠠᠯ᠎ᠠ ᠪᠠᠷ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶᠎ ᠶᠢᠨ ᠰᠣᠶᠣᠯ ᠤᠨ ᠣᠨᠴᠠᠯᠢᠭ ᠢ ᠢᠯᠡᠷᠡᠭᠦᠯᠦᠨ᠎ᠡ ᠃ ᠣᠯᠠᠨ ᠵᠦᠢᠯ ᠤᠨ ᠬᠡᠯᠪᠡᠷᠢ ᠮᠠᠶ᠋ᠢᠭ ᠢᠶᠠᠷ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶᠎ ᠶᠢᠨ ᠤᠬᠠᠭᠤᠯᠭ᠎ᠠ ᠶᠢᠨ ᠠᠵᠢᠯ ᠢ ᠥᠷᠨᠢᠭᠦᠯᠵᠦ᠂ ᠣᠯᠠᠨ ᠲᠦᠮᠡᠨ ᠳᠤ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶᠎ ᠶᠢ ᠣᠶᠢᠯᠠᠭᠠᠭᠤᠯᠵᠤ᠂ ᠬᠢᠲᠠᠳ ᠡᠮ ᠡᠮᠨᠡᠯᠭᠡ ᠶᠢ ᠲᠠᠨᠢᠵᠤ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶᠎ ᠶᠢ ᠵᠥᠪᠰᠢᠶᠡᠷᠡᠵᠦ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶᠎ ᠶᠢ ᠬᠡᠷᠡᠭᠯᠡᠵᠦ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶᠎ ᠶᠢᠨ ᠰᠣᠶᠣᠯ ᠢ ᠮᠡᠳᠡᠷᠡᠬᠦ ᠬᠡᠷᠡᠭᠲᠡᠶ᠃     4. ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶᠎ ᠶᠢᠨ ᠲᠡᠳᠬᠦᠬᠦ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶᠎ ᠶᠢᠨ ᠦᠢᠯᠡᠴᠢᠯᠡᠭᠡ ᠶᠢ ᠬᠤᠲᠠ ᠬᠥᠳᠡᠭᠡ ᠶᠢᠨ ᠡᠮᠴᠢᠯᠡᠭᠡᠨ ᠤ ᠳᠠᠭᠠᠳᠬᠠᠯ ᠤᠨ ᠲᠠᠩᠰᠠ ᠲᠠᠶᠢᠯᠬᠤ ᠬᠡᠪᠴᠢᠶᠡᠨ ᠳᠤ ᠣᠷᠣᠭᠤᠯᠤᠨ᠎ᠠ᠃ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶᠎ ᠶᠢᠨ ᠦᠢᠯᠡᠴᠢᠯᠡᠭᠡᠨ ᠤ ᠲᠥᠷᠥᠯ ᠵᠦᠢᠯ ︵ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶᠎ ᠤᠨ ᠳᠣᠭᠢᠷᠠᠬᠤ ᠮᠡᠷᠭᠡᠵᠢᠯ ᠪᠠᠭᠲᠠᠨ᠎ᠠ︶᠂ ᠬᠢᠲᠠᠳ ᠡᠮ ︵ᠮᠣᠩᠭᠤᠯ ᠡᠮ︶ ︵ᠬᠢᠲᠠᠳ ᠬᠡᠷᠴᠢᠮ ᠡᠮ᠂ ᠬᠢᠲᠠᠳ ᠪᠡᠯᠡᠨ ᠡᠮ᠂ ᠮᠣᠩᠭᠤᠯ ᠪᠡᠯᠡᠨ ᠡᠮ ᠤᠨ ᠡᠮᠴᠢᠯᠡᠭᠡᠨ ᠤ ᠪᠠᠶᠢᠭᠤᠯᠤᠮᠵᠢ ᠶᠢᠨ ᠡᠮᠨᠡᠯᠭᠡ ᠶᠢᠨ ᠬᠤᠷᠢᠶ᠎ᠠ ᠶᠢᠨ ᠳᠣᠲᠣᠷᠠᠬᠢ ᠨᠠᠶᠢᠷᠠᠯᠲᠠ ᠪᠠᠭᠲᠠᠨ᠎ᠠ︶᠎ ᠤᠨ ᠡᠮᠴᠢᠯᠡᠭᠡᠨ ᠤ ᠳᠠᠭᠠᠳᠬᠠᠯ ᠤᠨ ᠨᠥᠬᠦᠪᠥᠷᠢ ᠶᠢᠨ ᠬᠠᠷᠢᠴᠠᠯ ᠢ ᠳᠡᠭᠡᠭᠰᠢᠯᠡᠭᠦᠯᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶᠎ ᠶᠢᠨ ᠦᠢᠯᠡᠴᠢᠯᠡᠭᠡ ᠶᠢ ᠰᠣᠩᠭᠤᠨ ᠬᠡᠷᠡᠭᠯᠡᠬᠦ ᠶᠢ ᠬᠥᠲᠥᠯᠦᠨ ᠵᠢᠯᠣᠭᠤᠳᠤᠨ᠎ᠠ᠃ ᠬᠢᠲᠠᠳ ᠡᠮᠨᠡᠯᠭᠡ ︵ᠮᠣᠩᠭᠤᠯ ᠡᠮᠨᠡᠯᠭᠡ︶᠎ ᠶᠢᠨ ᠡᠭᠦᠳᠡᠨ ᠡᠮᠨᠡᠯᠭᠡ ᠳᠤ ᠡᠪᠡᠳᠴᠢᠨ ᠤ ᠲᠥᠷᠥᠯ ᠢᠶᠠᠷ ᠵᠠᠷᠤᠳᠠᠯ ᠲᠤᠰᠢᠶᠠᠬᠤ ᠲᠦᠷᠢᠮ ᠢ ᠪᠠᠶᠢᠭᠤᠯᠵᠤ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶᠎ ᠶᠢᠨ ᠡᠮᠴᠢᠯᠡᠭᠡᠨ ᠤ ᠳᠠᠪᠠᠭᠤᠯᠢᠭ ᠡᠪᠡᠳᠴᠢᠨ ᠤ ᠲᠥᠷᠥᠯ ᠢ ᠤᠷᠮᠠᠰᠢᠭᠤᠯᠬᠤ ᠲᠥᠷᠥ ᠶᠢᠨ ᠪᠣᠳᠣᠯᠭ᠎ᠠ ᠶᠢ ᠲᠣᠭᠲᠠᠭᠠᠵᠤ᠂ ᠬᠢᠲᠠᠳ ᠬᠡᠷᠴᠢᠮ ᠡᠮ ᠪᠠ ᠮᠣᠩᠭᠤᠯ ᠡᠮ ᠤᠨ ᠮᠠᠲ᠋ᠧᠷᠢᠶᠠᠯ ᠢ ᠲᠥᠷᠥ ᠶᠢᠨ ᠪᠣᠳᠣᠯᠭ᠎ᠠ ᠶᠢᠨ ᠶᠣᠰᠣᠭᠠᠷ ᠬᠤᠪᠢ ᠨᠡᠮᠡᠵᠦ ᠪᠣᠷᠣᠯᠠᠭᠤᠯᠬᠤ ᠶᠢᠨ ᠬᠠᠮᠲᠤ ᠡᠮ ᠤᠨ ᠡᠵᠡᠯᠡᠬᠦ ᠬᠠᠷᠢᠴᠠᠯ ᠢ ᠰᠢᠯᠭᠠᠨ ᠦᠨᠡᠯᠡᠬᠦ ᠳᠤ ᠣᠷᠣᠭᠤᠯᠬᠤ ᠥᠬᠡᠶ᠃ ᠡᠮᠨᠡᠯᠭᠡ ᠶᠢᠨ ᠬᠤᠷᠢᠶ᠎ᠠ ᠶᠢᠨ ᠳᠣᠲᠣᠷᠠᠬᠢ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶᠎ ᠶᠢᠨ ᠨᠠᠶᠢᠷᠠᠯᠭ᠎ᠠ ᠶᠢ ᠬᠥᠭᠵᠢᠭᠦᠯᠬᠦ ᠪᠠ ᠪᠠᠷᠢᠮᠵᠢᠶᠠᠲᠤ ᠬᠢᠲᠠᠳ ᠬᠡᠷᠴᠢᠮ ᠡᠮ᠂ ᠮᠣᠩᠭᠤᠯ ᠡᠮ ᠤᠨ ᠮᠠᠲ᠋ᠧᠷᠢᠶᠠᠯ ᠪᠠ ᠬᠢᠲᠠᠳ ᠪᠡᠯᠡᠨ ᠡᠮ᠂ ᠮᠣᠩᠭᠤᠯ ᠪᠡᠯᠡᠨ ᠡᠮ ᠢ ᠳᠡᠯᠭᠡᠷᠡᠭᠦᠯᠦᠨ ᠬᠡᠷᠡᠭᠯᠡᠬᠦ ᠶᠢ ᠳᠡᠮᠵᠢᠬᠦ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠲᠣᠭᠲᠠᠭᠠᠵᠤ᠂ ᠬᠤᠳᠠᠯᠳᠤᠨ ᠠᠪᠬᠤ᠂ ᠳᠣᠭᠢᠷᠠᠭᠤᠯᠤᠨ ᠬᠦᠷᠭᠡᠬᠦ ᠪᠠ ᠬᠡᠷᠡᠭᠯᠡᠬᠦ ᠴᠤᠪᠤᠷᠠᠯ ᠢ ᠵᠢᠷᠤᠮᠵᠢᠭᠤᠯᠤᠨ᠂ ᠬᠢᠲᠠᠳ ᠡᠮ ︵ᠮᠣᠩᠭᠤᠯ ᠡᠮ ᠡᠮᠨᠡᠯᠭᠡ︶᠎ ᠤᠨ ᠨᠠᠶᠢᠷᠠᠯᠭ᠎ᠠ ᠶᠢᠨ ᠮᠡᠷᠭᠡᠵᠢᠯ ᠤᠨ ᠬᠠᠮᠵᠢᠯᠴᠠᠭ᠎ᠠ ᠶᠢᠨ ᠰᠢᠰᠲ᠋ᠧᠮᠵᠢᠭᠰᠡᠨ ᠰᠣᠶᠣᠯ ᠤᠨ ᠲᠤᠰᠠᠯᠠᠮᠵᠢ ᠶᠢᠨ ᠡᠮᠴᠢᠯᠡᠭᠡᠨ ᠤ ᠪᠠᠶᠢᠭᠤᠯᠤᠮᠵᠢ ᠳᠤ ᠳᠣᠭᠢᠷᠠᠭᠤᠯᠤᠨ ᠬᠡᠷᠡᠭᠯᠡᠬᠦ ᠬᠠᠷᠢᠴᠠᠯ ᠢ ᠴᠢᠩᠭᠠᠷᠠᠭᠤᠯᠵᠤ᠂ ᠨᠠᠩ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶᠎ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠡᠷᠦᠩᠬᠡᠶ ᠲᠥᠯᠥᠪᠵᠢᠭᠦᠯᠭᠡ ᠳᠤ ᠣᠷᠣᠭᠤᠯᠵᠤ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶᠎ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢ ᠳᠡᠮᠵᠢᠨ ᠠᠬᠢᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠪᠠ ᠰᠢᠨᠵᠢᠯᠡᠬᠦ ᠤᠬᠠᠭᠠᠨ ᠤ ᠰᠤᠳᠤᠯᠤᠯ ᠤᠨ ᠲᠥᠯᠥᠪᠵᠢᠭᠦᠯᠭᠡ ᠶᠢ ᠲᠣᠭᠲᠠᠭᠠᠨ᠎ᠠ᠃    
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号