ᠲᠣᠭᠲᠠᠭᠠᠭᠰᠠᠨ ᠠᠬᠤᠶ ᠪᠠᠶᠢᠳᠠᠯ᠄ ᠨᠠᠮ ᠪᠠ ᠤᠯᠤᠰ ᠤᠨ ᠬᠢᠲᠠᠳ ᠡᠮ ᠡᠮᠨᠡᠯᠭᠡ ᠪᠠ ᠦᠨᠳᠦᠰᠦᠲᠡᠨ ᠤ ᠡᠮ | ᠡᠮᠨᠡᠯᠭᠡ ᠶᠢᠨ ᠦᠢᠯᠡᠰ ᠤᠨ ᠬᠥᠭᠵᠢᠯᠲᠡ ᠶᠢ ᠲᠡᠳᠬᠦᠨ ᠳᠡᠮᠵᠢᠬᠦ ᠦᠨᠳᠦᠰᠦᠨ ᠪᠣᠳᠣᠯᠭ᠎ᠠ ᠴᠢᠭᠯᠡᠯᠲᠡ ᠶᠢ | ᠲᠤᠤᠱᠯᠠᠭᠤᠯᠬᠤ ᠶᠢᠨ ᠲᠥᠯᠥᠭᠡ᠂ ︽ᠬᠢᠲᠠᠳ ᠡᠮ ᠡᠮᠨᠡᠯᠭᠡ ᠮᠣᠩᠭᠤᠯ ᠡᠮ ᠡᠮᠨᠡᠯᠭᠡ ᠶᠢ ᠤᠯᠠᠮᠵᠢᠯᠠᠨ ᠵᠠᠯᠭᠠᠮᠵᠢᠯᠠᠵᠤ | ᠰᠢᠨ᠎ᠡ ᠶᠢ ᠡᠭᠦᠳᠦᠨ ᠬᠥᠭᠵᠢᠭᠦᠯᠬᠦ ᠶᠢ ᠠᠬᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠡᠷᠡᠭᠵᠢᠭᠦᠯᠬᠦ ᠰᠠᠨᠠᠯ︾ ︽ | ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠣᠨᠴᠠᠯᠢᠭ ᠲᠠᠢ ᠬᠥᠭᠵᠢᠯᠲᠡ ᠶᠢ ᠠᠬᠢᠭᠤᠯᠬᠤ ᠲᠥᠷᠥ ᠶᠢᠨ | ᠪᠣᠳᠣᠯᠭ᠎ᠠ ᠶᠢᠨ ᠠᠷᠭ᠎ᠠ ᠬᠡᠮᠵᠢᠶ᠎ᠡ ᠨᠦᠭᠦᠳ ᠤᠨ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︽ᠪᠤᠭᠤᠳᠤ ᠬᠤᠳᠠ ᠶᠢᠨ ᠠᠷᠠᠳ ᠤᠨ | ᠵᠠᠰᠠᠭ ᠤᠨ ᠤᠷᠳᠤᠨ ᠤ ᠮᠤᠩᠭᠤᠯ ᠡᠮ ᠡᠮᠨᠡᠯᠬᠡ ᠬᠢᠳᠠᠳ ᠡᠮ ᠡᠮᠨᠡᠯᠬᠡ ᠶᠢᠨ ᠦᠢᠯᠡᠰ ᠢ ᠬᠦᠭᠵᠢᠬᠦᠯᠬᠦ ᠲᠤᠬᠠᠢ | ᠬᠡᠷᠡᠭᠵᠢᠬᠦᠯᠬᠦ ᠰᠠᠨᠠᠯ︾ ︵ᠪᠣᠭᠤᠳᠤ ᠬᠤᠲᠠ ᠶᠢᠨ ᠠᠷᠠᠳ ᠤᠨ ᠵᠠᠰᠠᠭ ᠤᠨ ᠣᠷᠳᠤᠨ ᠤ | ᠲᠠᠷᠬᠠᠭᠠᠭᠰᠠᠨ〔2018〕48 ᠳ᠋ᠤᠭᠠᠷ︶ ︽ᠪᠤᠭᠤᠲᠤ ᠬᠤᠲᠠ ᠶᠢᠨ ᠬᠢᠲᠠᠳ ᠡᠮ ᠡᠮᠨᠡᠯᠭᠡ ︵ᠮᠣᠩᠭᠤᠯ ᠡᠮ | ᠡᠮᠨᠡᠯᠭᠡ︶ ᠶᠢ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠦᠨ ᠬᠥᠭᠵᠢᠭᠦᠯᠬᠦ ᠶᠢ ᠠᠬᠢᠭᠤᠯᠬᠤ ᠲᠤᠬᠠᠶ ᠠᠷᠭ᠎ᠠ | ᠬᠡᠮᠵᠢᠶ᠎ᠡ ᠨᠦᠭᠦᠳ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾ ︵ᠪᠣᠭᠤᠳᠤ ᠬᠤᠲᠠ ᠶᠢᠨ ᠡᠮ ᠡᠮᠨᠡᠯᠭᠡ ᠡᠷᠡᠭᠦᠯ | ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢᠨ ᠠᠯᠪᠠᠨ ᠭᠡᠷ ᠤᠨ ᠲᠠᠷᠬᠠᠭᠰᠠᠨ〔2022〕1 ᠳ᠋ᠦ᠋ᠭᠡᠷ︶ | ᠵᠡᠷᠭᠡ ᠱᠠᠭᠠᠷᠳᠠᠯᠭ᠎ᠠ ᠶᠢ ᠨᠠᠶᠢᠳᠠᠪᠤᠷᠢᠵᠢᠭᠦᠯᠦᠨ᠂ | ᠵᠢᠦ ᠶᠤᠸᠠᠨ ᠲᠣᠭᠤᠷᠢᠭ ᠨᠢᠭᠡᠨᠲᠡ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠠᠵᠢᠯ ᠢ ︽ | ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠳᠤ ᠣᠷᠣᠭᠤᠯᠵᠤ᠂ ᠬᠢᠲᠠᠳ ᠡᠮ ᠡᠮᠨᠡᠯᠭᠡ ︵ | ᠮᠣᠩᠭᠤᠯ ᠡᠮ ᠡᠮᠨᠡᠯᠭᠡ︶ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠤᠨ᠂ ᠬᠢᠲᠠᠳ ᠡᠮ ᠡᠮᠨᠡᠯᠭᠡ ︵ᠮᠣᠩᠭᠤᠯ ᠡᠮ | ᠡᠮᠨᠡᠯᠭᠡ︶ ᠶᠢᠨ ᠦᠢᠯᠡᠴᠢᠯᠡᠭᠡᠨ ᠤ ᠲᠣᠤᠷ ᠰᠦᠯᠵᠢᠶ᠎ᠡ ᠶᠢ ᠤᠯᠠᠮ ᠨᠢᠭᠡ ᠠᠯᠬᠤᠮ ᠪᠠᠶᠢᠭᠤᠯᠤᠨ ᠪᠦᠷᠢᠨᠰᠢᠭᠦᠯᠵᠦ᠂ | ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ | ᠦᠢᠯᠡᠴᠢᠯᠡᠭᠡᠨ ᠤ ᠴᠢᠳᠠᠪᠤᠷᠢ ᠪᠠ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠬᠢᠲᠠᠳ ᠡᠮ ᠡᠮᠨᠡᠯᠭᠡ ︵ᠮᠣᠩᠭᠤᠯ ᠡᠮ | ᠡᠮᠨᠡᠯᠭᠡ︶ ᠶᠢᠨ ᠦᠢᠯᠡᠰ ᠤᠨ ᠦᠷᠭᠦᠯᠵᠢᠯᠡᠨ᠂ ᠲᠣᠭᠲᠠᠭᠤᠨ᠂ ᠰᠢᠨᠵᠢᠯᠡᠬᠦ ᠤᠬᠠᠭᠠᠨᠴᠢ᠂ ᠵᠣᠬᠢᠴᠠᠩᠭᠤᠶ᠂ | ᠡᠷᠡᠭᠦᠯ ᠢᠶᠠᠷ ᠬᠥᠭᠵᠢᠬᠦ ᠶᠢ ᠨᠠᠩ ᠰᠠᠶᠢᠲᠤᠷ ᠠᠬᠢᠭᠤᠯᠬᠤ ᠶᠢᠨ ᠲᠤᠰᠠᠳᠠ᠂ ᠣᠨᠴᠠᠭᠠᠶᠢᠯᠠᠨ ᠲᠣᠰ ᠲᠥᠯᠥᠪᠯᠡᠭᠡ ᠶᠢ | ᠲᠣᠭᠲᠠᠭᠠᠪᠠ᠃ | ᠵᠢᠯᠤᠭᠤᠳᠬᠤ ᠦᠵᠡᠯ ᠰᠠᠨᠠᠭ᠎ᠠ᠄ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ | ᠬᠤᠭᠤᠴᠠᠭᠠᠨ ᠤ ᠤᠳᠠᠭ᠎ᠠ ᠪᠦᠷᠢ ᠶᠢᠨ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠬᠢᠲᠠᠳ ᠡᠮ ᠡᠮᠨᠡᠯᠭᠡ ᠶᠢᠨ | ᠠᠵᠢᠯ ᠤᠨ ᠲᠤᠬᠠᠶ ᠴᠢᠬᠤᠯᠠ ᠥᠭᠦᠯᠡᠯᠲᠡ ᠵᠢᠴᠢ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠬᠢᠲᠠᠳ ᠡᠮ | ᠡᠮᠨᠡᠯᠭᠡ ᠶᠢᠨ ᠠᠵᠢᠯ ᠤᠨ ᠴᠢᠭᠯᠡᠯᠲᠡ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠪᠥᠬᠦ ᠤᠯᠤᠰ ᠤᠨ ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ ᠠᠵᠢᠯ ᠤᠨ ᠵᠢᠱᠢᠶ᠎ᠡ | ᠦᠵᠡᠭᠦᠯᠬᠦ ᠰᠢᠶᠠᠨ ᠢ ᠡᠭᠦᠳᠦᠨ ᠪᠠᠶᠢᠭᠤᠯᠬᠤ ᠠᠵᠢᠯ ᠢᠶᠠᠷ ᠬᠥᠲᠥᠯᠥᠨ ᠳᠠᠭᠠᠭᠤᠯᠵᠤ᠂ ᠬᠢᠲᠠᠳ ᠡᠮ ᠡᠮᠨᠡᠯᠭᠡ ︵ | ᠮᠣᠩᠭᠤᠯ ᠡᠮ ᠡᠮᠨᠡᠯᠭᠡ︶ ᠶᠢᠨ ᠡᠷᠡᠭᠦᠯ ᠮᠡᠨᠳᠦ ᠶᠢᠨ ᠦᠢᠯᠡᠴᠢᠯᠡᠭᠡᠨ ᠤ ᠬᠠᠩᠭᠠᠯᠭ᠎ᠠ ᠶᠢ ᠰᠢᠯᠢᠳᠡᠭᠵᠢᠭᠦᠯᠦᠨ᠂ ᠬᠢᠲᠠᠳ | ᠡᠮ ᠡᠮᠨᠡᠯᠭᠡ ᠶᠢᠨ ᠮᠣᠩᠭᠤᠯ ᠡᠮ ᠡᠮᠨᠡᠯᠭᠡ︶ ᠶᠢᠨ ᠦᠢᠯᠡᠴᠢᠯᠡᠭᠡᠨ ᠤ ᠴᠢᠳᠠᠪᠤᠷᠢ ᠪᠠ ᠦᠢᠯᠡᠴᠢᠯᠡᠭᠡᠨ ᠤ ᠬᠢᠷᠢ | ᠬᠡᠮᠵᠢᠶ᠎ᠡ ᠶᠢ ᠳᠡᠭᠡᠭᠰᠢᠯᠡᠭᠦᠯᠵᠦ᠂ ᠪᠥᠬᠦ ᠲᠣᠭᠤᠷᠢᠭ ᠤᠨ ᠦᠨᠳᠦᠰᠦᠨ ᠱᠠᠲᠤᠨ ᠤ ᠬᠢᠲᠠᠳ ᠡᠮ ᠡᠮᠨᠡᠯᠭᠡ ︵ᠮᠣᠩᠭᠤᠯ | ᠡᠮ ᠡᠮᠨᠡᠯᠭᠡ︶ ᠶᠢᠨ ᠠᠵᠢᠯ ᠤᠨ ᠪᠦᠬᠦᠯᠢ ᠴᠣᠭᠴᠠ ᠶᠢᠨ ᠳᠡᠭᠡᠭᠰᠢᠯᠡᠯᠲᠡ ᠶᠢ ᠠᠬᠢᠭᠤᠯᠵᠤ᠂ ᠠᠷᠠᠳ ᠣᠯᠠᠨ ᠳᠤ ᠨᠠᠩ | ᠴᠢᠨᠠᠷ ᠰᠠᠶᠢᠲᠠᠶ ᠥᠨᠳᠥᠷ ᠪᠦᠲᠦᠮᠵᠢᠲᠡᠶ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠢᠯᠡᠴᠢᠯᠡᠭᠡ | ᠬᠠᠩᠭᠠᠨ᠎ᠠ᠃ | ᠬᠥᠭᠵᠢᠯᠲᠡ ᠶᠢᠨ ᠬᠠᠷᠠᠯᠲᠠ᠄ ᠤᠯᠤᠰ ᠤᠨ ᠬᠢᠲᠠᠳ ᠡᠮ ᠡᠮᠨᠡᠯᠭᠡ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ | ᠳᠠᠷᠤᠮᠠᠯᠯᠠᠨ ᠲᠠᠷᠬᠠᠭᠠᠭᠰᠠᠨ ︽2022 - 2024 ᠣᠨ ᠤ ᠪᠥᠬᠦ ᠤᠯᠤᠰ ᠤᠨ ᠦᠨᠳᠦᠰᠦᠨ ᠱᠠᠲᠤᠨ ᠤ ᠬᠢᠲᠠᠳ | ᠡᠮ ᠡᠮᠨᠡᠯᠭᠡ ᠶᠢᠨ ᠠᠵᠢᠯ ᠤᠨ ᠵᠢᠱᠢᠶ᠎ᠡ ᠦᠵᠡᠭᠦᠯᠬᠦ ᠬᠤᠲᠠ ︵ᠰᠢᠶᠠᠨ︶ ᠶᠢ ᠡᠭᠦᠳᠦᠨ ᠪᠠᠶᠢᠭᠤᠯᠵᠤ ᠬᠢᠨᠠᠨ | ᠲᠣᠭᠲᠠᠭᠠᠬᠤ ᠠᠵᠢᠯ ᠤᠨ ᠲᠥᠰᠦᠯ︾ ︽ᠪᠦᠬᠦ ᠤᠯᠤᠰ ᠤᠨ ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ | ᠠᠵᠢᠯ ᠤᠨ ᠳᠡᠯᠭᠡᠨ ᠦᠵᠡᠭᠦᠯᠬᠦ ᠬᠦᠷᠢᠶᠡᠯᠡᠩ ᠬᠤᠲᠠ ︵ᠰᠢᠶᠠᠨ︶ ᠶᠢᠨ ᠬᠠᠮᠢᠶᠠᠷᠤᠯᠲᠠ ᠶᠢᠨ ᠠᠷᠭ᠎ᠠ︾ ︽ᠪᠥᠬᠦ | ᠤᠯᠤᠰ ᠤᠨ ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ ᠠᠵᠢᠯ ᠤᠨ ᠵᠢᠱᠢᠶ᠎ᠡ ᠦᠵᠡᠭᠦᠯᠬᠦ ᠬᠤᠲᠠ ᠶᠢᠨ | ᠪᠥᠲᠥᠭᠡᠨ ᠪᠠᠶᠢᠭᠤᠯᠤᠯᠲᠠ ᠶᠢᠨ ᠪᠠᠷᠢᠮᠵᠢᠶ᠎ᠠ︾ ︽ᠪᠥᠬᠦ ᠤᠯᠤᠰ ᠤᠨ ᠦᠨᠳᠦᠰᠦᠨ ᠱᠠᠲᠤᠨ ᠤ ᠬᠢᠲᠠᠳ ᠡᠮ | ᠡᠮᠨᠡᠯᠭᠡ ᠶᠢᠨ ᠠᠵᠢᠯ ᠤᠨ ᠵᠢᠱᠢᠶ᠎ᠡ ᠦᠵᠡᠭᠦᠯᠬᠦ ᠰᠢᠶᠠᠨ ᠤ ᠪᠥᠲᠥᠭᠡᠨ ᠪᠠᠶᠢᠭᠤᠯᠤᠯᠲᠠ ᠶᠢᠨ ᠪᠠᠷᠢᠮᠵᠢᠶ᠎ᠠ︾ ᠵᠡᠷᠭᠡ | ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ 2022 ᠣᠨ ᠳᠤ ᠪᠥᠬᠦ ᠤᠯᠤᠰ ᠤᠨ ᠦᠨᠳᠦᠰᠦᠨ | ᠱᠠᠲᠤᠨ ᠤ ᠬᠢᠲᠠᠳ ᠡᠮ ᠡᠮᠨᠡᠯᠭᠡ ᠶᠢᠨ ᠠᠵᠢᠯ ᠤᠨ ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠠᠶᠢᠭᠤᠯᠬᠤ ᠠᠵᠢᠯ ᠢ | ᠪᠥᠬᠦ ᠲᠠᠯ᠎ᠠ ᠪᠠᠷ ᠡᠬᠢᠯᠡᠭᠦᠯᠵᠦ᠂ ᠡᠭᠦᠳᠦᠨ ᠪᠠᠶᠢᠭᠤᠯᠬᠤ ᠪᠠᠷᠢᠮᠵᠢᠶ᠎ᠠ ᠳᠤ ᠬᠦᠷᠦᠭᠦᠯᠬᠦ ᠪᠠᠷ ᠴᠢᠷᠮᠠᠶᠢᠨ᠎ᠠ᠃ ᠪᠦᠬᠦ | ᠲᠣᠭᠤᠷᠢᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠯᠦᠭᠡ ᠬᠠᠷᠢᠯᠴᠠᠨ ᠲᠣᠬᠢᠷᠠᠯᠴᠠᠭᠰᠠᠨ ᠭᠠᠵᠠᠷ ᠣᠷᠣᠨ ᠤ | ᠣᠨᠴᠠᠯᠢᠭ ᠲᠠᠢ᠂ ᠪᠦᠬᠦ ᠲᠣᠭᠤᠷᠢᠭ ᠤᠨ ᠠᠷᠠᠳ ᠣᠯᠠᠨ ᠤ ᠬᠡᠷᠡᠭᠴᠡᠭᠡ ᠶᠢ ᠦᠨᠳᠦᠰᠦᠨ ᠳᠤᠨᠢ ᠬᠠᠩᠭᠠᠵᠤ ᠳᠡᠶᠢᠯᠬᠦ | ᠬᠢᠲᠠᠳ ᠡᠮ ᠡᠮᠨᠡᠯᠭᠡ ᠮᠣᠩᠭᠤᠯ ᠡᠮ ᠡᠮᠨᠡᠯᠭᠡ ᠡᠷᠡᠭᠦᠯ ᠮᠡᠨᠳᠦ ᠶᠢ ᠬᠠᠮᠠᠭᠠᠯᠠᠬᠤ᠂ ᠰᠤᠷᠭᠠᠨ ᠬᠥᠮᠦᠵᠢᠯ᠂ ᠤᠯᠠᠮᠵᠢᠯᠠᠨ | ᠵᠠᠯᠭᠠᠮᠵᠢᠯᠠᠬᠤ᠂ ᠰᠢᠨᠵᠢᠯᠡᠬᠦ ᠤᠬᠠᠭᠠᠨ ᠤ ᠰᠤᠳᠤᠯᠤᠯ ᠵᠡᠷᠭᠡ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠬᠤ ᠬᠡᠷᠡᠭᠲᠡᠶ | ᠃ | ᠡᠭᠦᠳᠦᠨ ᠪᠠᠶᠢᠭᠤᠯᠬᠤ ᠪᠠᠶᠢᠭᠤᠯᠤᠯᠲᠠ ᠶᠢᠨ ᠬᠡᠷᠡᠭᠵᠢᠭᠦᠯᠬᠦ ᠠᠭᠤᠯᠭ᠎ᠠ᠄ | ᠨᠢᠭᠡ᠂ ᠪᠡᠯᠡᠳᠬᠡᠯ ᠱᠠᠲᠤ ᠦᠶ᠎ᠡ | ᠬᠤᠶᠠᠷ᠂ ᠬᠡᠷᠡᠭᠵᠢᠭᠦᠯᠬᠦ ᠱᠠᠲᠤ ᠦᠶ᠎ᠡ | ᠭᠤᠷᠪᠠ᠂ ᠥᠪᠡᠷᠲᠡᠭᠡᠨ ᠵᠠᠰᠠᠬᠤ ᠣᠷᠣᠨ ᠤ ᠦᠨᠡᠯᠡᠨ ᠵᠢᠱᠢᠵᠦ ᠰᠢᠯᠭᠠᠨ ᠬᠤᠷᠢᠶᠠᠬᠤ ᠱᠠᠲᠤ ᠦᠶ᠎ᠡ | ᠳᠥᠷᠪᠡ᠂ ᠴᠡᠭᠴᠡᠯᠡᠨ ᠰᠠᠶᠢᠵᠢᠷᠠᠭᠤᠯᠵᠤ ᠳᠡᠭᠡᠭᠰᠢᠯᠡᠭᠦᠯᠬᠦ ᠱᠠᠲᠤ ᠦᠶ᠎ᠡ | | ︵ᠨᠢᠭᠡ︶ ᠪᠡᠯᠡᠳᠬᠡᠯ ᠱᠠᠲᠤ ᠦᠶ᠎ᠡ ︵2022 ᠣᠨ︶ | ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ ᠠᠵᠢᠯ ᠤᠨ ᠵᠢᠱᠢᠶ᠎ᠡ ᠦᠵᠡᠭᠦᠯᠬᠦ ᠰᠢᠶᠠᠨ ᠢ ᠡᠭᠦᠳᠦᠨ | ᠪᠠᠶᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠪᠠ ᠠᠯᠪᠠᠨ ᠭᠡᠷ ᠢ ᠪᠠᠶᠢᠭᠤᠯᠤᠨ᠎ᠠ᠃ ᠵᠢᠤ ᠶᠤᠸᠠᠨ | ᠲᠣᠭᠤᠷᠢᠭ ᠤᠨ ᠪᠥᠬᠦ ᠤᠯᠤᠰ ᠤᠨ ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ ᠠᠵᠢᠯ ᠤᠨ ᠵᠢᠱᠢᠶ᠎ᠡ | ᠦᠵᠡᠭᠦᠯᠬᠦ ᠰᠢᠶᠠᠨ ᠢ ᠡᠭᠦᠳᠦᠨ ᠪᠠᠶᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠬᠢᠲᠠᠳ ᠡᠮ | ᠡᠮᠨᠡᠯᠭᠡ ︵ᠮᠣᠩᠭᠤᠯ ᠡᠮ ᠡᠮᠨᠡᠯᠭᠡ︶ ᠶᠢᠨ ᠠᠵᠢᠯ ᠢ ᠲᠣᠭᠲᠠᠮᠠᠯ ᠬᠤᠭᠤᠴᠠᠭ᠎ᠠ ᠲᠠᠢ ᠪᠠᠷ ᠰᠤᠳᠤᠯᠤᠨ ᠪᠠᠶᠢᠷᠢᠯᠠᠭᠤᠯᠵᠤ | ᠂ ᠵᠢᠪ ᠶᠤᠸᠠᠨ ᠲᠣᠭᠤᠷᠢᠭ ᠤᠨ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠢᠯᠡᠰ ᠤᠨ | ᠬᠥᠭᠵᠢᠯᠲᠡ ᠶᠢᠨ ᠲᠥᠯᠥᠪᠵᠢᠭᠦᠯᠭᠡ ᠶᠢᠨ ᠶᠣᠰᠣᠭᠠᠷ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠬᠢᠲᠠᠳ ᠡᠮ | ᠡᠮᠨᠡᠯᠭᠡ ︵ᠮᠣᠩᠭᠤᠯ ᠡᠮ ᠡᠮᠨᠡᠯᠭᠡ︶ ᠶᠢᠨ ᠠᠵᠢᠯ ᠢ ᠬᠠᠮᠲᠤᠪᠠᠷ ᠠᠬᠢᠭᠤᠯᠬᠤ ᠶᠢᠨ ᠵᠣᠬᠢᠴᠠᠭᠤᠯᠬᠤ ᠲᠣᠭᠲᠠᠴᠠ ᠶᠢ | ᠪᠠᠶᠢᠭᠤᠯᠤᠨ᠎ᠠ᠃ ᠪᠥᠬᠦ ᠲᠣᠭᠤᠷᠢᠭ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠠᠵᠢᠯ ᠦᠢᠯᠡᠰ ᠤᠨ | ᠵᠠᠷᠤᠳᠠᠯ ᠢ ᠡᠳ᠋ ᠤᠨ ᠵᠠᠰᠠᠭ ᠤᠨ ᠲᠥᠰᠦᠪ ᠲᠤ ᠣᠷᠣᠭᠤᠯᠬᠤ ᠶᠢᠨ ᠬᠠᠮᠲᠤ ᠵᠢᠯ ᠳᠠᠷᠠᠭᠠᠯᠠᠨ ᠳᠡᠭᠡᠭᠰᠢᠯᠡᠭᠦᠯᠦᠨ᠎ᠡ᠃ | ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡᠨ ᠤ ᠪᠠᠲᠤᠯᠠᠭ᠎ᠠ ᠳᠤ ᠬᠢᠲᠠᠳ ᠡᠮ ᠡᠮᠨᠡᠯᠭᠡ ︵ᠮᠣᠩᠭᠤᠯ | ᠡᠮ ᠡᠮᠨᠡᠯᠭᠡ︶ ᠶᠢᠨ ᠦᠢᠯᠡᠳᠦᠯ ᠢ ᠭᠦᠢᠴᠡᠳ ᠰᠣᠩᠭᠤᠨ ᠭᠠᠷᠭᠠᠵᠤ᠂ ᠤᠷᠮᠠᠰᠢᠭᠤᠯᠬᠤ ᠲᠥᠷᠥ ᠶᠢᠨ ᠪᠣᠳᠣᠯᠭ᠎ᠠ ᠶᠢ | ᠲᠣᠭᠲᠠᠭᠠᠨ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ | ᠶᠢᠨ ᠦᠢᠯᠡᠴᠢᠯᠡᠭᠡᠨ ᠢ ᠰᠣᠩᠭᠤᠨ ᠬᠡᠷᠡᠭᠯᠡᠬᠦ ᠶᠢ ᠬᠥᠲᠥᠯᠦᠨ ᠵᠢᠯᠣᠭᠤᠳᠤᠨ᠎ᠠ᠃ | ︵ᠬᠤᠶᠠᠷ︶ ᠬᠡᠷᠡᠭᠵᠢᠭᠦᠯᠬᠦ ᠱᠠᠲᠤ ᠦᠶ᠎ᠡ ︵2023 ᠣᠨ︶ | 1.ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠢᠯᠡᠴᠢᠯᠡᠭᠡᠨ ᠤ ᠲᠣᠤᠷ ᠰᠦᠯᠵᠢᠶ᠎ᠡ ᠶᠢᠨ | ᠪᠠᠶᠢᠭᠤᠯᠤᠯᠲᠠ ᠶᠢ ᠲᠡᠭᠦᠯᠳᠡᠷᠵᠢᠭᠦᠯᠦᠨ᠎ᠡ᠃ ᠪᠥᠬᠦ ᠲᠣᠭᠤᠷᠢᠭ ᠤᠨ ᠡᠯ᠎ᠡ ᠱᠠᠲᠤᠨ ᠤ ᠡᠮᠴᠢᠯᠡᠭᠡᠨ ᠤ | ᠪᠠᠶᠢᠭᠤᠯᠤᠮᠵᠢ ᠶᠢᠨ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠢᠯᠡᠴᠢᠯᠡᠭᠡᠨ ᠢ ᠲᠡᠳᠬᠦᠬᠦ ᠡᠷᠴᠢᠮ ᠢ | ᠴᠢᠩᠭᠠᠷᠠᠭᠤᠯᠵᠤ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠠᠵᠢᠯ ᠦᠢᠯᠡᠰ ᠤᠨ ᠬᠥᠭᠵᠢᠯᠲᠡ ᠶᠢ | ᠲᠡᠳᠬᠦᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠡᠮᠴᠢᠯᠡᠭᠡᠨ ᠤ ᠪᠦᠯᠦᠭᠯᠡᠯ ᠤᠨ ᠳᠣᠲᠣᠭᠠᠳᠤ ᠶᠢᠨ | ᠣᠯᠠᠨ ᠵᠦᠢᠯ ᠤᠨ ᠬᠡᠯᠪᠡᠷᠢ ᠮᠠᠶ᠋ᠢᠭ ᠤᠨ ᠪᠥᠲᠥᠭᠡᠨ ᠪᠠᠶᠢᠭᠤᠯᠤᠯᠲᠠ ᠶᠢᠨ ᠠᠷᠭ᠎ᠠ ᠵᠠᠮ ᠢ ᠰᠠᠭᠠᠳ ᠥᠬᠡᠶ | ᠨᠡᠪᠲᠡᠷᠡᠭᠦᠯᠵᠦ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠢᠯᠡᠴᠢᠯᠡᠭᠡᠨ ᠤ ᠲᠣᠤᠷ ᠰᠦᠯᠵᠢᠶ᠎ᠡ ᠶᠢᠨ | ᠠᠮᠤᠷ ᠲᠦᠪᠰᠢᠨ ᠢ ᠪᠦᠷᠢᠨᠰᠢᠭᠦᠯᠦᠨ᠎ᠡ᠃ | 2. ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ | ᠴᠢᠩᠭᠠᠷᠠᠭᠤᠯᠤᠨ᠎ᠠ᠃ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠠᠵᠢᠯᠲᠠᠨ ᠤ ᠦᠷᠭᠦᠯᠵᠢᠯᠡᠭᠰᠡᠨ | ᠰᠤᠷᠭᠠᠨ ᠬᠥᠮᠦᠵᠢᠯ ᠢ ᠬᠢᠨᠠᠮᠠᠭᠠᠶ ᠰᠠᠶᠢᠲᠤᠷ ᠬᠢᠵᠦ᠂ ᠴᠢᠳᠠᠪᠤᠷᠢᠲᠠᠨ ᠬᠥᠮᠦᠵᠢᠭᠦᠯᠬᠦ ᠠᠵᠢᠯ ᠢ ᠬᠢᠲᠠᠳ ᠡᠮ ᠡᠮᠨᠡᠯᠭᠡ | ︵ᠮᠣᠩᠭᠤᠯ ᠡᠮ ᠡᠮᠨᠡᠯᠭᠡ︶ ᠶᠢᠨ ᠠᠵᠢᠯ ᠤᠨ ᠴᠢᠬᠤᠯᠠ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠠᠵᠢᠯ ᠳᠤ | ᠪᠠᠶᠢᠭ᠎ᠠ ᠬᠢᠲᠠᠳ ᠡᠮᠨᠡᠯᠭᠡ ᠶᠢᠨ ᠠᠵᠢᠯᠲᠠᠨ ᠤ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠨᠠᠰᠤᠨ ᠳᠤ | ᠬᠦᠷᠦᠭᠰᠡᠳ ᠤᠨ ᠰᠤᠷᠤᠯᠭ᠎ᠠ ᠶᠢᠨ ᠨᠠᠮᠲᠠᠷ ᠤᠨ ᠰᠤᠷᠭᠠᠨ ᠬᠥᠮᠦᠵᠢᠯ ᠪᠤᠶᠤ ︽ᠧᠦ᠋ᠷᠣᠫᠠ ᠡᠮᠨᠡᠯᠭᠡ ᠬᠢᠲᠠᠳ | ᠡᠮᠨᠡᠯᠭᠡ ᠠᠴᠠ ᠰᠤᠷᠤᠯᠴᠠᠬᠤ︾ ᠪᠣᠯᠪᠠᠰᠤᠷᠠᠭᠤᠯᠤᠯ ᠳᠤ ᠣᠷᠣᠯᠴᠠᠬᠤ ᠶᠢ ᠳᠡᠮᠵᠢᠨ ᠵᠣᠷᠢᠭᠵᠢᠭᠤᠯᠤᠨ᠎ᠠ᠃ ᠬᠢᠲᠠᠳ | ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠲᠤᠰᠬᠠᠶ ᠮᠡᠷᠭᠡᠵᠢᠯᠲᠡᠳ ᠤᠨ ᠤᠯᠠᠮᠵᠢᠯᠠᠨ ᠵᠠᠯᠭᠠᠮᠵᠢᠯᠠᠵᠤ ᠱᠠᠪᠢ | ᠳᠠᠭᠠᠭᠤᠯᠬᠤ ᠠᠵᠢᠯ ᠢ ᠬᠢᠨᠠᠮᠠᠭᠠᠶ ᠥᠷᠨᠢᠭᠦᠯᠵᠦ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠶᠡᠭᠡ | ᠳᠡᠭᠡᠳᠦ ᠰᠤᠷᠭᠠᠭᠤᠯᠢ ᠠᠴᠠ ᠲᠡᠭᠦᠰᠦᠭᠰᠡᠳ ᠢ ᠢᠳᠡᠪᠬᠢᠲᠡᠶ ᠪᠠᠷ ᠣᠷᠣᠭᠤᠯᠤᠨ ᠠᠪᠴᠢᠷᠠᠵᠤ᠂ ᠠᠯᠤᠰ ᠡᠵᠡᠮᠰᠢᠯᠲᠦ | ᠠᠨᠠᠭᠠᠬᠤ ᠤᠬᠠᠭᠠᠨ ᠤ ᠰᠤᠷᠭᠠᠨ ᠬᠥᠮᠦᠵᠢᠯ ᠵᠡᠷᠭᠡ ᠣᠯᠠᠨ ᠵᠦᠢᠯ ᠤᠨ ᠬᠡᠯᠪᠡᠷᠢ ᠮᠠᠶ᠋ᠢᠭ ᠢ ᠭᠦᠢᠴᠡᠳ ᠠᠰᠢᠭᠯᠠᠨ᠂ | ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠠᠵᠢᠯ ᠡᠷᠭᠢᠯᠡᠭᠰᠡᠳ ᠤᠨ ᠪᠦᠬᠦᠯᠢ ᠴᠣᠭᠴᠠ ᠶᠢᠨ ᠬᠡᠪ | ᠴᠢᠨᠠᠷ ᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ ᠤᠤᠯ ᠤᠨ ᠪᠠᠶᠢᠭᠰᠠᠨ ᠮᠡᠷᠭᠡᠵᠢᠯ ᠢ ᠪᠠᠬᠢᠵᠢᠭᠦᠯᠦᠭᠰᠡᠨ ᠰᠠᠭᠤᠷᠢᠨ | ᠳᠡᠭᠡᠷ᠎ᠡ᠂ ᠤᠯᠤᠰ ᠤᠨ ᠬᠢᠲᠠᠳ ᠡᠮ ᠡᠮᠨᠡᠯᠭᠡ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠵᠥᠪᠰᠢᠶᠡᠷᠡᠨ ᠳᠡᠯᠭᠡᠷᠡᠭᠦᠯᠬᠦ | ᠬᠢᠲᠠᠳ ᠡᠮ ᠡᠮᠨᠡᠯᠭᠡ ᠶᠢᠨ ᠳᠣᠭᠢᠷᠠᠬᠤ ᠮᠡᠷᠭᠡᠵᠢᠯ ᠤᠨ ᠲᠥᠷᠥᠯ ᠵᠦᠢᠯ ᠢ ᠦᠨᠳᠦᠰᠦᠯᠡᠨ᠂ ᠵᠢᠦ ᠶᠤᠸᠠᠨ | ᠲᠣᠭᠤᠷᠢᠭ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠳᠣᠭᠢᠷᠠᠬᠤ ᠲᠥᠷᠥᠯ ᠵᠦᠢᠯ ᠢ ᠰᠢᠯᠢᠨ ᠰᠣᠩᠭᠤᠵᠤ | ᠳᠡᠯᠭᠡᠷᠡᠭᠦᠯᠦᠨ ᠬᠡᠷᠡᠭᠯᠡᠵᠦ᠂ ᠲᠤᠰᠬᠠᠶ ᠮᠡᠷᠭᠡᠵᠢᠯ ᠤᠨ ᠲᠤᠰᠬᠠᠶ ᠡᠪᠡᠳᠴᠢᠲᠡᠨ ᠤ ᠴᠢᠳᠠᠪᠤᠷᠢᠲᠠᠨ ᠢ ᠬᠥᠮᠦᠵᠢᠭᠦᠯᠦᠨ᠂ | ᠡᠮᠨᠡᠯᠭᠡ ᠶᠢᠨ ᠬᠤᠷᠢᠶ᠎ᠠ ᠳᠤ ᠲᠤᠰᠬᠠᠶ ᠮᠡᠷᠭᠡᠵᠢᠯ ᠤᠨ ᠰᠠᠯᠠᠭ᠎ᠠ ᠲᠠᠢ᠂ ᠰᠠᠯᠠᠭ᠎ᠠ ᠳᠤ ᠲᠤᠰᠬᠠᠶ ᠡᠪᠡᠳᠴᠢᠨ ᠲᠠᠢ᠂ | ᠡᠪᠡᠳᠴᠢᠨ ᠳᠤ ᠲᠤᠰᠬᠠᠶ ᠡᠮ ᠲᠠᠢ᠂ ᠪᠠᠶᠢᠴᠠᠭᠠᠨ ᠵᠠᠰᠠᠬᠤ ᠳᠤ ᠲᠤᠰᠬᠠᠶ ᠲᠥᠬᠦᠭᠡᠷᠦᠮᠵᠢ ᠲᠠᠢ ᠪᠣᠯᠭᠠᠨ᠎ᠠ᠃ | ᠲᠣᠰ ᠬᠤᠰᠢᠭᠤᠨ ᠤ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠳᠤᠮᠳᠠ ᠳᠡᠭᠡᠳᠦ ᠲᠠᠰ ᠤᠨ | ᠴᠢᠳᠠᠪᠤᠷᠢᠲᠠᠨ ᠢ ᠣᠷᠣᠭᠤᠯᠤᠨ ᠠᠪᠴᠢᠷᠠᠬᠤ ᠪᠠ ᠬᠥᠮᠦᠵᠢᠭᠦᠯᠦᠨ᠎ᠡ᠃ ᠬᠢᠲᠠᠳ ᠡᠮ ᠡᠮᠨᠡᠯᠭᠡ ︵ᠮᠣᠩᠭᠤᠯ ᠡᠮ | ᠡᠮᠨᠡᠯᠭᠡ︶ ᠶᠢᠨ ᠱᠣᠷᠣᠩ ᠰᠢᠷᠣᠶ᠂ ᠵᠢᠩᠬᠢᠨᠢ ᠠᠩᠭᠢ ᠶᠢᠨ ᠲᠡᠭᠦᠰᠦᠭᠰᠡᠳ ᠢ ᠢᠳᠡᠪᠬᠢᠲᠡᠶ ᠪᠠᠷ ᠣᠷᠣᠭᠤᠯᠤᠨ | ᠠᠪᠴᠢᠷᠠᠵᠤ᠂ ᠪᠥᠬᠦ ᠬᠤᠰᠢᠭᠤᠨ ᠤ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠴᠢᠳᠠᠪᠤᠷᠢᠲᠠᠨ ᠤ | ᠡᠩᠨᠡᠭᠡ ᠶᠢᠨ ᠬᠡᠪ ᠴᠢᠨᠠᠷ ᠢ ᠳᠡᠭᠡᠭᠰᠢᠯᠡᠭᠦᠯᠦᠨ᠎ᠡ᠃ ᠦᠷᠭᠦᠯᠵᠢᠯᠡᠭᠰᠡᠨ ᠰᠤᠷᠭᠠᠨ ᠬᠥᠮᠦᠵᠢᠯ᠂ ᠠᠵᠢᠯ ᠤᠨ ᠪᠠᠶᠢᠷᠢ ᠶᠢᠨ | ᠪᠣᠯᠪᠠᠰᠤᠷᠠᠭᠤᠯᠤᠯ᠂ ︽ᠭᠤᠷᠪᠠᠨ ᠦᠨᠳᠦᠰᠦᠨ︾ ᠤ ᠪᠣᠯᠪᠠᠰᠤᠷᠠᠭᠤᠯᠤᠯ᠂ ᠰᠠᠭᠤᠷᠢᠨ ᠡᠮᠴᠢᠯᠡᠭᠴᠢ ᠶᠢᠨ | ᠵᠢᠷᠤᠮᠵᠢᠭᠰᠠᠨ ᠪᠣᠯᠪᠠᠰᠤᠷᠠᠭᠤᠯᠤᠯ᠂ ᠲᠤᠰᠬᠠᠶ ᠮᠡᠷᠭᠡᠵᠢᠯ ᠤᠨ ᠴᠢᠳᠠᠪᠤᠷᠢᠲᠠᠨ ᠤ ᠭᠤᠤᠯᠯᠠᠭᠴᠢ ᠪᠣᠯᠪᠠᠰᠤᠷᠠᠭᠤᠯᠤᠯ | ᠵᠡᠷᠭᠡ ᠠᠵᠢᠯ ᠢ ᠰᠠᠶᠢᠲᠤᠷ ᠬᠢᠨ᠎ᠠ᠃ ᠦᠨᠳᠦᠰᠦᠨ ᠱᠠᠲᠤᠨ ᠳᠤ ᠣᠷᠳᠣ ᠬᠤᠭᠤᠴᠠᠭ᠎ᠠ ᠪᠠᠷ ᠦᠢᠯᠡᠴᠢᠯᠡᠳᠡᠭ ᠬᠢᠲᠠᠳ | ᠡᠮᠨᠡᠯᠭᠡ ᠶᠢᠨ ᠲᠥᠷᠥᠯ ᠤᠨ ᠡᠮᠴᠢ ᠶᠢᠨ ᠮᠡᠷᠭᠡᠵᠢᠯ ᠤᠨ ᠴᠣᠯᠠ ᠳᠡᠪᠰᠢᠭᠦᠯᠬᠦ ᠳᠤ ᠬᠠᠮᠢᠶ᠎ᠠ ᠪᠥᠬᠦᠶ ᠬᠡᠯᠪᠠᠶᠢᠯᠭᠡᠬᠦ | ᠲᠥᠷᠥ ᠶᠢᠨ ᠪᠣᠳᠣᠯᠭ᠎ᠠ ᠶᠢ ᠲᠣᠭᠲᠠᠭᠠᠨ᠎ᠠ᠃ | 3. ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠢᠯᠡᠴᠢᠯᠡᠭᠡᠨ ᠤ ᠴᠢᠳᠠᠪᠤᠷᠢ ᠶᠢᠨ | ᠪᠠᠶᠢᠭᠤᠯᠤᠯᠲᠠ ᠶᠢᠨ ᠳᠡᠰ ᠳᠡᠪᠰᠢᠬᠦ ᠶᠢ ᠴᠢᠩᠭᠠᠳᠬᠠᠨ᠎ᠠ᠃ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ | ᠣᠨᠴᠠᠯᠢᠭᠲᠤ ᠲᠤᠰᠬᠠᠶ ᠡᠮᠨᠡᠯᠭᠡ ᠶᠢᠨ ᠪᠠᠶᠢᠭᠤᠯᠤᠯᠲᠠ ᠶᠢᠨ ᠠᠵᠢᠯ ᠢ ᠥᠷᠨᠢᠭᠦᠯᠵᠦ᠂ ᠬᠢᠲᠠᠳ ᠡᠮ ᠡᠮᠨᠡᠯᠭᠡ ︵ | ᠮᠣᠩᠭᠤᠯ ᠡᠮ ᠡᠮᠨᠡᠯᠭᠡ︶ ᠶᠢᠨ ᠲᠣᠬᠢᠷᠠᠬᠤ ᠮᠡᠷᠭᠡᠵᠢᠯ ᠢ ᠢᠳᠡᠪᠬᠢᠲᠡᠶ ᠪᠠᠷ ᠣᠷᠣᠭᠤᠯᠵᠤ ᠢᠷᠡᠬᠦ ᠪᠠ ᠳᠡᠯᠭᠡᠷᠡᠭᠦᠯᠬᠦ | ᠬᠡᠷᠡᠭᠲᠡᠶ᠃ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠰᠢᠨᠵᠢᠯᠡᠬᠦ ᠤᠬᠠᠭᠠᠨ ᠤ ᠰᠤᠳᠤᠯᠤᠯ ᠤᠨ ᠠᠵᠢᠯ ᠢ | ᠴᠢᠩᠭᠠᠳᠬᠠᠵᠤ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠰᠢᠨᠵᠢᠯᠡᠬᠦ ᠤᠬᠠᠭᠠᠨ ᠤ ᠰᠤᠳᠤᠯᠤᠯ ᠤᠨ | ᠰᠡᠳᠦᠪ ᠢ ᠵᠣᠬᠢᠶᠠᠨ ᠪᠠᠶᠢᠭᠤᠯᠤᠨ ᠭᠤᠶᠤᠴᠢᠯᠠᠨ ᠮᠡᠳᠡᠭᠦᠯᠵᠦ᠂ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ | ᠲᠤᠰᠬᠠᠶ ᠰᠠᠯᠠᠭ᠎ᠠ ︵ᠲᠤᠰᠬᠠᠶ ᠡᠪᠡᠳᠴᠢᠨ︶ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠤᠨ᠎ᠠ᠃ | ᠪᠤᠢ ᠪᠦᠬᠦᠢ ᠰᠤᠮᠤ ᠪᠠᠯᠭᠠᠰᠤ ᠶᠢᠨ ᠡᠷᠡᠬᠦᠯ ᠬᠠᠮᠠᠭᠠᠯᠠᠯ ᠤᠨ ᠬᠤᠷᠢᠶ᠎ᠠ᠂ ᠨᠡᠶᠢᠬᠡᠮ ᠲᠤᠭᠤᠷᠢᠭ ᠤᠨ ᠡᠷᠡᠬᠦᠯ | ᠬᠠᠮᠠᠭᠠᠯᠠᠯ ᠤᠨ ᠦᠢᠯᠡᠴᠢᠯᠡᠬᠡᠨ ᠤ ᠲᠦᠪ ᠠᠴᠠ ᠬᠢᠳᠠᠳ ᠡᠮᠨᠡᠯᠬᠡ ᠶᠢᠨ ᠰᠠᠯᠠᠭ᠎ᠠ ︵ᠮᠤᠩᠭᠤᠯ ᠡᠮᠨᠡᠯᠬᠡ ᠶᠢᠨ ᠰᠠᠯᠠᠭ᠎ᠠ︶ | ᠪᠠ ᠬᠢᠳᠠᠳ ᠡᠮ ᠤᠨ ᠦᠷᠦᠬᠡ ︵ᠮᠤᠩᠭᠤᠯ ᠡᠮ ᠤᠨ ᠦᠷᠦᠬᠡ︶ ᠶᠢᠨ ᠪᠦᠳᠦᠬᠡᠨ ᠪᠠᠶᠢᠭᠤᠯᠤᠯᠳᠠ ᠶᠢ ᠤᠯᠠᠮ ᠨᠢᠬᠡ | ᠠᠯᠬᠤᠮ ᠴᠢᠩᠭᠠᠳᠬᠠᠬᠤ ᠶᠢᠨ ᠬᠠᠮᠳᠤ ᠵᠡᠬᠦᠤ ᠲᠦᠬᠡᠨᠡᠯᠬᠡ᠂ ᠪᠤᠴᠠᠯᠭᠠᠬᠤ ᠪᠤᠳᠤᠩ᠂ ᠬᠤᠰᠤᠬᠤ᠂ ᠢᠯᠢᠵᠦ | ᠨᠤᠬᠤᠯᠠᠬᠤ᠂ ᠳᠦᠷᠬᠢᠨ ᠨᠠᠭᠠᠬᠤ ᠵᠡᠷᠬᠡ 6 ᠲᠦᠷᠦᠯ ᠤᠨ 10 ᠭᠠᠷᠤᠢ ᠵᠦᠢᠯ ᠤᠨ ᠬᠢᠳᠡᠳ ᠡᠮ ᠡᠮᠨᠡᠯᠬᠡ ︵ | ᠮᠤᠩᠭᠤᠯ ᠡᠮ ᠡᠮᠨᠡᠯᠬᠡ︶ ᠶᠢᠨ ᠤᠯᠠᠮᠵᠢᠯᠠᠯᠳᠤ ᠮᠡᠷᠬᠡᠵᠢᠯ ᠢ ᠦᠷᠨᠢᠬᠦᠯᠵᠠᠢ᠃ ᠡᠭᠦᠳᠡᠨ ᠡᠮᠨᠡᠯᠭᠡ ᠬᠢᠲᠠᠳ ᠡᠮ | ᠡᠮᠨᠡᠯᠭᠡ ︵ᠮᠣᠩᠭᠤᠯ ᠡᠮᠨᠡᠯᠭᠡ︶ ᠶᠢᠨ ᠵᠣᠷ ︵ᠬᠢᠲᠠᠳ ᠡᠮ ᠤᠨ ᠴᠢᠨᠠᠬᠤ ᠡᠮ᠂ ᠬᠢᠲᠠᠳ ᠡᠮ᠂ ᠮᠣᠩᠭᠤᠯ | ᠨᠠᠶᠢᠷᠠᠭᠰᠠᠨ ᠡᠮ ᠪᠠ ᠬᠢᠲᠠᠳ ᠡᠮᠨᠡᠯᠭᠡ᠂ ᠮᠣᠩᠭᠤᠯ ᠡᠮ ᠡᠮᠨᠡᠯᠭᠡ ᠶᠢᠨ ᠡᠮ ᠤᠨ ᠪᠤᠰᠤ ᠵᠣᠷ︶ ᠤᠨ ᠲᠤᠭ᠎ᠠ ᠵᠣᠷ ᠤᠨ | ᠶᠡᠷᠦᠩᠬᠡᠶ ᠲᠤᠭ᠎ᠠ ᠶᠢᠨ ᠬᠠᠷᠢᠴᠠᠯ ᠢ 5% ᠠᠴᠠ ᠳᠣᠤᠷ᠎ᠠ ᠪᠠᠶᠢᠯᠭᠠᠵᠤ ᠪᠣᠯᠬᠤ ᠦᠭᠡᠶ᠃ | 4.ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠨᠳᠦᠰᠦᠨ ᠡᠮᠴᠢᠯᠡᠭᠡᠨ ᠤ ᠰᠢᠰᠲ᠋ᠧᠮᠵᠢ ᠶᠢᠨ | ᠪᠠᠶᠢᠭᠤᠯᠤᠯᠲᠠ ᠲᠣᠭᠤᠷᠢᠭ ᠤᠨ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ ᠪᠠᠷ ᠬᠥᠲᠥᠴᠢ ᠪᠣᠯᠭᠠᠵᠤ᠂ | ᠲᠣᠭᠤᠷᠢᠭ ᠤᠨ ᠡᠮᠨᠡᠯᠭᠡ ᠶᠢᠨ ᠬᠤᠷᠢᠶ᠎ᠠ ︵ᠮᠣᠩᠭᠤᠯ ᠡᠮᠨᠡᠯᠭᠡ︶ ᠶᠢᠨ ᠰᠠᠯᠠᠭ᠎ᠠ ᠪᠠᠷ ᠭᠤᠤᠯ ᠪᠣᠯᠭᠠᠭᠰᠠᠨ᠂ ᠰᠤᠮᠤ | ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠪᠠ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ | ᠦᠢᠯᠡᠴᠢᠯᠡᠭᠡᠨ ᠤ ᠲᠥᠪ ᠠᠴᠠ ᠬᠤᠶᠠᠳᠤᠭᠠᠷ ᠳᠡᠰ ᠤᠨ ᠬᠦᠢᠰᠦ᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ | ᠦᠢᠯᠡᠴᠢᠯᠡᠭᠡᠨ ᠤ ᠥᠷᠲᠡᠭᠡ ᠪᠠ ᠭᠠᠴᠠᠭ᠎ᠠ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠢᠶᠠᠷ ᠰᠦᠯᠵᠢᠶᠡᠨ ᠤ | ᠰᠠᠭᠤᠷᠢ ᠪᠣᠯᠭᠠᠭᠰᠠᠨ ᠭᠤᠷᠪᠠᠨ ᠱᠠᠲᠤᠨ ᠤ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠤᠨ᠎ᠠ᠃ | ᠨᠢᠭᠡ ᠳᠤ᠂ ᠲᠤᠭᠤᠷᠢᠭ ᠤᠨ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ ᠶᠢᠨ ᠪᠥᠲᠥᠭᠡᠨ ᠪᠠᠶᠢᠭᠤᠯᠤᠯᠲᠠ ᠶᠢᠨ | ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠦᠨᠳᠦᠰᠦᠨ ᠱᠠᠲᠤᠨ ᠤ ᠬᠢᠲᠠᠳ ᠡᠮ ᠡᠮᠨᠡᠯᠭᠡ ︵ | ᠮᠣᠩᠭᠤᠯ ᠡᠮ ᠡᠮᠨᠡᠯᠭᠡ︶ ᠶᠢᠨ ᠵᠢᠯᠣᠭᠤᠳᠬᠤ ᠰᠠᠯᠠᠭ᠎ᠠ ᠲᠠᠰᠤᠭ ᠢ ᠨᠠᠩ ᠲᠡᠭᠦᠯᠳᠡᠷᠵᠢᠭᠦᠯᠵᠦ᠂ ᠬᠢᠲᠠᠳ ᠡᠮ ᠡᠮᠨᠡᠯᠭᠡ | ︵ᠮᠣᠩᠭᠤᠯ ᠡᠮ ᠡᠮᠨᠡᠯᠭᠡ︶ ᠶᠢᠨ ᠲᠣᠬᠢᠷᠠᠮᠵᠢᠲᠠᠶ ᠮᠡᠷᠭᠡᠵᠢᠯ ᠢ ᠢᠳᠡᠪᠬᠢᠲᠡᠶ ᠪᠠᠷ ᠣᠷᠣᠭᠤᠯᠤᠨ ᠠᠪᠴᠢᠷᠠᠬᠤ ᠪᠠ | ᠳᠡᠯᠭᠡᠷᠡᠭᠦᠯᠵᠦ᠂ ᠦᠨᠳᠦᠰᠦᠨ ᠱᠠᠲᠤᠨ ᠤ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠠᠵᠢᠯ ᠤᠨ | ᠵᠢᠯᠣᠭᠤᠳᠣᠯᠭ᠎ᠠ ᠶᠢ ᠴᠢᠩᠭᠠᠳᠬᠠᠨ᠎ᠠ᠃ | ᠬᠤᠶᠠᠷ ᠲᠤ᠂ ᠲᠣᠭᠤᠷᠢᠭ ᠤᠨ ᠱᠠᠲᠤᠨ ᠤ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ᠂ ᠡᠬᠡ ᠨᠢᠯᠬᠠᠰ ᠤᠨ | ᠡᠷᠡᠭᠦᠯᠵᠢᠯ ᠤᠨ ᠪᠠᠶᠢᠭᠤᠯᠤᠮᠵᠢ ᠵᠡᠷᠭᠡ ᠬᠢᠲᠠᠳ ᠡᠮᠨᠡᠯᠭᠡ ︵ᠮᠣᠩᠭᠤᠯ ᠡᠮ ᠡᠮᠨᠡᠯᠭᠡ︶ ᠶᠢᠨ ᠲᠥᠷᠥᠯ ᠤᠨ ᠪᠤᠰᠤ | ᠡᠮᠴᠢᠯᠡᠭᠡᠨ ᠤ ᠪᠠᠶᠢᠭᠤᠯᠤᠮᠵᠢ ᠶᠢᠨ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠰᠠᠯᠠᠭ᠎ᠠ ᠲᠠᠰᠤᠭ ᠤᠨ | ᠪᠠᠷᠢᠮᠵᠢᠶᠠᠵᠢᠭᠤᠯᠤᠭᠰᠠᠨ ᠪᠠᠶᠢᠭᠤᠯᠤᠯᠲᠠ ᠶᠢ ᠴᠢᠩᠭᠠᠳᠬᠠᠨ ᠲᠡᠭᠦᠯᠳᠡᠷᠵᠢᠭᠦᠯᠵᠦ᠂ ᠡᠭᠦᠨ ᠳᠤ ᠬᠢᠲᠠᠳ ᠡᠮᠴᠢᠯᠡᠭᠡ ︵ | ᠮᠣᠩᠭᠤᠯ ᠡᠮᠨᠡᠯᠭᠡ︶ ᠶᠢᠨ ᠡᠮᠴᠢᠯᠡᠭᠡᠨ ᠤ ᠰᠠᠯᠠᠭ᠎ᠠ ᠲᠠᠰᠤᠭ᠂ ᠬᠢᠲᠠᠳ ᠡᠮ ᠤᠨ ᠲᠠᠰᠤᠭ ︵ᠮᠣᠩᠭᠤᠯ ᠡᠮ ᠤᠨ | ᠲᠠᠰᠤᠭ︶᠂ ᠡᠮ ᠴᠢᠨᠠᠬᠤ ᠲᠠᠰᠤᠭ ᠵᠡᠷᠭᠡ ᠪᠡᠯᠡᠳᠬᠡᠮᠵᠢ ᠲᠥᠬᠦᠭᠡᠷᠦᠮᠵᠢ ᠶᠢᠨ ᠲᠣᠬᠢᠷᠠᠭᠤᠯᠤᠯᠲᠠ ᠶᠢ | ᠳᠡᠭᠡᠭᠰᠢᠯᠡᠭᠦᠯᠦᠨ᠎ᠡ᠃ | ᠭᠤᠷᠪᠠ ᠳᠤ ᠪᠤᠢ ᠪᠦᠬᠦᠢ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ᠂ ᠰᠤᠮᠤ | ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠳᠤ ᠬᠢᠲᠠᠳ ᠡᠮᠨᠡᠯᠭᠡ ᠶᠢᠨ ᠰᠠᠯᠠᠭ᠎ᠠ ︵ᠮᠣᠩᠭᠤᠯ ᠡᠮᠨᠡᠯᠭᠡ ᠶᠢᠨ | ᠰᠠᠯᠠᠭ᠎ᠠ︶᠂ ᠬᠢᠲᠠᠳ ᠡᠮ ᠤᠨ ᠲᠠᠰᠤᠭ ︵ᠮᠣᠩᠭᠤᠯ ᠡᠮ ᠤᠨ ᠲᠠᠰᠤᠭ︶ ᠢ ᠵᠢᠷᠤᠮᠵᠢᠭᠤᠯᠤᠨ ᠪᠠᠶᠢᠷᠢᠯᠠᠭᠤᠯᠵᠤ᠂ | ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠣᠨᠣᠰᠢᠯᠠᠨ ᠡᠮᠨᠡᠬᠦ ᠲᠥᠬᠦᠭᠡᠷᠦᠮᠵᠢ ᠲᠣᠬᠢᠷᠠᠭᠤᠯᠤᠨ᠎ᠠ᠃ ᠨᠡᠶᠢᠭᠡᠮ | ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠪᠣᠯᠤᠨ ᠰᠢᠶᠠᠩ ᠪᠠᠯᠭᠠᠰᠤᠨ ᠤ ᠡᠷᠡᠭᠦᠯ | ᠬᠠᠮᠠᠭᠠᠯᠠᠯ ᠤᠨ ᠬᠤᠷᠢᠶ᠎ᠠ ᠨᠢ ᠬᠢᠲᠠᠳ ᠡᠮᠨᠡᠯᠭᠡ ᠶᠢᠨ ᠣᠷᠳᠣᠨ ᠪᠤᠶᠤ ᠮᠣᠩᠭᠤᠯ ᠡᠮᠨᠡᠯᠭᠡ ᠶᠢᠨ ᠶᠡᠷᠦᠩᠬᠡᠶᠢᠯᠡᠭᠰᠡᠨ | ᠦᠢᠯᠡᠴᠢᠯᠡᠭᠡᠨ ᠤ ᠲᠣᠭᠤᠷᠢᠭ ᠢ 100% ᠪᠠᠷ ᠲᠣᠬᠢᠷᠠᠭᠤᠯᠵᠤ᠂ ᠦᠢᠯᠡᠴᠢᠯᠡᠭᠡᠨ ᠤ ᠠᠭᠤᠯᠤᠭᠳᠠᠬᠤᠨ ᠤ | ᠪᠠᠶᠢᠭᠤᠯᠤᠯᠲᠠ ᠶᠢ ᠴᠢᠩᠭᠠᠳᠬᠠᠨ᠂ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠡᠷᠡᠭᠦᠯ ᠮᠡᠨᠳᠦ ᠶᠢᠨ ᠮᠡᠳᠡᠭᠡ | ᠵᠠᠩᠭᠢ ᠶᠢ ᠲᠡᠭᠰᠢ ᠪᠠᠶᠢᠯᠭᠠᠵᠤ᠂ ᠡᠷᠡᠭᠦᠯᠵᠢᠯ ᠤᠨ ᠰᠠᠯᠠᠭ᠎ᠠ ᠲᠠᠰᠤᠭ ᠪᠠᠶᠢᠭᠤᠯᠤᠨ᠂ ᠰᠠᠭᠤᠭᠠᠯᠢ ᠠᠷᠠᠳ ᠲᠤ ᠬᠢᠲᠠᠳ | ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠡᠷᠡᠭᠦᠯᠵᠢᠯ ᠤᠨ ᠦᠢᠯᠡᠴᠢᠯᠡᠭᠡ ᠬᠠᠩᠭᠠᠨ᠎ᠠ᠃ | ᠳᠥᠷᠪᠡ ᠳᠤ ᠬᠢᠲᠠᠳ ᠡᠮᠨᠡᠯᠭᠡ ᠶᠢᠨ ᠲᠥᠷᠥᠯ ᠤᠨ ᠡᠮᠴᠢᠯᠡᠭᠡᠨ ᠤ ᠪᠠᠶᠢᠭᠤᠯᠤᠮᠵᠢ ᠵᠢᠴᠢ ᠦᠨᠳᠦᠰᠦᠨ ᠱᠠᠲᠤᠨ ᠤ | ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ | ᠴᠢᠩᠭᠠᠳᠬᠠᠨ᠎ᠠ᠃ ᠲᠣᠭᠤᠷᠢᠭ ᠤᠨ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ ᠵᠢᠨᠡᠯᠧᠺᠲᠷᠣᠨ ᠡᠪᠡᠳᠴᠢᠨ ᠤ | ᠥᠩᠭᠡᠷᠡᠯᠲᠡ ᠨᠢ 4 ᠲᠠᠰ ᠤᠨ ᠬᠢᠷᠢ ᠲᠦᠪᠰᠢᠨ ᠳᠤ ᠬᠦᠷᠴᠡᠶ᠃ ᠣᠷᠣᠨ ᠪᠦᠰᠡ ᠶᠢᠨ ᠡᠮᠴᠢᠯᠡᠭᠡᠨ ᠤ ᠪᠦᠯᠦᠭᠯᠡᠯ ᠤᠨ | ᠳᠣᠲᠣᠷᠠᠬᠢ ᠪᠦᠷᠢᠯᠳᠦᠬᠦᠨ ᠨᠢᠭᠡᠴᠡ ᠨᠦᠭᠦᠳ ᠮᠡᠳᠡᠭᠡ ᠵᠠᠩᠭᠢ ᠪᠠᠨ ᠬᠠᠷᠢᠯᠴᠠᠨ ᠨᠡᠪᠲᠡᠷᠡᠯᠴᠡᠵᠦ ᠬᠠᠮᠲᠤ ᠪᠠᠷ | ᠭᠥᠷᠳᠡᠬᠦ ᠶᠢ ᠪᠡᠶᠡᠯᠡᠭᠦᠯᠵᠦ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠪᠠ ᠤᠯᠤᠰ ᠤᠨ | ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠱᠠᠭᠠᠷᠳᠠᠯᠭ᠎ᠠ | ᠶᠣᠰᠣᠭᠠᠷ ᠬᠠᠮᠢᠶ᠎ᠠ ᠪᠥᠬᠦᠶ ᠮᠡᠳᠡᠭᠡ ᠵᠠᠩᠭᠢ ᠵᠢᠴᠢ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢ ᠴᠠᠭ ᠲᠤᠬᠠᠶ ᠳᠤᠨᠢ | ᠣᠨᠣᠪᠴᠢᠲᠠᠶ ᠳᠡᠭᠡᠭᠰᠢ ᠮᠡᠳᠡᠭᠦᠯᠬᠦ ᠬᠡᠷᠡᠭᠲᠡᠶ᠃ | ︵ᠭᠤᠷᠪᠠ ︶ ᠥᠪᠡᠷᠲᠡᠭᠡᠨ ᠵᠠᠰᠠᠬᠤ ᠣᠷᠣᠨ ᠤ ᠦᠨᠡᠯᠡᠨ ᠵᠢᠱᠢᠵᠦ ᠰᠢᠯᠭᠠᠨ ᠬᠤᠷᠢᠶᠠᠬᠤ ᠱᠠᠲᠤ ᠦᠶ᠎ᠡ ︵ | 2023 ᠣᠨ︶ | ᠮᠠᠨ ᠤ ᠲᠣᠭᠤᠷᠢᠭ ᠤᠨ ᠪᠦᠬᠦ ᠤᠯᠤᠰ ᠤᠨ ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ ᠠᠵᠢᠯ ᠤᠨ | ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠠᠶᠢᠭᠤᠯᠬᠤ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ | ᠠᠰᠠᠭᠤᠳᠠᠯ ᠢ ᠡᠷᠢᠵᠦ᠂ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ ᠴᠡᠭᠴᠡᠯᠡᠨ ᠰᠠᠶᠢᠵᠢᠷᠠᠭᠤᠯᠬᠤ ᠠᠷᠭ᠎ᠠ | ᠬᠡᠮᠵᠢᠶ᠎ᠡ ᠶᠢ ᠰᠤᠳᠤᠯᠤᠭᠰᠠᠨ ᠤ ᠳᠠᠷᠠᠭ᠎ᠠ ᠳᠡᠭᠡᠳᠦ ᠱᠠᠲᠤᠨ ᠤ ᠬᠢᠲᠠᠳ ᠡᠮ ᠡᠮᠨᠡᠯᠭᠡ ᠶᠢᠨ ᠬᠠᠮᠢᠶᠠᠷᠤᠯᠲᠠ ᠶᠢᠨ | ᠶᠠᠮᠤᠨ ᠳᠤ ᠭᠤᠶᠤᠴᠢᠯᠠᠯ ᠭᠠᠷᠭᠠᠵᠤ᠂ ᠥᠪᠡᠷᠲᠡᠭᠡᠨ ᠵᠠᠰᠠᠬᠤ ᠣᠷᠣᠨ ᠤ ᠱᠠᠲᠤᠨ ᠤ ᠬᠢᠲᠠᠳ ᠡᠮ ᠡᠮᠨᠡᠯᠭᠡ ᠶᠢᠨ | ᠭᠤᠤᠯᠴᠢᠯᠠᠨ ᠬᠠᠮᠢᠶᠠᠷᠬᠤ ᠬᠡᠯᠲᠡᠰ ᠠᠴᠠ ᠮᠠᠨ ᠤ ᠲᠣᠭᠤᠷᠢᠭ ᠤᠨ ᠦᠨᠳᠦᠰᠦᠨ ᠱᠠᠲᠤᠨ ᠤ ᠬᠢᠲᠠᠳ ᠡᠮ | ᠡᠮᠨᠡᠯᠭᠡ ᠶᠢᠨ ᠠᠵᠢᠯ ᠤᠨ ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠠᠶᠢᠭᠤᠯᠬᠤ ᠰᠢᠯᠭᠠᠨ ᠠᠪᠬᠤ ᠶᠢ ᠤᠭᠲᠤᠨ᠎ᠠ᠃ | ︵ᠳᠥᠷᠪᠡ ︶ ᠴᠡᠭᠴᠡᠯᠡᠨ ᠰᠠᠶᠢᠵᠢᠷᠠᠭᠤᠯᠵᠤ ᠳᠡᠭᠡᠭᠰᠢᠯᠡᠭᠦᠯᠬᠦ ᠱᠠᠲᠤ ᠦᠶ᠎ᠡ | 1. ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠳᠠᠬᠢ ᠬᠢᠲᠠᠳ ᠡᠮ ᠡᠮᠨᠡᠯᠭᠡ ︵ᠮᠣᠩᠭᠤᠯ ᠡᠮ | ᠡᠮᠨᠡᠯᠭᠡ︶ ᠵᠢᠨᠦᠢᠯᠡᠳᠦᠯ ᠢ ᠪᠠᠳᠠᠷᠠᠭᠤᠯᠤᠨ᠎ᠠ᠃ ᠬᠢᠲᠠᠳ ᠡᠮᠨᠡᠯᠭᠡ ᠶᠢᠨ ︵ᠮᠣᠩᠭᠤᠯ ᠡᠮᠨᠡᠯᠭᠡ︶ ᠶᠢᠨ ᠣᠨᠴᠠᠯᠢᠠᠠᠳᠣ | ᠰᠡᠷᠭᠡᠶᠢᠯᠡᠵᠦ ᠡᠷᠡᠭᠦᠯᠵᠢᠭᠦᠯᠬᠦ ᠰᠢᠰᠲ᠋ᠧᠮᠵᠢ ᠶᠢᠨ ᠪᠠᠶᠢᠭᠤᠯᠤᠯᠲᠠ ᠶᠢ ᠴᠢᠬᠤᠯᠠᠴᠢᠯᠠᠵᠤ᠂ ᠡᠭᠦᠷᠭᠡ ᠬᠠᠷᠢᠭᠤᠴᠠᠯᠭ᠎ᠠ ᠶᠢᠨ | ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠨ᠂ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠣᠨᠴᠠᠯᠢᠠᠠᠳᠣ | ᠰᠡᠷᠭᠡᠶᠢᠯᠡᠵᠦ ᠡᠷᠡᠭᠦᠯᠵᠢᠭᠦᠯᠬᠦ ᠰᠢᠰᠲ᠋ᠧᠮᠵᠢ ᠶᠢᠨ ᠪᠠᠶᠢᠭᠤᠯᠤᠯᠲᠠ ᠶᠢᠨ ᠰᠢᠨ᠎ᠡ ᠵᠠᠮ ᠢ ᠴᠢᠷᠮᠠᠶᠢᠨ ᠰᠦᠪᠡᠭᠴᠢᠯᠡᠨ᠎ᠡ᠃ | ᠡᠯ᠎ᠡ ᠱᠠᠲᠤᠨ ᠤ ᠡᠮᠴᠢᠯᠡᠭᠡᠨ ᠤ ᠪᠠᠶᠢᠭᠤᠯᠤᠮᠵᠢ ᠨᠤᠭᠤᠳ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ | ᠮᠡᠳᠡᠯᠭᠡ ᠪᠠ ᠮᠡᠷᠭᠡᠵᠢᠯ ᠴᠢᠳᠠᠪᠤᠷᠢ ᠶᠢ ᠢᠳᠡᠪᠬᠢᠲᠡᠶ ᠪᠠᠷ ᠠᠰᠢᠭᠯᠠᠨ ᠡᠪᠡᠳᠴᠢᠨ ᠰᠡᠷᠭᠡᠶᠢᠯᠡᠬᠦ᠂ ᠡᠪᠡᠳᠴᠢᠨ | ᠵᠠᠰᠠᠬᠤ ᠶᠢ ᠥᠷᠨᠢᠭᠦᠯᠵᠦ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠬᠡᠷ ᠪᠦᠯᠢ ᠶᠢᠨ ᠡᠮᠴᠢ ᠶᠢᠨ | ᠭᠡᠷ᠎ᠡ ᠲᠣᠭᠲᠠᠨ ᠦᠢᠯᠡᠴᠢᠯᠡᠭᠦᠯᠵᠦ᠂ ᠡᠷᠡᠭᠦᠯ ᠮᠡᠨᠳᠦ ᠶᠢᠨ ᠬᠥᠮᠦᠵᠢᠯ ᠪᠠ ᠤᠬᠠᠭᠤᠯᠭ᠎ᠠ ᠯᠠᠪᠯᠠᠯᠭ᠎ᠠ ᠶᠢᠨ | ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠢᠲᠠᠳ ᠡᠮ ᠡᠮᠨᠡᠯᠭᠡ | ︵ᠮᠣᠩᠭᠤᠯ ᠡᠮ ᠡᠮᠨᠡᠯᠭᠡ︶ ᠶᠢᠨ ᠤᠷᠢᠳᠴᠢᠯᠠᠨ ᠰᠡᠷᠭᠡᠶᠢᠯᠡᠵᠦ ᠡᠷᠡᠭᠦᠯᠵᠢᠭᠦᠯᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ | ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠡᠷᠡᠭᠦᠯᠵᠢᠯ ᠤᠨ ᠵᠣᠷ ᠢ ᠵᠠᠬᠢᠶᠠᠯᠠᠨ ᠦᠢᠯᠡᠳᠴᠦ᠂ ᠬᠢᠲᠠᠳ | ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠮᠡᠳᠡᠯᠭᠡ ᠪᠠ ᠠᠷᠭ᠎ᠠ ᠶᠢ ᠬᠡᠷᠡᠭᠯᠡᠨ ᠤᠳᠠᠭᠠᠨ ᠴᠢᠨᠠᠷᠲᠠᠶ | ᠡᠪᠡᠳᠴᠢᠨ ᠤ ᠬᠠᠷᠠᠭᠠᠯᠵᠠᠯ ᠭᠥᠷᠳᠡᠭᠰᠡᠳ ᠤᠨ ᠬᠠᠮᠢᠶᠠᠷᠤᠯᠲᠠ ᠶᠢᠨ ᠦᠢᠯᠡᠴᠢᠯᠡᠭᠡᠨ ᠢ ᠥᠷᠨᠢᠭᠦᠯᠦᠨ᠎ᠡ᠃ ᠬᠢᠲᠠᠳ ᠡᠮ | ᠡᠮᠨᠡᠯᠭᠡ ︵ᠮᠣᠩᠭᠤᠯ ᠡᠮ ᠡᠮᠨᠡᠯᠭᠡ︶ ᠶᠢᠨ ᠣᠨᠴᠠᠯᠢᠭ ᠪᠠ ᠳᠠᠪᠠᠭᠤᠯᠢᠭ ᠢ ᠪᠠᠳᠠᠷᠠᠭᠤᠯᠤᠨ᠂ ᠬᠠᠯᠳᠠᠪᠤᠷᠢᠲᠤ | ᠡᠪᠡᠳᠴᠢᠨ ᠢ ᠰᠡᠷᠭᠡᠶᠢᠯᠡᠬᠦ ᠠᠵᠢᠯ ᠳᠤ ᠢᠳᠡᠪᠬᠢᠲᠡᠶ ᠣᠷᠣᠯᠴᠠᠨ᠎ᠠ᠃ | 2. ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠪᠡᠶ᠎ᠡ ᠰᠤᠪᠢᠯᠠᠯᠲᠠ ᠡᠷᠡᠭᠦᠯᠵᠢᠯ ᠪᠠ | ᠣᠨᠴᠠᠯᠢᠭ ᠲᠠᠢ ᠡᠷᠡᠭᠦᠯᠵᠢᠯ ᠤᠨ ᠦᠢᠯᠡᠴᠢᠯᠡᠭᠡ ᠶᠢ ᠬᠥᠭᠵᠢᠭᠦᠯᠦᠨ᠎ᠡ᠃ ᠬᠢᠲᠠᠳ ᠡᠮᠨᠡᠯᠭᠡ ︵ᠮᠣᠩᠭᠤᠯ ᠡᠮᠨᠡᠯᠭᠡ︶ | ᠶᠢᠨ ᠪᠡᠶ᠎ᠡ ᠰᠤᠪᠢᠯᠠᠯᠲᠠ ᠡᠷᠡᠭᠦᠯᠵᠢᠯ ᠤᠨ ᠪᠠᠶᠢᠭᠤᠯᠤᠮᠵᠢ ᠶᠢᠨ ᠬᠥᠭᠵᠢᠯᠲᠡ ᠶᠢ ᠳᠡᠮᠵᠢᠵᠦ᠂ ᠬᠢᠲᠠᠳ ᠡᠮᠨᠡᠯᠭᠡ ︵ | ᠮᠣᠩᠭᠤᠯ ᠡᠮᠨᠡᠯᠭᠡ︶ ᠶᠢᠨ ᠪᠡᠶ᠎ᠡ ᠰᠤᠪᠢᠯᠠᠯᠲᠠ ᠡᠷᠡᠭᠦᠯᠵᠢᠯ ᠪᠣᠯᠤᠨ ᠣᠨᠴᠠᠯᠢᠭ ᠲᠠᠢ ᠡᠷᠡᠭᠦᠯᠵᠢᠯ ᠤᠨ ᠦᠢᠯᠡᠴᠢᠯᠡᠭᠡᠨ ᠢ | ᠵᠢᠷᠤᠮᠵᠢᠭᠤᠯᠵᠤ᠂ ᠪᠡᠶ᠎ᠡ ᠰᠤᠪᠢᠯᠠᠬᠤ ᠰᠣᠶᠣᠯ ᠬᠢᠭᠡᠳ ᠡᠷᠡᠭᠦᠯ ᠮᠡᠨᠳᠦ ᠶᠢᠨ ᠵᠢᠭᠤᠯᠴᠢᠯᠠᠯ ᠤᠨ ᠠᠵᠤ ᠦᠢᠯᠡᠰ ᠢ | ᠬᠠᠷᠢᠯᠴᠠᠨ ᠤᠶᠠᠯᠳᠤᠭᠤᠯᠵᠤ᠂ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠣᠨᠴᠠᠯᠢᠭᠲᠤ ᠡᠷᠡᠭᠦᠯ ᠮᠡᠨᠳᠦ ᠶᠢᠨ | ᠦᠢᠯᠡᠴᠢᠯᠡᠭᠡᠨ ᠤ ᠴᠢᠳᠠᠪᠤᠷᠢ ᠶᠢ ᠥᠷᠭᠡᠳᠬᠡᠨ᠎ᠡ᠃ | 3. ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠰᠣᠶᠣᠯ ᠤᠨ ᠪᠠᠶᠢᠭᠤᠯᠤᠯᠲᠠ ᠶᠢ ᠳᠣᠪᠤᠶᠢᠯᠭᠠᠨ᠎ᠠ᠃ | ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠰᠣᠶᠣᠯ ᠵᠢᠭᠤᠯᠴᠢᠯᠠᠯ ᠤᠨ ᠲᠥᠷᠥᠯ ᠵᠦᠢᠯ ᠢ | ᠥᠷᠨᠢᠭᠦᠯᠵᠦ᠂ ᠲᠣᠭᠤᠷᠢᠭ ᠤᠨ ᠳᠣᠲᠣᠷᠠᠬᠢ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠲᠤᠰᠬᠠᠶ | ᠠᠵᠢᠯ ᠤᠨ ᠪᠠᠶᠢᠭᠤᠯᠤᠮᠵᠢ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠰᠣᠶᠣᠯ ᠤᠬᠠᠭᠤᠯᠭ᠎ᠠ | ᠬᠥᠮᠦᠵᠢᠯ ᠤᠨ ᠰᠠᠭᠤᠷᠢᠨ ᠭᠠᠵᠠᠷ᠂ ᠡᠮ ᠤᠨ ᠮᠠᠲ᠋ᠧᠷᠢᠶᠠᠯ ᠳᠠᠷᠢᠬᠤ ᠰᠠᠭᠤᠷᠢᠨ ᠭᠠᠵᠠᠷ ᠵᠡᠷᠭᠡ ᠶᠢ ᠬᠢᠲᠠᠳ ᠡᠮ | ᠡᠮᠨᠡᠯᠭᠡ ︵ᠮᠣᠩᠭᠤᠯ ᠡᠮ ᠡᠮᠨᠡᠯᠭᠡ︶ ᠶᠢᠨ ᠰᠣᠶᠣᠯ ᠡᠷᠡᠭᠦᠯ ᠮᠡᠨᠳᠦ ᠶᠢᠨ ᠠᠵᠤ ᠦᠢᠯᠡᠰ ᠯᠦᠭᠡ ᠠᠭᠤᠰᠤᠯᠴᠠᠭᠤᠯᠤᠨ | ᠬᠥᠭᠵᠢᠭᠦᠯᠬᠦ ᠶᠢ ᠠᠬᠢᠭᠤᠯᠤᠨ᠎ᠠ᠃ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠴᠢᠳᠠᠪᠤᠷᠢ ᠶᠢ | ᠳᠡᠭᠡᠭᠰᠢᠯᠡᠭᠦᠯᠬᠦ ᠪᠠᠢᠭᠤᠯᠤᠯᠲᠠ ᠶᠢ ᠴᠢᠩᠭᠠᠳᠬᠠᠵᠤ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ | ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠬᠡᠷᠡᠭᠵᠢᠭᠦᠯᠦᠨ᠂ ᠬᠢᠲᠠᠳ ᠡᠮ ᠡᠮᠨᠡᠯᠭᠡ ︵ᠮᠣᠩᠭᠤᠯ | ᠡᠮ ᠡᠮᠨᠡᠯᠭᠡ︶ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠬᠥᠮᠦᠵᠢᠯ ᠢ ᠠᠬᠢᠭᠤᠯᠵᠤ᠂ ᠬᠢᠲᠠᠳ ᠡᠮ ᠡᠮᠨᠡᠯᠭᠡ ︵ | ᠮᠣᠩᠭᠤᠯ ᠡᠮ ᠡᠮᠨᠡᠯᠭᠡ︶ ᠶᠢᠨ ᠰᠣᠶᠣᠯ ᠰᠤᠷᠭᠠᠨ ᠬᠥᠮᠦᠵᠢᠯ ᠤᠨ ᠳᠣᠲᠣᠭᠠᠳᠤ ᠭᠡᠨᠡᠳᠲᠡ ᠶᠢᠨ ᠪᠠ ᠠᠵᠢᠯᠯᠠᠭ᠎ᠠ ᠶᠢᠨ | ᠬᠡᠯᠪᠡᠷᠢ ᠶᠢ ᠪᠠᠶᠠᠯᠢᠭᠵᠢᠭᠤᠯᠤᠨ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠰᠣᠶᠣᠯ ᠢ | ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠠᠵᠢᠯ ᠢ ᠵᠣᠬᠢᠶᠠᠨ ᠪᠠᠶᠢᠭᠤᠯᠵᠤ ᠰᠤᠷᠭᠠᠭᠤᠯᠢ ᠶᠢᠨ ᠬᠦᠷᠢᠶᠡᠨ ᠳᠤ | ᠣᠷᠣᠭᠤᠯᠬᠤ ᠠᠵᠢᠯ ᠢ ᠠᠬᠢᠭᠤᠯᠤᠨ᠎ᠠ᠃ ᠪᠦᠬᠦ ᠲᠣᠭᠤᠷᠢᠭ ᠤᠨ ᠡᠮᠴᠢᠯᠡᠭᠡᠨ ᠤ ᠪᠠᠶᠢᠭᠤᠯᠤᠮᠵᠢ ᠳᠤ ᠬᠢᠲᠠᠳ ᠡᠮᠨᠡᠯᠭᠡ | ︵ᠮᠣᠩᠭᠤᠯ ᠡᠮᠨᠡᠯᠭᠡ︶ ᠶᠢᠨ ᠣᠨᠣᠰᠢᠯᠠᠨ ᠡᠮᠨᠡᠬᠦ ᠣᠨᠴᠠᠯᠢᠭᠲᠤ ᠶᠡᠷᠦᠩᠬᠡᠶᠢᠯᠡᠭᠰᠡᠨ ᠦᠢᠯᠡᠴᠢᠯᠡᠭᠡᠨ ᠤ ᠲᠣᠭᠤᠷᠢᠭ ᠢ | ᠪᠠᠶᠢᠭᠤᠯᠵᠤ᠂ ᠦᠢᠯᠡᠴᠢᠯᠡᠭᠡᠨ ᠤ ᠣᠨᠤᠯ᠂ ᠠᠵᠢᠯᠯᠠᠭᠠᠨ ᠤ ᠵᠢᠷᠤᠮᠵᠢᠯ᠂ ᠣᠷᠴᠢᠨ ᠲᠣᠭᠤᠷᠢᠨ ᠤ ᠳᠦᠷᠢ ᠲᠥᠷᠬᠦ | ᠵᠡᠷᠭᠡ ᠲᠠᠯ᠎ᠠ ᠪᠠᠷ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠰᠣᠶᠣᠯ ᠤᠨ ᠣᠨᠴᠠᠯᠢᠭ ᠢ ᠢᠯᠡᠷᠡᠭᠦᠯᠦᠨ᠎ᠡ | ᠃ ᠣᠯᠠᠨ ᠵᠦᠢᠯ ᠤᠨ ᠬᠡᠯᠪᠡᠷᠢ ᠮᠠᠶ᠋ᠢᠭ ᠢᠶᠠᠷ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ | ᠤᠬᠠᠭᠤᠯᠭ᠎ᠠ ᠶᠢᠨ ᠠᠵᠢᠯ ᠢ ᠥᠷᠨᠢᠭᠦᠯᠵᠦ᠂ ᠣᠯᠠᠨ ᠲᠦᠮᠡᠨ ᠳᠤ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ | ᠶᠢ ᠣᠶᠢᠯᠠᠭᠠᠭᠤᠯᠵᠤ᠂ ᠬᠢᠲᠠᠳ ᠡᠮ ᠡᠮᠨᠡᠯᠭᠡ ᠶᠢ ᠲᠠᠨᠢᠵᠤ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢ | ᠵᠥᠪᠰᠢᠶᠡᠷᠡᠵᠦ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢ ᠬᠡᠷᠡᠭᠯᠡᠵᠦ᠂ ᠬᠢᠲᠠᠳ ᠡᠮ ᠡᠮᠨᠡᠯᠭᠡ ︵ | ᠮᠣᠩᠭᠤᠯ ᠡᠮ ᠡᠮᠨᠡᠯᠭᠡ︶ ᠶᠢᠨ ᠰᠣᠶᠣᠯ ᠢ ᠮᠡᠳᠡᠷᠡᠬᠦ ᠬᠡᠷᠡᠭᠲᠡᠶ᠃ | 4. ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠲᠡᠳᠬᠦᠬᠦ ᠲᠥᠷᠥ ᠶᠢᠨ ᠪᠣᠳᠣᠯᠭ᠎ᠠ ᠶᠢ | ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ | ᠦᠢᠯᠡᠴᠢᠯᠡᠭᠡ ᠶᠢ ᠬᠤᠲᠠ ᠬᠥᠳᠡᠭᠡ ᠶᠢᠨ ᠡᠮᠴᠢᠯᠡᠭᠡᠨ ᠤ ᠳᠠᠭᠠᠳᠬᠠᠯ ᠤᠨ ᠲᠠᠩᠰᠠ ᠲᠠᠶᠢᠯᠬᠤ ᠬᠡᠪᠴᠢᠶᠡᠨ ᠳᠤ | ᠣᠷᠣᠭᠤᠯᠤᠨ᠎ᠠ᠃ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠢᠯᠡᠴᠢᠯᠡᠭᠡᠨ ᠤ ᠲᠥᠷᠥᠯ ᠵᠦᠢᠯ ︵ | ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠤᠨ ᠳᠣᠭᠢᠷᠠᠬᠤ ᠮᠡᠷᠭᠡᠵᠢᠯ ᠪᠠᠭᠲᠠᠨ᠎ᠠ︶᠂ ᠬᠢᠲᠠᠳ ᠡᠮ ︵ | ᠮᠣᠩᠭᠤᠯ ᠡᠮ︶ ︵ᠬᠢᠲᠠᠳ ᠬᠡᠷᠴᠢᠮ ᠡᠮ᠂ ᠬᠢᠲᠠᠳ ᠪᠡᠯᠡᠨ ᠡᠮ᠂ ᠮᠣᠩᠭᠤᠯ ᠪᠡᠯᠡᠨ ᠡᠮ ᠤᠨ ᠡᠮᠴᠢᠯᠡᠭᠡᠨ ᠤ | ᠪᠠᠶᠢᠭᠤᠯᠤᠮᠵᠢ ᠶᠢᠨ ᠡᠮᠨᠡᠯᠭᠡ ᠶᠢᠨ ᠬᠤᠷᠢᠶ᠎ᠠ ᠶᠢᠨ ᠳᠣᠲᠣᠷᠠᠬᠢ ᠨᠠᠶᠢᠷᠠᠯᠲᠠ ᠪᠠᠭᠲᠠᠨ᠎ᠠ︶ ᠤᠨ ᠡᠮᠴᠢᠯᠡᠭᠡᠨ ᠤ | ᠳᠠᠭᠠᠳᠬᠠᠯ ᠤᠨ ᠨᠥᠬᠦᠪᠥᠷᠢ ᠶᠢᠨ ᠬᠠᠷᠢᠴᠠᠯ ᠢ ᠳᠡᠭᠡᠭᠰᠢᠯᠡᠭᠦᠯᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ | ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠢᠯᠡᠴᠢᠯᠡᠭᠡ ᠶᠢ ᠰᠣᠩᠭᠤᠨ ᠬᠡᠷᠡᠭᠯᠡᠬᠦ ᠶᠢ ᠬᠥᠲᠥᠯᠦᠨ | ᠵᠢᠯᠣᠭᠤᠳᠤᠨ᠎ᠠ᠃ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠡᠭᠦᠳᠡᠨ ᠡᠮᠨᠡᠯᠭᠡ ᠳᠤ ᠡᠪᠡᠳᠴᠢᠨ ᠤ | ᠲᠥᠷᠥᠯ ᠢᠶᠠᠷ ᠵᠠᠷᠤᠳᠠᠯ ᠲᠤᠰᠢᠶᠠᠬᠤ ᠲᠦᠷᠢᠮ ᠢ ᠪᠠᠶᠢᠭᠤᠯᠵᠤ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ | ᠶᠢᠨ ᠡᠮᠴᠢᠯᠡᠭᠡᠨ ᠤ ᠳᠠᠪᠠᠭᠤᠯᠢᠭ ᠡᠪᠡᠳᠴᠢᠨ ᠤ ᠲᠥᠷᠥᠯ ᠢ ᠤᠷᠮᠠᠰᠢᠭᠤᠯᠬᠤ ᠲᠥᠷᠥ ᠶᠢᠨ ᠪᠣᠳᠣᠯᠭ᠎ᠠ ᠶᠢ | ᠲᠣᠭᠲᠠᠭᠠᠵᠤ᠂ ᠬᠢᠲᠠᠳ ᠬᠡᠷᠴᠢᠮ ᠡᠮ ᠪᠠ ᠮᠣᠩᠭᠤᠯ ᠡᠮ ᠤᠨ ᠮᠠᠲ᠋ᠧᠷᠢᠶᠠᠯ ᠢ ᠲᠥᠷᠥ ᠶᠢᠨ ᠪᠣᠳᠣᠯᠭ᠎ᠠ ᠶᠢᠨ | ᠶᠣᠰᠣᠭᠠᠷ ᠬᠤᠪᠢ ᠨᠡᠮᠡᠵᠦ ᠪᠣᠷᠣᠯᠠᠭᠤᠯᠬᠤ ᠶᠢᠨ ᠬᠠᠮᠲᠤ ᠡᠮ ᠤᠨ ᠡᠵᠡᠯᠡᠬᠦ ᠬᠠᠷᠢᠴᠠᠯ ᠢ ᠰᠢᠯᠭᠠᠨ ᠦᠨᠡᠯᠡᠬᠦ ᠳᠤ | ᠣᠷᠣᠭᠤᠯᠬᠤ ᠥᠬᠡᠶ᠃ ᠡᠮᠨᠡᠯᠭᠡ ᠶᠢᠨ ᠬᠤᠷᠢᠶ᠎ᠠ ᠶᠢᠨ ᠳᠣᠲᠣᠷᠠᠬᠢ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ | ᠶᠢᠨ ᠨᠠᠶᠢᠷᠠᠯᠭ᠎ᠠ ᠶᠢ ᠬᠥᠭᠵᠢᠭᠦᠯᠬᠦ ᠪᠠ ᠪᠠᠷᠢᠮᠵᠢᠶᠠᠲᠤ ᠬᠢᠲᠠᠳ ᠬᠡᠷᠴᠢᠮ ᠡᠮ᠂ ᠮᠣᠩᠭᠤᠯ ᠡᠮ ᠤᠨ ᠮᠠᠲ᠋ᠧᠷᠢᠶᠠᠯ ᠪᠠ | ᠬᠢᠲᠠᠳ ᠪᠡᠯᠡᠨ ᠡᠮ᠂ ᠮᠣᠩᠭᠤᠯ ᠪᠡᠯᠡᠨ ᠡᠮ ᠢ ᠳᠡᠯᠭᠡᠷᠡᠭᠦᠯᠦᠨ ᠬᠡᠷᠡᠭᠯᠡᠬᠦ ᠶᠢ ᠳᠡᠮᠵᠢᠬᠦ ᠬᠠᠮᠢᠶ᠎ᠠ ᠪᠥᠬᠦᠶ ᠲᠥᠷᠥ ᠶᠢᠨ | ᠪᠣᠳᠣᠯᠭ᠎ᠠ ᠶᠢ ᠲᠣᠭᠲᠠᠭᠠᠵᠤ᠂ ᠬᠤᠳᠠᠯᠳᠤᠨ ᠠᠪᠬᠤ᠂ ᠳᠣᠭᠢᠷᠠᠭᠤᠯᠤᠨ ᠬᠦᠷᠭᠡᠬᠦ ᠪᠠ ᠬᠡᠷᠡᠭᠯᠡᠬᠦ ᠴᠤᠪᠤᠷᠠᠯ ᠢ | ᠵᠢᠷᠤᠮᠵᠢᠭᠤᠯᠤᠨ᠂ ᠬᠢᠲᠠᠳ ᠡᠮ ︵ᠮᠣᠩᠭᠤᠯ ᠡᠮ ᠡᠮᠨᠡᠯᠭᠡ︶ ᠤᠨ ᠨᠠᠶᠢᠷᠠᠯᠭ᠎ᠠ ᠶᠢᠨ ᠮᠡᠷᠭᠡᠵᠢᠯ ᠤᠨ | ᠬᠠᠮᠵᠢᠯᠴᠠᠭ᠎ᠠ ᠶᠢᠨ ᠰᠢᠰᠲ᠋ᠧᠮᠵᠢᠭᠰᠡᠨ ᠰᠣᠶᠣᠯ ᠤᠨ ᠲᠤᠰᠠᠯᠠᠮᠵᠢ ᠶᠢᠨ ᠡᠮᠴᠢᠯᠡᠭᠡᠨ ᠤ ᠪᠠᠶᠢᠭᠤᠯᠤᠮᠵᠢ ᠳᠤ | ᠳᠣᠭᠢᠷᠠᠭᠤᠯᠤᠨ ᠬᠡᠷᠡᠭᠯᠡᠬᠦ ᠬᠠᠷᠢᠴᠠᠯ ᠢ ᠴᠢᠩᠭᠠᠷᠠᠭᠤᠯᠵᠤ᠂ ᠨᠠᠩ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ | ᠬᠠᠩᠭᠠᠨ᠎ᠠ᠃ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ | ᠬᠥᠭᠵᠢᠯᠲᠡ ᠶᠢ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠪᠠ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠶᠡᠷᠦᠩᠬᠡᠶ ᠲᠥᠯᠥᠪᠵᠢᠭᠦᠯᠭᠡ ᠳᠤ ᠣᠷᠣᠭᠤᠯᠵᠤ᠂ ᠬᠢᠲᠠᠳ ᠡᠮ ᠡᠮᠨᠡᠯᠭᠡ ︵ᠮᠣᠩᠭᠤᠯ | ᠡᠮ ᠡᠮᠨᠡᠯᠭᠡ︶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢ ᠳᠡᠮᠵᠢᠨ ᠠᠬᠢᠭᠤᠯᠬᠤ ᠲᠥᠷᠥ ᠶᠢᠨ | ᠪᠣᠳᠣᠯᠭ᠎ᠠ ᠶᠢᠨ ᠠᠷᠭ᠎ᠠ ᠬᠡᠮᠵᠢᠶ᠎ᠡ ᠪᠠ ᠰᠢᠨᠵᠢᠯᠡᠬᠦ ᠤᠬᠠᠭᠠᠨ ᠤ ᠰᠤᠳᠤᠯᠤᠯ ᠤᠨ ᠲᠥᠯᠥᠪᠵᠢᠭᠦᠯᠭᠡ ᠶᠢ ᠲᠣᠭᠲᠠᠭᠠᠨ᠎ᠠ᠃ | | | |