ᠵᠢᠦ ᠶᠤᠸᠠᠨ ᠲᠣᠭᠤᠷᠢᠭ ᠤᠨ ᠪᠥᠬᠦ ᠤᠯᠤᠰ ᠤᠨ ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ ᠠᠵᠢᠯ ᠤᠨ ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠠᠶᠢᠭᠤᠯᠤᠨ ᠬᠡᠷᠡᠭᠵᠢᠭᠦᠯᠬᠦ ᠲᠥᠰᠦᠯ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2023/4/4
ᠨᠢᠭᠡ᠂ ᠦᠨᠳᠦᠰᠦᠨ ᠪᠠᠶᠢᠳᠠᠯᠠᠬᠤᠶ ᠪᠠᠶᠢᠳᠠᠯ    ᠤᠯᠤᠰ ᠤᠨ ᠬᠢᠲᠠᠳ ᠡᠮ ᠡᠮᠨᠡᠯᠭᠡ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ︽ᠪᠥᠬᠦ ᠤᠯᠤᠰ ᠤᠨ ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ ᠠᠵᠢᠯ ᠤᠨ ᠵᠢᠱᠢᠶ᠎ᠡ ᠦᠵᠡᠭᠦᠯᠬᠦ ᠬᠤᠲᠠ ︵ᠰᠢᠶᠠᠨ︶᠎ ᠶᠢᠨ ᠬᠠᠮᠢᠶᠠᠷᠤᠯᠲᠠ ᠶᠢᠨ ᠠᠷᠭ᠎ᠠ ᠪᠠ ᠪᠥᠲᠥᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾ ︵ᠤᠯᠤᠰ ᠤᠨ ᠬᠢᠲᠠᠳ ᠡᠮ ᠡᠮᠨᠡᠯᠭᠡ ᠶᠢᠨ ᠡᠮᠨᠡᠯᠭᠡ ᠶᠢᠨ ᠶᠠᠪᠤᠳᠠᠯ ᠲᠠᠷᠬᠠᠭᠠᠬᠤ〔 2022〕1 ᠳ᠋ᠦ᠋ᠭᠡᠷ ᠲᠣᠭᠠᠲᠤ︶ ᠵᠢᠴᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠥᠬᠦ ᠤᠯᠤᠰ ᠤᠨ ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ ᠠᠵᠢᠯ ᠤᠨ ᠵᠢᠱᠢᠶ᠎ᠡ ᠦᠵᠡᠭᠦᠯᠬᠦ ᠬᠤᠲᠠ ︵ᠰᠢᠶᠠᠨ︶᠎ ᠶᠢ ᠡᠭᠦᠳᠦᠨ ᠪᠠᠶᠢᠭᠤᠯᠬᠤ ᠠᠵᠢᠯ ᠢ ᠠᠬᠢᠭᠤᠯᠬᠤ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠠᠯᠪᠠᠨ ᠬᠡᠷ ᠤᠨ ᠮᠡᠳᠡᠭᠳᠡᠯ︾ ︵ᠥᠪᠥᠷ ᠮᠣᠩᠭᠤᠯ ᠤᠨ ᠡᠷᠡᠭᠦᠯ ᠬᠠᠮᠠᠭᠠᠯᠠᠯ ᠤᠨ ᠠᠯᠪᠠᠨ ᠬᠡᠷ ᠤᠨ ᠬᠢᠲᠠᠳ ︵ᠮᠣᠩᠭᠤᠯ︶᠎ ᠤᠨ ᠬᠠᠮᠢᠶᠠᠷᠤᠯᠲᠠ ᠶᠢᠨ ᠥᠰᠥᠭ〔2022〕73 ᠳ᠋ᠤᠭᠠᠷ ᠲᠣᠭᠠᠲᠤ︶᠎ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠪᠤᠭᠤᠲᠤ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ︽ᠪᠤᠭᠤᠲᠤ ᠬᠤᠲᠠ ᠶᠢᠨ ᠪᠥᠬᠦ ᠤᠯᠤᠰ ᠤᠨ ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ ᠠᠵᠢᠯ ᠤᠨ ᠵᠢᠱᠢᠶ᠎ᠡ ᠦᠵᠡᠭᠦᠯᠬᠦ ︵ᠬᠤᠲᠠ︶᠎ ᠶᠢ ᠡᠭᠦᠳᠦᠨ ᠪᠠᠶᠢᠭᠤᠯᠬᠤ ᠠᠵᠢᠯ ᠤᠨ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾ ︵ᠪᠣᠭᠤᠳᠤ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠲᠠᠷᠬᠠᠭᠠᠭᠰᠠᠨ〔2022〕40 ᠳ᠋ᠤᠭᠡᠷ ᠲᠣᠭᠠᠲᠤ︶᠎ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ ᠮᠠᠨ ᠤ ᠲᠣᠭᠤᠷᠢᠭ ᠤᠨ ᠬᠢᠲᠠᠳ ᠡᠮ ᠡᠮᠨᠡᠯᠭᠡ ᠶᠢᠨ ᠦᠢᠯᠡᠰ ᠤᠨ ᠬᠥᠭᠵᠢᠯᠲᠡ ᠶᠢ ᠭᠦᠨᠵᠡᠭᠡᠶ ᠠᠬᠢᠭᠤᠯᠵᠤ᠂ ᠮᠠᠨ ᠤ ᠲᠣᠭᠤᠷᠢᠭ ᠤᠨ ᠪᠥᠬᠦ ᠤᠯᠤᠰ ᠤᠨ ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ ᠠᠵᠢᠯ ᠤᠨ ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠠᠶᠢᠭᠤᠯᠬᠤ ᠶᠢ ᠲᠦᠷᠭᠡᠳᠬᠡᠨ ᠠᠬᠢᠭᠤᠯᠬᠤ ᠶᠢᠨ ᠲᠤᠰᠠᠳᠠ᠂ ᠲᠣᠰ ᠬᠡᠷᠡᠭᠵᠢᠭᠦᠯᠬᠦ ᠲᠥᠰᠦᠯ ᠢ ᠣᠨᠴᠠᠭᠠᠶᠢᠯᠠᠨ ᠲᠣᠭᠲᠠᠭᠠᠪᠠ᠃ᠬᠤᠶᠠᠷ᠂ ᠵᠢᠯᠣᠭᠤᠳᠬᠤ ᠦᠵᠡᠯ ᠰᠠᠨᠠᠭ᠎ᠠ    1. ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠪᠦᠭᠦᠳᠡ ᠬᠤᠷᠠᠯ ᠤᠨ ᠵᠣᠷᠢᠭ ᠰᠠᠨᠠᠭ᠎ᠠ ᠪᠣᠯᠤᠨ ᠰᠢ ᠶᠢᠨ ᠫᠢᠩ ᠶᠡᠷᠦᠩᠬᠡᠢ ᠱᠦᠵᠢ ᠶᠢᠨ ᠬᠢᠲᠠᠳ ᠡᠮ ᠡᠮᠨᠡᠯᠭᠡ ᠶᠢᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃    2. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠲᠠᠳ ᠡᠮ ᠡᠮᠨᠡᠯᠭᠡ ᠮᠣᠩᠭᠤᠯ ᠡᠮ ᠡᠮᠨᠡᠯᠭᠡ ᠶᠢᠨ ᠤᠯᠠᠮᠵᠢᠯᠠᠨ ᠵᠠᠯᠭᠠᠮᠵᠢᠯᠠᠬᠤ᠂ ᠰᠢᠨ᠎ᠡ ᠶᠢ ᠡᠭᠦᠳᠬᠦ᠂ ᠬᠥᠭᠵᠢᠭᠦᠯᠬᠦ ᠶᠢ ᠠᠬᠢᠭᠤᠯᠬᠤ ᠵᠡᠷᠭᠡ ᠲᠥᠷᠥ ᠶᠢᠨ ᠪᠣᠳᠣᠯᠭ᠎ᠠ ᠶᠢᠨ ᠠᠷᠭ᠎ᠠ ᠪᠠᠷᠢᠯ ᠢ ᠨᠠᠶᠢᠳᠠᠪᠤᠷᠢᠵᠢᠭᠤᠯᠤᠨ᠎ᠠ᠃    3. ᠪᠤᠭᠤᠲᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠪᠤᠭᠤᠲᠤ ᠬᠤᠲᠠ ᠶᠢᠨ ᠬᠢᠲᠠᠳ ᠡᠮ ᠡᠮᠨᠡᠯᠭᠡ ᠮᠣᠩᠭᠤᠯ ᠡᠮ ᠡᠮᠨᠡᠯᠭᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠲᠤᠬᠠᠶ ᠲᠦᠷᠦ ᠶᠢᠨ ᠪᠣᠳᠤᠯᠭ᠎ᠠ ᠶᠢᠨ ᠪᠢᠴᠢᠭ ᠮᠠᠲ᠋ᠧᠷᠢᠶᠠᠯ ᠶᠢ ᠨᠠᠶᠢᠳᠠᠪᠤᠷᠢᠵᠢᠭᠤᠯᠤᠨ᠎ᠠ᠃    4. ᠪᠥᠬᠦ ᠤᠯᠤᠰ ᠤᠨ ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ ᠠᠵᠢᠯ ᠤᠨ ᠵᠢᠱᠢᠶ᠎ᠡ ᠦᠵᠡᠭᠦᠯᠬᠦ ᠬᠤᠲᠠ ︵ᠰᠢᠶᠠᠨ︶᠎ ᠶᠢ ᠡᠭᠦᠳᠦᠨ ᠪᠠᠶᠢᠭᠤᠯᠬᠤ ᠠᠵᠢᠯ ᠢᠶᠠᠷ ᠵᠢᠯᠣᠭᠤᠳᠣᠯᠭ᠎ᠠ ᠪᠣᠯᠭᠠᠵᠤ᠂ ᠰᠢᠨ᠎ᠡ ᠴᠠᠭ ᠦᠶ᠎ᠡ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠠᠵᠢᠯ ᠤᠨ ᠴᠢᠭᠯᠡᠯᠲᠡ ᠶᠢ ᠪᠠᠷᠢᠮᠲᠠᠯᠠᠨ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠲᠠᠢ ᠤᠶᠠᠯᠳᠤᠭᠤᠯᠵᠤ᠂ ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ ᠠᠵᠢᠯ ᠢ ᠲᠣᠪᠤᠶᠢᠮ᠎ᠠ ᠰᠠᠶᠢᠲᠤᠷ ᠠᠳᠬᠤᠵᠤ᠂ ᠤᠯᠠᠮᠵᠢᠯᠠᠯᠲᠤ ᠬᠢᠲᠠᠳ ᠡᠮᠨᠡᠯᠭᠡ ᠶᠢᠨ ᠤᠬᠠᠭᠠᠨ ᠤ ᠡᠪᠡᠳᠴᠢᠨ ᠰᠡᠷᠭᠡᠶᠢᠯᠡᠵᠦ ᠡᠪᠡᠳᠴᠢᠨ ᠵᠠᠰᠠᠬᠤ ᠳᠤᠮᠳᠠᠬᠢ ᠦᠢᠯᠡᠳᠦᠯ ᠢ ᠪᠠᠳᠠᠷᠠᠭᠤᠯᠤᠨ᠂ ᠪᠥᠬᠦ ᠲᠣᠭᠤᠷᠢᠭ ᠤᠨ ᠬᠢᠲᠠᠳ ᠡᠮ ᠡᠮᠨᠡᠯᠭᠡ ᠶᠢᠨ ᠦᠢᠯᠡᠰ ᠤᠨ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠦᠨ ᠬᠥᠭᠵᠢᠬᠦ ᠶᠢ ᠠᠬᠢᠭᠤᠯᠤᠨ᠎ᠠ᠃ᠭᠤᠷᠪᠠ᠂ ᠠᠵᠢᠯ ᠤᠨ ᠬᠠᠷᠠᠯᠲᠠ    ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠶᠢᠨ ᠬᠠᠮᠤᠭ ᠤᠨ ᠰᠢᠨ᠎ᠡ ᠬᠢᠲᠠᠳ ᠡᠮ ᠡᠮᠨᠡᠯᠭᠡ ᠶᠢᠨ ᠦᠢᠯᠡᠰ ᠢ  ᠬᠥᠭᠵᠢᠭᠦᠯᠬᠦ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠲᠣᠭᠤᠷᠢᠭ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠪᠥᠬᠦ ᠲᠣᠭᠤᠷᠢᠭ ᠤᠨ ᠬᠢᠲᠠᠳ ᠡᠮ ᠡᠮᠨᠡᠯᠭᠡ ᠶᠢᠨ ᠠᠵᠢᠯ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠷᠠᠭᠤᠯᠵᠤ᠂ ᠬᠢᠲᠠᠳ ᠡᠮ ᠡᠮᠨᠡᠯᠭᠡ ᠶᠢᠨ ᠦᠢᠯᠡᠴᠢᠯᠡᠭᠡᠨ ᠤ ᠲᠣᠤᠷ ᠰᠦᠯᠵᠢᠶ᠎ᠡ ᠶᠢ ᠲᠡᠭᠦᠯᠳᠡᠷᠵᠢᠭᠦᠯᠦᠨ ᠬᠢᠲᠠᠳ ᠡᠮ ᠡᠮᠨᠡᠯᠭᠡ ᠶᠢᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠢᠲᠠᠳ ᠡᠮ ᠡᠮᠨᠡᠯᠭᠡ ᠶᠢᠨ ᠡᠪᠡᠳᠴᠢᠨ ᠰᠡᠷᠭᠡᠶᠢᠯᠡᠵᠦ ᠡᠪᠡᠳᠴᠢᠨ ᠵᠠᠰᠠᠬᠤ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠬᠢᠲᠠᠳ ᠡᠮ ᠡᠮᠨᠡᠯᠭᠡ ᠶᠢᠨ ᠦᠨᠳᠦᠰᠦᠨ ᠡᠮᠴᠢᠯᠡᠭᠡ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤᠮᠳᠠᠬᠢ ᠦᠢᠯᠡᠳᠦᠯ ᠢ ᠪᠠᠳᠠᠷᠠᠭᠤᠯᠵᠤ᠂ ᠠᠷᠠᠳ ᠣᠯᠠᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠬᠢᠲᠠᠳ ᠡᠮ ᠡᠮᠨᠡᠯᠭᠡ ᠶᠢᠨ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃ᠳᠥᠷᠪᠡ᠂ ᠭᠤᠤᠯᠳᠠᠯᠭ᠎ᠠ ᠲᠠᠢ ᠡᠭᠦᠷᠭᠡ ᠶᠢᠨ ᠬᠤᠪᠢᠶᠠᠷᠢᠯᠠᠯ    1. ᠬᠢᠲᠠᠳ ᠡᠮ ᠡᠮᠨᠡᠯᠭᠡ ᠶᠢᠨ ᠠᠵᠢᠯ ᠢ ᠪᠥᠬᠦ ᠲᠣᠭᠤᠷᠢᠭ ᠤᠨ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ ᠵᠢᠴᠢ ᠵᠠᠰᠠᠭ ᠤᠨ ᠣᠷᠳᠣᠨ ᠤ ᠡᠳᠦᠷ ᠲᠤᠲᠤᠮ ᠤᠨ ᠵᠥᠪᠯᠡᠬᠦ ᠵᠦᠢᠯ ᠳᠤ ᠣᠷᠣᠭᠤᠯᠤᠨ᠎ᠠ᠃    ︵ᠬᠠᠷᠢᠭᠤᠴᠠᠯᠭᠠᠲᠤ ᠨᠢᠭᠡᠴᠡ᠄ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︶   2. ᠬᠢᠲᠠᠳ ᠡᠮ ᠡᠮᠨᠡᠯᠭᠡ ᠶᠢᠨ ᠠᠵᠢᠯ ᠤᠨ ᠬᠠᠮᠲᠤᠷᠠᠭᠰᠠᠨ ᠬᠤᠷᠠᠯ ᠤᠨ ᠲᠦᠷᠢᠮ ᠢ ᠪᠠᠶᠢᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠰᠠᠯᠠᠭ᠎ᠠ ᠮᠥᠴᠢᠷ ᠠᠯᠤᠰᠯᠠᠭᠰᠠᠨ ᠵᠣᠬᠢᠴᠠᠭᠤᠯᠬᠤ ᠬᠤᠷᠠᠯ ᠢ ᠬᠤᠷᠠᠯᠳᠤᠭᠤᠯᠤᠨ᠎ᠠ᠃    ︵ᠬᠠᠷᠢᠭᠤᠴᠠᠯᠭᠠᠲᠤ ᠨᠢᠭᠡᠴᠡ᠄ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︶   3. ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ ᠠᠵᠢᠯ ᠤᠨ ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠠᠶᠢᠭᠤᠯᠬᠤ ᠲᠥᠰᠦᠯ ᠢ ᠲᠣᠭᠲᠠᠭᠠᠵᠤ᠂ ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ ᠠᠵᠢᠯ ᠤᠨ ᠵᠢᠯ ᠳᠤ ᠲᠥᠯᠥᠪᠯᠡᠭᠡ ᠲᠠᠢ᠂ ᠪᠠᠶᠢᠷᠢᠯᠠᠭᠤᠯᠤᠯᠲᠠ ᠲᠠᠢ᠂ ᠪᠠᠶᠢᠴᠠᠭᠠᠯᠲᠠ ᠲᠠᠢ᠂ ᠬᠢᠨᠠᠨ ᠰᠢᠯᠭᠠᠯᠲᠠ ᠲᠠᠢ᠂ ᠳ᠋ᠦᠩᠨᠡᠯᠲᠡ ᠲᠠᠢ ᠪᠣᠯᠭᠠᠨ᠎ᠠ᠃ ︵ᠬᠠᠷᠢᠭᠤᠴᠠᠬᠤ ᠨᠢᠭᠡᠴᠡ᠄ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︶   4. ᠬᠢᠲᠠᠳ ᠡᠮ ᠡᠮᠨᠡᠯᠭᠡ ᠶᠢᠨ ᠰᠠᠨᠠᠭᠤᠯᠭ᠎ᠠ ᠪᠠ ᠵᠠᠭᠠᠯᠳᠤᠯᠭ᠎ᠠ ᠶᠢᠨ ᠲᠠᠪᠴᠠᠩ ᠢ ᠰᠠᠭᠠᠳ ᠥᠬᠡᠶ ᠨᠡᠪᠲᠡᠷᠡᠭᠦᠯᠵᠦ ᠂  ᠣᠯᠠᠨ ᠲᠦᠮᠡᠨ ᠤ ᠬᠢᠲᠠᠳ ᠡᠮ ᠡᠮᠨᠡᠯᠭᠡ ᠶᠢᠨ ᠦᠢᠯᠡᠴᠢᠯᠡᠭᠡᠨ ᠤ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠦᠨ᠎ᠡ᠃     ︵ᠬᠠᠷᠢᠭᠤᠴᠠᠬᠤ ᠨᠢᠭᠡᠴᠡ᠄ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︶    5. ᠳᠡᠭᠡᠳᠦ ᠲᠠᠰ ᠤᠨ ᠴᠢᠳᠠᠪᠤᠷᠢᠲᠠᠨ ᠢ ᠢᠳᠡᠪᠬᠢᠲᠡᠶ ᠪᠠᠷ ᠣᠷᠣᠭᠤᠯᠤᠨ ᠠᠪᠴᠢᠷᠠᠵᠤ᠂ ᠴᠠᠯᠢᠩ ᠣᠯᠭᠤᠮᠵᠢ ᠶᠢ ᠲᠡᠭᠦᠯᠳᠡᠷᠵᠢᠭᠦᠯᠦᠨ ᠳᠡᠭᠡᠭᠰᠢᠯᠡᠭᠦᠯᠦᠨ᠎ᠡ᠃    ︵ᠬᠠᠷᠢᠭᠤᠴᠠᠯᠭᠠᠲᠤ ᠨᠢᠭᠡᠴᠡ᠄ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︶    6. ᠣᠷᠣᠭᠤᠯᠤᠯᠲᠠ ᠶᠢ ᠦᠷᠭᠦᠯᠵᠢᠯᠡᠨ ᠲᠣᠭᠲᠠᠪᠤᠷᠢᠵᠢᠭᠤᠯᠵᠤ᠂ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠦᠨ᠎ᠡ᠃    ︵ᠬᠠᠷᠢᠭᠤᠴᠠᠯᠭᠠᠲᠤ ᠨᠢᠭᠡᠴᠡ᠄ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︶    7. ᠬᠢᠲᠠᠳ ᠡᠮ ᠡᠮᠨᠡᠯᠭᠡ ᠶᠢᠨ ᠰᠣᠶᠣᠯ ᠢ ᠪᠠᠳᠠᠷᠠᠭᠤᠯᠤᠨ ᠳᠡᠯᠭᠡᠷᠡᠭᠦᠯᠵᠦ᠂  ᠬᠢᠲᠠᠳ ᠡᠮ ᠡᠮᠨᠡᠯᠭᠡ ᠶᠢᠨ ᠤᠬᠠᠭᠤᠯᠭ᠎ᠠ ᠶᠢ ᠴᠢᠩᠭᠠᠳᠬᠠᠨ᠎ᠠ᠃   ︵ᠬᠠᠷᠢᠭᠤᠴᠠᠯᠭᠠᠲᠤ ᠨᠢᠭᠡᠴᠡ᠄ ᠲᠣᠭᠤᠷᠢᠭ ᠤᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠲᠣᠭᠤᠷᠢᠭ ᠤᠨ ᠬᠠᠮ ᠵᠠᠭᠤᠴᠢᠯᠠᠭᠤᠷ ᠤᠨ ᠲᠥᠪ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︶    8 ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ ᠶᠢ ᠬᠥᠭᠵᠢᠭᠦᠯᠵᠦ᠂ ᠬᠢᠲᠠᠳ ᠡᠮ ᠡᠮᠨᠡᠯᠭᠡ ᠶᠢᠨ ᠰᠢᠨ᠎ᠡ ᠬᠥᠭᠵᠢᠯᠲᠡ ᠶᠢ ᠠᠬᠢᠭᠤᠯᠤᠨ᠎ᠠ᠃    ︵ᠬᠠᠷᠢᠭᠤᠴᠠᠯᠭᠠᠲᠤ ᠨᠢᠭᠡᠴᠡ᠄ ᠲᠣᠭᠤᠷᠢᠭ ᠤᠨ ᠠᠵᠤ ᠦᠢᠯᠡᠳᠪᠦᠷᠢ ᠶᠢᠨ ᠰᠢᠨᠵᠢᠯᠡᠬᠦ ᠤᠬᠠᠭᠠᠨ ᠤ ᠲᠣᠪᠴᠢᠶ᠎ᠠ ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︶    9 ᠪᠠᠶᠢᠴᠠᠭᠠᠨ ᠰᠤᠳᠤᠯᠤᠯᠲᠠ ᠶᠢᠨ ᠳᠠᠪᠠᠭᠤᠯᠢᠭ ᠬᠢᠲᠠᠳ ᠡᠮ ᠡᠮᠨᠡᠯᠭᠡ ᠶᠢᠨ ᠦᠢᠯᠡᠴᠢᠯᠡᠭᠡᠨ ᠤ ᠲᠥᠷᠥᠯ ᠵᠦᠢᠯ ᠳᠤ ᠬᠢᠲᠠᠳ ᠡᠮ ᠡᠮᠨᠡᠯᠭᠡ ᠶᠢᠨ ᠦᠨ᠎ᠡ ᠬᠠᠩᠰᠢ ᠶᠢ ᠲᠣᠬᠢᠷᠠᠭᠤᠯᠬᠤ ᠰᠠᠨᠠᠭᠤᠯᠭ᠎ᠠ ᠳᠤᠷᠠᠳᠤᠨ᠎ᠠ᠃      ︵ᠬᠠᠷᠢᠭᠤᠴᠠᠯᠭᠠᠲᠤ ᠨᠢᠭᠡᠴᠡ᠄ ᠲᠣᠭᠤᠷᠢᠭ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ︶    10 ᠬᠢᠲᠠᠳ ᠡᠮ ᠡᠮᠨᠡᠯᠭᠡ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯᠯᠠᠭ᠎ᠠ ᠶᠢ ᠥᠷᠨᠢᠭᠦᠯᠵᠦ᠂ ᠬᠢᠲᠠᠳ ᠡᠮ ᠡᠮᠨᠡᠯᠭᠡ ᠶᠢᠨ ᠰᠣᠶᠣᠯ ᠬᠥᠮᠦᠵᠢᠯ ᠢ ᠪᠠᠶᠠᠯᠢᠭᠵᠢᠭᠤᠯᠤᠨ᠎ᠠ᠃     ︵ᠬᠠᠷᠢᠭᠤᠴᠠᠯᠭᠠᠲᠤ ᠨᠢᠭᠡᠴᠡ᠄ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︶    11 ᠬᠢᠳᠡᠳ ᠡᠮ ᠡᠮᠨᠡᠯᠭᠡ ᠶᠢᠨ ᠮᠡᠳᠡᠭᠡ ᠵᠠᠩᠬᠢᠵᠢᠯᠳᠡ ᠶᠢᠨ ᠪᠠᠶᠢᠭᠤᠯᠥᠯᠳᠡ ᠶᠢ ᠠᠬᠢᠭᠤᠯᠵᠦ ᠡᠮᠴᠢᠯᠡᠭᠡ ᠡᠷᠡᠬᠦᠯ ᠬᠠᠮᠠᠭᠠᠯᠠᠯ ᠤᠨ ᠦᠢᠯᠡᠴᠢᠯᠡᠭᠡᠨ ᠤ ᠬᠢᠷᠢ ᠭᠡᠮᠵᠢᠶ᠎ᠠ ᠶᠢ ᠳᠡᠭᠡᠭᠰᠢᠯᠡᠬᠦᠯᠥᠨ᠎ᠠ᠃     ︵ᠬᠠᠷᠢᠭᠤᠴᠠᠯᠭᠠᠲᠤ ᠨᠢᠭᠡᠴᠡ᠄ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︶    12 ᠣᠷᠣᠨ ᠪᠦᠰᠡ ᠶᠢᠨ ᠬᠢᠳᠡᠳ ᠡᠮ ᠤᠨ ᠨᠠᠶᠢᠷᠠᠯᠭ᠎ᠠ ᠶᠢ ᠳᠡᠮᠵᠢᠵᠦ᠂ ᠦᠪᠡᠷ ᠢᠶᠠᠨ ᠠᠪᠬᠤ᠂ ᠦᠪᠡᠷ ᠢᠶᠠᠨ ᠲᠠᠷᠢᠬᠤ᠂ ᠦᠪᠡᠷ ᠢᠶᠠᠨ ᠬᠡᠷᠡᠭᠯᠡᠬᠦ ᠬᠢᠲᠠᠳ ᠡᠮ ᠤᠨ ᠮᠠᠲ᠋ᠧᠷᠢᠶᠠᠯ ᠢ ᠰᠦᠪᠡᠭᠴᠢᠯᠡᠨ ᠦᠷᠨᠢᠭᠦᠯᠦᠨ᠎ᠡ᠃    ︵ᠬᠠᠷᠢᠭᠤᠴᠠᠯᠭᠠᠲᠤ ᠨᠢᠭᠡᠴᠡ᠄ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︶    13 ᠪᠦᠬᠦ ᠲᠣᠭᠤᠷᠢᠭ ᠤᠨ ᠨᠢᠭᠡᠳᠦᠯᠲᠡᠢ ᠬᠠᠭᠠᠷᠢᠵᠤ ᠦᠢᠯᠡᠳᠬᠦ᠂ ᠨᠢᠭᠡᠳᠦᠯᠲᠡᠢ ᠲᠣᠬᠢᠷᠠᠭᠤᠯᠤᠨ ᠬᠦᠷᠭᠡᠬᠦ ᠣᠶᠤᠨᠴᠢ ᠬᠢᠲᠠᠳ ᠡᠮ ᠤᠨ ᠳᠡᠯᠭᠡᠭᠦᠷ ᠢ   ᠪᠠᠶᠢᠭᠤᠯᠤᠨ᠎ᠠ᠃    ︵ᠬᠠᠷᠢᠭᠤᠴᠠᠯᠭᠠᠲᠤ ᠨᠢᠭᠡᠴᠡ᠄ ᠲᠣᠭᠤᠷᠢᠭ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ︶    14 ᠬᠢᠲᠠᠳ ᠡᠮ ᠡᠮᠨᠡᠯᠭᠡ ᠶᠢᠨ ᠰᠣᠶᠣᠯ ᠵᠢᠭᠤᠯᠴᠢᠯᠠᠯ ᠤᠨ ᠲᠥᠷᠥᠯ ᠵᠦᠢᠯ ᠢ ᠥᠷᠨᠢᠭᠦᠯᠵᠦ᠂ ᠬᠢᠲᠠᠳ ᠡᠮ ᠡᠮᠨᠡᠯᠭᠡ ᠶᠢᠨ ᠰᠣᠶᠣᠯ ᠡᠷᠡᠭᠦᠯ ᠮᠡᠨᠳᠦ ᠶᠢᠨ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃    ︵ᠬᠠᠷᠢᠭᠤᠴᠠᠯᠭᠠᠲᠤ ᠨᠢᠭᠡᠴᠡ᠄ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︶    15 ᠤᠯᠠᠮᠵᠢᠯᠠᠯᠲᠤ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠨᠡᠷᠡᠭᠦᠶ ᠨᠢᠳᠤᠷᠭ᠎ᠠ᠂ ᠨᠠᠢᠮᠠᠨ ᠬᠡᠮᠡᠷᠯᠢᠭ ᠢ ᠲᠦᠭᠡᠮᠡᠯᠵᠢᠭᠦᠯᠦᠨ ᠳᠡᠯᠭᠡᠷᠡᠭᠦᠯᠦᠨ᠎ᠡ᠃    ︵ᠬᠠᠷᠢᠭᠤᠴᠠᠯᠭᠠᠲᠤ ᠨᠢᠭᠡᠴᠡ᠄ ᠲᠣᠭᠤᠷᠢᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︶    16. ᠬᠢᠲᠠᠳ ᠡᠮ ᠡᠮᠨᠡᠯᠭᠡ ᠶᠢᠨ ᠬᠠᠮᠠᠭᠠᠯᠠᠯᠲᠠ ᠬᠥᠭᠵᠢᠯᠲᠡ ᠶᠢ ᠴᠢᠩᠭᠠᠳᠬᠠᠵᠤ᠂ ᠬᠢᠲᠠᠳ ᠡᠮ ᠤᠨ ᠮᠠᠲ᠋ᠧᠷᠢᠶᠠᠯ ᠤᠨ ᠠᠵᠤ ᠦᠢᠯᠡᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠬᠡᠷᠡᠭᠵᠢᠭᠦᠯᠦᠨ᠎ᠡ᠃    ︵ᠬᠠᠷᠢᠭᠤᠴᠠᠯᠭᠠᠲᠤ ᠨᠢᠭᠡᠴᠡ᠄ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︶   17.ᠬᠢᠲᠠᠳ ᠧᠦ᠋ᠷᠣᠫᠠ ᠡᠮᠨᠡᠯᠭᠡ ᠶᠢ ᠵᠡᠷᠭᠡᠪᠡᠷ ᠴᠢᠬᠤᠯᠠᠴᠢᠯᠠᠬᠤ ᠶᠢ ᠪᠠᠷᠢᠮᠲᠠᠯᠠᠵᠤ᠂ ᠤᠷᠳᠤ ᠬᠤᠭᠤᠴᠠᠭᠠᠨ ᠤ ᠬᠥᠭᠵᠢᠯᠲᠡ ᠶᠢᠨ ᠲᠥᠯᠥᠪᠵᠢᠭᠦᠯᠭᠡ ᠶᠢ ᠲᠣᠭᠲᠠᠭᠠᠪᠠ᠃    ︵ᠬᠠᠷᠢᠭᠤᠴᠠᠯᠭᠠᠲᠤ ᠨᠢᠭᠡᠴᠡ᠄ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︶  18.ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮ ᠢ 18 ᠪᠦᠷᠢᠨᠰᠢᠭᠦᠯᠵᠦ᠂ ᠬᠢᠲᠠᠳ ᠧᠦ᠋ᠷᠣᠫᠠ ᠡᠮᠨᠡᠯᠭᠡ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠨ᠂ ᠣᠷᠳᠣ ᠬᠤᠭᠤᠴᠠᠭᠠᠨ ᠤ ᠬᠥᠭᠵᠢᠯᠲᠡ ᠶᠢᠨ ᠲᠥᠯᠥᠪᠵᠢᠭᠦᠯᠭᠡ ᠶᠢ ᠲᠣᠭᠲᠠᠭᠠᠪᠠ᠃    ︵ᠬᠠᠷᠢᠭᠤᠴᠠᠯᠭᠠᠲᠤ ᠨᠢᠭᠡᠴᠡ᠄ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ︶     19. ᠨᠠᠰᠤᠲᠠᠶᠢᠴᠤᠳ ᠢ ᠬᠠᠯᠠᠮᠵᠢᠯᠠᠨ ᠬᠠᠶᠢᠷᠠᠯᠠᠵᠤ᠂ ᠬᠢᠲᠠᠳ ᠡᠮ ᠡᠮᠨᠡᠯᠭᠡ ᠶᠢ ᠤᠶᠠᠯᠳᠤᠭᠤᠯᠬᠤ ᠠᠵᠢᠯ ᠳᠤ ᠠᠭᠤᠰᠤᠯᠴᠠᠭᠤᠯᠪᠠ᠃    ︵ᠬᠠᠷᠢᠭᠤᠴᠠᠯᠭᠠᠲᠤ ᠨᠢᠭᠡᠴᠡ᠄ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ᠂ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︶    20.ᠬᠢᠨᠠᠯᠲᠠ ᠲᠠᠯᠪᠢᠵᠤ ᠰᠢᠯᠭᠠᠨ ᠬᠢᠨᠠᠬᠤ ᠶᠢ ᠴᠢᠩᠭᠠᠳᠬᠠᠵᠤ᠂ ᠣᠯᠠᠨ ᠲᠦᠮᠡᠨ ᠤ ᠬᠢᠲᠠᠳ ᠡᠮ ᠡᠮᠨᠡᠯᠭᠡ ᠶᠢᠨ ᠦᠢᠯᠡᠴᠢᠯᠡᠭᠡᠨ ᠤ ᠬᠠᠨᠤᠮᠵᠢ ᠶᠢᠨ ᠨᠣᠷᠮ᠎ᠠ ᠪᠠ ᠣᠶᠢᠯᠠᠭᠠᠬᠤ ᠨᠣᠷᠮ᠎ᠠ ᠶᠢ ᠳᠡᠭᠡᠭᠰᠢᠯᠡᠭᠦᠯᠦᠨ᠎ᠡ᠃     ︵ᠬᠠᠷᠢᠭᠤᠴᠠᠯᠭᠠᠲᠤ ᠨᠢᠭᠡᠴᠡ᠄ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︶ ᠲᠠᠪᠤ᠂ ᠠᠵᠢᠯᠯᠠᠬᠤ ᠠᠯᠬᠤᠮ ᠳᠠᠷᠠᠭ᠎ᠠ ᠵᠢᠴᠢ ᠴᠠᠭ ᠤᠨ ᠲᠣᠬᠢᠷᠠᠭᠤᠯᠤᠯᠲᠠ    ᠪᠡᠯᠡᠳᠬᠡᠯ ᠱᠠᠲᠤ ᠦᠶ᠎ᠡ ︵2023 ᠣᠨ ᠤ ᠡᠬᠢ︶ ︽ᠪᠥᠬᠦ ᠤᠯᠤᠰ ᠤᠨ ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ ᠠᠵᠢᠯ ᠤᠨ ᠵᠢᠱᠢᠶ᠎ᠡ ᠦᠵᠡᠭᠦᠯᠬᠦ ᠬᠤᠲᠠ ︵ᠲᠣᠭᠤᠷᠢᠭ︶᠎ ᠶᠢᠨ ᠬᠠᠮᠢᠶᠠᠷᠤᠯᠲᠠ ᠶᠢᠨ ᠠᠷᠭ᠎ᠠ ᠪᠠ ᠪᠥᠲᠥᠭᠡᠨ ᠪᠠᠶᠢᠭᠤᠯᠤᠯᠲᠠ ᠶᠢᠨ ᠪᠠᠷᠢᠮᠵᠢᠶ᠎ᠠ︾᠎ ᠲᠠᠢ ᠬᠠᠷᠢᠴᠠᠭᠤᠯᠤᠨ ᠮᠠᠨ ᠤ ᠲᠤᠭᠤᠷᠢᠭ ᠤᠨ ᠣᠳᠣᠬᠠᠨ ᠤ ᠬᠢᠲᠠᠳ ᠡᠮ ᠡᠮᠨᠡᠯᠭᠡ ᠶᠢᠨ ᠠᠵᠢᠯ ᠤᠨ ᠪᠠᠶᠢᠳᠠᠯ ᠳᠤ ᠥᠪᠡᠰᠦᠪᠡᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠵᠤ᠂ ᠬᠠᠷᠠᠯᠲᠠ ᠪᠠᠨ ᠲᠣᠳᠣᠷᠬᠠᠶᠢᠯᠠᠨ᠎ᠠ᠃     ᠬᠡᠷᠡᠭᠵᠢᠭᠦᠯᠬᠦ ᠱᠠᠲᠤ ᠦᠶ᠎ᠡ ︵2023 ᠣᠨ ᠤ ᠬᠡᠮᠵᠢᠶ᠎ᠡ︶᠎ ᠶᠢ ᠡᠭᠦᠳᠦᠨ ᠪᠠᠶᠢᠭᠤᠯᠬᠤ ᠤᠳᠤᠷᠢᠳᠬᠤ ᠳᠤᠭᠤᠶᠢᠯᠠᠩ ᠤᠨ ᠡᠯ᠎ᠡ ᠪᠦᠷᠢᠯᠳᠦᠬᠦᠨ ᠨᠢᠭᠡᠴᠡ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ᠂ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠬᠢᠨ᠎ᠠ᠃ ᠬᠢᠨᠠᠨ ᠲᠣᠭᠲᠠᠭᠠᠬᠤ ᠪᠠᠷᠢᠮᠵᠢᠶ᠎ᠠ ᠲᠠᠢ ᠬᠠᠷᠢᠴᠠᠭᠤᠯᠤᠨ ᠡᠯ᠎ᠡ ᠵᠦᠢᠯ ᠤᠨ ᠡᠭᠦᠷᠭᠡ ᠪᠠᠨ ᠪᠡᠶᠡᠯᠡᠭᠦᠯᠦᠨ᠎ᠡ᠃    ᠥᠪᠡᠷᠲᠡᠭᠡᠨ ᠵᠠᠰᠠᠬᠤ ᠣᠷᠣᠨ ᠤ ᠦᠨᠡᠯᠡᠨ ᠵᠢᠱᠢᠵᠦ ᠲᠠᠨᠢᠯᠴᠠᠭᠤᠯᠬᠤ ᠦᠶ᠎ᠡ ︵2023 ᠣᠨ︶᠎ ᠨᠢ ᠮᠠᠨ ᠤ ᠲᠣᠭᠤᠷᠢᠭ ᠤᠨ ᠪᠥᠬᠦ ᠤᠯᠤᠰ ᠤᠨ ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ ᠠᠵᠢᠯ ᠤᠨ ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠠᠶᠢᠭᠤᠯᠬᠤ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ ᠴᠡᠭᠴᠡᠯᠡᠨ ᠰᠠᠶᠢᠵᠢᠷᠠᠭᠤᠯᠤᠭᠰᠠᠨ ᠤ ᠳᠠᠷᠠᠭ᠎ᠠ ᠳᠡᠭᠡᠳᠦ ᠱᠠᠲᠤᠨ ᠤ ᠬᠢᠲᠠᠳ ᠡᠮ ᠡᠮᠨᠡᠯᠭᠡ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠭᠤᠶᠤᠴᠢᠯᠠᠯ ᠭᠠᠷᠭᠠᠵᠤ᠂ ᠥᠪᠡᠷᠲᠡᠭᠡᠨ ᠵᠠᠰᠠᠬᠤ ᠣᠷᠣᠨ ᠤ ᠬᠢᠲᠠᠳ ᠡᠮ ᠡᠮᠨᠡᠯᠭᠡ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠮᠠᠨ ᠤ ᠲᠣᠭᠤᠷᠢᠭ ᠤᠨ ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ ᠠᠵᠢᠯ ᠤᠨ ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠠᠶᠢᠭᠤᠯᠬᠤ ᠰᠢᠯᠭᠠᠨ ᠠᠪᠬᠤ ᠶᠢ ᠤᠭᠲᠤᠨ᠎ᠠ᠃    ᠴᠡᠭᠴᠡᠯᠡᠨ ᠰᠠᠶᠢᠵᠢᠷᠠᠭᠤᠯᠵᠤ ᠳᠡᠭᠡᠭᠰᠢᠯᠡᠭᠦᠯᠬᠦ ᠱᠠᠲᠤ ᠦᠶ᠎ᠡ ︵2024 ᠣᠨ︶   ᠨᠢᠭᠡ ᠵᠢᠯ ᠤᠨ ᠮᠠᠲ᠋ᠧᠷᠢᠶᠠᠯ ᠢ ᠦᠷᠭᠦᠯᠵᠢᠯᠡᠨ ᠡᠮᠬᠢᠳᠬᠡᠨ ᠬᠤᠷᠢᠶᠠᠩᠭᠤᠶᠢᠯᠠᠬᠤ ᠶᠢᠨ ᠬᠠᠮᠲᠤ᠂ ᠥᠪᠡᠷᠲᠡᠭᠡᠨ ᠵᠠᠰᠠᠬᠤ ᠣᠷᠣᠨ ᠤ ᠦᠨᠡᠯᠡᠨ ᠵᠢᠱᠢᠵᠦ ᠰᠢᠯᠭᠠᠨ ᠠᠪᠬᠤ ᠳᠤᠮᠳᠠ ᠢᠯᠡᠷᠡᠭᠦᠯᠦᠭᠰᠡᠨ ᠠᠰᠠᠭᠤᠳᠠᠯ ᠬᠢᠭᠡᠳ ᠪᠠᠭᠤᠷᠠᠶ ᠭᠤᠭᠴᠤᠭ᠎ᠠ ᠳᠤ ᠴᠢᠭᠯᠡᠭᠦᠯᠦᠨ᠂ ᠴᠡᠭᠴᠡᠯᠡᠨ ᠰᠠᠶᠢᠵᠢᠷᠠᠭᠤᠯᠬᠤ ᠪᠦᠲᠦᠮᠵᠢᠲᠡᠶ ᠲᠥᠰᠦᠯ ᠢ ᠳᠤᠷᠠᠳᠴᠤ᠂ ᠴᠡᠭᠴᠡᠯᠡᠨ ᠰᠠᠶᠢᠵᠢᠷᠠᠭᠤᠯᠵᠤ ᠲᠡᠭᠦᠯᠳᠡᠷᠵᠢᠭᠦᠯᠦᠨ᠎ᠡ᠃ ᠵᠢᠷᠭᠤᠭ᠎ᠠ᠂ ᠠᠵᠢᠯ ᠤᠨ ᠱᠠᠭᠠᠷᠳᠠᠯᠭ᠎ᠠ    01 ᠲᠠᠨᠢᠯᠲᠠ ᠪᠠᠨ ᠳᠡᠭᠡᠭᠰᠢᠯᠡᠭᠦᠯᠵᠦ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠶ    02 ᠨᠢᠭᠡᠳᠦᠯᠲᠡᠶ ᠲᠥᠯᠥᠪᠯᠡᠨ ᠵᠣᠬᠢᠴᠠᠭᠤᠯᠵᠤ ᠵᠦᠶ ᠵᠣᠬᠢᠰᠲᠠᠶ ᠪᠠᠷ ᠳᠥᠯᠭᠢᠨ ᠠᠬᠢᠭᠤᠯᠤᠨ᠎ᠠ    03 ᠤᠬᠠᠭᠤᠯᠭ᠎ᠠ ᠶᠢ ᠴᠢᠩᠭᠠᠳᠬᠠᠵᠤ ᠠᠭᠤᠷ ᠠᠮᠢᠰᠬᠤᠯ ᠢ ᠪᠤᠢ ᠪᠣᠯᠭᠠᠨ᠎ᠠ   
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号