ᠨᠢᠭᠡ᠂ ᠦᠨᠳᠦᠰᠦᠨ ᠪᠠᠶᠢᠳᠠᠯ | ᠠᠬᠤᠶ ᠪᠠᠶᠢᠳᠠᠯ | ᠤᠯᠤᠰ ᠤᠨ ᠬᠢᠲᠠᠳ ᠡᠮ ᠡᠮᠨᠡᠯᠭᠡ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ︽ᠪᠥᠬᠦ ᠤᠯᠤᠰ ᠤᠨ | ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ ᠠᠵᠢᠯ ᠤᠨ ᠵᠢᠱᠢᠶ᠎ᠡ ᠦᠵᠡᠭᠦᠯᠬᠦ ᠬᠤᠲᠠ ︵ᠰᠢᠶᠠᠨ︶ ᠶᠢᠨ | ᠬᠠᠮᠢᠶᠠᠷᠤᠯᠲᠠ ᠶᠢᠨ ᠠᠷᠭ᠎ᠠ ᠪᠠ ᠪᠥᠲᠥᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢ ᠳᠠᠷᠤᠮᠠᠯᠯᠠᠨ ᠶᠠᠪᠤᠭᠤᠯᠬᠤ ᠲᠤᠬᠠᠶ | ᠮᠡᠳᠡᠭᠳᠡᠯ︾ ︵ᠤᠯᠤᠰ ᠤᠨ ᠬᠢᠲᠠᠳ ᠡᠮ ᠡᠮᠨᠡᠯᠭᠡ ᠶᠢᠨ ᠡᠮᠨᠡᠯᠭᠡ ᠶᠢᠨ ᠶᠠᠪᠤᠳᠠᠯ ᠲᠠᠷᠬᠠᠭᠠᠬᠤ〔 2022〕1 | ᠳ᠋ᠦ᠋ᠭᠡᠷ ᠲᠣᠭᠠᠲᠤ︶ ᠵᠢᠴᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠥᠬᠦ ᠤᠯᠤᠰ ᠤᠨ | ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ ᠠᠵᠢᠯ ᠤᠨ ᠵᠢᠱᠢᠶ᠎ᠡ ᠦᠵᠡᠭᠦᠯᠬᠦ ᠬᠤᠲᠠ ︵ᠰᠢᠶᠠᠨ︶ ᠶᠢ | ᠡᠭᠦᠳᠦᠨ ᠪᠠᠶᠢᠭᠤᠯᠬᠤ ᠠᠵᠢᠯ ᠢ ᠠᠬᠢᠭᠤᠯᠬᠤ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠥᠪᠡᠷᠲᠡᠭᠡᠨ ᠵᠠᠰᠠᠬᠤ | ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠠᠯᠪᠠᠨ ᠬᠡᠷ ᠤᠨ ᠮᠡᠳᠡᠭᠳᠡᠯ︾ ︵ᠥᠪᠥᠷ | ᠮᠣᠩᠭᠤᠯ ᠤᠨ ᠡᠷᠡᠭᠦᠯ ᠬᠠᠮᠠᠭᠠᠯᠠᠯ ᠤᠨ ᠠᠯᠪᠠᠨ ᠬᠡᠷ ᠤᠨ ᠬᠢᠲᠠᠳ ︵ᠮᠣᠩᠭᠤᠯ︶ ᠤᠨ ᠬᠠᠮᠢᠶᠠᠷᠤᠯᠲᠠ ᠶᠢᠨ | ᠥᠰᠥᠭ〔2022〕73 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ | ᠪᠤᠭᠤᠲᠤ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ︽ᠪᠤᠭᠤᠲᠤ ᠬᠤᠲᠠ ᠶᠢᠨ ᠪᠥᠬᠦ | ᠤᠯᠤᠰ ᠤᠨ ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ ᠠᠵᠢᠯ ᠤᠨ ᠵᠢᠱᠢᠶ᠎ᠡ ᠦᠵᠡᠭᠦᠯᠬᠦ ︵ᠬᠤᠲᠠ︶ ᠶᠢ | ᠡᠭᠦᠳᠦᠨ ᠪᠠᠶᠢᠭᠤᠯᠬᠤ ᠠᠵᠢᠯ ᠤᠨ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾ ︵ᠪᠣᠭᠤᠳᠤ | ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠲᠠᠷᠬᠠᠭᠠᠭᠰᠠᠨ〔2022〕40 ᠳ᠋ᠤᠭᠡᠷ | ᠲᠣᠭᠠᠲᠤ︶ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ ᠮᠠᠨ ᠤ ᠲᠣᠭᠤᠷᠢᠭ ᠤᠨ ᠬᠢᠲᠠᠳ ᠡᠮ | ᠡᠮᠨᠡᠯᠭᠡ ᠶᠢᠨ ᠦᠢᠯᠡᠰ ᠤᠨ ᠬᠥᠭᠵᠢᠯᠲᠡ ᠶᠢ ᠭᠦᠨᠵᠡᠭᠡᠶ ᠠᠬᠢᠭᠤᠯᠵᠤ᠂ ᠮᠠᠨ ᠤ ᠲᠣᠭᠤᠷᠢᠭ ᠤᠨ ᠪᠥᠬᠦ ᠤᠯᠤᠰ ᠤᠨ | ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ ᠠᠵᠢᠯ ᠤᠨ ᠵᠢᠱᠢᠶ᠎ᠡ ᠦᠵᠡᠭᠦᠯᠬᠦ ᠰᠢᠶᠠᠨ ᠢ ᠡᠭᠦᠳᠦᠨ | ᠪᠠᠶᠢᠭᠤᠯᠬᠤ ᠶᠢ ᠲᠦᠷᠭᠡᠳᠬᠡᠨ ᠠᠬᠢᠭᠤᠯᠬᠤ ᠶᠢᠨ ᠲᠤᠰᠠᠳᠠ᠂ ᠲᠣᠰ ᠬᠡᠷᠡᠭᠵᠢᠭᠦᠯᠬᠦ ᠲᠥᠰᠦᠯ ᠢ ᠣᠨᠴᠠᠭᠠᠶᠢᠯᠠᠨ | ᠲᠣᠭᠲᠠᠭᠠᠪᠠ᠃ | ᠬᠤᠶᠠᠷ᠂ ᠵᠢᠯᠣᠭᠤᠳᠬᠤ ᠦᠵᠡᠯ ᠰᠠᠨᠠᠭ᠎ᠠ | 1. ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ | ᠪᠦᠷᠢ ᠶᠢᠨ ᠪᠦᠭᠦᠳᠡ ᠬᠤᠷᠠᠯ ᠤᠨ ᠵᠣᠷᠢᠭ ᠰᠠᠨᠠᠭ᠎ᠠ ᠪᠣᠯᠤᠨ ᠰᠢ ᠶᠢᠨ ᠫᠢᠩ ᠶᠡᠷᠦᠩᠬᠡᠢ ᠱᠦᠵᠢ ᠶᠢᠨ ᠬᠢᠲᠠᠳ ᠡᠮ | ᠡᠮᠨᠡᠯᠭᠡ ᠶᠢᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃ | 2. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠲᠠᠳ ᠡᠮ ᠡᠮᠨᠡᠯᠭᠡ ᠮᠣᠩᠭᠤᠯ ᠡᠮ ᠡᠮᠨᠡᠯᠭᠡ ᠶᠢᠨ | ᠤᠯᠠᠮᠵᠢᠯᠠᠨ ᠵᠠᠯᠭᠠᠮᠵᠢᠯᠠᠬᠤ᠂ ᠰᠢᠨ᠎ᠡ ᠶᠢ ᠡᠭᠦᠳᠬᠦ᠂ ᠬᠥᠭᠵᠢᠭᠦᠯᠬᠦ ᠶᠢ ᠠᠬᠢᠭᠤᠯᠬᠤ ᠵᠡᠷᠭᠡ ᠲᠥᠷᠥ ᠶᠢᠨ | ᠪᠣᠳᠣᠯᠭ᠎ᠠ ᠶᠢᠨ ᠠᠷᠭ᠎ᠠ ᠪᠠᠷᠢᠯ ᠢ ᠨᠠᠶᠢᠳᠠᠪᠤᠷᠢᠵᠢᠭᠤᠯᠤᠨ᠎ᠠ᠃ | 3. ᠪᠤᠭᠤᠲᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠪᠤᠭᠤᠲᠤ ᠬᠤᠲᠠ ᠶᠢᠨ ᠬᠢᠲᠠᠳ ᠡᠮ ᠡᠮᠨᠡᠯᠭᠡ | ᠮᠣᠩᠭᠤᠯ ᠡᠮ ᠡᠮᠨᠡᠯᠭᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠲᠤᠬᠠᠶ ᠲᠦᠷᠦ ᠶᠢᠨ ᠪᠣᠳᠤᠯᠭ᠎ᠠ ᠶᠢᠨ ᠪᠢᠴᠢᠭ | ᠮᠠᠲ᠋ᠧᠷᠢᠶᠠᠯ ᠶᠢ ᠨᠠᠶᠢᠳᠠᠪᠤᠷᠢᠵᠢᠭᠤᠯᠤᠨ᠎ᠠ᠃ | 4. ᠪᠥᠬᠦ ᠤᠯᠤᠰ ᠤᠨ ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ ᠠᠵᠢᠯ ᠤᠨ ᠵᠢᠱᠢᠶ᠎ᠡ ᠦᠵᠡᠭᠦᠯᠬᠦ | ᠬᠤᠲᠠ ︵ᠰᠢᠶᠠᠨ︶ ᠶᠢ ᠡᠭᠦᠳᠦᠨ ᠪᠠᠶᠢᠭᠤᠯᠬᠤ ᠠᠵᠢᠯ ᠢᠶᠠᠷ ᠵᠢᠯᠣᠭᠤᠳᠣᠯᠭ᠎ᠠ ᠪᠣᠯᠭᠠᠵᠤ᠂ ᠰᠢᠨ᠎ᠡ ᠴᠠᠭ ᠦᠶ᠎ᠡ ᠶᠢᠨ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠠᠵᠢᠯ ᠤᠨ ᠴᠢᠭᠯᠡᠯᠲᠡ ᠶᠢ ᠪᠠᠷᠢᠮᠲᠠᠯᠠᠨ᠂ ᠡᠮ ᠡᠮᠨᠡᠯᠭᠡ ᠡᠷᠡᠭᠦᠯ | ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠲᠠᠢ ᠤᠶᠠᠯᠳᠤᠭᠤᠯᠵᠤ᠂ ᠦᠨᠳᠦᠰᠦᠨ ᠱᠠᠲᠤᠨ ᠤ ᠬᠢᠲᠠᠳ ᠡᠮ | ᠡᠮᠨᠡᠯᠭᠡ ᠶᠢᠨ ᠠᠵᠢᠯ ᠢ ᠲᠣᠪᠤᠶᠢᠮ᠎ᠠ ᠰᠠᠶᠢᠲᠤᠷ ᠠᠳᠬᠤᠵᠤ᠂ ᠤᠯᠠᠮᠵᠢᠯᠠᠯᠲᠤ ᠬᠢᠲᠠᠳ ᠡᠮᠨᠡᠯᠭᠡ ᠶᠢᠨ ᠤᠬᠠᠭᠠᠨ ᠤ | ᠡᠪᠡᠳᠴᠢᠨ ᠰᠡᠷᠭᠡᠶᠢᠯᠡᠵᠦ ᠡᠪᠡᠳᠴᠢᠨ ᠵᠠᠰᠠᠬᠤ ᠳᠤᠮᠳᠠᠬᠢ ᠦᠢᠯᠡᠳᠦᠯ ᠢ ᠪᠠᠳᠠᠷᠠᠭᠤᠯᠤᠨ᠂ ᠪᠥᠬᠦ ᠲᠣᠭᠤᠷᠢᠭ ᠤᠨ | ᠬᠢᠲᠠᠳ ᠡᠮ ᠡᠮᠨᠡᠯᠭᠡ ᠶᠢᠨ ᠦᠢᠯᠡᠰ ᠤᠨ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠦᠨ ᠬᠥᠭᠵᠢᠬᠦ ᠶᠢ | ᠠᠬᠢᠭᠤᠯᠤᠨ᠎ᠠ᠃ | ᠭᠤᠷᠪᠠ᠂ ᠠᠵᠢᠯ ᠤᠨ ᠬᠠᠷᠠᠯᠲᠠ | ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠶᠢᠨ ᠬᠠᠮᠤᠭ ᠤᠨ ᠰᠢᠨ᠎ᠡ ᠬᠢᠲᠠᠳ ᠡᠮ ᠡᠮᠨᠡᠯᠭᠡ ᠶᠢᠨ | ᠦᠢᠯᠡᠰ ᠢ ᠬᠥᠭᠵᠢᠭᠦᠯᠬᠦ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠲᠣᠭᠤᠷᠢᠭ ᠤᠨ ᠪᠣᠳᠠᠲᠠᠶ ᠲᠠᠢ ᠪᠠᠨ | ᠤᠶᠠᠯᠳᠤᠭᠤᠯᠤᠨ᠂ ᠪᠥᠬᠦ ᠲᠣᠭᠤᠷᠢᠭ ᠤᠨ ᠬᠢᠲᠠᠳ ᠡᠮ ᠡᠮᠨᠡᠯᠭᠡ ᠶᠢᠨ ᠠᠵᠢᠯ ᠤᠨ ᠵᠣᠬᠢᠶᠠᠨ ᠪᠠᠶᠢᠭᠤᠯᠤᠯᠲᠠ ᠶᠢᠨ | ᠤᠳᠤᠷᠢᠳᠤᠯᠭ᠎ᠠ ᠶᠢ ᠴᠢᠩᠭᠠᠷᠠᠭᠤᠯᠵᠤ᠂ ᠬᠢᠲᠠᠳ ᠡᠮ ᠡᠮᠨᠡᠯᠭᠡ ᠶᠢᠨ ᠦᠢᠯᠡᠴᠢᠯᠡᠭᠡᠨ ᠤ ᠲᠣᠤᠷ ᠰᠦᠯᠵᠢᠶ᠎ᠡ ᠶᠢ | ᠲᠡᠭᠦᠯᠳᠡᠷᠵᠢᠭᠦᠯᠦᠨ ᠬᠢᠲᠠᠳ ᠡᠮ ᠡᠮᠨᠡᠯᠭᠡ ᠶᠢᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ | ᠬᠢᠲᠠᠳ ᠡᠮ ᠡᠮᠨᠡᠯᠭᠡ ᠶᠢᠨ ᠡᠪᠡᠳᠴᠢᠨ ᠰᠡᠷᠭᠡᠶᠢᠯᠡᠵᠦ ᠡᠪᠡᠳᠴᠢᠨ ᠵᠠᠰᠠᠬᠤ ᠴᠢᠳᠠᠪᠤᠷᠢ ᠶᠢ ᠪᠥᠬᠦ ᠲᠠᠯ᠎ᠠ ᠪᠠᠷ | ᠳᠡᠭᠡᠭᠰᠢᠯᠡᠭᠦᠯᠦᠨ᠂ ᠬᠢᠲᠠᠳ ᠡᠮ ᠡᠮᠨᠡᠯᠭᠡ ᠶᠢᠨ ᠦᠨᠳᠦᠰᠦᠨ ᠡᠮᠴᠢᠯᠡᠭᠡ᠂ ᠣᠯᠠᠨ ᠨᠡᠶᠢᠲᠡ ᠶᠢᠨ ᠡᠷᠡᠭᠦᠯ | ᠬᠠᠮᠠᠭᠠᠯᠠᠯ ᠤᠨ ᠦᠢᠯᠡᠴᠢᠯᠡᠭᠡᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤᠮᠳᠠᠬᠢ ᠦᠢᠯᠡᠳᠦᠯ ᠢ | ᠪᠠᠳᠠᠷᠠᠭᠤᠯᠵᠤ᠂ ᠠᠷᠠᠳ ᠣᠯᠠᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠬᠢᠲᠠᠳ ᠡᠮ ᠡᠮᠨᠡᠯᠭᠡ ᠶᠢᠨ | ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃ | ᠳᠥᠷᠪᠡ᠂ ᠭᠤᠤᠯᠳᠠᠯᠭ᠎ᠠ ᠲᠠᠢ ᠡᠭᠦᠷᠭᠡ ᠶᠢᠨ ᠬᠤᠪᠢᠶᠠᠷᠢᠯᠠᠯ | 1. ᠬᠢᠲᠠᠳ ᠡᠮ ᠡᠮᠨᠡᠯᠭᠡ ᠶᠢᠨ ᠠᠵᠢᠯ ᠢ ᠪᠥᠬᠦ ᠲᠣᠭᠤᠷᠢᠭ ᠤᠨ ᠤᠯᠤᠰ ᠠᠷᠠᠳ ᠤᠨ ᠠᠵᠤ ᠠᠬᠤᠶ ᠪᠠ | ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ ᠵᠢᠴᠢ ᠵᠠᠰᠠᠭ ᠤᠨ ᠣᠷᠳᠣᠨ ᠤ ᠡᠳᠦᠷ ᠲᠤᠲᠤᠮ ᠤᠨ ᠵᠥᠪᠯᠡᠬᠦ | ᠵᠦᠢᠯ ᠳᠤ ᠣᠷᠣᠭᠤᠯᠤᠨ᠎ᠠ᠃ | ︵ᠬᠠᠷᠢᠭᠤᠴᠠᠯᠭᠠᠲᠤ ᠨᠢᠭᠡᠴᠡ᠄ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ᠂ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︶ | 2. ᠬᠢᠲᠠᠳ ᠡᠮ ᠡᠮᠨᠡᠯᠭᠡ ᠶᠢᠨ ᠠᠵᠢᠯ ᠤᠨ ᠬᠠᠮᠲᠤᠷᠠᠭᠰᠠᠨ ᠬᠤᠷᠠᠯ ᠤᠨ ᠲᠦᠷᠢᠮ ᠢ ᠪᠠᠶᠢᠭᠤᠯᠵᠤ᠂ ᠲᠣᠭᠲᠠᠮᠠᠯ | ᠬᠤᠭᠤᠴᠠᠭ᠎ᠠ ᠲᠠᠢ ᠪᠠᠷ ᠰᠠᠯᠠᠭ᠎ᠠ ᠮᠥᠴᠢᠷ ᠠᠯᠤᠰᠯᠠᠭᠰᠠᠨ ᠵᠣᠬᠢᠴᠠᠭᠤᠯᠬᠤ ᠬᠤᠷᠠᠯ ᠢ ᠬᠤᠷᠠᠯᠳᠤᠭᠤᠯᠤᠨ᠎ᠠ᠃ | ︵ᠬᠠᠷᠢᠭᠤᠴᠠᠯᠭᠠᠲᠤ ᠨᠢᠭᠡᠴᠡ᠄ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ᠂ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠵᠥᠪᠯᠡᠯ︶ | 3. ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ ᠠᠵᠢᠯ ᠤᠨ ᠵᠢᠱᠢᠶ᠎ᠡ ᠦᠵᠡᠭᠦᠯᠬᠦ ᠰᠢᠶᠠᠨ ᠢ ᠡᠭᠦᠳᠦᠨ | ᠪᠠᠶᠢᠭᠤᠯᠬᠤ ᠲᠥᠰᠦᠯ ᠢ ᠲᠣᠭᠲᠠᠭᠠᠵᠤ᠂ ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ ᠠᠵᠢᠯ ᠤᠨ ᠵᠢᠯ ᠳᠤ | ᠲᠥᠯᠥᠪᠯᠡᠭᠡ ᠲᠠᠢ᠂ ᠪᠠᠶᠢᠷᠢᠯᠠᠭᠤᠯᠤᠯᠲᠠ ᠲᠠᠢ᠂ ᠪᠠᠶᠢᠴᠠᠭᠠᠯᠲᠠ ᠲᠠᠢ᠂ ᠬᠢᠨᠠᠨ ᠰᠢᠯᠭᠠᠯᠲᠠ ᠲᠠᠢ᠂ ᠳ᠋ᠦᠩᠨᠡᠯᠲᠡ ᠲᠠᠢ | ᠪᠣᠯᠭᠠᠨ᠎ᠠ᠃ ︵ᠬᠠᠷᠢᠭᠤᠴᠠᠬᠤ ᠨᠢᠭᠡᠴᠡ᠄ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︶ | 4. ᠬᠢᠲᠠᠳ ᠡᠮ ᠡᠮᠨᠡᠯᠭᠡ ᠶᠢᠨ ᠰᠠᠨᠠᠭᠤᠯᠭ᠎ᠠ ᠪᠠ ᠵᠠᠭᠠᠯᠳᠤᠯᠭ᠎ᠠ ᠶᠢᠨ ᠲᠠᠪᠴᠠᠩ ᠢ ᠰᠠᠭᠠᠳ ᠥᠬᠡᠶ ᠨᠡᠪᠲᠡᠷᠡᠭᠦᠯᠵᠦ | ᠂ ᠣᠯᠠᠨ ᠲᠦᠮᠡᠨ ᠤ ᠬᠢᠲᠠᠳ ᠡᠮ ᠡᠮᠨᠡᠯᠭᠡ ᠶᠢᠨ ᠦᠢᠯᠡᠴᠢᠯᠡᠭᠡᠨ ᠤ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠦᠨ᠎ᠡ᠃ | | ︵ᠬᠠᠷᠢᠭᠤᠴᠠᠬᠤ ᠨᠢᠭᠡᠴᠡ᠄ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︶ | 5. ᠳᠡᠭᠡᠳᠦ ᠲᠠᠰ ᠤᠨ ᠴᠢᠳᠠᠪᠤᠷᠢᠲᠠᠨ ᠢ ᠢᠳᠡᠪᠬᠢᠲᠡᠶ ᠪᠠᠷ ᠣᠷᠣᠭᠤᠯᠤᠨ ᠠᠪᠴᠢᠷᠠᠵᠤ᠂ ᠴᠠᠯᠢᠩ ᠣᠯᠭᠤᠮᠵᠢ ᠶᠢ | ᠲᠡᠭᠦᠯᠳᠡᠷᠵᠢᠭᠦᠯᠦᠨ ᠳᠡᠭᠡᠭᠰᠢᠯᠡᠭᠦᠯᠦᠨ᠎ᠡ᠃ | ︵ᠬᠠᠷᠢᠭᠤᠴᠠᠯᠭᠠᠲᠤ ᠨᠢᠭᠡᠴᠡ᠄ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ | ᠪᠠᠲᠤᠯᠠᠭ᠎ᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︶ | | 6. ᠣᠷᠣᠭᠤᠯᠤᠯᠲᠠ ᠶᠢ ᠦᠷᠭᠦᠯᠵᠢᠯᠡᠨ ᠲᠣᠭᠲᠠᠪᠤᠷᠢᠵᠢᠭᠤᠯᠵᠤ᠂ ᠡᠬᠢ ᠪᠠᠶᠠᠯᠢᠭ ᠤᠨ ᠲᠣᠬᠢᠷᠠᠭᠤᠯᠤᠯᠲᠠ ᠶᠢ | ᠰᠢᠯᠢᠳᠡᠭᠵᠢᠭᠦᠯᠦᠨ᠎ᠡ᠃ | ︵ᠬᠠᠷᠢᠭᠤᠴᠠᠯᠭᠠᠲᠤ ᠨᠢᠭᠡᠴᠡ᠄ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ᠂ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠵᠥᠪᠯᠡᠯ︶ | 7. ᠬᠢᠲᠠᠳ ᠡᠮ ᠡᠮᠨᠡᠯᠭᠡ ᠶᠢᠨ ᠰᠣᠶᠣᠯ ᠢ ᠪᠠᠳᠠᠷᠠᠭᠤᠯᠤᠨ ᠳᠡᠯᠭᠡᠷᠡᠭᠦᠯᠵᠦ᠂ ᠬᠢᠲᠠᠳ ᠡᠮ ᠡᠮᠨᠡᠯᠭᠡ ᠶᠢᠨ | ᠤᠬᠠᠭᠤᠯᠭ᠎ᠠ ᠶᠢ ᠴᠢᠩᠭᠠᠳᠬᠠᠨ᠎ᠠ᠃ | ︵ᠬᠠᠷᠢᠭᠤᠴᠠᠯᠭᠠᠲᠤ ᠨᠢᠭᠡᠴᠡ᠄ ᠲᠣᠭᠤᠷᠢᠭ ᠤᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ | ᠲᠣᠭᠤᠷᠢᠭ ᠤᠨ ᠬᠠᠮ ᠵᠠᠭᠤᠴᠢᠯᠠᠭᠤᠷ ᠤᠨ ᠲᠥᠪ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︶ | 8 ᠱᠢᠨᠵᠢᠯᠡᠬᠦ ᠤᠬᠠᠭᠠᠨ ᠮᠡᠷᠭᠡᠵᠢᠯ ᠤᠨ ᠱᠢᠨ᠎ᠡ ᠡᠭᠦᠳᠦᠯᠲᠡ ᠶᠢ ᠬᠥᠭᠵᠢᠭᠦᠯᠵᠦ᠂ ᠬᠢᠲᠠᠳ ᠡᠮ ᠡᠮᠨᠡᠯᠭᠡ ᠶᠢᠨ | ᠱᠢᠨ᠎ᠡ ᠬᠥᠭᠵᠢᠯᠲᠡ ᠶᠢ ᠠᠬᠢᠭᠤᠯᠤᠨ᠎ᠠ᠃ | ︵ᠬᠠᠷᠢᠭᠤᠴᠠᠯᠭᠠᠲᠤ ᠨᠢᠭᠡᠴᠡ᠄ ᠲᠣᠭᠤᠷᠢᠭ ᠤᠨ ᠠᠵᠤ ᠦᠢᠯᠡᠳᠪᠦᠷᠢ ᠶᠢᠨ ᠰᠢᠨᠵᠢᠯᠡᠬᠦ ᠤᠬᠠᠭᠠᠨ ᠤ ᠲᠣᠪᠴᠢᠶ᠎ᠠ | ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︶ | 9 ᠪᠠᠶᠢᠴᠠᠭᠠᠨ ᠰᠤᠳᠤᠯᠤᠯᠲᠠ ᠶᠢᠨ ᠳᠠᠪᠠᠭᠤᠯᠢᠭ ᠬᠢᠲᠠᠳ ᠡᠮ ᠡᠮᠨᠡᠯᠭᠡ ᠶᠢᠨ ᠦᠢᠯᠡᠴᠢᠯᠡᠭᠡᠨ ᠤ ᠲᠥᠷᠥᠯ | ᠵᠦᠢᠯ ᠳᠤ ᠬᠢᠲᠠᠳ ᠡᠮ ᠡᠮᠨᠡᠯᠭᠡ ᠶᠢᠨ ᠦᠨ᠎ᠡ ᠬᠠᠩᠰᠢ ᠶᠢ ᠲᠣᠬᠢᠷᠠᠭᠤᠯᠬᠤ ᠰᠠᠨᠠᠭᠤᠯᠭ᠎ᠠ ᠳᠤᠷᠠᠳᠤᠨ᠎ᠠ᠃ | ︵ᠬᠠᠷᠢᠭᠤᠴᠠᠯᠭᠠᠲᠤ ᠨᠢᠭᠡᠴᠡ᠄ ᠲᠣᠭᠤᠷᠢᠭ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ︶ | 10 ᠬᠢᠲᠠᠳ ᠡᠮ ᠡᠮᠨᠡᠯᠭᠡ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯᠯᠠᠭ᠎ᠠ ᠶᠢ ᠥᠷᠨᠢᠭᠦᠯᠵᠦ᠂ | ᠬᠢᠲᠠᠳ ᠡᠮ ᠡᠮᠨᠡᠯᠭᠡ ᠶᠢᠨ ᠰᠣᠶᠣᠯ ᠬᠥᠮᠦᠵᠢᠯ ᠢ ᠪᠠᠶᠠᠯᠢᠭᠵᠢᠭᠤᠯᠤᠨ᠎ᠠ᠃ | ︵ᠬᠠᠷᠢᠭᠤᠴᠠᠯᠭᠠᠲᠤ ᠨᠢᠭᠡᠴᠡ᠄ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ᠂ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠵᠥᠪᠯᠡᠯ︶ | 11 ᠬᠢᠳᠡᠳ ᠡᠮ ᠡᠮᠨᠡᠯᠭᠡ ᠶᠢᠨ ᠮᠡᠳᠡᠭᠡ ᠵᠠᠩᠬᠢᠵᠢᠯᠳᠡ ᠶᠢᠨ ᠪᠠᠶᠢᠭᠤᠯᠥᠯᠳᠡ ᠶᠢ ᠠᠬᠢᠭᠤᠯᠵᠦ ᠡᠮᠴᠢᠯᠡᠭᠡ ᠡᠷᠡᠬᠦᠯ | ᠬᠠᠮᠠᠭᠠᠯᠠᠯ ᠤᠨ ᠦᠢᠯᠡᠴᠢᠯᠡᠭᠡᠨ ᠤ ᠬᠢᠷᠢ ᠭᠡᠮᠵᠢᠶ᠎ᠠ ᠶᠢ ᠳᠡᠭᠡᠭᠰᠢᠯᠡᠬᠦᠯᠥᠨ᠎ᠠ᠃ | ︵ᠬᠠᠷᠢᠭᠤᠴᠠᠯᠭᠠᠲᠤ ᠨᠢᠭᠡᠴᠡ᠄ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︶ | 12 ᠣᠷᠣᠨ ᠪᠦᠰᠡ ᠶᠢᠨ ᠬᠢᠳᠡᠳ ᠡᠮ ᠤᠨ ᠨᠠᠶᠢᠷᠠᠯᠭ᠎ᠠ ᠶᠢ ᠳᠡᠮᠵᠢᠵᠦ᠂ ᠦᠪᠡᠷ ᠢᠶᠠᠨ ᠠᠪᠬᠤ᠂ ᠦᠪᠡᠷ ᠢᠶᠠᠨ | ᠲᠠᠷᠢᠬᠤ᠂ ᠦᠪᠡᠷ ᠢᠶᠠᠨ ᠬᠡᠷᠡᠭᠯᠡᠬᠦ ᠬᠢᠲᠠᠳ ᠡᠮ ᠤᠨ ᠮᠠᠲ᠋ᠧᠷᠢᠶᠠᠯ ᠢ ᠰᠦᠪᠡᠭᠴᠢᠯᠡᠨ ᠦᠷᠨᠢᠭᠦᠯᠦᠨ᠎ᠡ᠃ | ︵ᠬᠠᠷᠢᠭᠤᠴᠠᠯᠭᠠᠲᠤ ᠨᠢᠭᠡᠴᠡ᠄ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︶ | 13 ᠪᠦᠬᠦ ᠲᠣᠭᠤᠷᠢᠭ ᠤᠨ ᠨᠢᠭᠡᠳᠦᠯᠲᠡᠢ ᠬᠠᠭᠠᠷᠢᠵᠤ ᠦᠢᠯᠡᠳᠬᠦ᠂ ᠨᠢᠭᠡᠳᠦᠯᠲᠡᠢ ᠲᠣᠬᠢᠷᠠᠭᠤᠯᠤᠨ ᠬᠦᠷᠭᠡᠬᠦ | ᠣᠶᠤᠨᠴᠢ ᠬᠢᠲᠠᠳ ᠡᠮ ᠤᠨ ᠳᠡᠯᠭᠡᠭᠦᠷ ᠢ ᠪᠠᠶᠢᠭᠤᠯᠤᠨ᠎ᠠ᠃ | ︵ᠬᠠᠷᠢᠭᠤᠴᠠᠯᠭᠠᠲᠤ ᠨᠢᠭᠡᠴᠡ᠄ ᠲᠣᠭᠤᠷᠢᠭ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ︶ | 14 ᠬᠢᠲᠠᠳ ᠡᠮ ᠡᠮᠨᠡᠯᠭᠡ ᠶᠢᠨ ᠰᠣᠶᠣᠯ ᠵᠢᠭᠤᠯᠴᠢᠯᠠᠯ ᠤᠨ ᠲᠥᠷᠥᠯ ᠵᠦᠢᠯ ᠢ ᠥᠷᠨᠢᠭᠦᠯᠵᠦ᠂ ᠬᠢᠲᠠᠳ ᠡᠮ | ᠡᠮᠨᠡᠯᠭᠡ ᠶᠢᠨ ᠰᠣᠶᠣᠯ ᠡᠷᠡᠭᠦᠯ ᠮᠡᠨᠳᠦ ᠶᠢᠨ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ | ︵ᠬᠠᠷᠢᠭᠤᠴᠠᠯᠭᠠᠲᠤ ᠨᠢᠭᠡᠴᠡ᠄ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︶ | 15 ᠤᠯᠠᠮᠵᠢᠯᠠᠯᠲᠤ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠨᠡᠷᠡᠭᠦᠶ | ᠨᠢᠳᠤᠷᠭ᠎ᠠ᠂ ᠨᠠᠢᠮᠠᠨ ᠬᠡᠮᠡᠷᠯᠢᠭ ᠢ ᠲᠦᠭᠡᠮᠡᠯᠵᠢᠭᠦᠯᠦᠨ ᠳᠡᠯᠭᠡᠷᠡᠭᠦᠯᠦᠨ᠎ᠡ᠃ | ︵ᠬᠠᠷᠢᠭᠤᠴᠠᠯᠭᠠᠲᠤ ᠨᠢᠭᠡᠴᠡ᠄ ᠲᠣᠭᠤᠷᠢᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ᠂ | ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︶ | 16. ᠬᠢᠲᠠᠳ ᠡᠮ ᠡᠮᠨᠡᠯᠭᠡ ᠶᠢᠨ ᠬᠠᠮᠠᠭᠠᠯᠠᠯᠲᠠ ᠬᠥᠭᠵᠢᠯᠲᠡ ᠶᠢ ᠴᠢᠩᠭᠠᠳᠬᠠᠵᠤ᠂ ᠬᠢᠲᠠᠳ ᠡᠮ ᠤᠨ | ᠮᠠᠲ᠋ᠧᠷᠢᠶᠠᠯ ᠤᠨ ᠠᠵᠤ ᠦᠢᠯᠡᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠬᠡᠷᠡᠭᠵᠢᠭᠦᠯᠦᠨ᠎ᠡ᠃ | ︵ᠬᠠᠷᠢᠭᠤᠴᠠᠯᠭᠠᠲᠤ ᠨᠢᠭᠡᠴᠡ᠄ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︶ | 17.ᠬᠢᠲᠠᠳ ᠧᠦ᠋ᠷᠣᠫᠠ ᠡᠮᠨᠡᠯᠭᠡ ᠶᠢ ᠵᠡᠷᠭᠡᠪᠡᠷ ᠴᠢᠬᠤᠯᠠᠴᠢᠯᠠᠬᠤ ᠶᠢ ᠪᠠᠷᠢᠮᠲᠠᠯᠠᠵᠤ᠂ ᠤᠷᠳᠤ ᠬᠤᠭᠤᠴᠠᠭᠠᠨ ᠤ | ᠬᠥᠭᠵᠢᠯᠲᠡ ᠶᠢᠨ ᠲᠥᠯᠥᠪᠵᠢᠭᠦᠯᠭᠡ ᠶᠢ ᠲᠣᠭᠲᠠᠭᠠᠪᠠ᠃ | ︵ᠬᠠᠷᠢᠭᠤᠴᠠᠯᠭᠠᠲᠤ ᠨᠢᠭᠡᠴᠡ᠄ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︶ | 18.ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮ ᠢ 18 ᠪᠦᠷᠢᠨᠰᠢᠭᠦᠯᠵᠦ᠂ ᠬᠢᠲᠠᠳ | ᠧᠦ᠋ᠷᠣᠫᠠ ᠡᠮᠨᠡᠯᠭᠡ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠨ᠂ ᠣᠷᠳᠣ ᠬᠤᠭᠤᠴᠠᠭᠠᠨ ᠤ ᠬᠥᠭᠵᠢᠯᠲᠡ ᠶᠢᠨ | ᠲᠥᠯᠥᠪᠵᠢᠭᠦᠯᠭᠡ ᠶᠢ ᠲᠣᠭᠲᠠᠭᠠᠪᠠ᠃ | ︵ᠬᠠᠷᠢᠭᠤᠴᠠᠯᠭᠠᠲᠤ ᠨᠢᠭᠡᠴᠡ᠄ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ | ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ︶ | 19. ᠨᠠᠰᠤᠲᠠᠶᠢᠴᠤᠳ ᠢ ᠬᠠᠯᠠᠮᠵᠢᠯᠠᠨ ᠬᠠᠶᠢᠷᠠᠯᠠᠵᠤ᠂ ᠬᠢᠲᠠᠳ ᠡᠮ ᠡᠮᠨᠡᠯᠭᠡ ᠶᠢ ᠤᠶᠠᠯᠳᠤᠭᠤᠯᠬᠤ ᠠᠵᠢᠯ ᠳᠤ | ᠠᠭᠤᠰᠤᠯᠴᠠᠭᠤᠯᠪᠠ᠃ | ︵ᠬᠠᠷᠢᠭᠤᠴᠠᠯᠭᠠᠲᠤ ᠨᠢᠭᠡᠴᠡ᠄ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ᠂ ᠲᠣᠭᠤᠷᠢᠭ ᠤᠨ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︶ | 20.ᠬᠢᠨᠠᠯᠲᠠ ᠲᠠᠯᠪᠢᠵᠤ ᠰᠢᠯᠭᠠᠨ ᠬᠢᠨᠠᠬᠤ ᠶᠢ ᠴᠢᠩᠭᠠᠳᠬᠠᠵᠤ᠂ ᠣᠯᠠᠨ ᠲᠦᠮᠡᠨ ᠤ ᠬᠢᠲᠠᠳ ᠡᠮ ᠡᠮᠨᠡᠯᠭᠡ ᠶᠢᠨ | ᠦᠢᠯᠡᠴᠢᠯᠡᠭᠡᠨ ᠤ ᠬᠠᠨᠤᠮᠵᠢ ᠶᠢᠨ ᠨᠣᠷᠮ᠎ᠠ ᠪᠠ ᠣᠶᠢᠯᠠᠭᠠᠬᠤ ᠨᠣᠷᠮ᠎ᠠ ᠶᠢ ᠳᠡᠭᠡᠭᠰᠢᠯᠡᠭᠦᠯᠦᠨ᠎ᠡ᠃ | ︵ᠬᠠᠷᠢᠭᠤᠴᠠᠯᠭᠠᠲᠤ ᠨᠢᠭᠡᠴᠡ᠄ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︶ | ᠲᠠᠪᠤ᠂ ᠠᠵᠢᠯᠯᠠᠬᠤ ᠠᠯᠬᠤᠮ ᠳᠠᠷᠠᠭ᠎ᠠ ᠵᠢᠴᠢ ᠴᠠᠭ ᠤᠨ ᠲᠣᠬᠢᠷᠠᠭᠤᠯᠤᠯᠲᠠ | ᠪᠡᠯᠡᠳᠬᠡᠯ ᠱᠠᠲᠤ ᠦᠶ᠎ᠡ ︵2023 ᠣᠨ ᠤ ᠡᠬᠢ︶ ︽ᠪᠥᠬᠦ ᠤᠯᠤᠰ ᠤᠨ ᠦᠨᠳᠦᠰᠦᠨ ᠱᠠᠲᠤᠨ ᠤ ᠬᠢᠲᠠᠳ | ᠡᠮ ᠡᠮᠨᠡᠯᠭᠡ ᠶᠢᠨ ᠠᠵᠢᠯ ᠤᠨ ᠵᠢᠱᠢᠶ᠎ᠡ ᠦᠵᠡᠭᠦᠯᠬᠦ ᠬᠤᠲᠠ ︵ᠲᠣᠭᠤᠷᠢᠭ︶ ᠶᠢᠨ ᠬᠠᠮᠢᠶᠠᠷᠤᠯᠲᠠ ᠶᠢᠨ ᠠᠷᠭ᠎ᠠ ᠪᠠ | ᠪᠥᠲᠥᠭᠡᠨ ᠪᠠᠶᠢᠭᠤᠯᠤᠯᠲᠠ ᠶᠢᠨ ᠪᠠᠷᠢᠮᠵᠢᠶ᠎ᠠ︾ ᠲᠠᠢ ᠬᠠᠷᠢᠴᠠᠭᠤᠯᠤᠨ ᠮᠠᠨ ᠤ ᠲᠤᠭᠤᠷᠢᠭ ᠤᠨ ᠣᠳᠣᠬᠠᠨ ᠤ ᠬᠢᠲᠠᠳ | ᠡᠮ ᠡᠮᠨᠡᠯᠭᠡ ᠶᠢᠨ ᠠᠵᠢᠯ ᠤᠨ ᠪᠠᠶᠢᠳᠠᠯ ᠳᠤ ᠥᠪᠡᠰᠦᠪᠡᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠵᠤ᠂ | ᠬᠠᠷᠠᠯᠲᠠ ᠪᠠᠨ ᠲᠣᠳᠣᠷᠬᠠᠶᠢᠯᠠᠨ᠎ᠠ᠃ | ᠬᠡᠷᠡᠭᠵᠢᠭᠦᠯᠬᠦ ᠱᠠᠲᠤ ᠦᠶ᠎ᠡ ︵2023 ᠣᠨ ᠤ ᠬᠡᠮᠵᠢᠶ᠎ᠡ︶ ᠶᠢ ᠡᠭᠦᠳᠦᠨ ᠪᠠᠶᠢᠭᠤᠯᠬᠤ ᠤᠳᠤᠷᠢᠳᠬᠤ | ᠳᠤᠭᠤᠶᠢᠯᠠᠩ ᠤᠨ ᠡᠯ᠎ᠡ ᠪᠦᠷᠢᠯᠳᠦᠬᠦᠨ ᠨᠢᠭᠡᠴᠡ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ᠂ | ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠬᠢᠨ᠎ᠠ᠃ ᠬᠢᠨᠠᠨ ᠲᠣᠭᠲᠠᠭᠠᠬᠤ ᠪᠠᠷᠢᠮᠵᠢᠶ᠎ᠠ ᠲᠠᠢ | ᠬᠠᠷᠢᠴᠠᠭᠤᠯᠤᠨ ᠡᠯ᠎ᠡ ᠵᠦᠢᠯ ᠤᠨ ᠡᠭᠦᠷᠭᠡ ᠪᠠᠨ ᠪᠡᠶᠡᠯᠡᠭᠦᠯᠦᠨ᠎ᠡ᠃ | ᠥᠪᠡᠷᠲᠡᠭᠡᠨ ᠵᠠᠰᠠᠬᠤ ᠣᠷᠣᠨ ᠤ ᠦᠨᠡᠯᠡᠨ ᠵᠢᠱᠢᠵᠦ ᠲᠠᠨᠢᠯᠴᠠᠭᠤᠯᠬᠤ ᠦᠶ᠎ᠡ ︵2023 ᠣᠨ︶ ᠨᠢ ᠮᠠᠨ ᠤ | ᠲᠣᠭᠤᠷᠢᠭ ᠤᠨ ᠪᠥᠬᠦ ᠤᠯᠤᠰ ᠤᠨ ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ ᠠᠵᠢᠯ ᠤᠨ ᠵᠢᠱᠢᠶ᠎ᠡ | ᠦᠵᠡᠭᠦᠯᠬᠦ ᠰᠢᠶᠠᠨ ᠢ ᠡᠭᠦᠳᠦᠨ ᠪᠠᠶᠢᠭᠤᠯᠬᠤ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠳᠤ | ᠴᠢᠭᠯᠡᠭᠦᠯᠦᠨ ᠴᠡᠭᠴᠡᠯᠡᠨ ᠰᠠᠶᠢᠵᠢᠷᠠᠭᠤᠯᠤᠭᠰᠠᠨ ᠤ ᠳᠠᠷᠠᠭ᠎ᠠ ᠳᠡᠭᠡᠳᠦ ᠱᠠᠲᠤᠨ ᠤ ᠬᠢᠲᠠᠳ ᠡᠮ ᠡᠮᠨᠡᠯᠭᠡ ᠶᠢᠨ | ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠭᠤᠶᠤᠴᠢᠯᠠᠯ ᠭᠠᠷᠭᠠᠵᠤ᠂ ᠥᠪᠡᠷᠲᠡᠭᠡᠨ ᠵᠠᠰᠠᠬᠤ ᠣᠷᠣᠨ ᠤ ᠬᠢᠲᠠᠳ ᠡᠮ | ᠡᠮᠨᠡᠯᠭᠡ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠮᠠᠨ ᠤ ᠲᠣᠭᠤᠷᠢᠭ ᠤᠨ ᠦᠨᠳᠦᠰᠦᠨ ᠱᠠᠲᠤᠨ ᠤ | ᠬᠢᠲᠠᠳ ᠡᠮ ᠡᠮᠨᠡᠯᠭᠡ ᠶᠢᠨ ᠠᠵᠢᠯ ᠤᠨ ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠠᠶᠢᠭᠤᠯᠬᠤ ᠰᠢᠯᠭᠠᠨ ᠠᠪᠬᠤ ᠶᠢ | ᠤᠭᠲᠤᠨ᠎ᠠ᠃ | ᠴᠡᠭᠴᠡᠯᠡᠨ ᠰᠠᠶᠢᠵᠢᠷᠠᠭᠤᠯᠵᠤ ᠳᠡᠭᠡᠭᠰᠢᠯᠡᠭᠦᠯᠬᠦ ᠱᠠᠲᠤ ᠦᠶ᠎ᠡ ︵2024 ᠣᠨ︶ | ᠨᠢᠭᠡ ᠵᠢᠯ ᠤᠨ ᠮᠠᠲ᠋ᠧᠷᠢᠶᠠᠯ ᠢ ᠦᠷᠭᠦᠯᠵᠢᠯᠡᠨ ᠡᠮᠬᠢᠳᠬᠡᠨ ᠬᠤᠷᠢᠶᠠᠩᠭᠤᠶᠢᠯᠠᠬᠤ ᠶᠢᠨ ᠬᠠᠮᠲᠤ᠂ ᠥᠪᠡᠷᠲᠡᠭᠡᠨ | ᠵᠠᠰᠠᠬᠤ ᠣᠷᠣᠨ ᠤ ᠦᠨᠡᠯᠡᠨ ᠵᠢᠱᠢᠵᠦ ᠰᠢᠯᠭᠠᠨ ᠠᠪᠬᠤ ᠳᠤᠮᠳᠠ ᠢᠯᠡᠷᠡᠭᠦᠯᠦᠭᠰᠡᠨ ᠠᠰᠠᠭᠤᠳᠠᠯ ᠬᠢᠭᠡᠳ ᠪᠠᠭᠤᠷᠠᠶ | ᠭᠤᠭᠴᠤᠭ᠎ᠠ ᠳᠤ ᠴᠢᠭᠯᠡᠭᠦᠯᠦᠨ᠂ ᠴᠡᠭᠴᠡᠯᠡᠨ ᠰᠠᠶᠢᠵᠢᠷᠠᠭᠤᠯᠬᠤ ᠪᠦᠲᠦᠮᠵᠢᠲᠡᠶ ᠲᠥᠰᠦᠯ ᠢ ᠳᠤᠷᠠᠳᠴᠤ᠂ ᠴᠡᠭᠴᠡᠯᠡᠨ | ᠰᠠᠶᠢᠵᠢᠷᠠᠭᠤᠯᠵᠤ ᠲᠡᠭᠦᠯᠳᠡᠷᠵᠢᠭᠦᠯᠦᠨ᠎ᠡ᠃ | ᠵᠢᠷᠭᠤᠭ᠎ᠠ᠂ ᠠᠵᠢᠯ ᠤᠨ ᠱᠠᠭᠠᠷᠳᠠᠯᠭ᠎ᠠ | 01 ᠲᠠᠨᠢᠯᠲᠠ ᠪᠠᠨ ᠳᠡᠭᠡᠭᠰᠢᠯᠡᠭᠦᠯᠵᠦ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠶ | 02 ᠨᠢᠭᠡᠳᠦᠯᠲᠡᠶ ᠲᠥᠯᠥᠪᠯᠡᠨ ᠵᠣᠬᠢᠴᠠᠭᠤᠯᠵᠤ ᠵᠦᠶ ᠵᠣᠬᠢᠰᠲᠠᠶ ᠪᠠᠷ ᠳᠥᠯᠭᠢᠨ ᠠᠬᠢᠭᠤᠯᠤᠨ᠎ᠠ | 03 ᠤᠬᠠᠭᠤᠯᠭ᠎ᠠ ᠶᠢ ᠴᠢᠩᠭᠠᠳᠬᠠᠵᠤ ᠠᠭᠤᠷ ᠠᠮᠢᠰᠬᠤᠯ ᠢ ᠪᠤᠢ | |