ᠰᠢᠨᠬᠤᠸᠠ ᠬᠤᠷᠢᠶ᠎ᠠ ᠶᠢᠨ ᠾᠧᠪᠧᠢ ᠶᠢᠨ ᠰᠢᠶᠦ᠋ᠩ ᠠᠨ ᠰᠢᠨ᠎ᠡ ᠲᠣᠭᠤᠷᠢᠭ ᠤᠨ 5 ᠰᠠᠷ᠎ᠠ ᠶᠢᠨ 10 ᠤ ᠴᠠᠬᠢᠯᠭᠠᠨ | ᠮᠡᠳᠡᠭᠡ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ | ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ 10 ᠤ ᠡᠳᠦᠷ ᠾᠧᠪᠧᠢ ᠮᠤᠵᠢ ᠶᠢᠨ ᠰᠢᠶᠦ᠋ᠩ ᠠᠨ ᠰᠢᠨ᠎ᠡ | ᠲᠣᠭᠤᠷᠢᠭ ᠲᠤ ᠰᠢᠨᠵᠢᠯᠡᠨ ᠪᠠᠶᠢᠴᠠᠭᠠᠵᠤ᠂ ᠰᠢᠶᠦ᠋ᠩ ᠠᠨ ᠰᠢᠨ᠎ᠡ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠥᠨᠳᠥᠷ | ᠪᠠᠷᠢᠮᠵᠢᠶ᠎ᠠ ᠪᠠᠷ ᠴᠢᠨᠠᠷ ᠰᠠᠶᠢᠲᠠᠢ ᠠᠬᠢᠭᠤᠯᠬᠤ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠬᠤ ᠶᠢᠨ ᠬᠠᠮᠲᠤ ᠴᠢᠬᠤᠯᠠ | ᠶᠠᠷᠢᠶ᠎ᠠ ᠲᠠᠯᠪᠢᠪᠠ᠃ ᠲᠡᠷᠡ᠂ ᠰᠢᠶᠦ᠋ᠩ ᠠᠨ ᠰᠢᠨ᠎ᠡ ᠲᠣᠭᠤᠷᠢᠭ ᠨᠢᠭᠡᠨᠲᠡ ᠶᠡᠭᠡ ᠬᠡᠪᠴᠢᠶ᠎ᠡ ᠪᠠᠷ ᠪᠦᠲᠦᠭᠡᠨ ᠪᠠᠶᠢᠭᠤᠯᠬᠤ | ᠬᠢᠭᠡᠳ ᠪᠡᠭᠡᠵᠢᠩ ᠤᠨ ᠨᠡᠶᠢᠰᠯᠡᠯ ᠤᠨ ᠪᠤᠰᠤ ᠴᠢᠳᠠᠮᠵᠢ ᠶᠢ ᠵᠣᠬᠢᠴᠠᠭᠤᠯᠤᠨ ᠰᠢᠢᠳᠪᠦᠷᠢᠯᠡᠬᠦ ᠶᠢ ᠵᠣᠯᠭᠠᠭᠤᠯᠬᠤ ᠶᠢ ᠵᠡᠷᠭᠡ ᠪᠠᠷ | ᠴᠢᠬᠤᠯᠠᠴᠢᠯᠠᠬᠤ ᠱᠠᠲᠤᠨ ᠳᠤ ᠣᠷᠣᠵᠤ᠂ ᠠᠵᠢᠯ ᠤᠨ ᠭᠤᠣᠯᠳᠠᠯᠭ᠎ᠠ ᠨᠢᠭᠡᠨᠲᠡ ᠴᠢᠨᠠᠷ ᠰᠠᠶᠢᠲᠠᠢ ᠪᠦᠲᠦᠭᠡᠨ ᠪᠠᠶᠢᠭᠤᠯᠤᠯᠲᠠ᠂ | ᠥᠨᠳᠥᠷ ᠲᠦᠪᠰᠢᠨ ᠪᠦᠬᠦᠢ ᠬᠠᠮᠢᠶᠠᠷᠤᠯᠲᠠ᠂ ᠴᠢᠨᠠᠷ ᠰᠠᠶᠢᠲᠠᠢ ᠵᠣᠬᠢᠴᠠᠭᠤᠯᠤᠨ ᠰᠢᠢᠳᠪᠦᠷᠢᠯᠡᠬᠦ ᠬᠥᠭᠵᠢᠯᠲᠡ ᠶᠢ ᠵᠡᠷᠭᠡ ᠪᠠᠷ | ᠴᠢᠬᠤᠯᠠᠴᠢᠯᠠᠬᠤ ᠲᠡᠶᠢᠰᠢ ᠰᠢᠯᠵᠢᠪᠡ᠃ ᠢᠲᠡᠭᠡᠯ ᠵᠣᠷᠢᠭ ᠢᠶᠠᠨ ᠪᠠᠲᠤᠳᠬᠠᠵᠤ᠂ ᠲᠣᠭᠲᠠᠯ ᠬᠦᠴᠦᠨ ᠢᠶᠠᠨ ᠪᠠᠲᠤᠯᠠᠵᠤ᠂ | ᠯᠠᠪᠳᠠᠭᠤᠨ ᠴᠢᠳᠠᠮᠠᠭᠠᠢ ᠪᠦᠲᠦᠭᠡᠯᠴᠢ ᠪᠠᠷ ᠠᠵᠢᠯᠯᠠᠵᠤ᠂ ᠡᠯ᠎ᠡ ᠵᠦᠢᠯ ᠤᠨ ᠠᠵᠢᠯ ᠤᠨ ᠲᠠᠰᠤᠷᠠᠯᠲᠠ ᠦᠭᠡᠢ ᠰᠢᠨ᠎ᠡ | ᠠᠬᠢᠴᠠ ᠲᠠᠢ ᠪᠣᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | | | | | | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠦᠷᠦ ᠶᠢᠨ | ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠰᠠᠶᠢᠳ ᠯᠢ ᠴᠢᠶᠠᠩ᠂ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ | ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠪ ᠤᠨ ᠠᠯᠪᠠᠨ ᠲᠢᠩᠬᠢᠮ ᠤᠨ ᠡᠷᠭᠢᠯᠡᠭᠴᠢ ᠼᠠᠢ ᠴᠢ᠂ ᠨᠠᠮ ᠤᠨ ᠲᠥᠪ | ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ | ᠳᠡᠳ᠋ ᠶᠡᠷᠦᠩᠬᠡᠢ ᠰᠠᠶᠢᠳ ᠳ᠋ᠢᠩ ᠰᠢᠤᠸᠠᠢ ᠰᠢᠶᠠᠩ ᠪᠠᠷ᠎ᠠ ᠪᠣᠯᠵᠤ ᠰᠢᠨᠵᠢᠯᠡᠨ ᠪᠠᠶᠢᠴᠠᠭᠠᠭᠰᠠᠨ ᠪᠥᠭᠡᠳ ᠶᠠᠷᠢᠯᠴᠠᠬᠤ | ᠬᠤᠷᠠᠯ ᠳᠤ ᠣᠷᠣᠯᠴᠠᠵᠠᠢ᠃ | | | | | | 5 ᠰᠠᠷ᠎ᠠ ᠶᠢᠨ 10 ᠤ ᠡᠳᠦᠷ᠂ ᠰᠢ ᠶᠢᠨ ᠫᠢᠩ ᠾᠧᠪᠧᠢ ᠮᠤᠵᠢ ᠶᠢᠨ ᠨᠠᠮ ᠤᠨ ᠬᠤᠷᠢᠶ᠎ᠠ ᠶᠢᠨ ᠱᠦᠵᠢ ᠨᠢ ᠶᠤᠸᠠᠢ | ᠹᠧᠩ᠂ ᠮᠤᠵᠢ ᠶᠢᠨ ᠳᠠᠷᠤᠭ᠎ᠠ ᠸᠠᠩ ᠵᠧᠩ ᠫᠦ᠋ ᠶᠢᠨ ᠪᠠᠷ᠎ᠠ ᠪᠤᠯᠣᠯᠭ᠎ᠠ ᠲᠠᠢ ᠪᠠᠷ᠂ ᠰᠢᠶᠦ᠋ᠩ ᠠᠨ ᠰᠢᠨ᠎ᠡ ᠲᠣᠭᠤᠷᠢᠭ ᠤᠨ | ᠲᠦᠷᠭᠡᠨ ᠤ ᠲᠡᠮᠦᠷ ᠵᠠᠮ ᠤᠨ ᠥᠷᠲᠡᠭᠡ᠂ ᠨᠡᠶᠢᠭᠡᠮ ᠲᠣᠭᠤᠷᠢᠭ᠂ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠵᠠᠷ | ᠵᠡᠷᠭᠡ ᠪᠠᠷ ᠭᠦᠨᠵᠡᠭᠡᠶᠢᠷᠡᠵᠦ᠂ ᠰᠢᠶᠦ᠋ᠩ ᠠᠨ ᠰᠢᠨ᠎ᠡ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠥᠨᠳᠥᠷ | ᠪᠠᠷᠢᠮᠵᠢᠶ᠎ᠠ ᠪᠠᠷ ᠴᠢᠨᠠᠷ ᠰᠠᠶᠢᠲᠠᠢ ᠠᠬᠢᠭᠤᠯᠬᠤ ᠲᠤᠬᠠᠢ ᠪᠠᠶᠢᠴᠠᠭᠠᠨ ᠰᠤᠳᠤᠯᠤᠯᠲᠠ ᠬᠢᠪᠡ᠃ | | | | | | ᠲᠤᠰ ᠡᠳᠦᠷ ᠤᠨ ᠦᠳᠡ ᠶᠢᠨ ᠡᠮᠦᠨ᠎ᠡ᠂ ᠰᠢ ᠶᠢᠨ ᠫᠢᠩ ᠲᠦᠷᠭᠡᠨ ᠤ ᠲᠡᠮᠦᠷ ᠵᠠᠮ ᠢᠶᠠᠷ ᠰᠢᠶᠦ᠋ᠩ ᠠᠨ ᠰᠢᠨ᠎ᠡ | ᠲᠣᠭᠤᠷᠢᠭ ᠲᠤ ᠬᠦᠷᠴᠦ᠂ ᠭᠦᠷᠦᠭᠰᠡᠨ ᠤ ᠳᠠᠷᠠᠭ᠎ᠠ ᠡᠩ ᠲᠡᠷᠢᠭᠦᠨ ᠳᠤ ᠰᠢᠶᠦ᠋ᠩ ᠠᠨ ᠥᠷᠲᠡᠭᠡ ᠶᠢᠨ ᠪᠦᠲᠦᠭᠡᠨ | ᠪᠠᠶᠢᠭᠤᠯᠤᠯᠲᠠ ᠶᠢᠨ ᠠᠵᠢᠯᠯᠠᠭᠠᠨ ᠤ ᠪᠠᠶᠢᠳᠠᠯ ᠢ ᠰᠢᠨᠵᠢᠯᠡᠨ ᠪᠠᠶᠢᠴᠠᠭᠠᠪᠠ᠃ ᠰᠢᠶᠦ᠋ᠩ ᠠᠨ ᠦᠷᠳᠡᠭᠡ ᠪᠣᠯ ᠰᠢᠶᠦ᠋ᠩ ᠠᠨ | ᠰᠢᠨ᠎ᠡ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠠᠩᠬᠠᠨ ᠤ ᠴᠢᠬᠤᠯᠠ ᠶᠡᠭᠡ ᠰᠠᠭᠤᠷᠢ ᠲᠥᠬᠦᠭᠡᠷᠦᠮᠵᠢ ᠶᠢᠨ ᠲᠦᠷᠤᠯ | ᠵᠦᠢᠯ ᠮᠥᠨ ᠪᠠᠶᠢᠵᠤ᠂ ᠪᠡᠯᠭᠡ ᠲᠡᠮᠳᠡᠭ ᠤᠨ ᠴᠢᠨᠠᠷᠲᠠᠢ ᠠᠴᠢ ᠬᠤᠯᠪᠣᠭᠳᠠᠯ ᠲᠠᠢ ᠶᠤᠮ᠃ ᠰᠢ ᠶᠢᠨ ᠫᠢᠩ ᠤᠷᠢᠳ | ᠬᠤᠵᠢᠳ ᠥᠷᠲᠡᠭᠡᠨ ᠤ ᠵᠣᠭᠰᠣᠭᠠᠯ᠂ ᠲᠡᠷᠭᠡ ᠬᠦᠯᠢᠶᠡᠬᠦ ᠲᠢᠩᠬᠢᠮ᠂ ᠥᠷᠲᠡᠭᠡᠨ ᠤ ᠭᠠᠳᠠᠨᠠᠬᠢ ᠠᠭᠤᠳᠠᠮ ᠲᠠᠯᠠᠪᠠᠢ ᠶᠢ | ᠪᠠᠶᠢᠴᠠᠭᠠᠨ ᠦᠵᠡᠵᠦ᠂ ᠰᠢᠶᠦ᠋ᠩ ᠠᠨ ᠥᠷᠲᠡᠭᠡᠨ ᠤ ᠪᠦᠲᠦᠭᠡᠨ ᠪᠠᠶᠢᠭᠤᠯᠤᠯᠲᠠ ᠶᠢᠨ ᠠᠵᠢᠯᠯᠠᠭᠠᠨ ᠪᠣᠯᠣᠨ ᠪᠠᠶᠢᠭ᠎ᠠ ᠽᠠᠨ | ᠭᠠᠩ ᠲᠣᠭᠤᠷᠢᠭ ᠤᠨ ᠲᠥᠯᠦᠪᠵᠢᠭᠦᠯᠭᠡ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠣᠶᠢᠯᠠᠭᠠᠪᠠ᠃ ᠰᠢ ᠶᠢᠨ ᠫᠢᠩ᠂ | ᠰᠢᠶᠦ᠋ᠩ ᠠᠨ ᠦᠷᠳᠡᠭᠡ ᠪᠣᠯ ᠰᠢᠶᠦ᠋ᠩ ᠠᠨ ᠰᠢᠨ᠎ᠡ ᠲᠣᠭᠤᠷᠢᠭ ᠤᠨ ᠠᠭᠤᠯᠵᠠᠷ ᠲᠡᠷᠭᠡᠨ ᠦᠷᠳᠡᠭᠡ ᠪᠣᠯᠣᠨ᠎ᠠ᠂ ᠰᠢᠶᠦ᠋ᠩ | ᠠᠨ ᠦᠷᠳᠡᠭᠡ ᠪᠣᠯᠣᠨ ᠰᠢᠶᠦ᠋ᠩ ᠠᠨ ᠰᠢᠨ᠎ᠡ ᠲᠣᠭᠤᠷᠢᠭ ᠢ ᠬᠤᠯᠪᠣᠨ ᠨᠡᠪᠲᠡᠷᠡᠭᠦᠯᠬᠦ ᠵᠠᠮ ᠬᠠᠷᠢᠯᠴᠠᠭᠠᠨ ᠤ ︽ᠨᠠᠷᠢᠨ | ᠴᠢᠰᠤᠨ ᠰᠤᠳᠠᠯ︾ ᠢ ᠴᠢᠨᠠᠭᠰᠢᠳᠠ ᠲᠡᠭᠦᠯᠳᠡᠷᠵᠢᠭᠦᠯᠵᠦ᠂ ᠬᠥᠮᠥᠨ ᠤ ᠤᠷᠤᠰᠬᠠᠯ ᠪᠠᠷᠠᠭᠠᠨ ᠤ ᠭᠦᠢᠯᠭᠡᠭᠡ ᠶᠢᠨ ᠲᠥᠪᠯᠡᠷᠡᠬᠦ | ᠪᠠ ᠲᠠᠷᠬᠠᠭᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ᠃ ᠽᠠᠨ ᠭᠠᠩ ᠲᠣᠭᠤᠷᠢᠭ ᠢ ᠳᠡᠭᠡᠳᠦ ᠲᠡᠰ ᠤᠨ ᠳᠡᠭᠡᠳᠦ | ᠰᠢᠨ᠎ᠡ ᠠᠵᠤ ᠦᠢᠯᠡᠰ ᠤᠨ ᠲᠥᠪᠯᠡᠷᠡᠭᠰᠡᠨ ᠣᠷᠣᠨ ᠪᠣᠯᠭᠠᠨ ᠪᠦᠲᠦᠭᠡᠨ ᠪᠠᠶᠢᠭᠤᠯᠵᠤ᠂ ᠡᠯ᠎ᠡ ᠲᠠᠯ᠎ᠠ ᠶᠢᠨ ᠵᠣᠴᠢᠳ ᠲᠤ | ᠰᠢᠶᠦ᠋ᠩ ᠠᠨ ᠳᠤ ᠢᠷᠡᠮᠡᠭᠴᠡ ᠰᠢᠶᠦ᠋ᠩ ᠠᠨ ᠰᠢᠨ᠎ᠡ ᠲᠣᠭᠤᠷᠢᠭ ᠤᠨ ᠰᠦᠷ ᠳᠠᠯᠠᠶᠢᠴᠠᠲᠠᠢ ᠣᠳᠣᠬᠢᠴᠢᠯᠠᠯᠲᠠ ᠶᠢᠨ ᠰᠢᠨ᠎ᠡ | ᠳᠦᠷᠰᠦ ᠪᠠᠶᠢᠳᠠᠯ ᠢ ᠮᠡᠳᠡᠷᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ ᠳᠠᠷᠠᠭ᠎ᠠ ᠨᠢ ᠲᠡᠷᠭᠡᠨ ᠳᠤ ᠰᠠᠭᠤᠵᠤ ᠷᠦᠩᠳᠦ᠋ᠩ ᠲᠣᠭᠤᠷᠢᠭ ᠤᠨ ᠨᠠᠨ ᠸᠧᠨ ᠶᠢᠩ ᠨᠡᠶᠢᠭᠡᠮ | ᠲᠣᠭᠤᠷᠢᠭ ᠲᠤ ᠭᠦᠷᠪᠡ᠃ ᠲᠣᠰ ᠨᠡᠶᠢᠭᠡᠮ ᠲᠣᠭᠤᠷᠢᠭ ᠠᠨ ᠰᠢᠨ᠂ ᠷᠦᠩ ᠴᠧᠩ ᠬᠤᠶᠠᠷ ᠰᠢᠶᠠᠨ ᠤ 5000 ᠭᠠᠷᠤᠢ | ᠪᠤᠴᠠᠭᠠᠨ ᠨᠡᠭᠦᠯᠭᠡᠭᠰᠡᠨ ᠠᠷᠠᠳ ᠢ ᠲᠥᠪᠬᠢᠨᠡᠭᠦᠯᠪᠡ᠃ ᠰᠢ ᠶᠢᠨ ᠫᠢᠩ ᠤᠷᠢᠳ ᠬᠤᠵᠢᠳ ᠨᠠᠮ ᠤᠯᠠᠨ ᠲᠦᠮᠡᠨ ᠤ | ᠦᠢᠯᠡᠴᠢᠯᠡᠭᠡᠨ ᠤ ᠲᠥᠪ ᠪᠣᠯᠣᠨ ᠨᠡᠶᠢᠭᠡᠮ ᠲᠣᠭᠤᠷᠢᠭ ᠤᠨ ᠬᠤᠭᠤᠯᠠᠨ ᠲᠠᠩᠬᠢᠮ ᠳᠤ ᠬᠦᠷᠴᠦ᠂ ᠨᠡᠶᠢᠭᠡᠮ ᠲᠣᠭᠤᠷᠢᠭ ᠤᠨ | ᠠᠵᠢᠯᠲᠠᠨ᠂ ᠲᠤᠬᠠᠢ ᠶᠢᠨ ᠲᠠᠯᠠᠪᠠᠢ ᠳᠤ ᠠᠵᠢᠯ ᠶᠠᠪᠤᠳᠠᠯ ᠭᠦᠢᠴᠡᠳᠬᠡᠵᠦ ᠪᠠᠶᠢᠭ᠎ᠠ ᠤᠯᠠᠨ ᠲᠦᠮᠡᠨ᠂ ᠬᠤᠭᠤᠯᠠ ᠢᠳᠡᠵᠦ | ᠪᠠᠶᠢᠭ᠎ᠠ ᠨᠡᠶᠢᠭᠡᠮ ᠲᠣᠭᠤᠷᠢᠭ ᠤᠨ ᠨᠠᠰᠤᠲᠠᠶᠢᠴᠤᠳ ᠲᠠᠢ ᠳᠣᠲᠣᠨᠣ ᠪᠠᠷ ᠶᠠᠷᠢᠯᠴᠠᠵᠤ᠂ ᠠᠷᠠᠳ ᠤᠨ ᠪᠠᠶᠢᠳᠠᠯ ᠤᠨ ᠡᠬᠡ | ᠲᠠᠩᠰᠠ ᠶᠢ ᠨᠠᠷᠢᠨ ᠦᠵᠡᠵᠦ᠂ ᠨᠡᠶᠢᠭᠡᠮ ᠲᠣᠭᠤᠷᠢᠭ ᠤᠨ ᠥᠷᠨᠢᠭᠦᠯᠦᠭᠰᠡᠨ ᠠᠷᠠᠳ ᠲᠤ ᠲᠦᠭᠦᠮ ᠦᠵᠡᠭᠦᠯᠭᠦ ᠨᠠᠰᠤᠵᠢᠯ ᠤᠨ | ᠦᠢᠯᠡᠴᠢᠯᠡᠭᠡ ᠵᠡᠷᠭᠡ ᠶᠢ ᠨᠤᠲᠠᠯᠠᠵᠤ ᠪᠠᠶᠢᠬᠤ ᠪᠠᠨ ᠢᠯᠡᠳᠬᠡᠪᠡ᠃ ᠰᠢ ᠶᠢᠨ ᠫᠢᠩ᠂ ᠪᠢ ᠪᠤᠴᠠᠭᠠᠨ ᠨᠡᠭᠦᠯᠭᠡᠭᠰᠡᠨ ᠤᠯᠠᠨ | ᠲᠦᠮᠡᠨ ᠤ ᠲᠥᠯᠥᠭᠡ ᠰᠠᠨᠠᠭᠠᠰᠢᠷᠠᠭᠰᠠᠭᠠᠷ ᠢᠷᠡᠵᠠᠢ᠂ ᠤᠯᠠᠨ ᠤ ᠠᠮᠢᠳᠤᠷᠠᠯ ᠰᠠᠶᠢᠨ ᠪᠠᠶᠢᠬᠤ ᠶᠢ ᠦᠵᠡᠭᠡᠳ ᠪᠢ ᠮᠠᠰᠢ | ᠪᠠᠶᠠᠷᠯᠠᠵᠤ ᠪᠠᠶᠢᠨ᠎ᠠ᠃ ᠰᠢᠶᠦ᠋ᠩ ᠠᠨ ᠰᠢᠨ᠎ᠡ ᠲᠣᠭᠤᠷᠢᠭ ᠢ ᠰᠠᠶᠢᠲᠤᠷ ᠪᠦᠲᠦᠭᠡᠨ ᠪᠠᠶᠢᠭᠤᠯᠬᠤ ᠳᠤ᠂ ᠴᠢᠬᠤᠯᠠ ᠨᠢ ᠠᠮᠤᠷ | ᠠᠮᠤᠭᠤᠯᠠᠩ ᠣᠷᠣᠨ ᠰᠠᠭᠤᠴᠠ ᠪᠠ ᠪᠠᠶᠠᠷ ᠪᠠᠶᠠᠰᠤᠯ ᠲᠠᠢ ᠠᠵᠤ ᠳᠦᠷᠦᠭᠦ ᠶᠢ ᠵᠤᠯᠭᠠᠯᠴᠠᠭᠤᠯᠵᠦ᠂ ᠤᠯᠠᠨ ᠲᠦᠮᠡᠨ ᠢ | ᠲᠣᠭᠲᠠᠭᠤᠨ ᠰᠠᠭᠤᠷᠢᠰᠢᠭᠤᠯᠵᠤ᠂ ᠠᠮᠤᠷ ᠲᠠᠶᠢᠪᠤᠩ ᠠᠮᠢᠳᠤᠷᠠᠭᠤᠯᠵᠤ᠂ ᠬᠦᠰᠡᠯ ᠡᠷᠡᠮᠡᠯᠵᠡᠯ ᠲᠠᠢ ᠪᠣᠯᠭᠠᠬᠤ ᠶᠠᠪᠤᠳᠠᠯ | ᠪᠣᠯᠣᠨ᠎ᠠ᠃ ᠬᠤᠳᠠ ᠶᠢᠨ ᠵᠠᠰᠠᠯᠲᠠ ᠶᠢᠨ ᠣᠳᠣᠬᠢᠴᠢᠯᠠᠯᠲᠠ ᠶᠢ ᠵᠡᠷᠭᠡ ᠪᠠᠷ ᠠᠬᠢᠭᠤᠯᠵᠤ᠂ ᠡᠬᠢᠯᠡᠩᠭᠦᠲᠡ ᠪᠠᠨ ︽ᠬᠠᠳᠬᠤᠮᠠᠯ | ᠬᠠᠳᠬᠤᠬᠤ︾ ᠬᠦᠴᠦ ᠶᠢ ᠣᠷᠣᠭᠤᠯᠵᠤ᠂ ᠦᠨᠳᠦᠰᠦᠨ ᠤᠯᠠᠨ ᠨᠡᠶᠢᠲᠡ ᠶᠢᠨ ᠦᠢᠯᠡᠴᠢᠯᠡᠭᠡ ᠶᠢ ᠲᠡᠩᠴᠡᠭᠦᠷᠢᠰᠢᠭᠦᠯᠬᠦ ᠶᠢ | ᠢᠳᠡᠪᠬᠢᠲᠡᠢ ᠠᠬᠢᠭᠤᠯᠵᠤ᠂ ᠰᠢᠨ᠎ᠡ ᠴᠠᠭ ᠦᠶ᠎ᠡ ᠶᠢᠨ ᠠᠵᠢᠯᠯᠠᠵᠤ ᠠᠮᠢᠳᠤᠷᠠᠬᠤ ᠳᠤ ᠲᠣᠬᠢᠷᠠᠮᠵᠢᠲᠠᠢ ︽ᠠᠷᠠᠳ ᠤᠨ ᠬᠤᠳᠠ︾ | ᠶᠢ ᠴᠣᠭᠴᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ ᠪᠤᠴᠠᠭᠠᠨ ᠨᠡᠭᠦᠯᠭᠡᠭᠰᠡᠨ ᠰᠠᠭᠤᠭᠠᠯᠢ ᠠᠷᠠᠳ ᠯᠢ ᠵᠢᠩ ᠾᠧ ᠶᠢᠨ ᠭᠡᠷ ᠲᠤ ᠬᠦᠷᠴᠦ ᠪᠣᠯᠭᠤᠭᠠᠨ | ᠦᠵᠡᠪᠡ᠃ ᠯᠢ ᠵᠢᠩ ᠾᠧ ᠶᠡᠷᠦᠩᠬᠡᠢ ᠱᠦᠵᠢ ᠳᠤ᠂ 2021 ᠣᠨ ᠤ 11 ᠰᠠᠷ᠎ᠠ ᠳᠤ ᠰᠢᠨ᠎ᠡ ᠣᠷᠣᠨ ᠰᠠᠭᠤᠴᠠ ᠳᠤ | ᠨᠡᠭᠦᠨ ᠣᠷᠣᠵᠤ᠂ ᠭᠡᠷ ᠪᠠᠶᠢᠰᠢᠩ ᠠᠭᠤᠵᠢᠮ ᠰᠠᠷᠠᠭᠤᠯ᠂ ᠰᠠᠭᠤᠬᠤ ᠳᠤ ᠲᠦᠢᠯ ᠤᠨ ᠲᠠᠭᠠᠯᠠᠮᠵᠢᠲᠠᠢ ᠪᠠᠶᠢᠵᠤ᠂ ᠠᠮᠢᠳᠤᠷᠠᠯ | ᠶᠠᠪᠤᠬᠤ ᠲᠤᠲᠤᠮ ᠰᠠᠶᠢᠵᠢᠷᠠᠵᠤ ᠪᠠᠶᠢᠨ᠎ᠠ ᠭᠡᠪᠡ᠃ ᠰᠢ ᠶᠢᠨ ᠫᠢᠩ᠂ ᠰᠢᠶᠦ᠋ᠩ ᠠᠨ ᠰᠢᠨ᠎ᠡ ᠲᠣᠭᠤᠷᠢᠭ ᠢ ᠪᠦᠲᠦᠭᠡᠨ | ᠪᠠᠶᠢᠭᠤᠯᠬᠤ ᠪᠣᠯ ᠨᠠᠮ ᠤᠨ ᠲᠥᠪ ᠬᠤᠷᠢᠶ᠎ᠠ ᠶᠢᠨ ᠭᠠᠷᠭᠠᠭᠰᠠᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠰᠢᠢᠳᠪᠦᠷᠢᠲᠦ | ᠪᠣᠳᠣᠯᠭ᠎ᠠ ᠮᠥᠨ᠂ ᠤᠯᠠᠨ ᠢᠶᠠᠷ ᠢᠶᠠᠨ ᠤᠯᠤᠰ ᠤᠨ ᠤᠷᠢᠶᠠᠯᠠᠭ᠎ᠠ ᠶᠢ ᠴᠤᠤᠷᠢᠶᠠᠲᠤᠨ᠂ ᠢᠳᠡᠪᠬᠢᠲᠡᠢ ᠬᠠᠮᠵᠢᠯᠴᠠᠵᠤ᠂ | ᠤᠯᠤᠰ ᠤᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠳᠤ ᠬᠤᠪᠢ ᠨᠡᠮᠡᠷᠢ ᠦᠵᠡᠭᠦᠯᠵᠡᠢ ᠭᠡᠵᠦ ᠴᠢᠬᠤᠯᠠᠴᠢᠯᠠᠪᠠ᠃ ᠲᠡᠷᠡ | ᠵᠠᠯᠠᠭᠤ ᠨᠢᠭᠡ ᠦᠶ᠎ᠡ ᠶᠢᠨ ᠬᠢᠨ ᠢ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ | ᠰᠡᠷᠭᠦᠨ ᠮᠠᠨᠳᠤᠯᠲᠠ ᠶᠢᠨ ᠠᠬᠢᠴᠠ ᠳᠤᠮᠳᠠ ᠢᠲᠡᠭᠡᠯ ᠵᠣᠷᠢᠭ ᠢᠶᠠᠨ ᠪᠠᠲᠤᠳᠬᠠᠵᠤ᠂ ᠡᠷᠳᠡᠮ ᠴᠢᠳᠠᠪᠤᠷᠢ ᠶᠢ ᠰᠠᠶᠢᠲᠤᠷ | ᠰᠤᠷᠤᠯᠴᠠᠵᠤ᠂ ᠨᠤᠲᠤᠭ ᠤᠰᠤᠨ ᠳᠠᠭᠠᠨ ᠪᠤᠶᠠᠨ ᠦᠢᠯᠡᠳᠴᠦ᠂ ᠨᠡᠶᠢᠭᠡᠮ ᠵᠢᠷᠤᠮ ᠤᠨ ᠦᠢᠯᠡᠰ ᠤᠨ ᠪᠦᠲᠦᠭᠡᠨ | ᠪᠠᠶᠢᠭᠤᠯᠤᠭᠴᠢ ᠪᠠ ᠵᠠᠯᠭᠠᠮᠵᠢᠯᠠᠭᠴᠢ ᠪᠣᠯᠣᠭᠠᠷᠠᠢ ᠭᠡᠵᠦ ᠵᠣᠷᠢᠭᠵᠢᠭᠤᠯᠪᠠ᠃ | ᠠᠶᠠᠷᠯᠠᠨ ᠰᠠᠯᠬᠤ ᠦᠶ᠎ᠡ ᠳᠤ᠂ ᠰᠠᠭᠤᠭᠠᠯᠢ ᠠᠷᠠᠳ ︽ᠶᠡᠷᠦᠩᠬᠡᠢ ᠱᠦᠵᠢ ᠰᠠᠶᠢᠨ︾ ᠭᠡᠵᠦ ᠥᠨᠳᠥᠷ ᠲᠠᠭᠤᠨ ᠢᠶᠠᠷ | ᠬᠠᠰᠬᠢᠷᠤᠨ᠂ ᠰᠢ ᠶᠢᠨ ᠫᠢᠩ ᠤᠯᠠᠨ ᠤ ᠵᠦᠭ ᠭᠠᠷ ᠳᠠᠯᠠᠯᠤᠨ ᠮᠡᠨᠳᠦᠴᠢᠯᠡᠯ ᠳᠡᠪᠰᠢᠭᠦᠯᠪᠡ᠃ ᠲᠡᠷᠡ ᠭᠦᠨ | ᠰᠡᠳᠬᠢᠯᠭᠡ ᠲᠠᠢ ᠪᠠᠷ ᠤᠯᠠᠨ ᠳᠤ᠂ ᠾᠧᠪᠧᠢ ᠪᠣᠯ ᠮᠢᠨᠤ ᠠᠵᠢᠯᠯᠠᠵᠤ ᠥᠩᠭᠡᠷᠡᠭᠰᠡᠨ ᠭᠠᠵᠠᠷ᠂ ᠪᠢ ᠠᠳᠡ ᠬᠠᠶᠢᠷ᠎ᠠ | ᠰᠡᠳᠬᠢᠯᠭᠡ ᠲᠠᠢ᠂ ᠠᠳᠡᠬᠢ ᠶᠢ ᠰᠠᠶᠢᠲᠤᠷ ᠪᠦᠲᠦᠭᠡᠨ ᠪᠠᠶᠢᠭᠤᠯᠬᠤ ᠪᠣᠯ ᠮᠢᠨᠤ ᠬᠦᠰᠡᠯ ᠡᠷᠡᠮᠡᠯᠵᠡᠯ ᠮᠥᠨ᠃ ᠰᠢᠶᠦ᠋ᠩ ᠠᠨ | ᠰᠢᠨ᠎ᠡ ᠲᠣᠭᠤᠷᠢᠭ ᠢ ᠪᠦᠲᠦᠭᠡᠨ ᠪᠠᠶᠢᠭᠤᠯᠬᠤ ᠪᠣᠯ ᠮᠢᠩᠭᠠᠨ ᠣᠨ ᠤ ᠶᠡᠭᠡ ᠪᠣᠳᠣᠯᠭ᠎ᠠ᠂ ᠤᠯᠤᠰ ᠤᠨ ᠶᠡᠭᠡ ᠶᠠᠪᠤᠳᠠᠯ ᠮᠥᠨ᠂ | ᠭᠦᠪᠰᠦᠷᠭᠡᠵᠤ ᠬᠥᠭᠡᠷᠴᠦ ᠪᠣᠯᠬᠤ ᠦᠭᠡᠢ᠂ ᠬᠦᠯᠢᠶᠡᠵᠦ ᠲᠦᠰᠢᠵᠦ ᠠᠪᠴᠤ ᠪᠣᠯᠬᠤ ᠦᠭᠡᠢ᠂ ᠯᠠᠪᠳᠠᠭᠤᠨ ᠪᠠᠲᠤᠲᠠᠢ ᠪᠠᠷ | ᠴᠢᠷᠮᠠᠶᠢᠵᠤ᠂ ᠤᠳᠠᠭᠠᠨ ᠳᠠᠭᠠᠭᠠᠮᠠᠭᠠᠢ ᠪᠠᠷ ᠵᠢᠳᠬᠦᠬᠦ ᠬᠡᠷᠡᠭᠲᠡᠢ ᠭᠡᠪᠡ᠃ | ᠰᠢᠶᠦ᠋ᠩ ᠠᠨ ᠤ ᠬᠤᠳᠠ ᠶᠢᠨ ᠬᠤᠭᠤᠷᠣᠨᠳᠣᠭᠢ ᠦᠷᠳᠡᠭᠡ ᠶᠢᠨ ᠬᠦᠢᠰᠦ ᠪᠠᠷᠢᠯᠭ᠎ᠠ ᠨᠢ ᠰᠢᠶᠦ᠋ᠩ ᠠᠨ ᠰᠢᠨ᠎ᠡ | ᠲᠣᠭᠤᠷᠢᠭ ᠤᠨ ᠡᠬᠢᠯᠡᠭᠦᠯᠬᠦ ᠣᠷᠣᠨ ᠤ ᠭᠤᠣᠯ ᠪᠠᠶᠢᠷᠢᠨ ᠳᠤ ᠪᠤᠢ᠃ ᠰᠢ ᠶᠢᠨ ᠫᠢᠩ ᠰᠢᠶᠦ᠋ᠩ ᠠᠨ ᠤ ᠬᠤᠳᠠ ᠶᠢᠨ | ᠬᠤᠭᠤᠷᠣᠨᠳᠣᠭᠢ ᠦᠷᠳᠡᠭᠡ ᠵᠢᠴᠢ ᠤᠯᠠᠨ ᠤᠯᠤᠰ ᠤᠨ ᠠᠷᠠᠯᠵᠢᠶᠠᠨ ᠤ ᠲᠥᠪ ᠤᠨ ᠲᠦᠷᠤᠯ ᠵᠦᠢᠯ ᠤᠨ ᠪᠦᠲᠦᠭᠡᠨ | ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠳᠤ ᠬᠦᠷᠴᠦ᠂ ᠡᠯᠡᠰᠦᠨ ᠴᠠᠷᠠᠭ᠎ᠠ ᠶᠢ ᠦᠵᠡᠵᠦ᠂ ᠲᠠᠭᠲᠤ ᠳᠤ ᠭᠠᠷᠴᠤ᠂ | ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠵᠠᠷ ᠢ ᠪᠠᠷᠠᠯᠠᠵᠤ᠂ ᠡᠬᠢᠯᠡᠭᠦᠯᠬᠦ ᠣᠷᠣᠨ ᠤ ᠴᠢᠬᠤᠯᠠ ᠶᠡᠭᠡ ᠰᠠᠭᠤᠷᠢ | ᠲᠥᠬᠦᠭᠡᠷᠦᠮᠵᠢ ᠶᠢᠨ ᠲᠦᠷᠤᠯ ᠵᠦᠢᠯ ᠵᠢᠴᠢ ᠭᠤᠣᠯᠳᠠᠯᠭ᠎ᠠ ᠲᠠᠢ ᠲᠠᠷᠬᠠᠭᠠᠨ ᠵᠣᠬᠢᠴᠠᠭᠤᠯᠬᠤ ᠲᠦᠷᠤᠯ ᠵᠦᠢᠯ ᠤᠨ | ᠲᠥᠯᠦᠪᠵᠢᠭᠦᠯᠭᠡ ᠪᠦᠲᠦᠭᠡᠨ ᠪᠠᠶᠢᠭᠤᠯᠤᠯᠲᠠ ᠶᠢᠨ ᠠᠬᠢᠴᠠ ᠶᠢᠨ ᠪᠠᠶᠢᠳᠠᠯ ᠢ ᠣᠶᠢᠯᠠᠭᠠᠪᠠ᠃ ᠰᠢ ᠶᠢᠨ ᠫᠢᠩ᠂ ᠵᠠᠮ | ᠬᠠᠷᠢᠯᠴᠠᠭ᠎ᠠ ᠪᠣᠯ ᠤᠳᠤ ᠦᠶ᠎ᠡ ᠶᠢᠨ ᠬᠤᠳᠠ ᠶᠢᠨ ᠴᠢᠰᠤᠨ ᠰᠤᠳᠠᠯ ᠮᠥᠨ᠃ ᠴᠢᠰᠤᠨ ᠰᠤᠳᠠᠯ ᠰᠠᠭᠠᠳ ᠦᠭᠡᠢ | ᠨᠡᠪᠲᠡᠷᠡᠪᠡᠯ ᠬᠤᠲᠠ ᠨᠢ ᠰᠠᠶ᠋ᠢ ᠡᠷᠡᠭᠦᠯ ᠢᠶᠠᠷ ᠬᠥᠭᠵᠢᠵᠦ ᠴᠢᠳᠠᠨ᠎ᠠ᠃ ᠪᠣᠰᠤᠭ᠎ᠠ ᠴᠣᠭᠴᠠᠲᠤ ᠶᠡᠷᠦᠩᠬᠡᠶᠢᠯᠡᠭᠰᠡᠨ ᠵᠠᠮ | ᠬᠠᠷᠢᠯᠴᠠᠭᠠᠨ ᠤ ᠲᠣᠣᠷ ᠢ ᠪᠦᠲᠦᠭᠡᠨ ᠪᠠᠶᠢᠭᠤᠯᠬᠤ ᠳᠡᠭᠡᠷ᠎ᠡ ᠬᠦᠴᠦ ᠲᠠᠯᠪᠢᠵᠤ᠂ ᠭᠠᠵᠠᠷ ᠳᠣᠣᠷᠠᠬᠢ ᠣᠷᠣᠨ ᠵᠠᠢ ᠶᠢ | ᠭᠦᠢᠴᠡᠳ ᠠᠰᠢᠭᠯᠠᠬᠤ ᠳᠡᠭᠡᠷ᠎ᠡ ᠬᠦᠴᠦ ᠲᠠᠯᠪᠢᠵᠤ᠂ ︽ᠬᠤᠳᠠ ᠶᠢᠨ ᠡᠪᠡᠳᠴᠢᠨ︾ ᠦᠭᠡᠢ ᠢᠷᠡᠭᠡᠳᠦᠢ ᠶᠢᠨ ᠬᠤᠳᠠ ᠶᠢ | ᠬᠦᠴᠦᠯᠡᠨ ᠪᠠᠶᠢᠭᠤᠯᠵᠤ᠂ ᠥᠨᠳᠥᠷ ᠪᠠᠷᠢᠮᠵᠢᠶᠠᠲᠤ ᠬᠤᠳᠠ ᠶᠢᠨ ᠲᠥᠯᠦᠪᠵᠢᠭᠦᠯᠭᠡ ᠶᠢᠨ ᠠᠤᠭ᠎ᠠ ᠲᠥᠰᠥᠪ ᠢ ᠦᠨᠡᠨ ᠬᠦ | ᠴᠢᠨᠠᠷ ᠰᠠᠶᠢᠲᠠᠢ ᠬᠤᠳᠠ ᠶᠢᠨ ᠬᠥᠭᠵᠢᠯᠲᠡ ᠶᠢᠨ ᠪᠣᠳᠠᠲᠤ ᠦᠵᠡᠮᠵᠢ ᠪᠣᠯᠭᠠᠨ ᠬᠤᠪᠢᠷᠠᠭᠤᠯᠬᠤ ᠬᠡᠷᠡᠭᠲᠡᠢ ᠭᠡᠵᠦ ᠵᠢᠭᠠᠵᠤ | ᠭᠠᠷᠭᠠᠪᠠ᠃ | ᠦᠳᠡ ᠶᠢᠨ ᠬᠤᠶᠢᠨ᠎ᠠ᠂ ᠰᠢ ᠶᠢᠨ ᠫᠢᠩ ᠰᠢᠶᠦ᠋ᠩ ᠠᠨ ᠤ ᠬᠤᠷᠠᠯ ᠦᠵᠡᠰᠬᠦᠯᠡᠩ ᠤᠨ ᠲᠥᠪ ᠤᠨ ᠰᠢᠶᠦ᠋ᠩ ᠠᠨ | ᠲᠢᠩᠬᠢᠮ ᠳᠤ ᠬᠦᠷᠴᠦ᠂ ᠡᠯᠡᠰᠦᠨ ᠴᠠᠷ᠎ᠠ᠂ ᠸᠢᠳᠢᠤ᠋ ᠣᠬᠤᠷ ᠹᠢᠯᠢᠮ ᠲᠠᠢ ᠤᠶᠠᠯᠳᠤᠭᠤᠯᠤᠨ᠂ ᠰᠢᠶᠦ᠋ᠩ ᠠᠨ ᠰᠢᠨ᠎ᠡ | ᠲᠣᠭᠤᠷᠢᠭ ᠤᠨ ᠪᠦᠬᠦᠯᠢ ᠴᠣᠭᠴᠠ ᠶᠢᠨ ᠲᠥᠯᠦᠪᠵᠢᠭᠦᠯᠭᠡ ᠪᠦᠲᠦᠭᠡᠨ ᠪᠠᠶᠢᠭᠤᠯᠤᠯᠲᠠ ᠶᠢᠨ ᠠᠬᠢᠴᠠ ᠶᠢᠨ | ᠲᠠᠨᠢᠯᠴᠠᠭᠤᠯᠭ᠎ᠠ ᠶᠢ ᠰᠣᠨᠣᠰᠴᠤ᠂ ᠪᠠᠢ ᠶᠠᠩ ᠳ᠋ᠢᠶᠠᠨ ᠤ ᠠᠮᠢ ᠠᠬᠤᠢ ᠣᠷᠴᠢᠨ ᠲᠣᠭᠤᠷᠢᠨ ᠤ ᠵᠠᠰᠠᠯᠲᠠ ᠪᠠ ᠬᠠᠮᠠᠭᠠᠯᠠᠯᠲᠠ | ᠵᠢᠴᠢ ᠬᠤᠷᠠᠭᠰᠠᠨ ᠰᠢᠪᠠᠷ ᠢ ᠴᠡᠪᠡᠷᠯᠡᠨ ᠯᠠᠶᠢᠳᠠᠬᠤ᠂ ᠪᠠᠢ ᠶᠠᠩ ᠳ᠋ᠢᠶᠠᠨ ᠤ ᠳᠣᠲᠣᠭᠠᠳᠤ ᠤᠰᠤᠨ ᠵᠠᠮ ᠤᠨ ᠨᠡᠪᠲᠡᠷᠡᠯᠴᠡᠭᠡ | ᠵᠡᠷᠭᠡ ᠠᠵᠢᠯ ᠤᠨ ᠠᠬᠢᠴᠠ ᠶᠢᠨ ᠪᠠᠶᠢᠳᠠᠯ ᠢ ᠣᠶᠢᠯᠠᠭᠠᠪᠠ᠃ ᠰᠢ ᠶᠢᠨ ᠫᠢᠩ᠂ ᠪᠠᠢ ᠶᠠᠩ ᠳ᠋ᠢᠶᠠᠨ ᠤ ᠠᠮᠢ ᠠᠬᠤᠢ ᠣᠷᠴᠢᠨ | ᠲᠣᠭᠤᠷᠢᠨ ᠤ ᠵᠠᠰᠠᠯᠲᠠ ᠪᠠ ᠬᠠᠮᠠᠭᠠᠯᠠᠯᠲᠠ ᠨᠢ ᠤᠳᠤ ᠦᠶ᠎ᠡ ᠳᠤ ᠭᠠᠪᠢᠶ᠎ᠠ ᠪᠠᠶᠢᠭᠤᠯᠵᠤ᠂ ᠮᠢᠩᠭᠠᠨ ᠣᠨ ᠳᠤ ᠠᠰᠢᠭ | ᠬᠦᠷᠲᠡᠭᠡᠬᠦ ᠤᠴᠢᠷ ᠠᠴᠠ ᠡᠷᠬᠡᠪᠰᠢ ᠨᠢᠭᠡᠳᠦᠯᠲᠡᠢ ᠲᠥᠯᠥᠪᠵᠢᠭᠦᠯᠦᠨ ᠰᠦᠪᠡᠭᠴᠢᠯᠡᠵᠦ᠂ ᠯᠠᠪᠳᠠᠭᠤᠨ ᠪᠠᠲᠤᠲᠠᠢ ᠠᠬᠢᠭᠤᠯᠬᠤ | ᠬᠡᠷᠡᠭᠲᠡᠢ ᠭᠡᠵᠦ ᠴᠢᠬᠤᠯᠠᠴᠢᠯᠠᠪᠠ᠃ | ᠲᠠᠷᠠᠭ᠎ᠠ ᠨᠢ᠂ ᠰᠢ ᠶᠢᠨ ᠫᠢᠩ ᠬᠤᠷᠠᠯ ᠦᠵᠡᠰᠬᠦᠯᠡᠩ ᠤᠨ ᠲᠥᠪ ᠤᠨ ᠭᠤᠷᠪᠠᠳᠤᠭᠠᠷ ᠳᠠᠪᠬᠤᠷᠭ᠎ᠠ ᠶᠢᠨ ᠤᠯᠠᠨ | ᠴᠢᠳᠠᠪᠬᠢᠲᠤ ᠲᠢᠩᠬᠢᠮ ᠳᠤ ᠰᠢᠶᠦ᠋ᠩ ᠠᠨ ᠰᠢᠨ᠎ᠡ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠥᠨᠳᠥᠷ ᠪᠠᠷᠢᠮᠵᠢᠶ᠎ᠠ ᠪᠠᠷ | ᠴᠢᠨᠠᠷ ᠰᠠᠶᠢᠲᠠᠢ ᠠᠬᠢᠭᠤᠯᠬᠤ ᠲᠤᠬᠠᠢ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠪᠠ᠃ ᠤᠯᠤᠰ ᠤᠨ ᠬᠥᠭᠵᠢᠭᠦᠯᠦᠯᠲᠡ | ᠪᠠ ᠥᠭᠡᠷᠡᠴᠢᠯᠡᠯᠲᠡ ᠶᠢᠨ ᠵᠥᠪᠯᠡᠯ ᠤᠨ ᠡᠷᠭᠢᠯᠡᠭᠴᠢ ᠵᠧᠩ ᠱᠠᠨ ᠵᠢᠶᠧ᠂ ᠾᠧᠪᠧᠢ ᠮᠤᠵᠢ ᠶᠢᠨ ᠨᠠᠮ ᠤᠨ ᠬᠤᠷᠢᠶ᠎ᠠ ᠶᠢᠨ | ᠱᠦᠵᠢ ᠨᠢ ᠶᠤᠸᠠᠢ ᠹᠧᠩ᠂ ᠰᠢᠶᠦ᠋ᠩ ᠠᠨ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠵᠠᠩ | ᠭᠦᠸᠧ ᠬᠤᠸᠠ ᠤᠷᠢᠳ ᠬᠤᠵᠢᠳ ᠦᠭᠡ ᠬᠡᠯᠡᠵᠡᠢ᠃ ᠳᠤᠮᠳᠠᠳᠤ ᠤᠯᠤᠰ ᠤᠨ ᠳᠠᠭᠠᠭᠤᠯᠢ ᠤᠳᠤᠨ ᠤ ᠰᠦᠯᠵᠢᠶᠡᠨ ᠤ | ᠪᠦᠯᠦᠭᠯᠡᠯ ᠤᠨ ᠬᠢᠵᠠᠭᠠᠷᠲᠤ ᠺᠣᠮᠫᠠᠨᠢ᠂ ᠳᠤᠮᠳᠠᠳᠤ ᠤᠯᠤᠰ ᠤᠨ ᠪᠠᠷᠢᠯᠭ᠎ᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ | ᠭᠤᠣᠯ ᠬᠠᠷᠢᠭᠤᠴᠠᠯᠭᠠᠲᠠᠨ ᠪᠢᠴᠢᠭ ᠢᠶᠠᠷ ᠦᠭᠡ ᠬᠡᠯᠡᠪᠡ᠃ | ᠤᠯᠠᠨ ᠤ ᠬᠡᠯᠡᠬᠦ ᠶᠢ ᠰᠣᠨᠣᠰᠤᠭᠰᠠᠨ ᠤ ᠳᠠᠷᠠᠭ᠎ᠠ᠂ ᠰᠢ ᠶᠢᠨ ᠫᠢᠩ ᠴᠢᠬᠤᠯᠠ ᠶᠠᠷᠢᠶ᠎ᠠ ᠲᠠᠯᠪᠢᠪᠠ᠃ ᠲᠡᠷᠡ᠂ ᠨᠠᠮ ᠤᠨ | ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠲᠥᠪ ᠤᠨ ᠬᠠᠮᠢᠶ᠎ᠠ ᠪᠦᠬᠦᠢ ᠰᠠᠯᠠᠭ᠎ᠠ ᠮᠥᠴᠢᠷ ᠪᠣᠯᠣᠨ | ᠪᠡᠭᠡᠵᠢᠩ᠂ ᠲᠢᠶᠠᠨᠵᠢᠨ ᠵᠡᠷᠭᠡ ᠭᠠᠵᠠᠷ ᠤᠨ ᠬᠦᠴᠦᠲᠡᠢ ᠳᠡᠮᠵᠢᠯᠭᠡ ᠳᠣᠣᠷ᠎ᠠ᠂ ᠾᠧᠪᠧᠢ ᠮᠤᠵᠢ ᠭᠤᠣᠯ ᠴᠣᠭᠴᠠ ᠶᠢᠨ | ᠬᠠᠷᠢᠭᠤᠴᠠᠯᠭ᠎ᠠ ᠪᠠᠨ ᠢᠳᠡᠪᠬᠢᠲᠡᠢ ᠭᠦᠢᠴᠡᠳᠬᠡᠵᠦ᠂ ᠰᠢᠶᠦ᠋ᠩ ᠠᠨ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ | ᠪᠠ ᠬᠠᠮᠢᠶᠠᠷᠤᠯᠲᠠ ᠶᠢᠨ ᠵᠥᠪᠯᠡᠯ ᠬᠠᠷᠢᠶ᠎ᠠ ᠭᠠᠵᠠᠷ ᠤᠨ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠡᠯ᠎ᠡ | ᠵᠦᠢᠯ ᠤᠨ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠰᠢᠶᠦ᠋ᠩ ᠠᠨ ᠰᠢᠨ᠎ᠡ ᠲᠣᠭᠤᠷᠢᠭ ᠤᠨ ᠪᠦᠲᠦᠭᠡᠨ ᠪᠠᠶᠢᠭᠤᠯᠤᠯᠲᠠ | ᠴᠢᠬᠤᠯᠠ ᠶᠡᠭᠡ ᠱᠠᠲᠤᠴᠢ ᠴᠢᠨᠠᠷᠲᠠᠢ ᠦᠷ᠎ᠡ ᠪᠦᠲᠦᠭᠡᠯ ᠣᠯᠵᠤ᠂ ᠰᠢᠨ᠎ᠡ ᠲᠣᠭᠤᠷᠢᠭ ᠤᠨ ᠪᠦᠲᠦᠭᠡᠨ ᠪᠠᠶᠢᠭᠤᠯᠤᠯᠲᠠ ᠪᠠ | ᠬᠥᠭᠵᠢᠯᠲᠡ ᠶᠢᠨ ᠦᠵᠦ ᠲᠥᠯᠥᠪᠯᠡᠭᠡ ᠶᠢ ᠦᠨᠳᠦᠰᠦᠨ ᠳᠡᠭᠡᠨ ᠪᠡᠶᠡᠯᠡᠭᠦᠯᠵᠦ᠂ ᠰᠠᠭᠤᠷᠢ ᠲᠥᠬᠦᠭᠡᠷᠦᠮᠵᠢ ᠶᠢᠨ ᠪᠦᠲᠦᠭᠡᠨ | ᠪᠠᠶᠢᠭᠤᠯᠤᠯᠲᠠ ᠴᠢᠬᠤᠯᠠ ᠶᠡᠭᠡ ᠠᠬᠢᠯᠲᠠ ᠲᠠᠢ ᠪᠣᠯᠵᠤ᠂ ᠪᠡᠭᠡᠵᠢᠩ ᠤᠨ ᠨᠡᠶᠢᠰᠯᠡᠯ ᠤᠨ ᠪᠤᠰᠤ ᠴᠢᠳᠠᠮᠵᠢ ᠶᠢ ᠲᠠᠷᠬᠠᠭᠠᠨ | ᠵᠣᠬᠢᠴᠠᠭᠤᠯᠬᠤ ᠠᠵᠢᠯ ᠠᠩᠬ᠎ᠠ ᠠᠯᠬᠤᠮ ᠦᠷ᠎ᠡ ᠪᠦᠲᠦᠮᠵᠢ ᠣᠯᠵᠤ᠂ ᠪᠠᠢ ᠶᠠᠩ ᠳ᠋ᠢᠶᠠᠨ ᠤ ᠠᠮᠢ ᠠᠬᠤᠢ ᠣᠷᠴᠢᠨ | ᠲᠣᠭᠤᠷᠢᠨ ᠤ ᠵᠠᠰᠠᠯᠲᠠ ᠢᠯᠡᠳᠲᠡ ᠦᠷ᠎ᠡ ᠪᠦᠲᠦᠮᠵᠢ ᠣᠯᠵᠤ᠂ ᠥᠭᠡᠷᠡᠴᠢᠯᠡᠯᠲᠡ ᠨᠡᠭᠡᠭᠡᠯᠲᠡ ᠶᠢ ᠭᠦᠨᠵᠡᠭᠡᠶᠢᠷᠡᠭᠦᠯᠬᠦ ᠠᠵᠢᠯ | ᠢᠳᠡᠪᠬᠢᠲᠡᠢ ᠠᠬᠢᠯᠲᠠ ᠲᠠᠢ ᠪᠣᠯᠵᠤ᠂ ᠠᠵᠤ ᠦᠢᠯᠡᠰ ᠪᠠ ᠰᠢᠨ᠎ᠡ ᠶᠢ ᠡᠭᠦᠳᠬᠦ ᠡᠯᠧᠮᠧᠨ᠋ᠲ ᠤᠨ ᠲᠥᠪᠯᠡᠷᠡᠯ ᠤᠨ ᠨᠥᠬᠦᠴᠡᠯ | ᠠᠯᠬᠤᠮ ᠠᠯᠬᠤᠮ ᠢᠶᠠᠷ ᠲᠡᠭᠦᠯᠳᠡᠷᠵᠢᠵᠦ᠂ ᠪᠤᠴᠠᠭᠠᠨ ᠨᠡᠭᠦᠯᠭᠡᠵᠦ ᠲᠥᠪᠬᠢᠨᠡᠭᠦᠯᠬᠦ ᠠᠵᠢᠯ ᠢ ᠡᠮᠬᠢ ᠵᠢᠷᠤᠮ ᠲᠠᠢ ᠪᠠᠷ | ᠠᠬᠢᠭᠤᠯᠪᠠ᠃ ᠣᠬᠤᠷᠬᠠᠨ 6 ᠵᠢᠯ ᠳᠤ᠂ ᠰᠢᠶᠦ᠋ᠩ ᠠᠨ ᠰᠢᠨ᠎ᠡ ᠲᠣᠭᠤᠷᠢᠭ ᠦᠭᠡᠢ ᠪᠠᠶᠢᠭᠰᠠᠨ ᠠᠴᠠ ᠪᠠᠨ ᠪᠠᠶᠢᠬᠤ ᠪᠣᠯᠵᠤ | ᠂ ᠠᠤᠭ᠎ᠠ ᠲᠥᠰᠥᠪ ᠠᠴᠠ ᠪᠣᠳᠠᠲᠤ ᠠᠬᠤᠢ ᠪᠣᠯᠵᠤ᠂ ᠥᠨᠳᠥᠷ ᠲᠦᠪᠰᠢᠨ ᠪᠦᠬᠦᠢ ᠣᠳᠣᠬᠢᠴᠢᠯᠠᠭᠰᠠᠨ ᠬᠤᠳᠠ ᠶᠠᠭ | ᠰᠦᠨᠳᠡᠷᠯᠡᠨ ᠪᠣᠰᠴᠤ᠂ ᠭᠠᠶᠢᠬᠠᠮᠰᠢᠭ ᠲᠤ ᠲᠣᠭᠠᠴᠠᠭᠳᠠᠵᠤ ᠪᠣᠯᠣᠨ᠎ᠠ᠃ ᠡᠳᠡᠭᠡᠷ ᠠᠮᠵᠢᠯᠲᠠ ᠪᠦᠲᠦᠮᠵᠢ ᠶᠢ ᠪᠣᠯ ᠳᠡᠯᠡᠬᠡᠢ | ᠳ᠋ᠠᠬᠢᠨ ᠤ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ᠂ 3 ᠵᠢᠯ ᠤᠨ ᠰᠢᠨ᠎ᠡ ᠲᠢᠲᠢᠮᠯᠢᠭ ᠠᠭᠤᠰᠬᠢᠨ | ᠦᠷᠪᠢᠰᠦᠯ ᠤᠨ ᠬᠢᠵᠢᠭ ᠤᠨ ᠪᠠᠶᠢᠳᠠᠯ ᠤᠨ ᠬᠦᠨᠳᠦ ᠨᠣᠴᠢᠲᠠᠢ ᠪᠠᠶᠢᠳᠠᠯ ᠳᠣᠣᠷ᠎ᠠ ᠣᠯᠣᠭᠰᠠᠨ ᠶᠤᠮ᠂ ᠮᠠᠰᠢ ᠭᠢᠯᠪᠠᠷ ᠪᠤᠰᠤ | ᠪᠢᠯᠡ᠃ ᠰᠢᠶᠦ᠋ᠩ ᠠᠨ ᠰᠢᠨ᠎ᠡ ᠲᠣᠭᠤᠷᠢᠭ ᠢ ᠪᠦᠲᠦᠭᠡᠨ ᠪᠠᠶᠢᠭᠤᠯᠬᠤ ᠲᠤᠬᠠᠢ ᠨᠠᠮ ᠤᠨ ᠲᠥᠪ ᠬᠤᠷᠢᠶ᠎ᠠ ᠶᠢᠨ ᠴᠢᠬᠤᠯᠠ | ᠶᠡᠭᠡ ᠰᠢᠢᠳᠪᠦᠷᠢᠲᠦ ᠪᠣᠳᠣᠯᠭ᠎ᠠ ᠪᠣᠯ ᠪᠦᠷᠢᠮᠦᠰᠦᠨ ᠵᠥᠪ᠂ ᠡᠯ᠎ᠡ ᠲᠠᠯ᠎ᠠ ᠶᠢᠨ ᠠᠵᠢᠯ ᠪᠣᠯ ᠯᠠᠪᠳᠠᠭᠤᠨ ᠪᠦᠲᠦᠮᠵᠢᠲᠡᠢ | ᠭᠡᠳᠡᠭ ᠢ ᠦᠢᠯᠡᠳᠦᠯᠭᠡ ᠭᠡᠷᠡᠴᠢᠯᠡᠵᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠪᠦᠷᠢᠨ ᠪᠦᠲᠦᠨ᠂ ᠵᠥᠪ ᠣᠨᠣᠪᠴᠢᠲᠠᠢ᠂ ᠪᠦᠭᠦ ᠲᠠᠯ᠎ᠠ ᠪᠠᠷ ᠰᠢᠶᠦ᠋ᠩ ᠠᠨ ᠰᠢᠨ᠎ᠡ ᠲᠣᠭᠤᠷᠢᠭ ᠢ | ᠪᠦᠲᠦᠭᠡᠨ ᠪᠠᠶᠢᠭᠤᠯᠬᠤ ᠲᠤᠬᠠᠢ ᠨᠠᠮ ᠤᠨ ᠲᠥᠪ ᠬᠤᠷᠢᠶ᠎ᠠ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠴᠢᠬᠤᠯᠠ ᠶᠡᠭᠡ | ᠪᠣᠳᠠᠲᠤ ᠠᠴᠢ ᠬᠤᠯᠪᠣᠭᠳᠠᠯ ᠪᠠ ᠠᠯᠤᠰ ᠭᠡᠲᠦ ᠶᠢᠨ ᠲᠡᠦᠬᠡᠲᠦ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ᠰᠢᠶᠦ᠋ᠩ | ᠠᠨ ᠰᠢᠨ᠎ᠡ ᠲᠣᠭᠤᠷᠢᠭ ᠤᠨ ᠲᠤᠬᠠᠢ ᠨᠠᠮ ᠤᠨ ᠲᠥᠪ ᠬᠤᠷᠢᠶ᠎ᠠ ᠶᠢᠨ ᠴᠢᠳᠠᠮᠵᠢ ᠶᠢᠨ ᠪᠠᠶᠢᠷᠢ ᠲᠣᠭᠲᠠᠭᠠᠯᠲᠠ᠂ ᠲᠡᠦᠬᠡᠲᠦ | ᠡᠭᠦᠷᠭᠡ ᠪᠠ ᠵᠠᠷᠴᠢᠮ ᠤᠨ ᠱᠠᠭᠠᠷᠳᠠᠯᠭ᠎ᠠ ᠶᠢ ᠪᠠᠲᠤ ᠡᠵᠡᠮᠳᠡᠵᠦ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ | ᠲᠡᠦᠬᠡᠲᠦ ᠲᠡᠰᠪᠦᠷᠢ ᠲᠡᠪᠴᠢᠶᠡᠷᠢ ᠶᠢ ᠪᠠᠲᠤᠯᠠᠵᠤ᠂ ᠣᠶᠢᠷ᠎ᠠ ᠶᠢᠨ ᠬᠤᠭᠤᠴᠠᠭᠠᠨ ᠤ ᠬᠠᠷᠠᠯᠲᠠ ᠪᠣᠯᠣᠨ ᠳᠤᠮᠳᠠ ᠤᠷᠳᠤ | ᠬᠤᠭᠤᠴᠠᠭᠠᠨ ᠤ ᠬᠠᠷᠠᠯᠲᠠ᠂ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠬᠤᠷᠳᠤᠴᠠ ᠪᠠ ᠬᠥᠮᠥᠨ ᠠᠮᠠ ᠶᠢᠨ | ᠲᠥᠪᠯᠡᠷᠡᠯ ᠤᠨ ᠬᠡᠪᠴᠢᠶ᠎ᠡ᠂ ᠠᠵᠤ ᠦᠢᠯᠡᠰ ᠤᠨ ᠰᠢᠯᠵᠢᠯᠲᠡ ᠪᠠ ᠠᠵᠤ ᠦᠢᠯᠡᠰ ᠤᠨ ᠳᠡᠰ ᠳᠠᠪᠰᠢᠯᠲᠠ᠂ ᠵᠠᠰᠠᠭ ᠤᠨ | ᠣᠷᠳᠣᠨ ᠪᠠ ᠵᠠᠬ᠎ᠠ ᠳᠡᠯᠭᠡᠭᠦᠷ᠂ ᠪᠡᠭᠡᠵᠢᠩ ᠤᠨ ᠨᠡᠶᠢᠰᠯᠡᠯ ᠤᠨ ᠪᠤᠰᠤ ᠴᠢᠳᠠᠮᠵᠢ ᠶᠢ ᠲᠠᠷᠬᠠᠭᠠᠨ ᠵᠣᠬᠢᠴᠠᠭᠤᠯᠬᠤ ᠪᠠ | ᠬᠤᠲᠠ ᠶᠢᠨ ᠲᠣᠰ ᠪᠡᠶ᠎ᠡ ᠶᠢᠨ ᠬᠥᠭᠵᠢᠯᠲᠡ ᠶᠢ ᠵᠣᠯᠭᠠᠭᠤᠯᠬᠤ᠂ ᠬᠤᠲᠠ ᠶᠢᠨ ᠪᠦᠲᠦᠭᠡᠨ ᠪᠠᠶᠢᠭᠤᠯᠤᠯᠲᠠ ᠪᠠ ᠡᠷᠭᠢᠨ | ᠲᠣᠭᠤᠷᠢᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠴᠢᠬᠤᠯᠠ ᠶᠡᠭᠡ ᠬᠠᠷᠢᠴᠠᠭ᠎ᠠ ᠶᠢ ᠰᠠᠶᠢᠲᠤᠷ | ᠰᠢᠢᠳᠪᠦᠷᠢᠯᠡᠵᠦ᠂ ᠰᠢᠶᠦ᠋ᠩ ᠠᠨ ᠰᠢᠨ᠎ᠡ ᠲᠣᠭᠤᠷᠢᠭ ᠤᠨ ᠪᠦᠲᠦᠭᠡᠨ ᠪᠠᠶᠢᠭᠤᠯᠤᠯᠲᠠ ᠪᠠ ᠬᠥᠭᠵᠢᠯᠲᠡ ᠶᠢᠨ ᠵᠥᠪ ᠴᠢᠭᠯᠡᠯ ᠢ | ᠦᠨᠡᠨ ᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠪᠡᠭᠡᠵᠢᠩ ᠤᠨ ᠨᠡᠶᠢᠰᠯᠡᠯ ᠤᠨ ᠪᠤᠰᠤ ᠴᠢᠳᠠᠮᠵᠢ ᠶᠢ ᠲᠠᠷᠬᠠᠭᠠᠨ ᠵᠣᠬᠢᠴᠠᠭᠤᠯᠬᠤ ᠡᠯ᠎ᠡ ᠵᠦᠢᠯ ᠤᠨ | ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠬᠤᠶᠠᠳᠤᠭᠠᠷ ᠪᠦᠯᠦᠭ ᠤᠨ ᠲᠠᠷᠬᠠᠭᠠᠨ | ᠵᠣᠬᠢᠴᠠᠭᠤᠯᠬᠤ ᠠᠵᠢᠯ ᠢ ᠡᠬᠢᠯᠡᠭᠦᠯᠦᠭᠰᠡᠨ ᠪᠡᠭᠡᠵᠢᠩ ᠳᠤ ᠪᠠᠶᠢᠭ᠎ᠠ ᠲᠥᠪ ᠤᠨ ᠠᠵᠤ ᠠᠬᠤᠶᠢᠯᠠᠯ ᠤᠨ ᠶᠡᠷᠦᠩᠬᠡᠢ ᠬᠡᠯᠲᠡᠰ | ᠵᠢᠴᠢ ᠬᠤᠶᠠᠳᠤᠭᠠᠷ᠂ ᠭᠤᠷᠪᠠᠳᠤᠭᠠᠷ ᠳᠡᠰ ᠤᠨ ᠬᠤᠪᠢᠶᠠᠷᠢ ᠺᠣᠮᠫᠠᠨᠢ ᠪᠤᠶᠤ ᠰᠢᠨ᠎ᠡ ᠶᠢ ᠡᠭᠦᠳᠬᠦ ᠲᠤᠬᠠᠶᠢᠯᠠᠭᠰᠠᠨ ᠠᠵᠢᠯ ᠤᠨ | ᠬᠡᠰᠡᠭ ᠵᠡᠷᠭᠡ ᠶᠢ ᠦᠷᠭᠦᠯᠵᠢᠯᠡᠨ ᠲᠥᠯᠥᠪᠵᠢᠭᠦᠯᠵᠦ᠂ ᠮᠥᠩᠭᠦᠨ ᠭᠦᠢᠯᠭᠡᠭᠡᠨ ᠤ ᠪᠠᠶᠢᠭᠤᠯᠤᠮᠵᠢ᠂ ᠰᠢᠨᠵᠢᠯᠡᠬᠦ ᠤᠬᠠᠭᠠᠨ ᠤ | ᠰᠤᠳᠤᠯᠭᠠᠨ ᠤ ᠬᠦᠷᠢᠶᠡᠯᠡᠩ ᠭᠠᠵᠠᠷ᠂ ᠠᠵᠢᠯ ᠦᠢᠯᠡᠰ ᠤᠨ ᠨᠢᠭᠡᠴᠡ ᠶᠢ ᠲᠠᠷᠬᠠᠭᠠᠨ ᠰᠢᠯᠵᠢᠭᠦᠯᠬᠦ ᠠᠵᠢᠯ ᠢ ᠭᠠᠷᠳᠠᠨ | ᠲᠥᠯᠥᠪᠵᠢᠭᠦᠯᠵᠦ ᠬᠡᠷᠡᠭᠲᠡᠢ᠃ ᠲᠠᠷᠬᠠᠭᠠᠨ ᠵᠣᠬᠢᠴᠠᠭᠤᠯᠬᠤ ᠶᠢ ᠵᠣᠷᠢᠭᠵᠢᠭᠤᠯᠬᠤ ᠬᠢᠵᠠᠭᠠᠷᠯᠠᠬᠤ ᠲᠦᠷᠦ ᠶᠢᠨ ᠪᠣᠳᠣᠯᠭ᠎ᠠ ᠶᠢᠨ | ᠰᠢᠰᠲ᠋ᠧᠮ ᠢ ᠦᠷᠭᠦᠯᠵᠢᠯᠡᠨ ᠲᠡᠭᠦᠯᠳᠡᠷᠵᠢᠭᠦᠯᠬᠦ ᠬᠡᠷᠡᠭᠲᠡᠢ᠃ ᠲᠠᠷᠬᠠᠭᠠᠨ ᠵᠣᠬᠢᠴᠠᠭᠤᠯᠬᠤ ᠬᠥᠮᠥᠰ ᠤᠨ ᠦᠷ᠎ᠡ ᠬᠡᠦᠬᠡᠳ ᠤᠨ | ᠰᠤᠷᠭᠠᠨ ᠬᠥᠮᠦᠵᠢᠯ᠂ ᠡᠮ ᠡᠮᠨᠡᠯᠭᠡ᠂ ᠣᠷᠣᠨ ᠰᠠᠭᠤᠴᠠ᠂ ᠴᠠᠯᠢᠩ ᠬᠥᠯᠥᠰᠦ᠂ ᠨᠡᠶᠢᠭᠡᠮ ᠤᠨ ᠳᠠᠭᠠᠳᠬᠠᠯ᠂ ᠡᠮ | ᠡᠮᠨᠡᠯᠭᠡ ᠶᠢᠨ ᠳᠠᠭᠠᠳᠬᠠᠯ᠂ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠵᠡᠷᠭᠡ ᠶᠢᠨ ᠬᠤᠯᠪᠣᠭᠳᠠᠯ ᠪᠦᠬᠦᠢ ᠲᠥᠷᠥ ᠶᠢᠨ | ᠪᠣᠳᠣᠯᠭ᠎ᠠ ᠳᠤ᠂ ᠨᠠᠰᠤᠲᠠᠶᠢᠴᠤᠳ ᠲᠤᠨᠢ ᠬᠠᠭᠤᠴᠢᠨ ᠠᠷᠭ᠎ᠠ ᠪᠣᠳᠣᠯᠭ᠎ᠠ ᠶᠢ ᠬᠡᠷᠡᠭᠵᠢᠭᠦᠯᠬᠦ᠂ ᠰᠢᠨ᠎ᠡ ᠬᠥᠮᠥᠨ ᠳᠤ ᠰᠢᠨ᠎ᠡ | ᠠᠷᠭ᠎ᠠ ᠬᠡᠷᠡᠭᠵᠢᠭᠦᠯᠬᠦ ᠵᠠᠷᠴᠢᠮ ᠤᠨ ᠱᠠᠭᠠᠷᠳᠠᠯᠭ᠎ᠠ ᠶᠣᠰᠣᠭᠠᠷ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠤᠯᠠᠮ | ᠴᠢᠨᠠᠭᠰᠢᠳᠠ ᠨᠠᠷᠢᠯᠢᠭᠵᠢᠭᠤᠯᠤᠨ ᠪᠣᠳᠠᠲᠠᠶᠢᠵᠢᠭᠤᠯᠵᠤ᠂ ᠲᠠᠷᠬᠠᠭᠠᠨ ᠵᠣᠬᠢᠴᠠᠭᠤᠯᠤᠭᠰᠠᠨ ᠨᠢᠭᠡᠴᠢ ᠪᠠ ᠠᠵᠢᠯᠲᠠᠨ ᠳᠤ ᠦᠨᠡᠨ | ᠪᠣᠳᠠᠲᠠᠢ ᠠᠰᠢᠭ ᠬᠦᠷᠲᠡᠭᠡᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠵᠠᠬ᠎ᠠ ᠳᠡᠯᠭᠡᠭᠦᠷ ᠤᠨ ᠲᠣᠭᠲᠠᠴᠠ ᠪᠠ ᠵᠠᠰᠠᠭ ᠤᠨ | ᠣᠷᠳᠣᠨ ᠤ ᠬᠥᠲᠥᠯᠥᠨ ᠵᠢᠯᠤᠭᠤᠳᠬᠤ ᠶᠢ ᠤᠶᠠᠯᠳᠤᠭᠤᠯᠬᠤ᠂ ᠲᠦᠷᠦᠯ ᠵᠦᠢᠯ ᠪᠠ ᠲᠦᠷᠦ ᠶᠢᠨ ᠪᠣᠳᠣᠯᠭ᠎ᠠ ᠶᠢ ᠵᠡᠷᠭᠡ ᠪᠠᠷ | ᠠᠳᠬᠤᠬᠤ ᠶᠢ ᠪᠠᠷᠢᠮᠲᠠᠯᠠᠵᠤ᠂ ᠵᠠᠬ᠎ᠠ ᠳᠡᠯᠭᠡᠭᠦᠷᠴᠢᠯᠡᠯᠲᠡ᠂ ᠬᠠᠤᠯᠢᠵᠢᠯᠳᠠ ᠶᠢᠨ ᠠᠷᠭ᠎ᠠ ᠪᠠᠷᠢᠯ ᠢᠶᠠᠷ ᠳᠠᠮᠵᠢᠭᠤᠯᠤᠨ | ᠨᠡᠶᠢᠰᠯᠡᠯ ᠤᠨ ᠪᠤᠰᠤ ᠴᠢᠳᠠᠮᠵᠢ ᠶᠢ ᠭᠠᠳᠠᠭᠰᠢ ᠪᠠᠨ ᠲᠠᠷᠬᠠᠭᠠᠨ ᠵᠣᠬᠢᠴᠠᠭᠤᠯᠬᠤ ᠳᠣᠲᠣᠭᠠᠳᠤ ᠬᠦᠳᠡᠯᠭᠡᠬᠦ ᠬᠦᠴᠦᠨ ᠢ | ᠴᠢᠩᠭᠠᠳᠬᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ | ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ᠂ ᠡᠯ᠎ᠡ ᠬᠦᠷᠢᠶᠡᠨ ᠤ ᠥᠭᠡᠷᠡᠴᠢᠯᠡᠯᠲᠡ ᠨᠡᠭᠡᠭᠡᠯᠲᠡ ᠶᠢᠨ ᠬᠤᠰᠢᠭᠤᠷᠠᠯ ᠲᠦᠷᠦ ᠶᠢᠨ | ᠪᠣᠳᠣᠯᠭ᠎ᠠ ᠠᠷᠭ᠎ᠠ ᠬᠡᠮᠵᠢᠶ᠎ᠡ ᠪᠣᠯᠣᠨ ᠤᠷᠢᠳᠠᠴᠢ ᠴᠢᠨᠠᠷᠲᠠᠢ ᠰᠢᠨ᠎ᠡ ᠶᠢ ᠡᠭᠦᠳᠬᠦ ᠲᠤᠷᠰᠢᠯᠲᠠ ᠶᠢᠨ ᠵᠢᠱᠢᠶ᠎ᠡ ᠦᠵᠡᠭᠦᠯᠭᠦ | ᠲᠦᠷᠦᠯ ᠵᠦᠢᠯ ᠢ ᠰᠢᠶᠦ᠋ᠩ ᠠᠨ ᠳᠤ ᠨᠠᠶᠢᠳᠠᠪᠤᠷᠢᠵᠢᠭᠤᠯᠬᠤ ᠶᠢ ᠠᠬᠢᠭᠤᠯᠵᠤ᠂ ᠴᠢᠷᠮᠠᠶᠢᠵᠤ ᠪᠠᠶᠢᠭᠠᠳ ᠰᠢᠨ᠎ᠡ ᠴᠢᠳᠠᠪᠬᠢ ᠶᠢ | ᠪᠠᠶᠢᠭᠤᠯᠵᠤ᠂ ᠰᠢᠨ᠎ᠡ ᠳᠦᠷᠢ ᠲᠥᠷᠬᠦ ᠶᠢ ᠪᠦᠷᠢᠯᠳᠦᠭᠦᠯᠵᠦ᠂ ᠰᠢᠨ᠎ᠡ ᠠᠵᠤ ᠦᠢᠯᠡᠰ ᠢ ᠬᠥᠭᠵᠢᠭᠦᠯᠵᠦ᠂ ᠰᠢᠨ᠎ᠡ | ᠴᠢᠳᠠᠪᠤᠷᠢᠲᠠᠨ ᠢ ᠲᠥᠪᠯᠡᠷᠡᠭᠦᠯᠵᠦ᠂ ᠰᠢᠨ᠎ᠡ ᠲᠣᠭᠲᠠᠴᠠ ᠶᠢ ᠪᠠᠶᠢᠭᠤᠯᠵᠤ᠂ ᠰᠢᠶᠦ᠋ᠩ ᠠᠨ ᠰᠢᠨ᠎ᠡ ᠲᠣᠭᠤᠷᠢᠭ ᠢ ᠰᠢᠨ᠎ᠡ | ᠴᠠᠭ ᠦᠶ᠎ᠡ ᠶᠢᠨ ᠰᠢᠨ᠎ᠡ ᠶᠢ ᠡᠭᠦᠳᠬᠦ ᠥᠨᠳᠦᠷᠯᠢᠭ ᠪᠠ ᠦᠢᠯᠡᠰ ᠪᠣᠰᠬᠠᠬᠤ ᠬᠠᠯᠠᠭᠤᠨ ᠬᠥᠷᠥᠰᠥ ᠪᠣᠯᠭᠠᠬᠤ ᠬᠡᠷᠡᠭᠲᠡᠢ᠃ | ᠵᠠᠬ᠎ᠠ ᠳᠡᠯᠭᠡᠭᠦᠷᠴᠢᠯᠡᠭᠰᠡᠨ᠂ ᠬᠠᠤᠯᠢᠵᠢᠭᠰᠠᠨ᠂ ᠳᠡᠯᠡᠬᠡᠶᠢᠵᠢᠭᠰᠡᠨ ᠲᠡᠷᠢᠭᠦᠨ ᠵᠡᠷᠭᠡ ᠶᠢᠨ ᠬᠤᠳᠠᠯᠳᠤᠭ᠎ᠠ ᠡᠷᠭᠢᠯᠡᠭᠦ ᠣᠷᠴᠢᠨ | ᠨᠥᠬᠦᠴᠡᠯ ᠢ ᠪᠤᠢ ᠪᠣᠯᠭᠠᠵᠤ᠂ ᠠᠯᠢ ᠤᠯᠠᠨ ᠣᠨᠴᠠᠭᠠᠢ ᠳᠡᠮᠵᠢᠯᠭᠡ ᠶᠢᠨ ᠲᠦᠷᠦ ᠶᠢᠨ ᠪᠣᠳᠣᠯᠭ᠎ᠠ ᠶᠢ ᠰᠤᠳᠤᠯᠤᠨ | ᠲᠣᠭᠲᠠᠭᠠᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠦᠴᠦᠨ ᠪᠣᠯᠣᠨ ᠬᠥᠷᠥᠩᠭᠡ ᠶᠢ ᠥᠷᠭᠡᠨ ᠢᠶᠠᠷ ᠲᠠᠲᠠᠬᠤ ᠪᠠ | ᠲᠥᠪᠯᠡᠷᠡᠭᠦᠯᠵᠦ ᠰᠢᠶᠦ᠋ᠩ ᠠᠨ ᠰᠢᠨ᠎ᠡ ᠲᠣᠭᠤᠷᠢᠭ ᠤᠨ ᠪᠦᠲᠦᠭᠡᠨ ᠪᠠᠶᠢᠭᠤᠯᠤᠯᠲᠠ ᠪᠣᠯᠣᠨ ᠬᠥᠭᠵᠢᠯᠲᠡ ᠳᠤ | ᠣᠷᠣᠯᠴᠠᠭᠤᠯᠵᠤ᠂ ᠬᠥᠮᠥᠰ ᠤᠨ ᠬᠦᠰᠡᠨ ᠡᠷᠡᠮᠡᠯᠵᠡᠵᠦ᠂ ᠴᠢᠬᠤᠯᠠ ᠡᠯᠧᠮᠧᠨ᠋ᠲ ᠴᠤᠭᠯᠠᠷᠠᠵᠤ᠂ ᠬᠦᠴᠦ ᠪᠠᠨ ᠬᠠᠮᠲᠤᠳᠬᠠᠵᠤ | ᠬᠠᠮᠲᠤ ᠪᠠᠷ ᠪᠠᠶᠢᠭᠤᠯᠬᠤ᠂ ᠬᠠᠮᠲᠤ ᠪᠠᠷ ᠬᠥᠭᠵᠢᠬᠦ ᠠᠮᠢᠳᠤᠯᠢᠭ ᠪᠠᠶᠢᠳᠠᠯ ᠢ ᠪᠦᠷᠢᠯᠳᠦᠭᠦᠯᠬᠦ ᠬᠡᠷᠡᠭᠲᠡᠢ᠃ ᠲᠡᠷᠢᠭᠦᠨ ᠤ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢ ᠥᠷᠭᠡᠨ ᠢᠶᠠᠷ ᠬᠡᠷᠡᠭᠯᠡᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠰᠢᠨ᠎ᠡ ᠶᠢ ᠡᠭᠦᠳᠬᠦ ᠴᠢᠳᠠᠪᠤᠷᠢ ᠶᠢᠨ ᠪᠠᠶᠢᠭᠤᠯᠤᠯᠲᠠ ᠶᠢ ᠬᠦᠴᠦᠯᠡᠨ ᠴᠢᠩᠭᠠᠳᠬᠠᠵᠤ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠦᠷ᠎ᠡ ᠪᠦᠲᠦᠭᠡᠯ ᠢ ᠣᠨᠳᠣᠣᠰᠢᠭᠤᠯᠬᠤ ᠡᠷᠴᠢᠮ ᠢᠶᠠᠨ ᠴᠢᠩᠭᠠᠷᠠᠭᠤᠯᠵᠤ᠂ ᠰᠢᠨ᠎ᠡ ᠡᠵᠡᠩᠨᠡᠯᠲᠡ ᠶᠢᠨ ᠬᠡᠯᠪᠡᠷᠢ᠂ | ᠰᠢᠨ᠎ᠡ ᠵᠠᠭᠪᠤᠷ ᠢ ᠢᠳᠡᠪᠬᠢᠲᠡᠢ ᠬᠥᠭᠵᠢᠭᠦᠯᠵᠦ᠂ ᠰᠢᠨ᠎ᠡ ᠨᠡᠮᠡᠭᠳᠡᠯ ᠤᠨ ᠴᠡᠭ ᠢ ᠪᠤᠶᠢᠵᠢᠭᠤᠯᠵᠤ᠂ ᠰᠢᠨ᠎ᠡ ᠬᠦᠳᠡᠯᠭᠡᠬᠦ | ᠡᠨᠧᠷᠭᠢ ᠶᠢ ᠪᠦᠷᠢᠯᠳᠦᠭᠦᠯᠵᠦ᠂ ᠣᠶᠤᠨᠴᠢ᠂ ᠪᠣᠬᠢᠷᠳᠤᠯ ᠦᠭᠡᠢ᠂ ᠰᠢᠨ᠎ᠡ ᠶᠢ ᠡᠭᠦᠳᠬᠦ ᠶᠢ ᠰᠢᠶᠦ᠋ᠩ ᠠᠨ ᠰᠢᠨ᠎ᠡ | ᠲᠣᠭᠤᠷᠢᠭ ᠤᠨ ᠦᠵᠡᠰᠬᠦᠯᠡᠩᠲᠦ ᠰᠠᠶᠢᠬᠠᠨ ᠨᠡᠷ᠎ᠡ ᠶᠢᠨ ᠬᠠᠭᠤᠳᠠᠰᠤ ᠪᠣᠯᠭᠠᠬᠤ ᠬᠡᠷᠡᠭᠲᠡᠢ᠃ ᠬᠥᠬᠡᠮᠳᠦᠭ ᠨᠣᠭᠤᠭᠠᠨ ᠠᠭᠤᠯᠠ | ᠤᠰᠤ ᠪᠣᠯ ᠠᠯᠳᠠ ᠮᠥᠩᠭᠦᠨ ᠠᠭᠤᠯᠠ ᠮᠥᠨ ᠭᠡᠬᠦ ᠣᠶᠢᠯᠠᠭᠠᠭᠳᠠᠬᠤᠨ ᠢ ᠲᠤᠭᠤᠰᠢᠯᠠᠭᠤᠯᠵᠤ᠂ ᠪᠣᠬᠢᠷᠳᠤᠯ ᠦᠭᠡᠢ᠂ ᠪᠠᠭ᠎ᠠ | ᠨᠡᠭᠦᠷᠡᠰᠦᠲᠥ᠋ᠷᠥᠭᠴᠢᠲᠦ ᠬᠥᠭᠵᠢᠯᠲᠡ ᠶᠢ ᠪᠠᠷᠢᠮᠲᠠᠯᠠᠵᠤ᠂ ᠰᠢᠶᠦ᠋ᠩ ᠠᠨ ᠰᠢᠨ᠎ᠡ ᠲᠣᠭᠤᠷᠢᠭ ᠢ ᠪᠣᠬᠢᠷᠳᠤᠯ ᠦᠭᠡᠢ ᠬᠥᠭᠵᠢᠬᠦ | ᠬᠤᠳᠠ ᠶᠢᠨ ᠨᠡᠶᠢᠲᠡᠯᠢᠭ ᠵᠢᠱᠢᠶ᠎ᠡ ᠪᠣᠯᠭᠠᠨ ᠪᠦᠲᠦᠭᠡᠨ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠰᠢ ᠶᠢᠨ ᠫᠢᠩ᠂ | ᠰᠢᠶᠦ᠋ᠩ ᠠᠨ ᠰᠢᠨ᠎ᠡ ᠲᠣᠭᠤᠷᠢᠭ ᠤᠨ ᠤᠳᠤᠷᠢᠳᠬᠤ ᠪᠠᠶᠢᠭᠤᠯᠤᠮᠵᠢ ᠪᠣᠯᠣᠨ ᠬᠠᠮᠢᠶᠠᠷᠤᠯᠲᠠ ᠶᠢᠨ ᠲᠣᠭᠲᠠᠴᠠ ᠶᠢ | ᠰᠢᠯᠢᠳᠡᠭᠵᠢᠭᠦᠯᠦᠨ ᠪᠦᠷᠢᠨᠰᠢᠭᠦᠯᠵᠦ᠂ ᠰᠢᠨ᠎ᠡ ᠲᠣᠭᠤᠷᠢᠭ ᠤᠨ ᠬᠤᠳᠠ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠲᠡᠶᠢᠰᠢ | ᠬᠤᠪᠢᠷᠠᠬᠤ ᠶᠢ ᠱᠠᠲᠤ ᠬᠤᠪᠢᠶᠠᠨ ᠠᠯᠬᠤᠮ ᠲᠠᠷᠠᠭ᠎ᠠ ᠬᠤᠪᠢᠶᠠᠨ ᠯᠠᠪᠳᠠᠭᠤᠨ ᠡᠮᠬᠢ ᠵᠢᠷᠤᠮ ᠲᠠᠢ ᠪᠠᠷ ᠠᠬᠢᠭᠤᠯᠬᠤ ᠬᠡᠷᠡᠭᠲᠡᠢ᠃ | ᠰᠢᠨ᠎ᠡ ᠲᠣᠭᠤᠷᠢᠭ ᠤᠨ ᠡᠯ᠎ᠡ ᠱᠠᠲᠤᠨ ᠤ ᠤᠳᠤᠷᠢᠳᠬᠤ ᠪᠠᠭ ᠪᠠ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ | ᠴᠢᠩᠭᠠᠳᠬᠠᠵᠤ᠂ ᠺᠠᠳ᠋ᠷ ᠤᠨ ᠡᠩᠨᠡᠭᠡᠨ ᠤ ᠪᠦᠬᠦᠯᠢ ᠴᠣᠭᠴᠠ ᠶᠢᠨ ᠬᠡᠪ ᠴᠢᠨᠠᠷ ᠪᠠ ᠲᠤᠰᠬᠠᠶᠢᠵᠢᠭᠰᠠᠨ ᠲᠦᠪᠰᠢᠨ ᠢ | ᠳᠡᠭᠡᠭᠰᠢᠯᠡᠭᠦᠯᠬᠦ ᠬᠡᠷᠡᠭᠲᠡᠢ᠃ ᠰᠢᠨ᠎ᠡ ᠲᠣᠭᠤᠷᠢᠭ ᠤᠨ ᠺᠠᠳ᠋ᠷ ᠢ ᠰᠢᠯᠭᠠᠨ ᠦᠨᠡᠯᠡᠬᠦ ᠲᠣᠭᠲᠠᠴᠠ ᠶᠢ ᠲᠡᠭᠦᠯᠳᠡᠷᠵᠢᠭᠦᠯᠵᠦ᠂ | ᠥᠷᠭᠡᠨ ᠤᠯᠠᠨ ᠨᠠᠮ ᠤᠨ ᠭᠡᠰᠢᠭᠦᠨ ᠺᠠᠳ᠋ᠷ ᠤᠨ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ᠂ ᠵᠣᠷᠢᠭᠲᠠᠢ ᠪᠠᠷ ᠰᠢᠨ᠎ᠡ ᠶᠢ | ᠡᠭᠦᠳᠬᠦ᠂ ᠴᠢᠳᠠᠮᠠᠭᠠᠢ ᠪᠠᠷ ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠠᠷᠠᠳ ᠲᠦᠮᠡᠨ ᠤ ᠬᠤᠳᠠ ᠶᠢ ᠠᠷᠠᠳ ᠲᠦᠮᠡᠨ ᠪᠦᠲᠦᠭᠡᠨ ᠪᠠᠶᠢᠭᠤᠯᠵᠤ᠂ ᠠᠷᠠᠳ ᠲᠦᠮᠡᠨ ᠤ | ᠬᠤᠳᠠ ᠶᠢ ᠠᠷᠠᠳ ᠲᠦᠮᠡᠨ ᠤ ᠲᠥᠯᠥᠭᠡ ᠪᠠᠶᠢᠯᠭᠠᠬᠤ ᠶᠢ ᠪᠠᠷᠢᠮᠲᠠᠯᠠᠵᠤ᠂ ᠰᠢᠶᠦ᠋ᠩ ᠠᠨ ᠰᠢᠨ᠎ᠡ ᠲᠣᠭᠤᠷᠢᠭ ᠤᠨ ᠺᠠᠳ᠋ᠷ | ᠤᠯᠠᠨ ᠲᠦᠮᠡᠨ ᠤ ᠠᠩᠬᠠᠷᠴᠤ ᠪᠠᠶᠢᠭ᠎ᠠ ᠲᠤᠰ ᠪᠡᠶ᠎ᠡ ᠶᠢᠨ ᠠᠰᠢᠭ ᠲᠤᠰᠠ ᠶᠢᠨ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ | ᠠᠷᠠᠳ ᠤᠯᠠᠨ ᠳᠤ ᠰᠢᠨ᠎ᠡ ᠲᠣᠭᠤᠷᠢᠭ ᠤᠨ ᠪᠦᠲᠦᠭᠡᠨ ᠪᠠᠶᠢᠭᠤᠯᠤᠯᠲᠠ ᠬᠥᠭᠵᠢᠯᠲᠡ ᠠᠴᠠ ᠦᠨᠡᠨ ᠪᠣᠳᠠᠲᠠᠢ ᠬᠦᠷᠲᠡᠮᠵᠢ ᠶᠢᠨ | ᠲᠥᠷᠥᠭᠳᠡᠯ᠂ ᠵᠢᠷᠭᠠᠯᠲᠤ ᠲᠥᠷᠥᠭᠳᠡᠯ ᠣᠯᠭᠤᠬᠤ ᠬᠡᠷᠡᠭᠲᠡᠢ᠃ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠶᠢ | ᠪᠠᠷᠢᠮᠲᠠᠯᠠᠵᠤ᠂ ᠠᠵᠢᠯ ᠣᠯᠭᠤᠬᠤ ᠦᠢᠯᠡᠰ ᠪᠣᠰᠬᠠᠬᠤ ᠶᠢ ᠬᠥᠲᠥᠯᠥᠨ ᠵᠢᠯᠤᠭᠤᠳᠬᠤ ᠲᠦᠷᠦ ᠶᠢᠨ ᠪᠣᠳᠣᠯᠭ᠎ᠠ ᠶᠢ | ᠲᠡᠭᠦᠯᠳᠡᠷᠵᠢᠭᠦᠯᠵᠦ᠂ ᠰᠢᠨ᠎ᠡ ᠲᠣᠭᠤᠷᠢᠭ ᠤᠨ ᠬᠥᠳᠡᠯᠮᠦᠷᠢ ᠬᠦᠴᠦᠨ ᠳᠤ ᠲᠠᠭᠢᠨ ᠠᠵᠢᠯ ᠣᠯᠭᠤᠬᠤ ᠪᠣᠯᠪᠠᠰᠤᠷᠠᠯ | ᠬᠦᠷᠲᠡᠭᠡᠬᠦ ᠶᠢ ᠴᠢᠩᠭᠠᠳᠬᠠᠬᠤ ᠬᠡᠷᠡᠭᠲᠡᠢ᠃ ᠬᠤᠳᠠ ᠬᠥᠳᠡᠭᠡ ᠶᠢ ᠨᠢᠭᠡᠳᠦᠯᠲᠡᠢ ᠲᠥᠯᠥᠪᠵᠢᠭᠦᠯᠦᠨ ᠬᠥᠭᠵᠢᠭᠦᠯᠬᠦ ᠶᠢ | ᠠᠬᠢᠭᠤᠯᠵᠤ᠂ ᠬᠤᠳᠠ ᠬᠥᠳᠡᠭᠡ ᠶᠢᠨ ᠵᠥᠷᠢᠶ᠎ᠡ ᠶᠢ ᠪᠠᠭᠠᠰᠬᠠᠬᠤ᠂ ᠬᠤᠳᠠ ᠬᠥᠳᠡᠭᠡ ᠶᠢᠨ ᠠᠭᠤᠰᠤᠯᠴᠠᠨ ᠬᠥᠭᠵᠢᠬᠦ ᠶᠢ | ᠠᠬᠢᠭᠤᠯᠬᠤ᠂ ᠪᠦᠭᠦ ᠠᠷᠠᠳ ᠲᠦᠮᠡᠨ ᠤ ᠬᠠᠮᠲᠤ ᠪᠠᠷ ᠪᠠᠶᠠᠵᠢᠬᠤ ᠶᠢ ᠠᠬᠢᠭᠤᠯᠬᠤ ᠲᠠᠯ᠎ᠠ ᠪᠠᠷ ᠰᠢᠨ᠎ᠡ ᠵᠠᠮ ᠨᠡᠭᠡᠭᠡᠬᠦ ᠬᠡᠷᠡᠭᠲᠡᠢ | ᠭᠡᠵᠦ ᠴᠢᠬᠤᠯᠠᠴᠢᠯᠠᠪᠠ᠃ | ᠰᠢ ᠶᠢᠨ ᠫᠢᠩ᠂ ᠰᠢᠶᠦ᠋ᠩ ᠠᠨ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠵᠢᠴᠢ ᠡᠯ᠎ᠡ ᠱᠠᠲᠤᠨ ᠤ | ᠨᠠᠮ ᠤᠨ ᠵᠣᠬᠢᠶᠠᠨ ᠪᠠᠶᠢᠭᠤᠯᠤᠯᠲᠠ ᠭᠤᠣᠯ ᠰᠡᠳᠦᠪᠲᠦ ᠬᠥᠮᠦᠵᠢᠯ ᠢ ᠨᠠᠷᠢᠨ ᠬᠢᠨᠠᠮᠠᠭᠠᠢ ᠥᠷᠨᠢᠭᠦᠯᠬᠦ ᠶᠢᠨ ᠬᠠᠮᠲᠤ ᠡᠭᠦᠨ ᠢᠶᠠᠷ | ᠠᠵᠠ ᠲᠣᠭᠢᠶᠠᠯ ᠪᠣᠯᠭᠠᠵᠤ᠂ ᠪᠠᠶᠢᠴᠠᠭᠠᠨ ᠰᠤᠳᠤᠯᠤᠯᠲᠠ ᠪᠠᠨ ᠴᠢᠩᠭᠠᠳᠬᠠᠵᠤ᠂ ᠦᠵᠡᠯ ᠰᠠᠨᠠᠭᠠᠨ ᠤ ᠶᠡᠭᠡ ᠴᠢᠯᠦᠭᠡᠯᠡᠯᠲᠡ᠂ | ᠴᠢᠳᠠᠪᠤᠷᠢ ᠶᠢᠨ ᠶᠡᠭᠡ ᠳᠡᠭᠡᠭᠰᠢᠯᠡᠯᠲᠡ᠂ ᠰᠤᠷᠲᠠᠯ ᠤᠨ ᠶᠡᠭᠡ ᠬᠤᠪᠢᠷᠠᠯᠲᠠ᠂ ᠠᠵᠢᠯ ᠤᠨ ᠶᠡᠭᠡ ᠨᠠᠶᠢᠳᠠᠪᠤᠷᠢᠵᠢᠭᠤᠯᠤᠯᠲᠠ ᠶᠢ | ᠠᠬᠢᠭᠤᠯᠵᠤ᠂ ᠤᠯᠤᠰ ᠲᠦᠷᠦ ᠶᠢᠨ ᠴᠢᠳᠠᠮᠵᠢ ᠪᠣᠯᠣᠨ ᠵᠣᠬᠢᠶᠠᠨ ᠪᠠᠶᠢᠭᠤᠯᠤᠯᠲᠠ ᠶᠢᠨ ᠴᠢᠳᠠᠮᠵᠢ ᠶᠢ ᠤᠯᠠᠮ ᠴᠢᠨᠠᠭᠰᠢᠳᠠ | ᠳᠡᠭᠡᠭᠰᠢᠯᠡᠭᠦᠯᠬᠦ ᠬᠡᠷᠡᠭᠲᠡᠢ᠃ ︽ᠲᠦᠷᠪᠡᠨ ᠰᠤᠷᠲᠠᠯ︾ ᠢ ᠦᠷᠭᠦᠯᠵᠢᠯᠡᠨ ᠵᠠᠯᠠᠷᠠᠭᠤᠯᠤᠨ ᠵᠠᠰᠠᠵᠤ᠂ ᠢᠯᠵᠠᠷᠠᠬᠤ ᠠᠴᠠ | ᠵᠢᠷᠦᠬᠡᠰᠢᠶᠡᠬᠦ᠂ ᠢᠯᠵᠠᠷᠠᠵᠤ ᠪᠣᠯᠬᠤ ᠦᠭᠡᠢ᠂ ᠢᠯᠵᠠᠷᠠᠬᠤ ᠶᠢ ᠪᠤᠳᠤᠬᠤ ᠦᠭᠡᠢ ᠪᠠᠶᠢᠬᠤ ᠶᠢ ᠨᠢᠭᠡ ᠴᠣᠭᠴᠠᠵᠢᠭᠤᠯᠤᠨ | ᠠᠬᠢᠭᠤᠯᠵᠤ᠂ ︽ᠠᠷᠢᠭᠤᠨ ᠴᠢᠬᠡᠴᠢ ᠰᠢᠶᠦ᠋ᠩ ᠠᠨ︾ ᠢᠶᠠᠷ ︽ᠰᠢᠶᠦ᠋ᠩ ᠠᠨ ᠤ ᠶᠠᠰᠤ ᠴᠢᠨᠠᠷ︾ ᠢ ᠪᠠᠲᠤᠯᠠᠬᠤ ᠬᠡᠷᠡᠭᠲᠡᠢ | ᠭᠡᠵᠦ ᠵᠢᠭᠠᠵᠤ ᠭᠠᠷᠭᠠᠪᠠ᠃ | ᠯᠢ ᠴᠢᠶᠠᠩ ᠶᠠᠷᠢᠶᠠᠨ ᠳᠠᠭᠠᠨ᠂ ᠰᠢᠶᠦ᠋ᠩ ᠠᠨ ᠰᠢᠨ᠎ᠡ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠥᠨᠳᠥᠷ | ᠪᠠᠷᠢᠮᠵᠢᠶ᠎ᠠ ᠪᠠᠷ ᠴᠢᠨᠠᠷ ᠰᠠᠶᠢᠲᠠᠢ ᠠᠬᠢᠭᠤᠯᠬᠤ ᠳᠤ ᠬᠠᠮᠤᠭ ᠤᠨ ᠦᠨᠳᠦᠰᠦᠨ ᠬᠠᠮᠤᠭ ᠤᠨ ᠵᠠᠩᠭᠢᠯᠠᠭ᠎ᠠ ᠨᠢ ᠶᠡᠷᠦᠩᠬᠡᠢ ᠱᠦᠵᠢ | ᠰᠢ ᠶᠢᠨ ᠫᠢᠩ ᠤᠨ ᠴᠢᠬᠤᠯᠠ ᠵᠢᠭᠠᠪᠤᠷᠢ ᠪᠣᠯᠣᠨ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ | ᠪᠠᠶᠢᠷᠢᠯᠠᠭᠤᠯᠤᠯᠲᠠ ᠶᠢ ᠰᠠᠶᠢᠲᠤᠷ ᠰᠤᠷᠤᠯᠴᠠᠨ ᠣᠶᠢᠯᠠᠭᠠᠵᠤ᠂ ᠰᠠᠶᠢᠲᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠠᠪᠤᠳᠠᠯ | ᠪᠣᠯᠣᠨ᠎ᠠ᠃ ︽ᠮᠢᠩᠭᠠᠨ ᠣᠨ ᠤ ᠶᠡᠭᠡ ᠪᠣᠳᠣᠯᠭ᠎ᠠ︾ ᠶᠢᠨ ᠲᠣᠭᠲᠠᠯ ᠬᠦᠴᠦᠨ ᠲᠠᠢ ᠪᠠᠶᠢᠵᠤ᠂ ᠰᠢᠶᠦ᠋ᠩ ᠠᠨ ᠰᠢᠨ᠎ᠡ | ᠲᠣᠭᠤᠷᠢᠭ ᠤᠨ ᠴᠢᠳᠠᠮᠵᠢ ᠶᠢᠨ ᠪᠠᠶᠢᠷᠢ ᠲᠣᠭᠲᠠᠭᠠᠯᠲᠠ ᠪᠠ ᠲᠡᠦᠬᠡᠲᠦ ᠡᠭᠦᠷᠭᠡ ᠬᠠᠷᠢᠭᠤᠴᠠᠯᠭ᠎ᠠ ᠶᠢ ᠪᠠᠲᠤ ᠡᠵᠡᠮᠳᠡᠵᠦ᠂ | ᠯᠠᠪᠳᠠᠭᠤᠨ ᠪᠠᠲᠤᠲᠠᠢ ᠠᠵᠢᠯᠯᠠᠵᠤ᠂ ᠤᠷᠳᠤ ᠬᠤᠭᠤᠴᠠᠭ᠎ᠠ ᠪᠠᠷ ᠪᠠᠷᠢᠮᠲᠠᠯᠠᠬᠤ ᠬᠡᠷᠡᠭᠲᠡᠢ᠃ ︽ᠥᠷᠯᠥᠭᠡ ᠦᠳᠡᠰᠢ ᠶᠢ | ᠲᠡᠮᠡᠴᠡᠬᠦ︾ ᠡᠷᠴᠢ ᠵᠣᠷᠢᠭ ᠲᠠᠢ ᠪᠠᠶᠢᠵᠤ᠂ ᠨᠢᠭᠡᠨᠲᠡ ᠲᠣᠳᠣᠷᠬᠠᠢ ᠪᠣᠯᠤᠭᠰᠠᠨ᠂ ᠡᠷᠬᠡᠪᠰᠢ ᠬᠢᠬᠦ ᠴᠢᠬᠤᠯᠠᠲᠠᠢ ᠶᠠᠪᠤᠳᠠᠯ ᠢ | ᠴᠢᠩᠭ᠎ᠠ ᠠᠳᠬᠤᠵᠤ᠂ ᠬᠦᠯᠢᠶᠡᠬᠦ ᠦᠭᠡᠢ ᠤᠳᠠᠭᠠᠰᠢᠷᠠᠭᠤᠯᠬᠤ ᠦᠭᠡᠢ᠂ ᠱᠠᠯᠠᠮᠠᠭᠠᠶᠢᠯᠠᠨ ᠠᠵᠢᠯᠯᠠᠵᠤ᠂ ᠪᠡᠭᠡᠵᠢᠩ ᠤᠨ | ᠨᠡᠶᠢᠰᠯᠡᠯ ᠤᠨ ᠪᠤᠰᠤ ᠴᠢᠳᠠᠮᠵᠢ ᠶᠢ ᠲᠠᠷᠬᠠᠭᠠᠨ ᠵᠣᠬᠢᠴᠠᠭᠤᠯᠬᠤ ᠶᠢ ᠲᠦᠷᠭᠡᠪᠴᠢᠯᠡᠨ ᠵᠣᠯᠭᠠᠭᠤᠯᠵᠤ᠂ ᠰᠠᠭᠤᠷᠢ | ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠣᠳᠣᠬᠢᠴᠢᠯᠠᠭᠰᠠᠨ ᠠᠵᠤ | ᠦᠢᠯᠡᠰ ᠤᠨ ᠰᠢᠰᠲ᠋ᠧᠮ ᠢ ᠬᠦᠴᠦᠯᠡᠨ ᠪᠠᠶᠢᠭᠤᠯᠵᠤ᠂ ᠡᠯ᠎ᠡ ᠲᠠᠯ᠎ᠠ ᠶᠢᠨ ᠢᠳᠡᠪᠬᠢᠵᠢᠯ ᠢ ᠭᠦᠢᠴᠡᠳ ᠪᠠᠳᠠᠷᠠᠭᠤᠯᠵᠤ᠂ ᠡᠯ᠎ᠡ | ᠵᠦᠢᠯ ᠤᠨ ᠠᠵᠢᠯ ᠤᠨ ᠲᠠᠰᠤᠷᠠᠯᠲᠠ ᠦᠭᠡᠢ ᠰᠢᠨ᠎ᠡ ᠠᠬᠢᠴᠠ ᠲᠠᠢ ᠪᠣᠯᠬᠤ ᠶᠢ ᠠᠬᠢᠭᠤᠯᠬᠤ ᠬᠡᠷᠡᠭᠲᠡᠢ ᠭᠡᠵᠦ ᠢᠯᠡᠳᠬᠡᠪᠡ᠃ | ᠳ᠋ᠢᠩ ᠰᠢᠤᠸᠠᠢ ᠰᠢᠶᠠᠩ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ | ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ | ᠰᠢᠶᠦ᠋ᠩ ᠠᠨ ᠰᠢᠨ᠎ᠡ ᠲᠣᠭᠤᠷᠢᠭ ᠤᠨ ᠴᠢᠨᠠᠷ ᠰᠠᠶᠢᠲᠠᠢ ᠪᠦᠲᠦᠭᠡᠨ ᠪᠠᠶᠢᠭᠤᠯᠤᠯᠲᠠ ᠪᠠ ᠬᠥᠭᠵᠢᠯᠲᠡ ᠶᠢᠨ ᠦᠨᠳᠦᠰᠦ | ᠪᠣᠯᠭᠠᠵᠤ᠂ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠪᠠ ᠤᠤᠭᠠᠯ ᠰᠢᠨ᠎ᠡ ᠶᠢ ᠡᠭᠦᠳᠬᠦ ᠴᠢᠬᠤᠯᠠ ᠭᠤᠯᠣᠮᠲᠠ ᠶᠢ | ᠬᠦᠴᠦᠯᠡᠨ ᠪᠠᠶᠢᠭᠤᠯᠵᠤ᠂ ᠲᠡᠷᠢᠭᠦᠨ ᠤ ᠰᠢᠨ᠎ᠡ ᠶᠢ ᠡᠭᠦᠳᠬᠦ ᠲᠠᠪᠴᠠᠩ ᠢ ᠪᠠᠶᠢᠭᠤᠯᠵᠤ᠂ ᠥᠨᠳᠥᠷ ᠲᠦᠪᠰᠢᠨ ᠪᠦᠬᠦᠢ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠥᠷᠨᠢᠭᠦᠯᠬᠦ ᠭᠡᠷᠡᠭᠲᠡᠢ︔ ᠰᠢᠨ᠎ᠡ ᠶᠢ ᠡᠭᠦᠳᠬᠦ | ᠬᠡᠯᠬᠢᠶ᠎ᠡ ᠠᠵᠤ ᠦᠢᠯᠡᠰ ᠤᠨ ᠬᠡᠯᠬᠢᠶ᠎ᠡ ᠶᠢᠨ ᠭᠦᠨᠵᠡᠭᠡᠢ ᠠᠭᠤᠰᠤᠯᠴᠠᠯ ᠢ ᠬᠦᠴᠦᠯᠡᠨ ᠠᠬᠢᠭᠤᠯᠵᠤ᠂ ᠠᠵᠤ ᠦᠢᠯᠡᠰ ᠤᠨ | ᠬᠡᠯᠬᠢᠶ᠎ᠡ ᠶᠢᠨ ᠲᠣᠭᠤᠷᠢᠨ ᠳᠤ ᠰᠢᠨ᠎ᠡ ᠶᠢ ᠡᠭᠦᠳᠬᠦ ᠬᠡᠯᠬᠢᠶ᠎ᠡ ᠶᠢ ᠪᠠᠶᠢᠷᠢᠯᠠᠭᠤᠯᠤᠨ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠦᠷ᠎ᠡ ᠪᠦᠲᠦᠭᠡᠯ ᠢ ᠣᠨᠳᠣᠣᠰᠢᠭᠤᠯᠬᠤ ᠡᠷᠴᠢᠮ ᠢ ᠴᠢᠩᠭᠠᠷᠠᠭᠤᠯᠵᠤ᠂ ᠳᠡᠭᠡᠳᠦ ᠰᠢᠨ᠎ᠡ ᠮᠡᠷᠭᠡᠵᠢᠯ ᠤᠨ ᠠᠵᠤ | ᠦᠢᠯᠡᠰ ᠤᠨ ᠬᠥᠭᠵᠢᠯᠲᠡ ᠶᠢ ᠠᠬᠢᠭᠤᠯᠬᠤ ᠭᠡᠷᠡᠭᠳᠠᠢ︔ ᠪᠡᠭᠡᠵᠢᠩ ᠲᠢᠶᠠᠨᠵᠢᠨ ᠾᠧᠪᠧᠢ ᠶᠢᠨ ᠬᠠᠮᠵᠢᠯᠴᠠᠨ ᠰᠢᠨ᠎ᠡ ᠶᠢ | ᠡᠭᠦᠳᠬᠦ ᠬᠠᠮᠲᠤ ᠶᠢᠨ ᠴᠣᠭᠴᠠ ᠶᠢ ᠬᠦᠴᠦᠯᠡᠨ ᠪᠠᠶᠢᠭᠤᠯᠵᠤ᠂ ᠠᠰᠢᠭ ᠲᠤᠰᠠ ᠶᠢ ᠬᠠᠮᠲᠤ ᠪᠠᠷ ᠡᠳ᠋ᠯᠡᠬᠦ ᠵᠠᠭᠪᠤᠷ ᠤᠨ | ᠰᠢᠨ᠎ᠡ ᠶᠢ ᠡᠭᠦᠳᠴᠦ᠂ ᠰᠢᠨ᠎ᠡ ᠶᠢ ᠡᠭᠦᠳᠬᠦ ᠨᠡᠩ ᠤᠯᠠᠨ ᠡᠯᠧᠮᠧᠨ᠋ᠲ ᠤᠨ ᠡᠬᠢ ᠪᠠᠶᠠᠯᠢᠭ ᠢ ᠰᠢᠩᠭᠡᠬᠡᠨ ᠠᠪᠬᠤ ᠪᠠ | ᠲᠥᠪᠯᠡᠷᠡᠭᠦᠯᠵᠦ ᠪᠠᠶᠢᠭᠠᠳ ᠰᠢᠶᠦ᠋ᠩ ᠠᠨ ᠰᠢᠨ᠎ᠡ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ | ᠣᠷᠣᠯᠴᠠᠭᠤᠯᠬᠤ ᠬᠡᠷᠡᠭᠲᠡᠢ ᠭᠡᠵᠦ ᠢᠯᠡᠳᠬᠡᠪᠡ᠃ | ᠯᠢ ᠭᠠᠨ ᠵᠢᠶᠧ᠂ ᠾᠧ ᠯᠢ ᠹᠧᠩ ᠨᠠᠷ ᠪᠠᠷ᠎ᠠ ᠪᠣᠯᠵᠤ ᠰᠢᠨᠵᠢᠯᠡᠨ ᠪᠠᠶᠢᠴᠠᠭᠠᠭᠰᠠᠨ ᠪᠥᠭᠡᠳ ᠶᠠᠷᠢᠯᠴᠠᠬᠤ ᠬᠤᠷᠠᠯ ᠳᠤ | ᠣᠷᠣᠯᠴᠠᠵᠤ᠂ ᠦ᠋ ᠵᠧᠩ ᠯᠦᠩ᠂ ᠮᠦ ᠬᠤᠩ᠂ ᠵᠢᠶᠠᠩ ᠰᠢᠨ ᡁᠢ ᠵᠢᠴᠢ ᠲᠥᠪ ᠤᠨ ᠪᠠ ᠲᠥᠷᠥ ᠶᠢᠨ ᠪᠠᠶᠢᠭᠤᠯᠭ᠎ᠠ ᠶᠢᠨ | ᠬᠤᠯᠪᠣᠭᠳᠠᠯ ᠪᠦᠬᠦᠢ ᠰᠠᠯᠠᠭ᠎ᠠ ᠮᠥᠴᠢᠷ᠂ ᠴᠡᠷᠢᠭ ᠠᠩᠭᠢ ᠶᠢᠨ ᠬᠤᠯᠪᠣᠭᠳᠠᠯ ᠪᠦᠬᠦᠢ ᠨᠢᠭᠡᠴᠢ᠂ ᠾᠧᠪᠧᠢ ᠮᠤᠵᠢ᠂ ᠰᠢᠶᠦ᠋ᠩ | ᠠᠨ ᠰᠢᠨ᠎ᠡ ᠲᠣᠭᠤᠷᠢᠭ᠂ ᠬᠤᠯᠪᠣᠭᠳᠠᠯ ᠪᠦᠬᠦᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠨᠥᠬᠦᠳ ᠶᠠᠷᠢᠯᠴᠠᠬᠤ | ᠬᠤᠷᠠᠯ ᠳᠤ ᠣᠷᠣᠯᠴᠠᠵᠠᠢ᠃ |