| | | ᠲᠥᠯᠥᠪᠯᠡᠭᠡ ᠲᠠᠢ ᠪᠠᠷ ᠬᠡᠦᠬᠡᠳ ᠠᠪᠬᠤ ᠣᠨᠴᠠᠭᠠᠢ ᠭᠡᠷ ᠪᠦᠯᠢ ᠶᠢ ᠬᠠᠯᠠᠮᠵᠢᠯᠠᠬᠤ ᠠᠵᠢᠯ ᠢ ᠨᠡᠩ ᠰᠠᠢᠲᠤᠷ | ᠬᠢᠬᠦ ᠶᠢᠨ ᠲᠥᠯᠥᠭᠡ᠂ ᠲᠡᠳᠡᠨ ᠳᠤ ᠨᠠᠮ ᠪᠠ ᠵᠠᠰᠠᠭ ᠤᠨ ᠣᠷᠳᠣᠨ ᠤ ᠬᠠᠶᠢᠷ᠎ᠠ ᠳᠤᠷᠠᠯ ᠠᠯ ᠢ ᠬᠦᠷᠭᠡᠵᠦ᠂ ︽5. | 29︾ ᠲᠥᠯᠥᠪᠯᠡᠭᠡ ᠲᠠᠢ ᠪᠠᠷ ᠬᠡᠦᠬᠡᠳ ᠠᠪᠬᠤ ᠨᠡᠢᠭᠡᠮᠯᠢᠭ ᠤᠨ ᠡᠳᠦᠷ ᠤᠨ ᠬᠤᠭᠤᠷᠣᠨᠳᠣ᠂ ᠵᠢᠦ ᠶᠤᠸᠠᠨ | ᠲᠣᠭᠤᠷᠢᠭ ᠤᠨ ᠱᠠ ᠾᠧ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠲᠥᠯᠥᠪᠯᠡᠭᠡᠲᠦ ᠦᠷᠡᠵᠢᠯ ᠤᠨ | ᠨᠡᠶᠢᠭᠡᠮᠯᠢᠭ ᠬᠠᠷᠢᠶᠠᠲᠤ ᠣᠷᠣᠨ ᠤ 31 ᠡᠷᠦᠬᠡ ᠶᠢᠨ ᠲᠥᠯᠥᠪᠯᠡᠭᠡ ᠲᠠᠢ ᠪᠠᠷ ᠬᠡᠦᠬᠡᠳ ᠠᠪᠬᠤ ᠣᠨᠴᠠᠭᠠᠢ ᠭᠡᠷ | ᠪᠦᠯᠢ ᠶᠢ ᠲᠣᠬᠤᠨᠢᠭᠤᠯ ᠬᠢᠬᠦ ᠶᠢᠨ ᠬᠠᠮᠲᠤ ᠲᠣᠬᠤᠨᠢᠭᠤᠯᠬᠤ ᠪᠣᠳᠠᠰ ᠬᠦᠷᠭᠡᠭᠰᠡᠨ ᠪᠠᠶᠢᠨ᠎ᠠ᠃ | | | | | | ᠲᠣᠰ ᠤᠳᠠᠭᠠᠨ ᠤ ᠲᠣᠬᠤᠨᠢᠭᠤᠯᠤᠯ ᠨᠢ ᠲᠡᠳᠡᠨ ᠤ ᠬᠡᠷ ᠪᠦᠯᠢ ᠶᠢᠨ ᠪᠠᠶᠢᠳᠠᠯ᠂ ᠪᠡᠶ᠎ᠡ ᠮᠠᠬᠠᠪᠣᠳ ᠤᠨ ᠪᠠᠶᠢᠳᠠᠯ | ᠪᠠ ᠠᠮᠢᠳᠤᠷᠠᠯ ᠤᠨ ᠣᠳᠣᠬᠢ ᠪᠠᠶᠢᠳᠠᠯ ᠢ ᠭᠦᠨᠵᠡᠭᠡᠶ ᠣᠶᠢᠯᠠᠭᠠᠵᠤ᠂ ᠣᠨᠴᠠᠭᠠᠶ ᠬᠡᠷ ᠪᠦᠯᠢ ᠶᠢᠨ ᠪᠦᠷᠢᠯᠳᠦᠬᠦᠨ ᠳᠤ | ᠨᠠᠰᠤᠲᠠᠶᠢᠴᠤᠳ ᠤᠨ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠮᠡᠳᠡᠯᠭᠡ ᠶᠢ ᠤᠬᠠᠭᠤᠯᠤᠨ ᠲᠠᠶᠢᠯᠪᠤᠷᠢᠯᠠᠵᠤ᠂ | ᠲᠡᠳᠡᠨ ᠤ ᠠᠮᠢᠳᠤᠷᠠᠯ ᠤᠨ ᠳᠤᠮᠳᠠ ᠲᠤᠯᠭᠠᠷᠠᠭᠰᠠᠨ ᠬᠦᠴᠢᠷᠳᠡᠯ ᠪᠠ ᠬᠡᠷᠡᠭᠴᠡᠭᠡ ᠱᠠᠭᠠᠷᠳᠠᠯᠭ᠎ᠠ ᠶᠢ ᠨᠠᠷᠢᠨ ᠬᠢᠨᠠᠮᠠᠭᠠᠶ | ᠰᠣᠨᠣᠰᠴᠤ᠂ ᠲᠡᠳᠡᠨ ᠢ ᠪᠡᠶ᠎ᠡ ᠪᠠᠨ ᠭᠠᠮᠨᠠᠬᠤ ᠶᠢ ᠰᠠᠨᠠᠭᠤᠯᠵᠤ᠂ ᠨᠠᠰᠤᠲᠠᠶᠢᠴᠤᠳ ᠲᠤ ᠨᠠᠮ ᠪᠠ ᠵᠠᠰᠠᠭ ᠤᠨ | ᠣᠷᠳᠣᠨ ᠤ ᠬᠠᠶᠢᠷ᠎ᠠ ᠬᠠᠯᠠᠮᠵᠢ ᠶᠢ ᠦᠨᠡᠨ ᠬᠦ ᠮᠡᠳᠡᠷᠡᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠨᠠᠰᠤᠲᠠᠶᠢᠴᠤᠳ ᠤᠨ | ᠵᠣᠯ ᠵᠢᠷᠭᠠᠯᠲᠤ ᠲᠥᠷᠥᠭᠳᠡᠯ ᠪᠠ ᠬᠦᠷᠲᠡᠮᠵᠢ ᠶᠢᠨ ᠲᠥᠷᠥᠭᠳᠡᠯ ᠢ ᠳᠡᠭᠡᠭᠰᠢᠯᠡᠭᠦᠯᠵᠦ᠂ ᠬᠠᠯᠠᠭᠤᠨ ᠳᠤᠯᠠᠭᠠᠨ ᠬᠠᠶᠢᠷ᠎ᠠ | ᠬᠠᠯᠠᠮᠵᠢ ᠲᠠᠢ ᠶᠡᠭᠡ ᠬᠡᠷ ᠪᠦᠯᠢ ᠶᠢᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ ᠭᠡᠵᠦ ᠵᠠᠬᠢᠪᠠ᠃ | ᠳᠠᠷᠠᠭᠠᠴᠢ ᠶᠢᠨ ᠠᠯᠬᠤᠮ ᠳᠤ᠂ ᠵᠢᠥ ᠶᠤᠸᠠᠨ ᠲᠣᠭᠤᠷᠢᠭ ᠤᠨ ᠬᠢᠨ ᠦᠷᠭᠦᠯᠵᠢᠯᠡᠨ ᠨᠡᠩ ᠤᠯᠠᠨ ᠬᠠᠪᠰᠤᠷᠤᠨ | ᠲᠡᠳᠬᠦᠬᠦ ᠵᠠᠭᠪᠤᠷ ᠢ ᠰᠦᠪᠡᠭᠴᠢᠯᠡᠵᠦ᠂ ᠲᠥᠯᠥᠪᠯᠡᠭᠡ ᠲᠠᠢ ᠪᠠᠷ ᠬᠡᠦᠬᠡᠳ ᠠᠪᠬᠤ ᠬᠠᠶᠢᠷ᠎ᠠ ᠬᠠᠯᠠᠮᠵᠢ ᠶᠢ ᠣᠨᠴᠠ | ᠲᠡᠳᠬᠦᠬᠦ ᠭᠡᠷ ᠪᠦᠯᠢ ᠳᠤ ᠭᠦᠨ ᠬᠠᠳᠠᠩᠰᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ | ᠬᠤᠷᠠᠯ ᠢ ᠦᠢᠯᠡᠳᠦᠯᠭᠡᠵᠢᠭᠦᠯᠦᠨ᠎ᠡ᠃ |