ᠵᠢᠦ ᠶᠤᠸᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ︽ᠪᠤᠭᠤᠲᠤ ᠬᠤᠲᠠ ᠶᠢᠨ ᠵᠢᠦ ᠶᠤᠸᠠᠨ ᠲᠣᠭᠤᠷᠢᠭ ᠤᠨ 2023 ᠣᠨ ᠤ ᠭᠠᠵᠠᠷ ᠤᠨ ᠭᠠᠶ ᠭᠠᠮᠰᠢᠭ ᠢ ᠰᠡᠷᠭᠡᠶᠢᠯᠡᠨ ᠵᠠᠰᠠᠬᠤ ᠲᠥᠰᠦᠯ︾᠎ ᠤᠨ ᠮᠡᠳᠡᠭᠳᠡᠯ ᠤᠨ ᠲᠤᠬᠠᠶ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2023/5/5
    ︽ᠪᠤᠭᠤᠲᠤ ᠬᠤᠲᠠ ᠶᠢᠨ ᠵᠢᠦ ᠶᠤᠸᠠᠨ ᠲᠣᠭᠤᠷᠢᠭ ᠤᠨ 2023 ᠣᠨ ᠤ ᠭᠠᠵᠠᠷ ᠤᠨ ᠭᠠᠶ ᠭᠠᠮᠰᠢᠭ ᠢ ᠰᠡᠷᠭᠡᠶᠢᠯᠡᠨ ᠵᠠᠰᠠᠬᠤ ᠲᠥᠰᠦᠯ︾᠎ ᠤᠨ ᠲᠤᠬᠠᠶ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠮᠠᠲ᠋ᠧᠷᠢᠶᠠᠯ    ᠨᠢᠭᠡ᠂ ᠲᠣᠭᠲᠠᠭᠠᠭᠰᠠᠨ ᠠᠬᠤᠶ ᠪᠠᠶᠢᠳᠠᠯ    ᠭᠠᠵᠠᠷ ᠰᠢᠨᠵᠢᠯᠡᠭᠡᠨ ᠤ ᠭᠠᠶ ᠭᠠᠮᠰᠢᠭ ᠢ ᠰᠡᠷᠭᠡᠶᠢᠯᠡᠨ ᠵᠠᠰᠠᠬᠤ ᠠᠵᠢᠯ ᠢ ᠰᠠᠶᠢᠲᠤᠷ ᠬᠢᠬᠦ ᠲᠤᠬᠠᠶ ᠤᠯᠤᠰ᠂ ᠥᠪᠡᠷᠲᠡᠭᠡᠨ ᠵᠠᠰᠠᠬᠤ ᠣᠷᠣᠨ ᠤ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠬᠤ ᠶᠢᠨ ᠲᠥᠯᠥᠭᠡ᠂ ᠪᠥᠬᠦ ᠲᠣᠭᠤᠷᠢᠭ ᠤᠨ 2023 ᠣᠨ ᠤ ᠭᠠᠵᠠᠷ ᠤᠨ ᠭᠠᠶ ᠭᠠᠮᠰᠢᠭ ᠢ ᠰᠡᠷᠭᠡᠶᠢᠯᠡᠨ ᠵᠠᠰᠠᠬᠤ ᠠᠵᠢᠯ ᠢ ᠦᠨᠡᠨᠬᠦ ᠰᠠᠶᠢᠲᠤᠷ ᠬᠢᠵᠦ᠂ ᠭᠠᠵᠠᠷ ᠤᠨ ᠭᠠᠶ ᠭᠠᠮᠰᠢᠭ ᠠᠴᠠ ᠪᠣᠯᠤᠭᠰᠠᠨ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠵᠠᠶᠢᠯᠠᠭᠤᠯᠬᠤ ᠪᠠ ᠪᠠᠭᠠᠰᠬᠠᠵᠤ᠂ ︽ᠭᠠᠵᠠᠷ ᠤᠨ ᠭᠠᠶ ᠭᠠᠮᠰᠢᠭ ᠢ ᠰᠡᠷᠭᠡᠶᠢᠯᠡᠨ ᠵᠠᠰᠠᠬᠤ ᠲᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠡᠨᠡᠳᠲᠡ ᠶᠢᠨ ᠭᠠᠵᠠᠷ ᠤᠨ ᠭᠠᠶ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠲᠥᠰᠦᠯ︾᠂ ︽ᠪᠤᠭᠤᠲᠤ ᠬᠤᠲᠠ ᠶᠢᠨ ᠭᠡᠨᠡᠳᠲᠡ ᠶᠢᠨ ᠴᠢᠨᠠᠷᠲᠠᠶ ᠭᠠᠵᠠᠷ ᠤᠨ ᠭᠠᠶ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠲᠥᠰᠦᠯ︾᠎ ᠢ ᠦᠨᠳᠦᠰᠦᠯᠡᠨ᠂ ᠮᠠᠨ ᠤ ᠲᠣᠭᠤᠷᠢᠭ ᠤᠨ ᠪᠣᠳᠠᠲᠠᠶ ᠲᠠᠢ ᠪᠠᠨ ᠤᠶᠠᠯᠳᠤᠭᠤᠯᠵᠤ᠂ ᠲᠣᠰ ᠲᠥᠰᠦᠯ ᠢ ᠲᠣᠭᠲᠠᠭᠠᠪᠠ᠃    ᠬᠤᠶᠠᠷ᠂ ᠠᠵᠢᠯ ᠤᠨ ᠬᠠᠷᠠᠯᠲᠠ ᠬᠢᠭᠡᠳ ᠡᠭᠦᠷᠭᠡ    ᠲᠣᠰ ᠲᠥᠰᠦᠯ ᠪᠣᠯ 2023 ᠣᠨ ᠤ ᠵᠢᠦ ᠶᠤᠸᠠᠨ ᠲᠣᠭᠤᠷᠢᠭ ᠤᠨ ᠭᠠᠵᠠᠷ ᠤᠨ ᠭᠠᠶ ᠭᠠᠮᠰᠢᠭ ᠢ ᠰᠡᠷᠭᠡᠶᠢᠯᠡᠨ ᠵᠠᠰᠠᠬᠤ ᠬᠠᠮᠢᠶᠠᠷᠤᠯᠲᠠ ᠶᠢᠨ ᠠᠵᠢᠯ ᠢ ᠴᠢᠩᠭᠠᠳᠬᠠᠬᠤ ᠵᠢᠯᠣᠭᠤᠳᠬᠤ ᠴᠢᠨᠠᠷᠲᠠᠶ ᠪᠢᠴᠢᠭ ᠮᠠᠲ᠋ᠧᠷᠢᠶᠠᠯ ᠪᠣᠯᠤᠨ᠎ᠠ᠂ ᠮᠠᠨ ᠤ ᠲᠣᠭᠤᠷᠢᠭ ᠤᠨ ᠭᠠᠵᠠᠷ ᠤᠨ ᠭᠠᠶ ᠭᠠᠮᠰᠢᠭ ᠢ ᠰᠡᠷᠭᠡᠶᠢᠯᠡᠨ ᠵᠠᠰᠠᠬᠤ ᠬᠠᠮᠢᠶᠠᠷᠤᠯᠲᠠ ᠶᠢᠨ ᠰᠢᠰᠲ᠋ᠧᠮᠵᠢ ᠶᠢ ᠤᠯᠠᠮ ᠨᠢᠭᠡ ᠠᠯᠬᠤᠮ ᠪᠦᠷᠢᠨᠰᠢᠬᠦᠯᠵᠦ᠂ ᠮᠠᠨ ᠤ ᠲᠣᠭᠤᠷᠢᠭ ᠤᠨ ᠭᠠᠵᠠᠷ ᠤᠨ ᠭᠠᠶ ᠭᠠᠮᠰᠢᠭ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠭᠠᠵᠠᠷ ᠤᠨ ᠭᠠᠶ ᠭᠠᠮᠰᠢᠭ ᠢ ᠰᠡᠷᠭᠡᠶᠢᠯᠡᠨ ᠵᠠᠰᠠᠬᠤ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠭᠠᠵᠠᠷ ᠤᠨ ᠭᠠᠶ ᠭᠠᠮᠰᠢᠭ ᠤᠨ ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠳᠤ ᠤᠴᠠᠷᠠᠭᠤᠯᠤᠭᠰᠠᠨ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠰᠡᠷᠭᠡᠶᠢᠯᠡᠬᠦ ᠪᠤᠶᠤ ᠪᠠᠭᠠᠰᠬᠠᠨ᠎ᠠ᠃    ᠭᠤᠷᠪᠠ᠂ ᠪᠢᠴᠢᠭ ᠮᠠᠲ᠋ᠧᠷᠢᠶᠠᠯ ᠢ ᠭᠦᠢᠴᠡᠳᠬᠡᠬᠦ ᠬᠡᠪᠴᠢᠶ᠎ᠡ ᠪᠠ ᠴᠠᠭ ᠬᠤᠭᠤᠴᠠᠭ᠎ᠠ    ᠲᠣᠰ ᠲᠥᠰᠦᠯ ᠤᠨ ᠬᠡᠷᠡᠭᠵᠢᠭᠦᠯᠬᠦ ᠬᠡᠪᠴᠢᠶ᠎ᠡ ᠨᠢ ᠵᠢᠦ ᠶᠤᠸᠠᠨ ᠲᠣᠭᠤᠷᠢᠭ ᠪᠠᠶᠢᠵᠤ᠂ ᠬᠡᠷᠡᠭᠵᠢᠭᠦᠯᠬᠦ ᠴᠠᠭ ᠨᠢ 2023 ᠣᠨ ᠪᠣᠯᠤᠨ᠎ᠠ᠃    ᠳᠥᠷᠪᠡ᠂ ᠭᠤᠤᠯ ᠠᠭᠤᠯᠭ᠎ᠠ ᠶᠢᠨ ᠲᠠᠶᠢᠯᠤᠮᠵᠢ    ︽ᠲᠥᠰᠦᠯ︾᠎ ᠨᠢ ᠭᠤᠷᠪᠠᠨ ᠬᠡᠰᠡᠭ ᠢᠶᠠᠷ ᠪᠦᠷᠢᠯᠳᠦᠪᠡ᠃    ᠨᠢᠭᠡᠳᠦᠭᠡᠷ ᠬᠡᠰᠡᠭ᠄ ᠭᠠᠵᠠᠷ ᠰᠢᠨᠵᠢᠯᠡᠭᠡᠨ ᠤ ᠭᠠᠶ ᠭᠠᠮᠰᠢᠭ ᠤᠨ ᠬᠠᠨᠳᠤᠰᠢ ᠶᠢ ᠳᠥᠰᠦᠭᠡᠯᠡᠨ᠎ᠡ᠃ ᠡᠭᠦᠨ ᠳᠤ ᠭᠤᠣᠯᠳᠠᠭᠤ ᠴᠠᠭ ᠠᠭᠤᠷ ᠤᠨ ᠬᠠᠨᠳᠤᠰᠢ ᠶᠢ ᠲᠥᠰᠦᠭᠡᠯᠡᠬᠦ᠂ ᠭᠠᠵᠠᠷ ᠤᠨ ᠭᠠᠮᠰᠢᠭ ᠤᠨ ᠬᠠᠨᠳᠤᠰᠢ ᠶᠢ ᠲᠥᠰᠦᠭᠡᠯᠡᠬᠦ ᠬᠤᠶᠠᠷ ᠬᠡᠰᠡᠭ ᠪᠠᠭᠲᠠᠨ᠎ᠠ᠃     ᠬᠤᠶᠠᠳᠤᠭᠠᠷ ᠬᠡᠰᠡᠭ᠄ ᠭᠠᠵᠠᠷ ᠤᠨ ᠭᠠᠶ ᠭᠠᠮᠰᠢᠭ ᠢ ᠭᠤᠤᠯᠳᠠᠯᠭ᠎ᠠ ᠲᠠᠢ ᠰᠡᠷᠭᠡᠶᠢᠯᠡᠬᠦ ᠬᠦᠷᠢᠶ᠎ᠡ ᠬᠡᠪᠴᠢᠶ᠎ᠡ᠃ ᠡᠭᠦᠨ ᠳᠤ ᠭᠤᠤᠯᠳᠠᠭᠤ ᠮᠤᠨᠠ ᠠᠭᠤᠯᠠ ᠶᠢᠨ ᠳᠤᠮᠳᠠ ᠠᠭᠤᠯᠠᠷᠬᠠᠭ ᠣᠷᠣᠨ ︵ᠵᠢᠤ ᠶᠤᠸᠠᠨ ᠲᠣᠭᠤᠷᠢᠭ ᠤᠨ ᠠᠭᠠᠷᠤᠲᠠᠢ ᠰᠤᠮᠤ ᠶᠢᠨ ᠶᠡᠬᠡᠩᠬᠢ ᠬᠡᠰᠡᠭ ᠭᠠᠵᠠᠷ ᠣᠷᠣᠨ ᠪᠠ ᠬᠤᠷᠢᠨᠬᠡᠷ ᠪᠠᠯᠭᠠᠰᠤ᠂ ᠬᠤᠶᠠᠷᠬᠤᠳᠳᠤᠭ ᠶᠢᠨ ᠬᠡᠰᠡᠭ ᠭᠠᠵᠠᠷ ᠣᠷᠣᠨ︶᠂ ᠬᠠᠲᠤᠨ ᠭᠤᠤᠯ ᠤᠨ ᠲᠤᠨᠤᠮᠠᠯ ᠲᠠᠯ᠎ᠠ ᠭᠠᠵᠠᠷ ᠤᠨ ᠬᠠᠲᠤᠨ ᠭᠤᠤᠯ ᠤᠨ ᠡᠷᠭᠢ ᠳᠠᠭᠠᠤ ᠬᠤᠶᠠᠷ ᠬᠡᠰᠡᠭ ᠪᠠᠭᠲᠠᠨ᠎ᠠ᠃    ᠭᠤᠷᠪᠠᠳᠤᠭᠠᠷ ᠬᠡᠰᠡᠭ᠄ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠠᠷᠭ᠎ᠠ ᠬᠡᠮᠵᠢᠶ᠎ᠡ᠃ ᠡᠭᠦᠨ ᠳᠤ ᠭᠤᠣᠯᠳᠠᠭᠤ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ᠂ ᠭᠠᠮᠰᠢᠭ ᠢ ᠰᠡᠷᠭᠡᠶᠢᠯᠡᠬᠦ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠵᠤ᠂ ᠲᠡᠮᠦᠷ ᠵᠠᠮ ᠵᠠᠰᠠᠮᠠᠯ ᠵᠠᠮ ᠳᠠᠭᠠᠤ᠂ ᠵᠢᠭᠤᠯᠴᠢᠯᠠᠯ ᠤᠨ ᠦᠵᠡᠮᠵᠢ ᠶᠢᠨ ᠣᠷᠣᠨ ︵ᠴᠡᠭ︶᠂ ᠬᠠᠲᠤᠨ ᠭᠤᠤᠯ ᠤᠨ ᠡᠷᠭᠢ ᠳᠠᠭᠠᠤ ᠶᠢᠨ ᠭᠠᠵᠠᠷ ᠤᠨ ᠭᠠᠶ ᠭᠠᠮᠰᠢᠭ ᠢ ᠰᠡᠷᠭᠡᠶᠢᠯᠡᠨ ᠵᠠᠰᠠᠬᠤ ᠠᠵᠢᠯ ᠢ ᠦᠨᠡᠨᠬᠦ ᠴᠢᠩᠭᠠᠳᠬᠠᠵᠤ᠂ ᠭᠠᠵᠠᠷ ᠤᠨ ᠭᠠᠶ ᠭᠠᠮᠰᠢᠭ ᠤᠨ ᠠᠶᠤᠯᠲᠤ ᠴᠢᠨᠠᠷ ᠢ ᠦᠨᠡᠯᠡᠨ ᠵᠢᠱᠢᠬᠦ ᠠᠵᠢᠯ ᠢ ᠯᠠᠪᠳᠠᠭᠤᠨ ᠪᠠᠲᠤᠲᠠᠶ ᠠᠬᠢᠭᠤᠯᠵᠤ᠂ ᠭᠠᠵᠠᠷ ᠤᠨ ᠭᠠᠶ ᠭᠠᠮᠰᠢᠭ ᠢ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠬᠦ ᠶᠢ ᠴᠢᠩᠭᠠᠳᠬᠠᠨ᠎ᠠ᠃ ᠰᠡᠷᠡᠮᠵᠢᠯᠡᠭᠦᠯᠬᠦ ᠮᠡᠳᠡᠭᠡ ᠵᠠᠩᠭᠢ ᠶᠢ ᠴᠠᠭ ᠲᠤᠬᠠᠶ ᠳᠤᠨᠢ ᠨᠡᠶᠢᠲᠡᠯᠡᠵᠦ᠂ ᠭᠡᠨᠡᠳᠲᠡ ᠡᠭᠦᠰᠬᠦ ᠭᠠᠵᠠᠷ ᠤᠨ ᠭᠠᠶ ᠭᠠᠮᠰᠢᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠤᠷᠢᠯᠡᠬᠦ ᠠᠵᠢᠯ ᠢ ᠴᠢᠩᠭᠠᠳᠬᠠᠵᠤ᠂ ᠦᠶᠡᠷ ᠤᠨ ᠬᠤᠭᠤᠴᠠᠭᠠᠨ ᠳᠤ ᠵᠢᠵᠢᠭᠦᠷᠯᠡᠬᠦ ᠲᠦᠷᠢᠮ ᠪᠠ ᠭᠠᠮᠰᠢᠭ ᠤᠨ ᠪᠠᠶᠢᠳᠠᠯ ᠠᠶᠤᠯ ᠲᠦᠭᠰᠢᠭᠦᠷᠢ ᠶᠢᠨ ᠪᠠᠶᠢᠳᠠᠯ ᠢ ᠲᠦᠷᠭᠡᠨ ᠮᠡᠳᠡᠭᠦᠯᠬᠦ ᠲᠦᠷᠢᠮ ᠵᠡᠷᠭᠡ ᠵᠢᠷᠭᠤᠭᠠᠨ ᠬᠡᠰᠡᠭ ᠢ ᠴᠢᠩᠭ᠎ᠠ ᠬᠡᠷᠡᠭᠵᠢᠭᠦᠯᠪᠡ᠃    ᠲᠠᠪᠤ᠂ ᠵᠠᠩᠭᠢᠯᠠᠭ᠎ᠠ ᠶᠢᠨ ᠦᠭᠡ ᠶᠢᠨ ᠲᠠᠶᠢᠯᠪᠤᠷᠢ    ︽ᠲᠥᠰᠦᠯ︾᠎ ᠳᠤ ᠬᠡᠯᠡᠵᠦ ᠪᠠᠶᠢᠭ᠎ᠠ ᠭᠠᠵᠠᠷ ᠤᠨ ᠭᠠᠶ ᠭᠠᠮᠰᠢᠭ ᠭᠡᠳᠡᠭ ᠪᠣᠯ ᠪᠠᠶᠢᠭᠠᠯᠢ ᠶᠢᠨ ᠬᠦᠴᠦᠨ ᠵᠦᠢᠯ ᠪᠤᠶᠤ ᠵᠣᠷᠢᠭᠤᠳᠠ ᠶᠢᠨ ᠠᠵᠢᠯᠯᠠᠭ᠎ᠠ ᠠᠴᠠ ᠪᠣᠯᠤᠭᠰᠠᠨ ᠠᠷᠠᠳ ᠲᠦᠮᠡᠨ ᠤ ᠠᠮᠢ ᠨᠠᠰᠤ ᠪᠠ ᠡᠳ᠋ ᠬᠦᠷᠦᠩᠭᠡ ᠶᠢᠨ ᠠᠮᠤᠷ ᠲᠦᠪᠰᠢᠨ ᠳᠤ ᠬᠤᠣᠷ ᠬᠥᠨᠥᠭᠡᠯ ᠤᠴᠠᠷᠠᠭᠤᠯᠤᠭᠰᠠᠨ ᠠᠭᠤᠯᠠ ᠨᠤᠷᠠᠬᠤ᠂ ᠶᠡᠭᠦᠷᠡᠬᠦ᠂ ᠰᠢᠪᠠᠷ ᠴᠢᠯᠠᠭᠤᠨ ᠤ ᠤᠷᠤᠰᠬᠠᠯ᠂ ᠭᠠᠵᠠᠷ ᠴᠥᠮᠥᠷᠡᠬᠦ᠂ ᠭᠠᠵᠠᠷ ᠠᠩ ᠭᠠᠷᠬᠤ᠂ ᠭᠠᠵᠠᠷ ᠰᠠᠭᠤᠭᠳᠠᠬᠤ ᠵᠡᠷᠭᠡ ᠭᠠᠵᠠᠷ ᠤᠨ ᠦᠢᠯᠡᠳᠦᠯ ᠲᠠᠢ ᠬᠤᠯᠪᠣᠭᠳᠠᠯ ᠪᠦᠬᠦᠢ ᠭᠠᠶ ᠭᠠᠮᠰᠢᠭ ᠢ ᠵᠢᠭᠠᠵᠤ ᠪᠠᠶᠢᠨ᠎ᠠ᠃     ᠵᠢᠷᠭᠤᠭ᠎ᠠ᠂ ᠰᠢᠨ᠎ᠡ ᠬᠠᠭᠤᠴᠢᠨ ᠲᠦᠷᠦ ᠶᠢᠨ ᠪᠤᠳᠤᠯᠭ᠎ᠠ ᠶᠢᠨ ᠬᠠᠷᠢᠴᠠᠭᠤᠯᠤᠯ    2022 ᠣᠨ ᠳᠤ᠂ ᠲᠣᠭᠤᠷᠢᠭ ᠤᠨ ᠵᠠᠰᠠᠭ ᠤᠨ ᠣᠷᠳᠣᠨ ᠠᠴᠠ ︽ᠵᠢᠤ ᠶᠤᠸᠠᠨ ᠲᠣᠭᠤᠷᠢᠭ ᠤᠨ 2022 ᠣᠨ ᠤ ᠭᠠᠵᠠᠷ ᠤᠨ ᠭᠠᠶ ᠭᠠᠮᠰᠢᠭ ᠢ ᠰᠡᠷᠭᠡᠶᠢᠯᠡᠨ ᠵᠠᠰᠠᠬᠤ ᠲᠥᠰᠦᠯ︾᠎ ᠢ ᠳᠠᠷᠤᠮᠠᠯᠯᠠᠨ ᠲᠠᠷᠬᠠᠭᠠᠭᠰᠠᠨ ᠴᠠᠭ ᠨᠢ 2022 ᠣᠨ ᠪᠣᠯᠤᠨ᠎ᠠ᠃ ᠲᠣᠰ ᠤᠳᠠᠭᠠᠨ ᠤ ︽ᠲᠥᠰᠦᠯ︾᠎ ᠢ ᠲᠣᠭᠲᠠᠭᠠᠭᠰᠠᠨ ᠨᠢ ᠮᠠᠨ ᠤ ᠲᠣᠭᠤᠷᠢᠭ ᠤᠨ ᠭᠠᠵᠠᠷ ᠤᠨ ᠭᠠᠶ ᠭᠠᠮᠰᠢᠭ ᠢ ᠰᠡᠷᠭᠡᠶᠢᠯᠡᠨ ᠵᠠᠰᠠᠬᠤ ᠠᠵᠢᠯ ᠢ ᠦᠷᠭᠦᠯᠵᠢᠯᠡᠨ ᠴᠢᠩᠭᠠᠳᠬᠠᠬᠤ ᠶᠢᠨ ᠦᠷᠭᠦᠯᠵᠢᠯᠡᠯ ᠮᠥᠨ᠂ 2023 ᠣᠨ ᠤ ᠴᠠᠭ ᠠᠭᠤᠷ ᠤᠨ ᠬᠠᠨᠳᠤᠰᠢ ᠵᠢᠴᠢ ᠭᠠᠵᠠᠷ ᠤᠨ ᠭᠠᠶ ᠭᠠᠮᠰᠢᠭ ᠤᠨ ᠬᠠᠨᠳᠤᠰᠢ ᠳᠤ ᠬᠠᠮᠤᠭ ᠤᠨ ᠰᠢᠨ᠎ᠡ ᠵᠢᠱᠢᠯᠲᠡ ᠬᠢᠭᠰᠡᠨ ᠪᠣᠯᠬᠤᠷ ᠪᠥᠬᠦ ᠲᠣᠭᠤᠷᠢᠭ ᠤᠨ 2023 ᠣᠨ ᠤ ᠭᠠᠵᠠᠷ ᠤᠨ ᠭᠠᠶ ᠭᠠᠮᠰᠢᠭ ᠢ ᠰᠡᠷᠭᠡᠶᠢᠯᠡᠨ ᠵᠠᠰᠠᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠭᠠᠵᠠᠷ ᠤᠨ ᠭᠠᠶ ᠭᠠᠮᠰᠢᠭ ᠠᠴᠠ ᠪᠣᠯᠤᠭᠰᠠᠨ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠰᠡᠷᠭᠡᠶᠢᠯᠡᠬᠦ ᠪᠠ ᠪᠠᠭᠠᠰᠬᠠᠬᠤ ᠳᠤ ᠠᠰᠢᠭᠲᠠᠶ ᠶᠤᠮ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号