ᠪᠠᠶᠠᠷ ᠤᠨ ᠮᠡᠳᠡᠭᠡ - ᠵᠢᠦ ᠶᠤᠸᠠᠨ ᠲᠤ ᠲᠧᠩ ᠬᠥᠯ ᠪᠥᠮᠪᠦᠭᠡ ᠶᠢᠨ ᠺᠯᠦ᠋ᠪ ᠥᠪᠡᠷᠲᠡᠭᠡᠨ ᠵᠠᠰᠠᠬᠤ ᠣᠷᠣᠨ ᠤ ᠠᠷᠪᠠᠨ ᠲᠠᠪᠤᠳᠤᠭᠠᠷ ᠬᠤᠭᠤᠴᠠᠭᠠᠨ ᠤ ᠪᠡᠶ᠎ᠡ ᠶᠢᠨ ᠲᠠᠮᠢᠷ ᠤᠨ ᠤᠷᠤᠯᠳᠤᠭᠠᠨ ᠤ ᠬᠥᠯ ᠪᠥᠮᠪᠦᠭᠡ ᠶᠢᠨ ᠤᠷᠤᠯᠳᠤᠭᠠᠨ ᠳᠤ ᠣᠷᠣᠯᠴᠠᠬᠤ ᠣᠯᠠᠨ ᠲᠦᠮᠡᠨᠴᠢ ᠳᠤᠭᠤᠢᠯᠠᠩ ᠤᠨ ᠤᠷᠤᠯᠳᠤᠭᠠᠨ ᠳᠤ ᠳᠡᠳ᠋ᠯᠡᠪᠡ᠂ ᠪᠤᠭᠤᠲᠤ ᠶᠢᠨ ᠣᠯᠠᠨ ᠲᠦᠮᠡᠨ ᠤ ᠬᠥᠯ ᠪᠥᠮᠪᠦᠭᠡ ᠶᠢᠨ ᠰᠢᠯᠢᠳᠡᠭ ᠬᠢᠷᠢ ᠪᠦᠲᠦᠮᠵᠢ ᠶᠢ ᠡᠭᠦᠳᠴᠡᠢ
ᠨᠡᠶᠢᠲᠡᠯᠡᠭᠰᠡᠨ ᠴᠠᠭ᠄
2023/6/15
C:\Users\Administrator\Desktop\新闻照片\图片7.jpg
     ᠣᠶᠢᠷ᠎ᠠ ᠶᠢᠨ ᠬᠤᠭᠤᠴᠠᠭᠠᠨ ᠳᠤ᠂ ᠵᠢᠦ ᠶᠤᠸᠠᠨ ᠤ ᠲᠤ ᠲᠧᠩ ᠬᠥᠯ ᠪᠥᠮᠪᠦᠭᠡ ᠶᠢᠨ ᠺᠯᠦ᠋ᠪ ᠪᠤᠭᠤᠲᠤ ᠬᠤᠲᠠ ᠶᠢ ᠲᠥᠯᠥᠭᠡᠯᠡᠨ ᠥᠪᠡᠷᠲᠡᠭᠡᠨ ᠵᠠᠰᠠᠬᠤ ᠣᠷᠣᠨ ᠤ ᠠᠷᠪᠠᠨ ᠲᠠᠪᠤᠳᠤᠭᠠᠷ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠤ ᠣᠯᠠᠨ ᠲᠦᠮᠡᠨᠴᠢ ᠳᠤᠭᠤᠢᠯᠠᠩ ᠤᠨ ᠬᠥᠯ ᠪᠥᠮᠪᠦᠭᠡ ᠶᠢᠨ ᠤᠷᠤᠯᠳᠤᠭᠠᠨ ᠳᠤ ᠣᠷᠣᠯᠴᠠᠵᠤ ᠂ ᠢᠯᠠᠯᠲᠠ ᠲᠠᠢ ᠪᠠᠷ ᠪᠤᠴᠠᠵᠤ ᠢᠷᠡᠭᠡᠳ᠂ ᠣᠯᠠᠨ ᠲᠦᠮᠡᠨ ᠤ ᠳᠤᠭᠤᠢᠯᠠᠩ ᠳᠡᠳ᠋ ᠲᠤ ᠣᠷᠣᠵᠤ᠂ ᠪᠤᠭᠤᠲᠤ ᠶᠢᠨ ᠣᠯᠠᠨ ᠲᠦᠮᠡᠨ ᠤ ᠳᠤᠭᠤᠢᠯᠠᠩ ᠤᠨ ᠬᠥᠯ ᠪᠥᠮᠪᠦᠭᠡ ᠶᠢᠨ ᠲᠡᠦᠬᠡ ᠶᠢᠨ ᠱᠢᠯᠢᠳᠡᠭ ᠬᠢᠷᠢ ᠪᠦᠲᠦᠮᠵᠢ ᠶᠢ ᠣᠯᠪᠠ︕    ᠵᠢᠦ ᠶᠤᠸᠠᠨ ᠤ ᠬᠥᠯ ᠪᠥᠮᠪᠦᠭᠡ ᠶᠢᠨ ᠺᠯᠦ᠋ᠪ ᠤᠨ ᠲᠥᠯᠥᠭᠡᠯᠡᠭᠴᠢᠳ ᠤᠨ ᠠᠩᠭᠢ ᠤᠷᠤᠯᠳᠤᠭᠠᠨ ᠳᠤ ᠣᠷᠣᠯᠴᠠᠭᠰᠠᠨ ᠤ ᠳᠠᠷᠠᠭ᠎ᠠ ᠨᠢᠭᠡ ᠵᠠᠮ ᠲᠣᠭᠲᠠᠭᠤᠨ ᠪᠠᠢᠳᠠᠯ ᠢᠶᠠᠨ ᠪᠠᠳᠠᠷᠠᠭᠤᠯᠵᠤ᠂ ᠱᠢᠢᠳᠪᠦᠷᠢᠲᠦ ᠤᠷᠤᠯᠳᠤᠭᠠᠨ ᠤ ᠲᠣᠭᠤᠷᠢᠭ ᠲᠤ ᠳᠠᠭᠠᠷᠢᠨ ᠣᠷᠣᠵᠤ᠂ ᠡᠴᠦᠰ ᠲᠡᠭᠡᠨ 2᠄ 3᠎ ᠪᠠᠷ ᠬᠥᠯᠥᠨ  ᠪᠥᠢᠷ ᠤᠨ ᠠᠩᠭᠢ ᠶᠢ ᠢᠯᠠᠵᠤ᠂ ᠲᠤᠰ ᠤᠳᠠᠭᠠᠨ ᠤ ᠤᠷᠤᠯᠳᠤᠭᠠᠨ ᠤ ᠮᠥᠩᠭᠦᠨ ᠮᠧᠳᠠᠯ ᠢ ᠠᠪᠤᠭᠰᠠᠨ ᠪᠠᠢᠨ᠎ᠠ᠃ ᠲᠤᠰ ᠤᠳᠠᠭᠠᠨ ᠤ ᠤᠷᠤᠯᠳᠤᠭᠠᠨ ᠳᠤ ᠪᠦᠬᠦ ᠣᠷᠤᠨ ᠠᠴᠠ ᠢᠷᠡᠭᠰᠡᠨ ᠠᠷᠪᠠᠨ ᠡᠷᠡᠭᠲᠡᠶ ᠶᠢᠨ ᠬᠥᠯ ᠪᠥᠮᠪᠦᠭᠡ ᠶᠢᠨ ᠠᠩᠭᠢ᠂ ᠳᠥᠷᠪᠡᠨ ᠡᠮᠡᠭᠲᠡᠶ ᠶᠢᠨ ᠬᠥᠯ ᠪᠥᠮᠪᠦᠭᠡ ᠶᠢᠨ ᠠᠩᠭᠢ ᠶᠢᠨ 300 ᠰᠢᠬᠠᠮ ᠲᠠᠮᠢᠷᠴᠢᠨ ᠤᠷᠤᠯᠳᠤᠭᠠᠨ ᠳᠤ ᠣᠷᠣᠯᠴᠠᠵᠤ᠂ ᠤᠷᠤᠯᠳᠤᠭᠠᠨ ᠳᠣᠯᠣᠭᠠᠨ ᠡᠳᠦᠷ ᠶᠠᠪᠤᠭᠳᠠᠨ᠎ᠠ᠃ ᠪᠥᠮᠪᠥᠭᠡᠨ ᠠᠩᠭᠢ ᠶᠢᠨ ᠬᠠᠷᠢᠭᠤᠴᠠᠯᠭᠠᠲᠠᠨ ᠯᠢ ᠴᠢᠶᠠᠩ᠄ ︽ᠪᠢᠳᠡ ᠳᠡᠳ᠋ᠯᠡᠬᠦ ᠶᠢᠨ ᠰᠠᠶᠢᠨ ᠬᠢᠷᠢ ᠪᠦᠲᠦᠮᠵᠢ ᠶᠢ ᠣᠯᠵᠤ ᠴᠢᠳᠠᠨ᠎ᠠ ᠭᠡᠵᠦ ᠪᠣᠳᠣᠵᠤ ᠣᠯᠤᠭᠰᠠᠨ ᠦᠭᠡᠢ᠂ ᠭᠡᠰᠢᠭᠦᠳ ᠪᠦᠷ ᠮᠠᠰᠢ ᠰᠡᠳᠬᠢᠯ ᠳᠣᠭᠳᠣᠯᠵᠤ ᠪᠠᠶᠢᠨ᠎ᠠ᠃ ᠮᠠᠨ ᠤ ᠠᠩᠭᠢ ᠶᠢᠨ ᠭᠡᠰᠢᠭᠦᠳ ᠠᠳᠠᠯᠢ ᠪᠤᠰᠤ ᠠᠵᠢᠯ ᠲᠥᠷᠥᠯ ᠠᠴᠠ ᠢᠷᠡᠵᠦ᠂ ᠣᠯᠠᠨ ᠢᠶᠠᠷ ᠢᠶᠠᠨ ᠡᠩ ᠤᠨ ᠦᠶ᠎ᠡ ᠳᠤ ᠴᠥᠮ ᠥᠪᠡᠷ ᠤᠨ ᠠᠵᠢᠯ ᠲᠠᠢ᠂ ᠬᠠᠮᠲᠤ ᠪᠠᠷ ᠪᠣᠯᠪᠠᠰᠤᠷᠠᠬᠤ ᠵᠠᠪᠰᠢᠶᠠᠨ ᠮᠠᠰᠢ ᠴᠥᠬᠡᠨ᠂ ᠭᠡᠪᠡᠴᠦ ᠤᠷᠤᠯᠳᠤᠭᠠᠨ ᠪᠣᠯᠭᠠᠨ ᠳᠤ ᠣᠯᠠᠨ ᠢᠶᠠᠷ ᠢᠶᠠᠨ ᠴᠢᠷᠮᠠᠶᠢᠨ ᠲᠡᠮᠡᠴᠡᠵᠦ᠂ ᠳᠡᠳ᠋ ᠳᠠᠷᠤᠭ᠎ᠠ ᠪᠣᠯᠬᠤ ᠡᠨᠡ ᠬᠦ ᠠᠮᠵᠢᠯᠲᠠ ᠪᠣᠯ ᠣᠯᠠᠨ ᠤ ᠴᠢᠷᠮᠠᠶᠢᠯᠭ᠎ᠠ ᠶᠢᠨ ᠠᠴᠢ ᠬᠠᠷᠢᠭᠤᠯᠲᠠ ᠮᠥᠨ︾ ᠭᠡᠵᠦ ᠬᠡᠯᠡᠪᠡ᠃    ᠮᠠᠨ ᠤ ᠲᠣᠭᠤᠷᠢᠭ ᠳᠤ ᠣᠳᠣ ᠡᠯ᠎ᠡ ᠲᠥᠷᠥᠯ ᠤᠨ ᠬᠥᠯ ᠪᠥᠮᠪᠦᠭᠡ ᠶᠢᠨ ᠲᠠᠯᠠᠪᠤᠷ 40 ᠪᠠᠶᠢᠭᠤᠯᠵᠤ᠂ ᠬᠥᠯ ᠪᠥᠮᠪᠦᠭᠡ ᠶᠢᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠡᠳᠦᠷ ᠢᠷᠡᠬᠦᠶ᠎ᠡ ᠲᠡᠭᠦᠯᠳᠡᠷᠵᠢᠵᠦ᠂ ᠪᠦᠬᠦ ᠲᠣᠭᠤᠷᠢᠭ ᠤᠨ ᠬᠥᠯ ᠪᠥᠮᠪᠦᠭᠡ ᠶᠢᠨ ᠬᠥᠳᠡᠯᠭᠡᠭᠡᠨ ᠤ ᠠᠭᠤᠷ ᠠᠮᠢᠰᠬᠤᠯ ᠡᠳᠦᠷ ᠢᠷᠡᠬᠦᠶ᠎ᠡ ᠥᠳᠬᠡᠷᠡᠵᠦ ᠪᠠᠶᠢᠨ᠎ᠠ᠃ ᠪᠦᠬᠦ ᠨᠡᠶᠢᠬᠡᠮ ᠳᠤ ᠬᠦᠯ ᠪᠦᠮᠪᠦᠭᠡ ᠶᠢᠨ ᠰᠤᠶᠤᠯ ᠪᠦᠷᠢᠯᠳᠦᠵᠤ᠂ ᠠᠵᠢᠯ ᠤᠨ ᠴᠢᠯᠦᠬᠡᠨ ᠤ ᠬᠤᠯᠪᠤᠭᠠᠳᠤ ᠤᠷᠤᠯᠳᠤᠭᠠᠨ ᠤ ᠵᠤᠬᠢᠶᠠᠨ ᠪᠠᠶᠢᠭᠤᠯᠤᠯᠳᠠ ᠪᠤᠯᠤᠨ ᠤᠷᠤᠯᠳᠤᠭᠠᠨ ᠤ ᠬᠢᠷᠢ ᠲᠦᠪᠰᠢᠨ ᠨᠢ ᠪᠦᠷ ᠪᠦᠬᠦ ᠬᠤᠳᠠ ᠶᠢᠨ ᠲᠡᠷᠢᠬᠦᠨ ᠤ ᠡᠩᠨᠡᠭᠡᠨ ᠳᠤ ᠤᠷᠤᠪᠠ᠃ ᠳᠠᠷᠠᠭᠠᠴᠢ ᠶᠢᠨ ᠠᠯᠬᠤᠮ ᠳᠤ᠂ ᠮᠠᠨ ᠤ ᠲᠣᠭᠤᠷᠢᠭ ᠬᠥᠯ ᠪᠥᠮᠪᠦᠭᠡ ᠶᠢᠨ ᠬᠥᠳᠡᠯᠭᠡᠭᠡᠨ ᠢ ᠲᠦᠭᠡᠮᠡᠯᠵᠢᠭᠦᠯᠬᠦ ᠶᠢ ᠦᠷᠭᠦᠯᠵᠢᠯᠡᠨ ᠠᠬᠢᠭᠤᠯᠵᠤ᠂ ᠨᠡᠶᠢᠭᠡᠮ ᠤᠨ ᠬᠥᠯ ᠪᠥᠮᠪᠦᠭᠡ ᠶᠢᠨ ᠲᠦᠷᠭᠡᠨ ᠬᠥᠭᠵᠢᠯᠲᠡ ᠶᠢ ᠠᠬᠢᠭᠤᠯᠵᠤ᠂ ᠬᠥᠯ ᠪᠥᠮᠪᠦᠭᠡ ᠶᠢᠨ ᠬᠥᠮᠥᠨ ᠠᠮᠠ ᠶᠢᠨ ᠬᠡᠪᠴᠢᠶ᠎ᠡ ᠶᠢ ᠲᠠᠰᠤᠷᠠᠯᠲᠠ ᠦᠭᠡᠢ ᠥᠷᠭᠡᠳᠬᠡᠨ᠎ᠡ᠃ ᠪᠠᠶᠢᠭᠤᠯᠭ᠎ᠠ᠂ ᠠᠵᠢᠯ ᠦᠢᠯᠡᠰ ᠤᠨ ᠨᠢᠭᠡᠴᠡ᠂ ᠠᠷᠡᠳ ᠤᠨ ᠪᠦᠯᠬᠦᠮ᠂ ᠴᠡᠷᠢᠭ ᠠᠩᠬᠢ ᠪᠠ ᠠᠵᠦ ᠠᠬᠤᠶᠢᠯᠠᠯ ᠢ ᠵᠣᠷᠢᠠᠠᠵᠢᠭᠤᠯᠥᠨ ᠬᠥᠯ ᠪᠦᠮᠪᠦᠭᠡ ᠶᠢᠨ ᠠᠩᠬᠢ ᠶᠢ ᠵᠤᠬᠢᠶᠡᠨ ᠪᠠᠶᠢᠭᠤᠯᠬᠤ ᠪᠤᠶᠤ ᠬᠠᠮᠳᠣᠷᠡᠨ ᠵᠤᠬᠢᠶᠡᠨ ᠪᠠᠶᠢᠭᠤᠯᠵᠦ᠂ ᠡᠯᠪᠡᠭ ᠪᠠᠶᠠᠯᠢᠭ ᠨᠡᠶᠢᠭᠡᠮ ᠤᠨ ᠬᠥᠯ ᠪᠦᠮᠪᠦᠭᠡ ᠶᠢᠨ ᠠᠵᠢᠯᠯᠠᠭ᠎ᠠ ᠶᠢ ᠦᠷᠨᠢᠬᠦᠯᠥᠨ᠎ᠠ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号