ᠵᠢᠤ ᠶᠤᠸᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠬᠠᠯᠢᠩᠬᠡᠷ ᠲᠣᠮᠢᠯᠠᠭᠰᠠᠨ ᠰᠠᠯᠪᠤᠷᠢ ᠬᠠᠷᠢᠶᠠᠲᠤ ᠣᠷᠣᠨ ᠤ ᠪᠠᠨ ᠣᠯᠠᠨ ᠲᠦᠮᠡᠨ ᠢ ᠬᠠᠪᠰᠤᠷᠤᠨ ᠠᠯᠳᠠᠭᠰᠠᠨ ᠬᠤᠨᠢᠨ ᠰᠦᠷᠦᠭ ᠢ ᠨᠢ ᠡᠷᠢᠵᠦ ᠠᠪᠴᠢᠷᠠᠪᠠ
ᠨᠡᠶᠢᠲᠡᠯᠡᠭᠰᠡᠨ ᠴᠠᠭ᠄
2023/6/16
    2023 ᠣᠨ ᠤ 6 ᠰᠠᠷ᠎ᠠ ᠶᠢᠨ 12᠎ ᠤᠨ ᠡᠳᠦᠷ᠂ ᠵᠢᠤ ᠶᠤᠸᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠬᠠᠷᠢᠩᠭᠦᠷ ᠲᠣᠮᠢᠯᠠᠭᠰᠠᠨ ᠰᠠᠯᠪᠤᠷᠢ ᠶᠢᠨ ᠬᠠᠷᠢᠶᠠᠲᠤ ᠣᠷᠣᠨ ᠤ ᠰᠠᠭᠤᠭᠠᠯᠢ ᠠᠷᠠᠳ ᠵᠠᠩ ᠣᠪᠣᠭᠲᠤ ᠴᠠᠭᠳᠠᠭᠠᠨ ᠳᠤ ᠬᠡᠯᠡᠬᠦ ᠳᠡᠭᠡᠨ᠂ ᠬᠤᠨᠢᠨ ᠬᠠᠰᠢᠶᠠᠨ ᠳᠤ ᠣᠴᠢᠵᠤ ᠡᠪᠡᠰᠦ ᠲᠡᠵᠢᠭᠡᠬᠦ ᠦᠶ᠎ᠡ ᠳᠤ ᠬᠤᠨᠢᠨ ᠬᠠᠰᠢᠶᠠᠨ ᠳᠠᠬᠢ 18 ᠬᠤᠨᠢ ᠨᠢ ᠴᠥᠮ ᠬᠠᠷᠠᠭᠳᠠᠬᠤ ᠥᠬᠡᠶ ᠪᠣᠯᠤᠭᠰᠠᠨ ᠢ ᠣᠯᠵᠤ ᠮᠡᠳᠡᠭᠡᠳ ᠤᠳᠠᠲᠠᠯ᠎ᠠ ᠡᠷᠢᠭᠡᠳ ᠪᠠᠰᠠ ᠡᠷᠢᠵᠦ ᠣᠯᠤᠭᠰᠠᠨ ᠥᠬᠡᠶ᠂ ᠠᠷᠠᠳ ᠤᠨ ᠴᠠᠭᠳᠠᠭ᠎ᠠ ᠪᠠᠷ ᠬᠠᠪᠰᠤᠷᠤᠭᠤᠯᠤᠨ ᠡᠷᠢᠭᠦᠯᠬᠦ ᠪᠠᠷ ᠭᠤᠶᠤᠴᠢᠯᠠᠵᠠᠶ ᠭᠡᠵᠡᠶ᠃    ᠴᠠᠭᠳᠠᠭ᠎ᠠ ᠶᠢᠨ ᠮᠡᠳᠡᠭᠦᠯᠦᠯᠲᠡ ᠶᠢ ᠣᠯᠤᠭᠰᠠᠨ ᠤ ᠳᠠᠷᠠᠭ᠎ᠠ ᠠᠷᠠᠳ ᠤᠨ ᠴᠠᠭᠳᠠᠭ᠎ᠠ ᠲᠤᠬᠠᠶ ᠶᠢᠨ ᠲᠠᠯᠠᠪᠠᠶ ᠳᠤ ᠬᠦᠷᠴᠦ ᠢᠷᠡᠭᠰᠡᠨ ᠳᠤ ᠴᠠᠭᠳᠠᠭ᠎ᠠ ᠵᠠᠩ ᠣᠪᠣᠭᠲᠤ ᠶᠢ ᠲᠣᠬᠤᠨᠢᠭᠤᠯᠬᠤ ᠶᠢᠨ ᠳᠠᠭᠠᠤ ᠳᠤ ᠲᠤᠬᠠᠶ ᠶᠢᠨ ᠲᠠᠯᠠᠪᠠᠶ ᠳᠤ ᠬᠠᠶᠢᠨ ᠪᠠᠶᠢᠴᠠᠭᠠᠯᠲᠠ ᠬᠢᠵᠦ᠂ ᠬᠤᠨᠢᠨ ᠤ ᠬᠠᠰᠢᠶ᠎ᠠ ᠶᠢ ᠪᠠᠶᠢᠴᠠᠭᠠᠵᠤ ᠦᠵᠡᠭᠰᠡᠨ ᠳᠤ ᠬᠤᠯᠠᠭᠠᠶᠢᠯᠠᠭᠳᠠᠬᠤ ᠪᠣᠯᠤᠯᠴᠠᠭ᠎ᠠ ᠶᠢ ᠦᠭᠡᠶᠢᠰᠬᠡᠵᠦ᠂ ᠬᠤᠨᠢ ᠨᠢ ᠬᠤᠨᠢᠨ ᠤ ᠬᠠᠰᠢᠶ᠎ᠠ ᠠᠴᠠ ᠦᠰᠦᠷᠦᠨ ᠭᠠᠷᠤᠭᠰᠠᠨ ᠤ ᠳᠠᠷᠠᠭ᠎ᠠ ᠲᠥᠭᠡᠷᠢᠭᠰᠡᠨ ᠭᠡᠵᠦ ᠰᠡᠵᠢᠭᠯᠡᠵᠡᠶ᠃    ᠠᠷᠠᠳ ᠤᠨ ᠴᠠᠭᠳᠠᠭ᠎ᠠ ᠲᠡᠷᠡ ᠳᠠᠷᠤᠶ ᠳᠤᠨᠢ ᠣᠶᠢᠷ᠎ᠠ ᠬᠠᠪᠢ ᠶᠢᠨ ᠬᠢᠨᠠᠨ ᠡᠵᠡᠮᠳᠡᠯ ᠢ ᠪᠠᠶᠢᠴᠠᠭᠠᠨ ᠦᠵᠡᠭᠰᠡᠨ ᠪᠥᠭᠡᠳ ᠡᠷᠭᠢᠨ ᠲᠣᠭᠤᠷᠢᠨ ᠤ ᠲᠣᠰᠬᠤᠨ ᠤ ᠠᠷᠠᠳ ᠢ ᠰᠤᠷᠪᠤᠯᠵᠢᠯᠠᠪᠠ᠂ ᠰᠤᠷᠪᠤᠯᠵᠢᠯᠠᠬᠤ ᠶᠠᠪᠤᠴᠠ ᠳᠤ ᠵᠠᠷᠢᠮ ᠬᠥᠮᠦᠨ ᠤ ᠬᠡᠯᠡᠬᠦ ᠪᠠᠷ᠂ ᠲᠣᠰᠬᠤᠨ ᠤ ᠯᠢ ᠣᠪᠣᠭᠲᠤ ᠶᠢᠨ ᠲᠠᠷᠢᠶᠠᠨ ᠳᠤ ᠨᠢᠭᠡ ᠰᠦᠷᠦᠭ ᠬᠤᠨᠢ ᠣᠯᠵᠤ ᠦᠵᠡᠭᠰᠡᠨ ᠭᠡᠨ᠎ᠡ᠂ ᠠᠷᠠᠳ ᠤᠨ ᠴᠠᠭᠳᠠᠭ᠎ᠠ ᠵᠠᠩ ᠣᠪᠣᠭᠲᠤ ᠶᠢ ᠳᠠᠭᠠᠭᠤᠯᠤᠨ ᠲᠡᠷᠡ ᠳᠠᠷᠤᠶ ᠳᠤᠨᠢ ᠮᠠᠰᠢᠨ ᠲᠡᠷᠭᠡ ᠪᠠᠷ ᠯᠢ ᠣᠪᠣᠭᠲᠤ ᠶᠢᠨ ᠭᠡᠷ ᠲᠤ ᠣᠴᠢᠵᠠᠶ᠂ ᠯᠢ ᠣᠪᠣᠭᠲᠤ ᠶᠢᠨ ᠬᠦᠷᠢᠶᠡᠨ ᠠᠴᠠ ᠬᠤᠨᠢᠨ ᠰᠦᠷᠦᠭ ᠢ ᠣᠯᠵᠤ ᠠᠪᠴᠠᠶ᠂ ᠡᠨᠡ ᠪᠣᠯ ᠥᠪᠡᠷ ᠤᠨ ᠭᠡᠷ ᠤᠨ ᠲᠥᠭᠡᠷᠢᠭᠰᠡᠨ ᠬᠤᠨᠢ ᠮᠥᠨ ᠭᠡᠵᠦ ᠵᠠᠩ ᠣᠪᠣᠭᠲᠤ ᠶᠢᠨ ᠨᠣᠲᠠᠯᠠᠵᠠᠢ᠃    ᠣᠶᠢᠯᠠᠭᠠᠭᠰᠠᠨ ᠢᠶᠠᠷ᠂ 6 ᠰᠠᠷ᠎ᠠ ᠶᠢᠨ 12᠎ ᠤᠨ ᠡᠳᠦᠷ ᠤᠨ ᠦᠳᠡ ᠶᠢᠨ ᠡᠮᠦᠨ᠎ᠡ ᠯᠢ ᠣᠪᠣᠭᠲᠤ ᠨᠢᠭᠡ ᠰᠦᠷᠦᠭ ᠬᠤᠨᠢ ᠥᠪᠡᠷ ᠤᠨ ᠲᠠᠷᠢᠶᠠᠨ ᠳᠤ ᠲᠠᠷᠢᠶ᠎ᠠ ᠢᠳᠡᠵᠦ ᠪᠠᠶᠢᠬᠤ ᠶᠢ ᠣᠯᠵᠤ ᠦᠵᠡᠭᠡᠳ᠂ ᠨᠠᠩ ᠶᠡᠭᠡ ᠬᠤᠬᠢᠷᠠᠯ ᠭᠠᠷᠬᠤ ᠠᠴᠠ ᠵᠠᠶᠢᠯᠠᠰᠬᠢᠬᠦ ᠶᠢᠨ ᠲᠥᠯᠥᠭᠡ᠂ ᠯᠢ ᠣᠪᠣᠭᠲᠤ ᠡᠨᠡ ᠰᠦᠷᠦᠭ ᠬᠤᠨᠢ ᠶᠢ ᠥᠪᠡᠷ ᠤᠨ ᠬᠦᠷᠢᠶᠡᠨ ᠳᠡᠭᠡᠨ ᠬᠥᠭᠡᠭᠡᠵᠦ ᠠᠪᠠᠴᠢᠭᠠᠳ᠂ ᠨᠢᠭᠡ ᠬᠡᠰᠡᠭ ᠡᠪᠡᠰᠦ ᠪᠣᠷᠳᠤᠭ᠎ᠠ ᠢᠳᠡᠭᠦᠯᠵᠡᠶ᠃ ᠠᠷᠠᠳ ᠤᠨ ᠴᠠᠭᠳᠠᠭ᠎ᠠ ᠶᠢᠨ ᠵᠣᠬᠢᠴᠠᠭᠤᠯᠭ᠎ᠠ ᠪᠠᠷ᠂ ᠵᠠᠩ ᠣᠪᠣᠭᠲᠤ ᠯᠢ ᠣᠪᠣᠭᠲᠤ ᠶᠢᠨ ᠲᠠᠷᠢᠶ᠎ᠠ ᠪᠠᠨ ᠢᠳᠡᠭᠰᠡᠨ ᠤ ᠬᠤᠬᠢᠷᠠᠯ ᠪᠠ ᠡᠪᠡᠰᠦ ᠪᠣᠷᠳᠣᠭᠠᠨ ᠤ ᠵᠣᠭᠤᠰ ᠢ ᠲᠦᠯᠦᠬᠦ ᠶᠢ ᠵᠥᠪᠰᠢᠶᠡᠷᠡᠵᠦ᠂ ᠲᠠᠷᠠᠭ᠎ᠠ ᠨᠢ ᠵᠠᠩ ᠣᠪᠣᠭᠲᠤ 18 ᠬᠤᠨᠢ ᠶᠢ ᠭᠡᠷ ᠲᠡᠭᠡᠨ ᠬᠥᠭᠡᠭᠡᠵᠦ ᠶᠠᠪᠤᠭᠤᠯᠤᠭᠰᠠᠨ ᠳᠤ ᠬᠤᠶᠠᠷ ᠲᠠᠯ᠎ᠠ ᠪᠠᠷ ᠢᠶᠠᠨ ᠡᠭᠦᠨ ᠤ ᠲᠤᠬᠠᠶ ᠡᠶᠡᠳᠡᠵᠡᠶ᠃    ᠵᠢᠤ ᠶᠤᠸᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠬᠠᠯᠢᠩᠬᠡᠷ ᠲᠣᠮᠢᠯᠠᠭᠰᠠᠨ ᠰᠠᠯᠪᠤᠷᠢ ᠶᠢᠨ ᠬᠢᠨ ᠤᠯᠠᠨ ᠲᠦᠮᠡᠨ ᠤ ᠡᠳ᠋ ᠬᠦᠷᠦᠩᠭᠡ ᠶᠢᠨ ᠬᠤᠬᠢᠷᠠᠯ ᠢ ᠴᠠᠭ ᠲᠤᠬᠠᠢ ᠳᠤᠨᠢ ᠠᠪᠤᠷᠠᠵᠤ᠂ ᠪᠠᠭ᠎ᠠ ᠶᠠᠪᠤᠳᠠᠯ ᠢ ᠰᠠᠶᠢᠲᠤᠷ ᠬᠢᠵᠦ᠂ ᠪᠣᠳᠠᠲᠠᠢ ᠶᠠᠪᠤᠳᠠᠯ ᠢ ᠪᠣᠳᠠᠲᠠᠢ ᠬᠢᠵᠦ᠂ ᠤᠯᠠᠨ ᠲᠦᠮᠡᠨ ᠢ ᠰᠡᠳᠬᠢᠯ ᠬᠠᠨᠤᠮᠵᠢᠲᠠᠢ ᠪᠣᠯᠭᠠᠵᠤ᠂ ᠦᠨᠡᠨ ᠰᠡᠳᠬᠢᠯ ᠠᠴᠠ ᠪᠠᠨ ᠠᠷᠠᠳ ᠤᠨ ᠰᠡᠳᠬᠢᠯ ᠢ ᠳᠤᠯᠠᠭᠠᠴᠠᠭᠤᠯᠵᠤ᠂ ᠦᠨᠡᠨ ᠪᠣᠳᠠᠲᠠᠢ ᠦᠷ᠎ᠡ ᠪᠦᠲᠦᠭᠡᠯ ᠢᠶᠠᠷ ᠢᠶᠠᠨ ᠤᠯᠠᠨ ᠲᠦᠮᠡᠨ ᠤ ᠰᠢᠨ᠎ᠡ ᠬᠦᠰᠡᠯ ᠡᠷᠡᠮᠡᠯᠵᠡᠯ ᠳᠤ ᠬᠠᠷᠢᠭᠤ ᠥᠭᠴᠦ᠂ ᠤᠯᠠᠨ ᠲᠦᠮᠡᠨ ᠤ ᠠᠮᠤᠷ ᠲᠦᠪᠰᠢᠨ ᠤ ᠲᠦᠷᠦᠭᠳᠡᠯ ᠪᠣᠯᠤᠨ ᠬᠠᠨᠤᠮᠵᠢ ᠶᠢᠨ ᠬᠡᠮᠵᠢᠶ᠎ᠡ ᠶᠢ ᠲᠠᠰᠤᠷᠠᠯᠳᠡ ᠦᠭᠡᠢ ᠳᠡᠭᠡᠭᠰᠢᠯᠡᠭᠦᠯᠵᠡᠢ᠃   
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号