ᠠᠷᠠᠳ ᠤᠨ ᠴᠠᠭᠳᠠᠭ᠎ᠠ ᠴᠠᠭ ᠲᠤᠬᠠᠶ ᠳᠤᠨᠢ ᠬᠡᠷ ᠲᠤᠨᠢ ᠬᠦᠷᠴᠦ ᠰᠡᠷᠡᠮᠵᠢᠯᠡᠭᠦᠯᠦᠨ ᠬᠤᠷᠢᠭᠯᠠᠵᠤ ᠣᠯᠠᠨ ᠲᠦᠮᠡᠨ ᠳᠤ ︽ᠵᠣᠭᠤᠰ ᠥᠭᠬᠦ ᠶᠢ ᠵᠣᠭᠰᠣᠭᠠᠬᠤ ᠳᠠᠷᠤᠪᠴᠢ︾᠎ ᠶᠢ ᠳᠠᠷᠤᠵᠤ ᠥᠭᠪᠡ
ᠨᠡᠶᠢᠲᠡᠯᠡᠭᠰᠡᠨ ᠴᠠᠭ᠄
2023/6/19
    2023 ᠣᠨ ᠤ 6 ᠰᠠᠷ᠎ᠠ ᠶᠢᠨ 16᠎ ᠤ ᠡᠳᠦᠷ᠂ ᠵᠢᠤ ᠶᠤᠸᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠰᠠᠶᠢᠬᠠᠨ ᠲᠣᠮᠢᠯᠠᠭᠰᠠᠨ ᠰᠠᠯᠪᠤᠷᠢ ᠶᠢᠨ ᠬᠠᠷᠢᠶᠠᠲᠤ ᠣᠷᠣᠨ ᠤ ᠬᠥᠩ ᠶᠤᠸᠠᠨ ᠵᠤᠰᠠᠯᠠᠩ ᠤᠨ ᠰᠠᠭᠤᠭᠠᠯᠢ ᠠᠷᠠᠳ ᠱᠢ ᠠᠪᠠᠭ᠋ᠠᠶ ᠬᠡᠷ ᠲᠡᠭᠡᠨ ︽ᠨᠢᠭᠡᠨ ᠲᠦᠷᠭᠡᠨ ᠬᠦᠷᠭᠡᠯᠲᠡ ᠶᠢᠨ ᠺᠣᠮᠫᠠᠨᠢ ᠶᠢᠨ ᠠᠵᠢᠯᠲᠠᠨ︾᠎ ᠤ ᠢᠷᠡᠭᠦᠯᠦᠭᠰᠡᠨ ᠤᠲᠠᠰᠤ ᠶᠢ ᠲᠤᠰᠠᠭᠰᠠᠨ ᠴᠢᠨᠢ ᠲᠡᠭᠦᠨ ᠤ ᠬᠤᠳᠠᠯᠳᠤᠨ ᠠᠪᠤᠭᠰᠠᠨ ᠲᠦᠷᠭᠡᠨ ᠬᠦᠷᠭᠡᠯᠲᠡ ᠨᠢ ᠭᠡᠭᠡᠪᠡ ᠭᠡᠵᠡᠢ᠂ ᠣᠲᠣ ᠬᠤᠪᠢ ᠬᠥᠮᠦᠨ ᠤ ᠮᠡᠳᠡᠭᠡ ᠵᠠᠩᠭᠢ ᠪᠠᠨ ᠬᠠᠩᠭᠠᠪᠠᠯ ᠳᠠᠷᠤᠶ ᡁᠢ ᠹᠦ᠋ ᠪᠤᠤ ᠪᠠᠷ ᠳᠥᠯᠥᠵᠦ ᠪᠣᠯᠤᠨ᠎ᠠ ᠭᠡᠰᠡᠨ ᠪᠥᠭᠡᠳ ᠸᠢᠴᠠᠲ ᠨᠡᠮᠡᠵᠦ᠂ ᠲᠥᠯᠥᠪᠦᠷᠢ ᠶᠢᠨ ᠤᠴᠢᠷ ᠶᠠᠪᠤᠳᠠᠯ ᠢᠶᠠᠨ ᠨᠡᠪᠲᠡᠷᠡᠯᠴᠡᠭᠦᠯᠬᠦ ᠪᠠᠷ ᠱᠠᠭᠠᠷᠳᠠᠪᠠ᠃ ᠱᠢ ᠠᠪᠠᠭ᠋ᠠᠶ ᠱᠠᠭᠠᠷᠳᠠᠯᠭ᠎ᠠ ᠶᠣᠰᠣᠭᠠᠷ ᠠᠵᠢᠯᠯᠠᠵᠤ ᠪᠠᠶᠢᠬᠤ ᠳᠠᠭᠠᠨ ᠴᠠᠭᠳᠠᠭ᠎ᠠ ᠶᠢᠨ ᠰᠡᠷᠡᠮᠵᠢᠯᠡᠭᠦᠯᠦᠯ ᠤᠨ ᠤᠲᠠᠰᠤ ᠶᠢ ᠲᠣᠰᠠᠭᠰᠠᠨ ᠳᠤ ᠱᠢ ᠠᠪᠠᠭ᠋ᠠᠶ ᠳᠤ ᠴᠠᠬᠢᠯᠭᠠᠨ ᠬᠤᠯᠪᠣᠭ᠎ᠠ ᠪᠠᠷ ᠮᠡᠬᠡᠯᠡᠭᠳᠡᠬᠦ ᠠᠶᠤᠯ ᠲᠦᠭᠰᠢᠭᠦᠷᠢ ᠣᠷᠣᠰᠢᠵᠤ ᠪᠠᠶᠢᠨ᠎ᠠ ᠭᠡᠵᠦ ᠴᠠᠭᠳᠠᠭ᠎ᠠ ᠠᠴᠠ ᠲᠡᠭᠦᠨ ᠳᠤ ᠮᠡᠳᠡᠭᠳᠡᠵᠡᠶ᠂ ᠠᠷᠠᠳ ᠤᠨ ᠴᠠᠭᠳᠠᠭ᠎ᠠ ᠱᠢ ᠠᠪᠠᠭ᠋ᠠᠶ ᠲᠠᠢ ᠬᠠᠯᠠᠰᠢᠷᠠᠯ ᠥᠬᠡᠶ ᠨᠡᠪᠲᠡᠷᠡᠯᠴᠡᠵᠦ᠂ ᠠᠵᠢᠯᠯᠠᠬᠤ ᠪᠠᠨ ᠵᠣᠭᠰᠣᠵᠤ᠂ ᠴᠠᠭᠳᠠᠭ᠎ᠠ ᠶᠢᠨ ᠬᠡᠷ ᠲᠤᠨᠢ ᠬᠦᠷᠴᠦ ᠬᠢᠨᠠᠨ ᠬᠠᠷᠭᠤᠭᠤᠯᠬᠤ ᠶᠢ ᠬᠦᠯᠢᠶᠡᠭᠡᠷᠡᠶ ᠭᠡᠵᠡᠶ᠃    ᠠᠷᠪᠠᠨ ᠮᠢᠨᠦ᠋ᠲ ᠤᠨ ᠳᠠᠷᠠᠭ᠎ᠠ᠂ ᠠᠷᠠᠳ ᠤᠨ ᠴᠠᠭᠳᠠᠭ᠎ᠠ ᠡᠭᠦᠳᠡᠨ ᠳᠤᠨᠢ ᠬᠦᠷᠴᠦ ᠢᠷᠡᠭᠡᠳ᠄ ᠡᠨᠡ ᠬᠦ ᠤᠲᠠᠰᠤ ᠪᠣᠯ ᠦᠨᠡᠬᠡᠷ ᠮᠡᠬᠡᠯᠡᠭᠰᠡᠨ ᠤᠲᠠᠰᠤ ᠮᠥᠨ ᠭᠡᠵᠦ ᠮᠠᠭᠠᠳᠯᠠᠵᠠᠶ᠃ ᠱᠢ ᠠᠪᠠᠭ᠋ᠠᠶ ᠶᠢᠨ ᠡᠳ᠋ ᠬᠥᠷᠥᠩᠭᠡ ᠶᠢᠨ ᠬᠤᠬᠢᠷᠠᠯ ᠳᠤ ᠤᠴᠠᠷᠠᠬᠤ ᠠᠴᠠ ᠵᠠᠶᠢᠯᠠᠰᠬᠢᠬᠦ ᠶᠢᠨ ᠲᠥᠯᠥᠭᠡ᠂ ᠠᠷᠠᠳ ᠤᠨ ᠴᠠᠭᠳᠠᠭ᠎ᠠ ᠲᠡᠷᠡ ᠳᠠᠷᠤᠶ ᠳᠤᠨᠢ ᠵᠢᠯᠣᠭᠤᠳᠬᠤ ᠲᠥᠪ ᠲᠠᠢ ᠬᠠᠷᠢᠯᠴᠠᠵᠤ᠂ ᠱᠢ ᠠᠪᠠᠭ᠋ᠠᠶ ᠶᠢᠨ ᠠᠵᠢᠯᠯᠠᠭᠰᠠᠨ ᠤ ᠳᠠᠷᠠᠭᠠᠬᠢ ᠪᠠᠩᠬᠢ ᠶᠢᠨ ᠺᠠᠷᠲ ᠢ ᠴᠡᠪᠳᠡᠭᠯᠡᠪᠡ᠃ ᠨᠢᠭᠡ ᠤᠳᠠᠭᠠᠨ ᠤ ᠮᠡᠬᠡᠯᠡᠭᠰᠡᠨ ᠬᠡᠷᠡᠭ ᠤᠨ ᠡᠭᠦᠰᠬᠦ ᠶᠢ ᠴᠠᠭ ᠲᠤᠬᠠᠶ ᠳᠤᠨᠢ ᠬᠤᠷᠢᠭᠯᠠᠪᠠ᠃    ᠤᠯᠠᠨ ᠲᠦᠮᠡᠨ ᠤ ᠠᠰᠢᠭ ᠲᠤᠰᠠ ᠳᠤ ᠪᠠᠭ᠎ᠠ ᠶᠠᠪᠤᠳᠠᠯ ᠭᠡᠵᠦ ᠦᠭᠡᠢ᠂ ᠵᠢᠤ ᠶᠤᠸᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠰᠡᠷᠡᠮᠵᠢᠯᠡᠭᠦᠯᠦᠨ ᠬᠤᠷᠢᠭᠯᠠᠬᠤ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠶᠢ ᠢᠮᠠᠭᠲᠠ ᠪᠠᠷᠢᠮᠲᠠᠯᠠᠵᠤ᠂ ᠠᠯᠢᠪᠠ ᠬᠦᠴᠢᠷᠳᠡᠯ ᠢ ᠢᠯᠠᠨ ᠳᠠᠪᠠᠵᠤ᠂ ᠬᠡᠷ ᠲᠤᠨᠢ ᠬᠦᠷᠴᠦ ᠤᠷᠢᠳᠴᠢᠯᠠᠨ ᠰᠡᠷᠡᠮᠵᠢᠯᠡᠭᠦᠯᠬᠦ ᠨᠤᠷᠮ᠎ᠠ ᠶᠢ 100%᠎ ᠢᠶᠠᠷ ᠪᠡᠶᠡᠯᠡᠭᠦᠯᠵᠦ᠂ ᠠᠷᠠᠳ ᠤᠯᠠᠨ ᠤ ᠡᠳ᠋ ᠬᠦᠷᠦᠩᠬᠡ ᠶᠢᠨ ᠠᠮᠤᠷ ᠲᠦᠪᠰᠢᠨ ᠢ ᠬᠠᠮᠠᠭᠠᠯᠠᠵᠤ᠂ ᠤᠯᠠᠨ ᠲᠦᠮᠡᠨ ᠤ ᠠᠮᠢ ᠪᠡᠶ᠎ᠡ ᠶᠢᠨ ᠠᠰᠢᠭ ᠲᠤᠰᠠ ᠶᠢ ᠬᠠᠮᠠᠭᠠᠯᠠᠵᠤ᠂ ᠠᠷᠠᠳ ᠲᠦᠮᠡᠨ ᠳᠤ ᠦᠢᠯᠡᠴᠢᠯᠡᠬᠦ ᠢᠲᠡᠭᠡᠯ ᠪᠢᠰᠢᠷᠡᠯ ᠢᠶᠠᠨ ᠢᠮᠠᠭᠲᠠ ᠪᠠᠲᠤᠳᠬᠠᠪᠠ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号