ᠬᠤᠶᠠᠷᠬᠤᠳᠳᠤᠭ ᠪᠠᠯᠭᠠᠰᠤ ᠬᠥᠳᠡᠭᠡ ᠲᠣᠰᠬᠤᠨ ᠤ ᠵᠠᠮ ᠳᠠᠭᠠᠤ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/6/21
C:\Users\Administrator\Desktop\新闻照片\1.jpg
    ᠬᠥᠳᠡᠭᠡ ᠲᠣᠰᠬᠤᠨ ᠤ ᠵᠠᠮ ᠳᠠᠭᠠᠤ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠠᠵᠢᠯ ᠢ ᠦᠨᠡᠨᠬᠦ ᠰᠠᠶᠢᠲᠤᠷ ᠬᠢᠵᠦ᠂ ᠵᠠᠮ ᠳᠠᠭᠠᠤ ᠶᠢᠨ ︽ᠪᠤᠵᠠᠷ ᠪᠤᠷᠲᠠᠭ᠂ ᠡᠮᠬᠢ ᠵᠠᠮᠪᠠᠷᠠᠭ᠎ᠠ ᠦᠭᠡᠢ᠂ ᠠᠨᠠᠢ︾ ᠦᠵᠡᠭᠳᠡᠯ ᠢ ᠴᠡᠭᠴᠡᠯᠡᠨ ᠵᠠᠰᠠᠵᠤ᠂ ᠴᠡᠪᠡᠷ ᠲᠡᠭᠰᠢ᠂ ᠲᠠᠭᠠᠯᠠᠮᠵᠢᠲᠠᠢ ᠬᠥᠳᠡᠭᠡ ᠲᠣᠰᠬᠤᠨ ᠤ ᠣᠷᠴᠢᠨ ᠲᠣᠭᠤᠷᠢᠨ ᠢ ᠪᠤᠢ ᠪᠣᠯᠭᠠᠬᠤ ᠶᠢᠨ ᠲᠥᠯᠥᠭᠡ᠂ 6 ᠰᠠᠷ᠎ᠠ ᠶᠢᠨ 19᠎ ᠤ ᠡᠳᠦᠷ᠂ ᠬᠤᠶᠠᠷᠬᠤᠳᠳᠤᠭ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠬᠥᠮᠦᠨ ᠤ ᠬᠦᠴᠦᠨ ᠪᠠ ᠮᠠᠰᠢᠨ ᠮᠧᠬᠠᠨᠢᠭ ᠢ ᠵᠣᠬᠢᠶᠠᠨ ᠪᠠᠶᠢᠭᠤᠯᠵᠤ ᠂ ᠬᠦᠴᠦᠨ ᠢᠶᠠᠨ ᠲᠥᠪᠯᠡᠷᠡᠭᠦᠯᠦᠨ ᠬᠥᠳᠡᠭᠡ ᠲᠣᠰᠬᠤᠨ ᠤ ᠵᠠᠮ ᠳᠠᠭᠠᠤ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠵᠡᠢ᠃
C:\Users\Administrator\Desktop\新闻照片\2.jpg
    ᠲᠤᠰ ᠤᠳᠠᠭᠠᠨ ᠤ ᠠᠵᠢᠯᠯᠠᠭ᠎ᠠ ᠳᠤ ᠬᠤᠶᠠᠷᠬᠤᠳᠳᠤᠭ ᠶᠢᠨ ᠵᠡᠭᠦᠨ ᠴᠤᠪᠤᠭ᠎ᠠ ᠵᠠᠮ ᠳᠠᠭᠠᠤ ᠶᠢᠨ ᠬᠤᠶᠠᠷᠬᠤᠳᠳᠤᠭ ᠲᠣᠰᠬᠤᠨ᠂ ᠱᠢ ᠨᠤᠤ ᠪᠦᠦ ᠲᠣᠰᠬᠤᠨ᠂ ᠴᠢᠶᠠᠨ ᠶᠢᠨ ᠲᠣᠰᠬᠤᠨ᠂ ᠰᠢᠨ ᠱᠧᠩ ᠲᠣᠰᠬᠤᠨ᠂ ᠳᠠᠪᠤᠰᠤ ᠲᠣᠰᠬᠤᠨ᠂ ᠶᠦᠩ ᠹᠤᠩ ᠲᠣᠰᠬᠤᠨ ᠢ ᠴᠡᠭᠴᠡᠯᠡᠨ ᠵᠠᠰᠠᠬᠤ ᠪᠠᠷ ᠭᠤᠣᠯᠳᠠᠯᠭ᠎ᠠ ᠪᠣᠯᠭᠠᠵᠤ᠂ ᠵᠠᠮ ᠳᠠᠭᠠᠤ ᠳᠤ ᠳᠤᠷ᠎ᠠ ᠪᠠᠷ ᠢᠶᠠᠨ ᠣᠪᠣᠭᠠᠯᠠᠵᠤ ᠳᠤᠷ᠎ᠠ ᠪᠠᠷ ᠢᠶᠠᠨ ᠲᠠᠯᠪᠢᠵᠤ᠂ ᠠᠮᠢᠳᠤᠷᠠᠯ ᠤᠨ ᠬᠤᠭ ᠨᠣᠪᠰᠢ᠂ ᠪᠠᠷᠢᠯᠭ᠎ᠠ ᠶᠢᠨ ᠬᠤᠭ ᠨᠣᠪᠰᠢ ᠵᠢᠴᠢ ᠡᠯᠳᠡᠪ ᠪᠣᠳᠠᠰ ᠢ ᠪᠦᠬᠦ ᠲᠠᠯ᠎ᠠ ᠪᠠᠷ ᠴᠡᠪᠡᠷᠯᠡᠪᠡ᠃ ᠡᠭᠦᠨ ᠤ ᠬᠠᠮᠲᠤ ᠤᠬᠠᠭᠤᠯᠤᠨ ᠳᠠᠶᠢᠴᠢᠯᠠᠬᠤ ᠠᠵᠢᠯ ᠥᠷᠨᠢᠭᠦᠯᠵᠦ᠂ ᠵᠠᠮ ᠳᠠᠭᠠᠤ ᠶᠢᠨ ᠣᠶᠢᠷ᠎ᠠ ᠬᠠᠪᠢ ᠶᠢᠨ ᠲᠣᠰᠬᠤᠨ ᠤ ᠠᠷᠠᠳ ᠢ ᠬᠥᠲᠥᠯᠦᠨ ᠵᠢᠯᠣᠭᠤᠳᠴᠤ ᠪᠠᠶᠢᠭᠠᠳ ᠥᠪᠡᠷ ᠤᠨ ᠡᠭᠦᠳᠡᠨ ᠡᠮᠦᠨᠡᠬᠢ ᠬᠦᠷᠢᠶ᠎ᠡ ᠬᠠᠰᠢᠶ᠎ᠠ ᠶᠢᠨ ᠢᠶᠠᠨ ᠣᠷᠴᠢᠨ ᠲᠣᠭᠤᠷᠢᠨ ᠤ ᠠᠷᠢᠭᠤᠨ ᠴᠡᠪᠡᠷ ᠢ ᠤᠬᠠᠮᠰᠠᠷ ᠠᠴᠠ ᠪᠠᠨ ᠬᠠᠮᠠᠭᠠᠯᠠᠵᠤ᠂ ᠵᠠᠮ ᠳᠠᠭᠠᠤ ᠶᠢᠨ ᠣᠷᠴᠢᠨ ᠲᠣᠭᠤᠷᠢᠨ ᠤ ᠴᠡᠪᠡᠷ ᠲᠡᠭᠰᠢ ᠡᠮᠬᠢ ᠳᠢᠭᠯᠢᠮ ᠲᠠᠢ ᠪᠠᠶᠢᠬᠤ ᠶᠢ ᠪᠠᠳᠤᠯᠠᠨ᠎ᠠ᠃    ᠲᠣᠰ ᠤᠳᠠᠭᠠᠨ ᠤ ᠠᠵᠢᠯᠯᠠᠭ᠎ᠠ ᠳᠤ ᠨᠡᠶᠢᠲᠡ 4 ᠪᠠᠷᠢᠯᠭ᠎ᠠ ᠶᠢᠨ ᠬᠤᠭ ᠨᠣᠪᠰᠢ ᠶᠢ ᠴᠡᠪᠡᠷᠯᠡᠵᠦ᠂ 16 ᠭᠠᠵᠠᠷ ᠢ ᠳᠤᠷ᠎ᠠ ᠪᠠᠷ ᠢᠶᠠᠨ ᠣᠪᠣᠭᠠᠯᠠᠵᠤ᠂ 3 ᠭᠠᠵᠠᠷ ᠤᠨ ᠡᠷᠡᠭᠦᠯ ᠬᠠᠮᠠᠭᠠᠯᠠᠯ ᠤᠨ ᠥᠯᠥ ᠣᠨᠣᠭᠳᠠᠬᠤ ᠭᠠᠵᠠᠷ ᠢ ᠴᠡᠪᠡᠷᠯᠡᠵᠡᠶ ᠃ ᠲᠠᠷᠠᠭᠠᠴᠢ ᠶᠢᠨ ᠠᠯᠬᠤᠮ ᠳᠤ᠂ ᠬᠤᠶᠠᠷᠬᠤᠳᠳᠤᠭ ᠶᠢᠨ ᠬᠢᠨ ᠬᠥᠳᠡᠭᠡ ᠲᠣᠰᠬᠤᠨ ᠤ ᠵᠠᠮ ᠳᠠᠭᠠᠤ ᠶᠢᠨ ᠣᠷᠴᠢᠨ ᠠᠬᠤᠶ ᠶᠢ ᠴᠡᠭᠴᠡᠯᠡᠨ ᠵᠠᠰᠠᠬᠤ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠣᠷᠴᠢᠨ ᠠᠬᠤᠶ ᠶᠢ ᠴᠡᠭᠴᠡᠯᠡᠨ ᠵᠠᠰᠠᠬᠤ ᠠᠵᠢᠯ ᠢ ᠵᠠᠮ ᠤᠨ ᠬᠤᠶᠠᠷ ᠲᠠᠯ᠎ᠠ ᠳᠠᠰᠢ ᠥᠷᠭᠡᠳᠬᠡᠵᠦ᠂ ᠬᠤᠲᠠ ᠶᠢᠨ ᠦᠵᠡᠮᠵᠢ ᠣᠷᠴᠢᠨ ᠠᠬᠤᠶ ᠶᠢᠨ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠠᠵᠢᠯ ᠢ ᠲᠠᠰᠤᠷᠠᠯᠲᠠ ᠥᠬᠡᠶ ᠰᠢᠨ᠎ᠡ ᠳᠡᠭᠲᠡᠷ ᠲᠤ ᠭᠠᠷᠭᠠᠨ᠎ᠠ    
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号