︽ᠵᠢᠦ ᠶᠤᠸᠠᠨ ᠲᠣᠭᠤᠷᠢᠭ ᠤᠨ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶᠎ ᠶᠢᠨ ᠦᠢᠯᠡᠰ ᠤᠨ ᠬᠥᠭᠵᠢᠯᠲᠡ ᠶᠢ ᠠᠬᠢᠭᠤᠯᠬᠤ ᠲᠤᠬᠠᠶ ᠬᠡᠷᠡᠭᠵᠢᠭᠦᠯᠬᠦ ᠰᠠᠨᠠᠯ︾᠎ ᠢ ᠳᠠᠷᠤᠮᠠᠯᠯᠠᠨ ᠲᠠᠷᠬᠠᠭᠠᠭᠰᠠᠨ ᠲᠤᠬᠠᠶ ᠵᠢᠦ ᠶᠤᠸᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2023/6/26
 ᠵᠢᠦ ᠶᠤᠸᠠᠨ ᠲᠣᠭᠤᠷᠢᠭ ᠤᠨ ᠬᠢᠲᠠᠳ ᠡᠮ ᠡᠮᠨᠡᠯᠭᠡ ᠮᠣᠩᠭᠤᠯ ᠡᠮ ᠡᠮᠨᠡᠯᠭᠡ ᠶᠢᠨ ᠦᠢᠯᠡᠰ ᠤᠨ ᠬᠥᠭᠵᠢᠯᠲᠡ ᠶᠢ ᠠᠬᠢᠭᠤᠯᠬᠤ ᠲᠤᠬᠠᠶ ᠬᠡᠷᠡᠭᠵᠢᠭᠦᠯᠬᠦ ᠰᠠᠨᠠᠯ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ    ᠭᠠᠷᠴᠠᠭ1 ᠦᠨᠳᠦᠰᠦᠨ ᠪᠠᠶᠢᠳᠠᠯ2 ᠶᠡᠷᠦᠩᠬᠡᠶ ᠱᠠᠭᠠᠷᠳᠠᠯᠭ᠎ᠠ3 ᠬᠢᠲᠠᠳ ᠡᠮ ᠡᠮᠨᠡᠯᠭᠡ ᠶᠢᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠦᠨ᠎ᠡ4 ︽ᠨᠠᠷᠠᠲᠤ ᠡᠮᠨᠡᠯᠭᠡ ᠶᠢᠨ ᠬᠤᠷᠢᠶ᠎ᠠ᠂ ᠨᠠᠷᠠᠲᠤ ᠡᠮᠨᠡᠯᠭᠡ ᠶᠢᠨ ᠰᠠᠯᠠᠭ᠎ᠠ᠂ ᠨᠠᠷᠠᠲᠤ ᠡᠮᠴᠢ︾᠎ ᠶᠢᠨ ᠪᠠᠶᠢᠯᠳᠤᠬᠤ ᠪᠣᠳᠤᠯᠭ᠎ᠠ ᠶᠢ ᠬᠡᠷᠡᠭᠵᠢᠭᠦᠯᠦᠨ᠎ᠡ5 ᠬᠢᠲᠠᠳ ᠡᠮ ᠡᠮᠨᠡᠯᠭᠡ ᠶᠢᠨ ᠵᠠᠯᠭᠠᠮᠵᠢᠯᠠᠬᠤ ᠪᠠᠨ ᠰᠢᠨ᠎ᠡ ᠶᠢ ᠡᠭᠦᠳᠬᠦ ᠶᠢ ᠠᠬᠢᠭᠤᠯᠤᠨ᠎ᠠ6 ᠬᠢᠲᠠᠳ ᠡᠮ ᠡᠮᠨᠡᠯᠭᠡ ᠶᠢᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠨ᠋ᠬᠠᠳᠭᠠᠨ᠎ᠠ7 ᠬᠢᠲᠠᠳ ᠡᠮ ᠡᠮᠨᠡᠯᠭᠡ ᠶᠢᠨ ᠶᠠᠰᠤ ᠴᠢᠨᠠᠷ ᠬᠠᠮᠢᠶᠠᠷᠤᠯᠲᠠ ᠶᠢ ᠴᠢᠨ᠋ᠬᠠᠳᠭᠠᠨ᠎ᠠ8 ᠬᠢᠲᠠᠳ ᠡᠮ ᠡᠮᠨᠡᠯᠭᠡ ᠶᠢᠨ ᠰᠣᠶᠣᠯ ᠢ ᠪᠠᠳᠠᠷᠠᠭᠤᠯᠤᠨ᠎ᠠ9 ᠬᠢᠲᠠᠳ ᠡᠮ ᠡᠮᠨᠡᠯᠭᠡ ᠶᠢᠨ ᠬᠦᠭᠵᠢᠯᠲᠡ ᠳᠤ ᠰᠠᠶᠢᠨ ᠨᠦᠬᠦᠴᠡᠯ ᠪᠦᠷᠢᠯᠳᠦᠭᠦᠯᠵᠦ ᠥᠭᠭᠦᠨ᠎ᠡ1    ᠦᠨᠳᠦᠰᠦᠨ ᠪᠠᠶᠢᠳᠠᠯ ᠠᠬᠤᠶ ᠪᠠᠶᠢᠳᠠᠯ    ᠮᠠᠨ ᠤ ᠲᠣᠭᠤᠷᠢᠭ ᠤᠨ ᠬᠢᠲᠠᠳ ᠡᠮ ᠡᠮᠨᠡᠯᠭᠡ ᠶᠢᠨ ᠦᠢᠯᠡᠰ ᠤᠨ ᠥᠭᠡᠷᠡᠴᠢᠯᠡᠯᠲᠡ ᠬᠥᠭᠵᠢᠯᠲᠡ ᠶᠢᠨ ᠠᠯᠬᠤᠴᠠ ᠶᠢ ᠤᠯᠠᠮ ᠨᠢᠭᠡ ᠠᠯᠬᠤᠮ ᠬᠤᠷᠳᠤᠳᠬᠠᠨ᠂ ᠬᠢᠲᠠᠳ ᠡᠮ ᠡᠮᠨᠡᠯᠭᠡ ᠶᠢᠨ ᠦᠢᠯᠡᠰ ᠤᠨ ᠠᠷᠠᠳ ᠲᠦᠮᠡᠨ ᠤ ᠡᠷᠡᠭᠦᠯ ᠮᠡᠨᠳᠦ ᠳᠤ ᠨᠠᠩ ᠰᠠᠶᠢᠨ ᠦᠢᠯᠡᠴᠢᠯᠡᠬᠦ ᠶᠢ ᠠᠬᠢᠭᠤᠯᠬᠤ ᠶᠢᠨ ᠳᠥᠯᠦᠭᠡ ︽ᠲᠥᠷᠥ ᠶᠢᠨ ᠶᠠᠪᠤᠳᠠᠯ ᠤᠨ ᠬᠤᠷᠢᠶᠠᠨ ᠤ ᠬᠢᠲᠠᠳ ᠡᠮ ᠡᠮᠨᠡᠯᠭᠡ ᠶᠢᠨ ᠦᠢᠯᠡᠰ ᠤᠨ ᠬᠥᠭᠵᠢᠯᠲᠡ ᠶᠢ ᠲᠡᠳᠬᠦᠨ ᠠᠬᠢᠭᠤᠯᠬᠤ ᠲᠤᠬᠠᠶ  ᠰᠠᠨᠠᠯ ᠤᠳ ︾ ︵ᠲᠥᠷᠥ ᠶᠢᠨ ᠶᠠᠪᠤᠳᠠᠯ ᠤᠨ ᠬᠤᠷᠢᠶᠠᠨ ᠤ ᠲᠠᠷᠬᠠᠭᠠᠭᠰᠠᠨ︹ 2009︺22 ᠳ᠋ᠤᠭᠠᠷ ᠲᠣᠭᠠᠲᠤ︶᠎  ᠲᠣᠭᠲᠠᠭᠠᠯ ᠢ ᠦᠨᠳᠦᠰᠦᠯᠡᠨ ︽ᠡᠮᠴᠢ ᠪᠠ ᠡᠪᠡᠳᠴᠢᠲᠡᠨ ᠤ ᠡᠶ᠎ᠡ ᠵᠣᠬᠢᠴᠠᠯ ᠢ ᠪᠠᠳᠠᠷᠠᠭᠤᠯᠬᠤ᠂ ᠪᠡᠶ᠎ᠡ ᠪᠠᠨ ᠪᠠᠷᠢᠵᠤ ᠦᠢᠯᠡᠰ ᠢ ᠰᠠᠶᠢᠵᠢᠷᠠᠭᠤᠯᠬᠤ᠂ ᠬᠥᠮᠦᠨ ᠢ ᠬᠥᠮᠦᠵᠢᠭᠦᠯᠵᠦ ᠰᠤᠷᠲᠠᠯ ᠢ ᠲᠥᠪ ᠪᠣᠯᠭᠠᠬᠤ︾ ᠵᠣᠷᠢᠯᠲᠠ ᠶᠢ ᠦᠨᠳᠦᠰᠦᠯᠡᠨ᠂ ᠮᠠᠨ ᠤ ᠲᠣᠭᠤᠷᠢᠭ ᠤᠨ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠲᠣᠰ ᠬᠡᠷᠡᠭᠵᠢᠭᠦᠯᠬᠦ ᠰᠠᠨᠠᠯ ᠢ ᠲᠣᠭᠲᠠᠭᠠᠪᠠ᠃2    ᠶᠡᠷᠦᠩᠬᠡᠶ ᠱᠠᠭᠠᠷᠳᠠᠯᠭ᠎ᠠ ︵1︶ ᠵᠢᠯᠣᠭᠤᠳᠬᠤ ᠦᠵᠡᠯ ᠰᠠᠨᠠᠭ᠎ᠠ    ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠨ᠂ ᠬᠢᠲᠠᠳ ᠡᠮ ᠡᠮᠨᠡᠯᠭᠡ ᠶᠢᠨ ᠬᠥᠭᠵᠢᠯᠲᠡ ᠶᠢ ᠶᠡᠬᠡᠪᠡᠷ ᠲᠡᠳᠬᠦᠵᠦ᠂ ᠠᠷᠠᠳ ᠤᠯᠠᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠡᠮ ᠡᠮᠨᠡᠯᠭᠡ ᠡᠷᠡᠭᠦᠯ ᠮᠡᠨᠳᠤ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃ ︵2︶ ᠭᠤᠣᠯ ᠬᠠᠷᠠᠯᠲᠠ    5 ᠵᠢᠯ ᠣᠷᠴᠢᠮ ᠢᠶᠠᠷ ᠳᠠᠮᠵᠢᠭᠤᠯᠤᠨ᠂ ᠪᠠᠶᠢᠷᠢᠰᠢᠯ ᠨᠢ ᠵᠦᠶ ᠵᠣᠬᠢᠰᠲᠠᠶ᠂ ᠲᠡᠷᠢᠭᠦᠨ ᠤ ᠮᠡᠷᠭᠡᠵᠢᠯ ᠲᠠᠢ ᠬᠢᠲᠠᠳ ᠡᠮ ᠡᠮᠨᠡᠯᠭᠡ ᠶᠢᠨ ᠡᠮᠴᠢᠯᠡᠭᠡᠨ ᠤ ᠣᠷᠴᠢᠨ ᠲᠣᠭᠤᠷᠢᠨ ᠢ ᠪᠠᠶᠢᠭᠤᠯᠵᠤ᠂ ᠬᠢᠲᠠᠳ ᠡᠮ ᠡᠮᠨᠡᠯᠭᠡ ᠶᠢᠨ ᠦᠢᠯᠡᠴᠢᠯᠡᠭᠡᠨ ᠤ ᠰᠢᠰᠲ᠋ᠧᠮᠵᠢ ᠶᠢ ᠲᠠᠰᠤᠷᠠᠯᠲᠠ ᠥᠬᠡᠶ ᠲᠡᠭᠦᠯᠳᠡᠷᠵᠢᠭᠦᠯᠦᠨ᠎ᠡ᠃3 ᠬᠢᠲᠠᠳ ᠡᠮ ᠡᠮᠨᠡᠯᠭᠡ ᠶᠢᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠦᠨ᠎ᠡ    ᠬᠢᠲᠠᠳ ᠡᠮ ᠡᠮᠨᠡᠯᠭᠡ ᠶᠢᠨ ᠪᠠᠶᠢᠭᠤᠯᠤᠮᠵᠢ ᠶᠢᠨ ᠪᠠᠶᠢᠷᠢᠯᠠᠭᠤᠯᠤᠯᠲᠠ ᠶᠢ ᠰᠢᠯᠢᠳᠡᠭᠵᠢᠭᠦᠯᠦᠨ᠎ᠡ   ᠬᠢᠲᠠᠳ ᠡᠮ ᠡᠮᠨᠡᠯᠭᠡ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ ᠪᠠᠶᠢᠭᠤᠯᠤᠯᠲᠠ ᠶᠢ ᠣᠷᠣᠨ ᠪᠦᠰᠡ ᠶᠢᠨ ᠡᠷᠡᠭᠦᠯ ᠬᠠᠮᠠᠭᠠᠯᠠᠯ ᠤᠨ ᠬᠥᠭᠵᠢᠯᠲᠡ ᠶᠢᠨ ᠶᠡᠷᠦᠩᠬᠡᠶ ᠲᠥᠯᠥᠪᠵᠢᠭᠦᠯᠭᠡ ᠳᠤ ᠣᠷᠣᠭᠤᠯᠵᠤ ᠬᠢᠲᠠᠳ ᠡᠮ ᠡᠮᠨᠡᠯᠭᠡ ᠶᠢᠨ ᠦᠢᠯᠡᠴᠢᠯᠡᠭᠡᠨ ᠤ ᠡᠬᠢ ᠪᠠᠶᠠᠯᠢᠭ ᠢ ᠵᠣᠬᠢᠰᠲᠠᠢ ᠲᠣᠬᠢᠷᠠᠭᠤᠯᠤᠨ᠎ᠠ᠃    ᠬᠢᠲᠠᠳ ᠡᠮᠨᠡᠯᠭᠡ ᠶᠢᠨ ᠬᠤᠷᠢᠶᠠᠨ ᠤ ᠰᠠᠭᠤᠷᠢ ᠲᠦᠬᠦᠭᠡᠷᠥᠮᠵᠢ ᠪᠠᠨ ᠠᠭᠤᠯᠤᠭᠳᠠᠬᠤᠨ ᠤ ᠪᠠᠶᠢᠭᠤᠯᠤᠯᠲᠠ ᠶᠢ ᠲᠦᠷᠭᠡᠳᠭᠡᠨ᠎ᠡ   (1)ᠰᠣᠶᠣᠯ ᠤᠨ ᠬᠦᠷᠢᠶᠡᠯᠡᠩ ᠪᠠᠶᠢᠭᠤᠯᠬᠤ   (2) ᠰᠢᠨᠵᠢᠯᠡᠬᠦ ᠤᠬᠠᠭᠠᠨ ᠰᠤᠷᠭᠠᠨ ᠬᠥᠮᠦᠵᠢᠯ ᠢᠶᠠᠷ ᠬᠦᠷᠢᠶᠡᠯᠡᠩ ᠢ ᠮᠠᠨᠳᠤᠭᠤᠯᠬᠤ   (3)ᠮᠡᠷᠭᠡᠵᠢᠯ ᠢᠶᠠᠷ ᠬᠦᠴᠦᠷᠬᠡᠭ ᠬᠦᠷᠢᠶᠡᠯᠡᠩ ᠪᠣᠯᠭᠠᠨ᠎ᠠ    ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶᠠᠨ ᠤ ᠬᠢᠲᠠᠳ ᠡᠮᠨᠡᠯᠭᠡ ᠶᠢᠨ ᠰᠠᠯᠠᠭ᠎ᠠ ᠶᠢᠨ ᠪᠠᠶᠢᠭᠤᠯᠤᠯᠲᠠ ᠶᠢ ᠴᠢᠩᠭᠡᠳ᠋ᠭᠠᠨ᠎ᠠ    ᠡᠯ᠎ᠡ ᠱᠠᠲᠤᠨ ᠤ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠶᠢ ᠬᠥᠲᠥᠯᠦᠨ ᠵᠢᠯᠣᠭᠤᠳᠴᠤ ᠪᠠᠶᠢᠭᠠᠳ ᠬᠢᠲᠠᠳ ᠡᠮ ᠡᠮᠨᠡᠯᠭᠡ ᠪᠠ ᠬᠢᠲᠠᠳ ᠧᠦ᠋ᠷᠣᠫᠠ ᠡᠮᠨᠡᠯᠭᠡ ᠶᠢ ᠤᠶᠠᠯᠳᠤᠭᠤᠯᠬᠤ ᠠᠵᠢᠯ ᠢ ᠴᠢᠬᠤᠯᠠᠴᠢᠯᠠᠵᠤ ᠬᠢᠲᠠᠳ ᠡᠮ ᠡᠮᠨᠡᠯᠭᠡ ᠶᠢᠨ ᠦᠢᠯᠡᠴᠢᠯᠡᠭᠡ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ ᠦᠢᠯᠡᠴᠢᠯᠡᠭᠡ ᠶᠢ ᠴᠢᠩᠭᠠᠳᠬᠠᠨ᠎ᠠ    ᠬᠢᠲᠠᠳ ᠡᠮ ᠡᠮᠨᠡᠯᠭᠡ ᠶᠢᠨ ᠦᠢᠯᠡᠴᠢᠯᠡᠭᠡ ᠪᠠ ᠰᠢᠨᠵᠢᠯᠡᠬᠦ ᠤᠬᠠᠭᠠᠨ ᠤ ᠮᠡᠳᠡᠯᠭᠡ ᠶᠢ ᠬᠥᠳᠡᠭᠡ ᠲᠣᠰᠬᠤᠨ᠂ ᠨᠡᠶᠢᠭᠡᠮ ᠲᠣᠭᠤᠷᠢᠭ᠂ ᠬᠡᠷ ᠪᠦᠯᠢ ᠳᠤ ᠣᠷᠣᠭᠤᠯᠬᠤ ᠶᠢ ᠠᠬᠢᠭᠤᠯᠤᠨ᠎ᠠ᠃ᠬᠢᠲᠠᠳ ᠡᠮᠨᠡᠯᠭᠡ ᠶᠢᠨ ᠰᠡᠷᠭᠡᠢᠯᠡᠬᠦ ᠡᠷᠡᠭᠦᠯᠵᠢᠯ ᠤᠨ ᠦᠢᠯᠡᠴᠢᠯᠡᠭᠡ ᠶᠢ ᠬᠥᠭᠵᠢᠭᠦᠯᠦᠨ᠎ᠡ    ᠬᠢᠲᠠᠳ ᠡᠮᠨᠡᠯᠭᠡ ᠶᠢᠨ ᠤᠷᠢᠳᠴᠢᠯᠠᠨ ᠰᠡᠷᠭᠡᠶᠢᠯᠡᠬᠦ ᠡᠷᠡᠭᠦᠯᠵᠢᠯ ᠤᠨ ᠣᠨᠴᠠᠯᠢᠭ ᠤᠨ ᠳᠠᠪᠠᠭᠤᠯᠢᠭ ᠢ ᠭᠦᠢᠴᠡᠳ ᠪᠠᠳᠠᠷᠠᠭᠤᠯᠤᠨ᠂ ᠬᠢᠲᠠᠳ ᠡᠮ ᠡᠮᠨᠡᠯᠭᠡ ᠶᠢᠨ ᠦᠢᠯᠡᠴᠢᠯᠡᠭᠡᠨ ᠢ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠷᠥᠯ ᠵᠦᠢᠯ ᠳᠤ ᠣᠷᠣᠭᠤᠯᠵᠤ᠂ ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠬᠦ ᠪᠠ ᠬᠢᠵᠠᠭᠠᠷᠯᠠᠬᠤ ᠳᠤᠮᠳᠠ ᠬᠢᠲᠠᠳ ᠡᠮ ᠡᠮᠨᠡᠯᠭᠡ ᠶᠢᠨ ᠠᠷᠭ᠎ᠠ ᠪᠠ ᠮᠡᠷᠭᠡᠵᠢᠯ ᠢ ᠢᠳᠡᠪᠬᠢᠲᠡᠶ ᠬᠡᠷᠡᠭᠯᠡᠨ᠂ ︽ᠡᠪᠡᠳᠴᠢᠨ ᠠᠴᠠ ᠡᠮᠦᠨ᠎ᠡ ᠡᠪᠡᠳᠴᠢᠨ ᠢ ᠵᠠᠰᠠᠬᠤ︾ ᠠᠵᠢᠯ ᠢ ᠥᠷᠨᠢᠭᠦᠯᠦᠨ᠎ᠡ᠃4 ︽ᠨᠠᠷᠠᠲᠤ ᠡᠮᠨᠡᠯᠭᠡ ᠶᠢᠨ ᠬᠤᠷᠢᠶ᠎ᠠ᠂ ᠨᠠᠷᠠᠲᠤ ᠡᠮᠨᠡᠯᠭᠡ ᠶᠢᠨ ᠰᠠᠯᠠᠭ᠎ᠠ᠂ ᠨᠠᠷᠠᠲᠤ ᠡᠮᠴᠢ︾᠎ ᠶᠢᠨ ᠪᠠᠶᠢᠯᠳᠤᠬᠤ ᠪᠣᠳᠤᠯᠭ᠎ᠠ ᠶᠢ ᠬᠡᠷᠡᠭᠵᠢᠭᠦᠯᠦᠨ᠎ᠡ    ᠬᠢᠲᠠᠳ ᠡᠮᠨᠡᠯᠭᠡ ᠶᠢᠨ ︽ᠨᠡᠷᠡᠲᠦ ᠡᠮᠨᠡᠯᠭᠡ ᠶᠢᠨ ᠬᠤᠷᠢᠶ᠎ᠠ︾᠎ ᠶᠢ ᠪᠠᠶᠢᠭᠤᠯᠤᠨ᠎ᠠ    ᠬᠢᠲᠠᠳ ᠡᠮᠨᠡᠯᠭᠡ ᠶᠢᠨ ︽ᠨᠡᠷᠡᠲᠦ ᠡᠮᠨᠡᠯᠭᠡ ᠶᠢᠨ ᠬᠤᠷᠢᠶ᠎ᠠ︾᠎ ᠶᠢ ᠡᠭᠦᠳᠦᠨ ᠪᠠᠶᠢᠭᠤᠯᠬᠤ ᠳᠤ ᠲᠣᠭᠤᠷᠢᠭ ᠤᠨ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ ᠪᠠᠷ ᠰᠠᠭᠤᠷᠢ ᠪᠣᠯᠭᠠᠵᠤ᠂ ᠵᠢᠤ ᠶᠤᠸᠠᠨ ᠲᠣᠭᠤᠷᠢᠭ ᠤᠨ ᠶᠡᠷᠦᠩᠬᠡᠶ ᠡᠮᠨᠡᠯᠭᠡ ᠶᠢᠨ ᠬᠤᠷᠢᠶ᠎ᠠ ᠶᠢ ᠪᠠᠶᠢᠭᠤᠯᠵᠤ᠂ ᠡᠮᠴᠢᠯᠡᠭᠡᠨ ᠤ ᠪᠦᠯᠦᠭᠯᠡᠯ ᠢ ᠲᠦᠷᠦᠭᠦᠯᠡᠨ ᠪᠠᠶᠢᠭᠤᠯᠵᠤ᠂ ᠦᠨᠳᠦᠰᠦᠨ ᠨᠥᠬᠦᠴᠡᠯ ᠢ ᠰᠠᠶᠢᠵᠢᠷᠠᠭᠤᠯᠬᠤ᠂ ᠠᠭᠤᠯᠤᠭᠳᠠᠬᠤᠨ ᠤ ᠪᠠᠶᠢᠭᠤᠯᠤᠯᠲᠠ ᠶᠢ ᠴᠢᠩᠭᠠᠳᠬᠠᠬᠤ ᠪᠠᠷ ᠳᠠᠮᠵᠢᠭᠤᠯᠤᠨ ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠢ ᠲᠡᠳᠡᠨ ᠠᠪᠴᠢᠷᠠᠵᠤ᠂ ᠨᠢᠭᠡ ᠪᠦᠯᠦᠭ ᠦᠢᠯᠡᠴᠢᠯᠡᠭᠡᠨ ᠤ ᠴᠢᠳᠠᠮᠵᠢ ᠨᠢ ᠪᠦᠷᠢᠨ ᠲᠡᠭᠦᠯᠳᠡᠷ᠂ ᠡᠮᠴᠢᠯᠡᠭᠡᠨ ᠤ ᠦᠷ᠎ᠡ ᠠᠰᠢᠭ ᠨᠢ ᠢᠯᠡᠷᠬᠡᠶ᠂ ᠨᠡᠶᠢᠭᠡᠮ ᠤᠨ ᠨᠥᠯᠥᠭᠡ ᠨᠢ ᠥᠷᠭᠡᠨ ᠳᠡᠯᠭᠡᠷ᠂ ᠬᠢᠲᠠᠳ ᠡᠮᠨᠡᠯᠭᠡ ᠶᠢᠨ ᠣᠨᠴᠠᠯᠢᠭ ᠢᠶᠠᠷ ᠲᠣᠪᠤᠶᠢᠮ᠎ᠠ ᠣᠳᠣᠬᠢᠴᠢᠯᠠᠭᠰᠠᠨ ᠶᠡᠷᠦᠩᠬᠡᠶᠢᠯᠡᠭᠰᠡᠨ ᠴᠢᠨᠠᠷᠲᠠᠶ ᠬᠢᠲᠠᠳ ᠡᠮᠨᠡᠯᠭᠡ ᠶᠢᠨ ᠬᠤᠷᠢᠶ᠎ᠠ ᠶᠢ ᠪᠣᠶ ᠪᠣᠯᠭᠠᠬᠤ ᠶᠢᠨ ᠬᠠᠮᠲᠤ᠂ ᠲᠡᠳᠡᠨ ᠤ ᠵᠢᠱᠢᠶ᠎ᠡ ᠦᠵᠡᠭᠦᠯᠦᠨ ᠳᠠᠶᠢᠴᠢᠯᠠᠬᠤ ᠦᠢᠯᠡᠳᠦᠯ ᠢ ᠨᠢ ᠭᠦᠢᠴᠡᠳ ᠪᠠᠳᠠᠷᠠᠭᠤᠯᠵᠤ᠂ ᠮᠠᠨ ᠤ ᠲᠣᠭᠤᠷᠢᠭ ᠤᠨ ᠬᠢᠲᠠᠳ ᠡᠮ ᠡᠮᠨᠡᠯᠭᠡ ᠶᠢᠨ ᠡᠮᠴᠢᠯᠡᠭᠡᠨ ᠤ ᠳᠠᠪᠠᠭᠤᠯᠢᠭ ᠢ ᠲᠠᠰᠤᠷᠠᠯᠲᠠ ᠥᠬᠡᠶ ᠴᠢᠩᠭᠠᠷᠠᠭᠤᠯᠤᠨ᠎ᠠ᠃ᠬᠢᠲᠠᠳ ᠡᠮᠨᠡᠯᠭᠡ ᠶᠢᠨ ︽ᠨᠡᠷᠡᠲᠦ ᠰᠠᠯᠠᠭ᠎ᠠ︾᠎ ᠶᠢ ᠪᠤᠶᠢᠵᠢᠭᠤᠯᠤᠨ᠎ᠠ    ᠬᠢᠲᠠᠳ ᠡᠮᠨᠡᠯᠭᠡ ᠶᠢᠨ ︽ᠨᠠᠷᠠᠲᠤ ᠰᠠᠯᠠᠭ᠎ᠠ︾᠎ ᠶᠢ ᠪᠤᠶᠢᠵᠢᠭᠤᠯᠵᠤ᠂ ᠬᠢᠲᠠᠳ ᠡᠮᠨᠡᠯᠭᠡ ᠶᠢᠨ ᠬᠤᠷᠢᠶ᠎ᠠ ᠶᠢᠨ ᠲᠣᠰ ᠪᠡᠶ᠎ᠡ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠤᠨ᠂ ᠬᠢᠲᠠᠳ ᠡᠮᠨᠡᠯᠭᠡ ᠶᠢᠨ ᠤᠨᠴᠠᠯᠢᠭᠳᠤ ᠲᠤᠰᠬᠠᠶ ᠰᠠᠯᠠᠭ᠎ᠠ ᠶᠢᠨ ᠲᠤᠰᠬᠠᠶ ᠡᠪᠡᠳᠴᠢᠨ ᠤ ᠪᠠᠶᠢᠭᠤᠯᠤᠯᠲᠠ ᠶᠢ ᠴᠢᠩᠭ᠎ᠠ ᠠᠳᠬᠤᠵᠤ᠂ ᠡᠮᠨᠡᠯᠭᠡ ᠶᠢᠨ ᠬᠤᠷᠢᠶ᠎ᠠ ᠶᠢᠨ ᠬᠢᠲᠠᠳ ᠡᠮ ᠡᠮᠨᠡᠯᠭᠡ ᠶᠢᠨ ᠬᠥᠭᠵᠢᠯᠲᠡ ᠶᠢᠨ ᠰᠠᠭᠤᠷᠢ ᠶᠢ ᠪᠠᠲᠤᠳᠬᠠᠨ᠎ᠠ᠃ ᠬᠡᠷᠦᠬᠦ ᠡᠪᠡᠳᠴᠢᠨ ᠤ ᠰᠠᠯᠠᠭ᠎ᠠ᠂ ᠡᠷᠡᠭᠦᠯᠵᠢᠭᠦᠯᠬᠦ ᠰᠠᠯᠠᠭ᠎ᠠ᠂ ᠮᠣᠩᠭᠤᠯ ᠡᠮᠨᠡᠯᠭᠡ ᠶᠢᠨ ᠰᠠᠯᠠᠭ᠎ᠠ ᠵᠡᠷᠭᠡ ᠭᠤᠤᠯᠳᠠᠯᠭ᠎ᠠ ᠲᠠᠢ ᠲᠤᠰᠬᠠᠶ ᠰᠠᠯᠠᠭ᠎ᠠ ᠶᠢᠨ ᠪᠥᠲᠥᠭᠡᠨ ᠪᠠᠶᠢᠭᠤᠯᠤᠯᠲᠠ ᠶᠢ ᠬᠦᠴᠦᠯᠡᠨ ᠰᠠᠶᠢᠲᠤᠷ ᠠᠳᠬᠤᠨ᠎ᠠ᠃ ᠡᠮᠴᠢᠯᠡᠭᠡᠨ ᠤ ᠰᠠᠯᠠᠭ᠎ᠠ ᠲᠠᠰᠤᠭ ᠢ ᠲᠣᠬᠢᠷᠠᠭᠤᠯᠬᠤ ᠳᠠᠭᠠᠨ ᠬᠢᠲᠠᠳ ᠡᠮᠨᠡᠯᠭᠡ ᠶᠢᠨ ᠣᠨᠴᠠᠯᠢᠭ ᠢ ᠭᠦᠢᠴᠡᠳ ᠢᠯᠡᠷᠡᠭᠦᠯᠵᠦ᠂ ᠬᠢᠲᠠᠳ ᠡᠮᠨᠡᠯᠭᠡ ᠶᠢᠨ ᠣᠨᠴᠠᠯᠢᠭ ᠲᠠᠢ ᠡᠭᠦᠳᠡᠨ ᠡᠮᠨᠡᠯᠭᠡ ᠶᠢᠨ ᠪᠥᠲᠥᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠨ᠎ᠠ᠃︽ᠨᠠᠷᠠᠲᠤ ᠬᠢᠲᠠᠳ ᠡᠮᠨᠡᠯᠭᠡ ᠶᠢᠨ ᠡᠮᠴᠢ︾᠎ ᠶᠢ ᠬᠥᠮᠦᠵᠢᠭᠦᠯᠬᠦ ᠪᠠ ᠰᠣᠩᠭᠤᠨ ᠳᠡᠪᠰᠢᠭᠦᠯᠦᠨ᠎ᠡ    ︽ᠨᠡᠷᠡᠳᠤ ᠬᠢᠲᠠᠳ ᠡᠮᠨᠡᠯᠭᠡ︾᠎ ᠶᠢ ᠬᠥᠮᠦᠵᠢᠭᠦᠯᠦᠨ ᠰᠢᠯᠢᠨ ᠰᠣᠩᠭᠤᠵᠤ᠂ ᠬᠢᠲᠠᠳ ᠡᠮ ᠡᠮᠨᠡᠯᠭᠡ ᠶᠢᠨ ᠰᠢᠨᠵᠢᠯᠡᠭᠡᠨ ᠤ ᠰᠠᠯᠠᠭ᠎ᠠ ᠶᠢᠨ ᠲᠠᠭᠠᠭᠤᠯᠤᠬᠴᠢ ᠪᠠ ᠮᠡᠷᠭᠡᠵᠢᠯ ᠤᠨ ᠶᠠᠰᠤ ᠴᠢᠨᠠᠷ ᠢ ᠬᠥᠮᠦᠵᠢᠭᠦᠯᠬᠦ ᠲᠥᠯᠥᠪᠯᠡᠭᠡ ᠶᠢ ᠲᠣᠭᠲᠠᠭᠠᠨ ᠬᠡᠷᠡᠭᠵᠢᠭᠦᠯᠵᠦ᠂ ᠤᠯᠤᠰ ᠤᠨ ᠪᠠ ᠮᠤᠵᠢ ᠶᠢᠨ ᠬᠢᠲᠠᠳ ᠡᠮᠨᠡᠯᠭᠡ ᠶᠢᠨ ᠡᠮᠴᠢᠯᠡᠭᠡᠨ ᠤ ᠰᠢᠯᠢᠳᠡᠭ ᠴᠢᠳᠠᠪᠤᠷᠢᠲᠠᠨ ᠢ ᠰᠤᠳᠤᠯᠤᠨ ᠰᠤᠷᠤᠯᠴᠠᠬᠤ ᠵᠦᠢᠯᠡᠰ ᠢ ᠬᠡᠷᠡᠭᠵᠢᠭᠦᠯᠵᠦ᠂ ᠤᠯᠠᠨ ᠲᠡᠰ ᠳᠠᠪᠬᠤᠷᠭ᠎ᠠ ᠶᠢᠨ ᠬᠢᠲᠠᠳ ᠡᠮᠨᠡᠯᠭᠡ ᠶᠢᠨ ᠲᠤᠰᠬᠠᠶ ᠮᠡᠷᠭᠡᠵᠢᠯᠲᠡᠨ ᠤ ᠡᠷᠳᠡᠮ ᠰᠢᠨᠵᠢᠯᠡᠭᠡᠨ ᠤ ᠲᠤᠷᠰᠢᠯᠭ᠎ᠠ ᠶᠢ ᠵᠠᠯᠭᠠᠮᠵᠢᠯᠠᠬᠤ ᠠᠵᠢᠯ ᠢ ᠥᠷᠨᠢᠭᠦᠯᠵᠦ᠂ ᠨᠢᠭᠡ ᠪᠦᠯᠦᠭ ᠬᠢᠲᠠᠳ ᠡᠮ ᠡᠮᠨᠡᠯᠭᠡ ᠶᠢᠨ ᠰᠢᠨᠵᠢᠯᠡᠭᠡᠨ ᠤ ᠰᠠᠯᠠᠭ᠎ᠠ ᠶᠢᠨ ᠲᠠᠭᠠᠭᠤᠯᠤᠬᠴᠢ ᠶᠢ ᠬᠥᠮᠦᠵᠢᠭᠦᠯᠦᠨ᠎ᠡ᠃5 ᠬᠢᠲᠠᠳ ᠡᠮ ᠡᠮᠨᠡᠯᠭᠡ ᠶᠢᠨ ᠵᠠᠯᠭᠠᠮᠵᠢᠯᠠᠬᠤ ᠪᠠᠨ ᠰᠢᠨ᠎ᠡ ᠶᠢ ᠡᠭᠦᠳᠬᠦ ᠶᠢ ᠠᠬᠢᠭᠤᠯᠤᠨ᠎ᠠ ︵1︶ ᠬᠢᠲᠠᠳ ᠡᠮ ᠡᠮᠨᠡᠯᠭᠡ ᠶᠢᠨ ᠵᠠᠯᠭᠠᠮᠵᠢᠯᠠᠬᠤ ᠠᠵᠢᠯ ᠢ ᠦᠨᠡᠨᠬᠦ ᠰᠠᠶᠢᠲᠤᠷ ᠬᠢᠬᠦ    ᠦᠶ᠎ᠡ ᠦᠶ᠎ᠡ ᠶᠢᠨ ᠡᠮᠴᠢ ᠨᠡᠷ ᠵᠢᠴᠢ ᠲᠡᠭᠦᠨ ᠤ ᠡᠷᠳᠡᠮ ᠰᠢᠨᠵᠢᠯᠡᠭᠡᠨ ᠤ ᠦᠵᠡᠯ ᠰᠠᠨᠠᠭ᠎ᠠ᠂ ᠮᠡᠷᠭᠡᠵᠢᠯ ᠤᠨ ᠠᠷᠭ᠎ᠠ᠂ ᠣᠨᠣᠰᠢᠯᠠᠨ ᠡᠮᠨᠡᠬᠦ ᠲᠤᠷᠰᠢᠯᠭ᠎ᠠ ᠶᠢ ᠡᠮᠬᠢᠳᠬᠡᠨ ᠰᠤᠳᠤᠯᠬᠤ ᠠᠵᠢᠯ ᠢ ᠴᠢᠩᠭᠠᠳᠬᠠᠨ᠎ᠠ᠃ ︵2︶ ᠬᠢᠲᠠᠳ ᠡᠮ ᠡᠮᠨᠡᠯᠭᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠳᠠᠪᠰᠢᠯᠲᠠ ᠪᠣᠯᠤᠨ ᠰᠢᠨ᠎ᠡ ᠶᠢ ᠡᠭᠦᠳᠬᠦ    ᠬᠢᠲᠠᠳ ᠡᠮ ᠡᠮᠨᠡᠯᠭᠡ ᠶᠢᠨ ᠵᠠᠯᠭᠠᠮᠵᠢᠯᠠᠯ ᠤᠨ ᠤᠨᠤᠯ᠂ ᠡᠮᠴᠢᠯᠡᠭᠡᠨ ᠤ ᠣᠨᠣᠰᠢᠯᠠᠨ ᠡᠮᠨᠡᠬᠦ ᠮᠡᠷᠭᠡᠵᠢᠯ ᠤᠨ ᠡᠮᠴᠢᠯᠡᠭᠡᠨ ᠤ ᠦᠷ᠎ᠡ ᠪᠦᠲᠦᠮᠵᠢ ᠶᠢᠨ ᠦᠨᠡᠯᠡᠯᠲᠡ ᠵᠡᠷᠭᠡ ᠶᠢ ᠭᠦᠨᠵᠡᠭᠡᠶ ᠰᠤᠳᠤᠯᠬᠤ ᠶᠢ ᠴᠢᠩᠭᠠᠳᠬᠠᠨ᠎ᠠ᠃6 ᠬᠢᠲᠠᠳ ᠡᠮ ᠡᠮᠨᠡᠯᠭᠡ ᠶᠢᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠨ᠋ᠬᠠᠳᠭᠠᠨ᠎ᠠ  ︵1︶ ᠬᠢᠲᠠᠳ ᠡᠮᠨᠡᠯᠭᠡ ᠶᠢᠨ ᠭᠤᠣᠯᠯᠠᠭᠴᠢ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠬᠤᠷᠳᠤᠳᠬᠠᠨ᠎ᠠ᠃ ︵2︶     ᠳᠡᠭᠡᠳᠦ ᠳᠡᠰ ᠤᠨ ᠴᠢᠳᠠᠪᠤᠷᠢᠲᠠᠨ ᠢ ᠢᠳᠡᠪᠬᠢᠲᠡᠢ ᠣᠷᠢᠨ ᠤᠷᠤᠭᠤᠯᠤᠨ᠎ᠠ᠃ ︵3︶ ᠬᠢᠲᠠᠳ ᠡᠮ ᠡᠮᠨᠡᠯᠭᠡ ᠶᠢᠨ ᠣᠨᠴᠠᠯᠢᠭᠲᠤ ᠳᠠᠪᠠᠭᠤᠯᠢᠭ ᠪᠠᠶᠢᠭᠤᠯᠤᠯᠲᠠ ᠶᠢ ᠠᠬᠢᠭᠤᠯᠤᠨ᠎ᠠ᠃7 ᠬᠢᠲᠠᠳ ᠡᠮ ᠡᠮᠨᠡᠯᠭᠡ ᠶᠢᠨ ᠶᠠᠰᠤ ᠴᠢᠨᠠᠷ ᠬᠠᠮᠢᠶᠠᠷᠤᠯᠲᠠ ᠶᠢ ᠴᠢᠨ᠋ᠬᠠᠳᠭᠠᠨ᠎ᠠ    ᠡᠮ ᠡᠮᠨᠡᠯᠭᠡ ᠡᠷᠡᠭᠦᠯ ᠬᠠᠮᠠᠭᠠᠯᠠᠯ ᠤᠨ ᠥᠭᠡᠷᠡᠴᠢᠯᠡᠯᠲᠡ ᠪᠣᠯᠤᠨ ᠡᠮᠨᠡᠯᠭᠡ ᠶᠢᠨ ᠬᠤᠷᠢᠶᠠᠨ ᠤ ᠠᠵᠢᠯ ᠤᠨ ᠪᠣᠳᠠᠲᠤ ᠪᠠᠢᠳᠠᠯ ᠲᠠᠢ ᠤᠶᠠᠯᠳᠤᠭᠤᠯᠤᠨ᠂ ᠡᠮᠨᠡᠯᠭᠡ ᠶᠢᠨ ᠬᠤᠷᠢᠶᠠᠨ ᠤ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠭᠠᠵᠤ᠂ ᠳᠦᠷᠢᠮ ᠤᠨ ᠪᠠᠢᠭᠤᠯᠤᠯᠲᠠ ᠶᠢ ᠴᠢᠩᠭᠠᠳᠭᠠᠨ᠂ ᠡᠮᠨᠡᠯᠭᠡ ᠶᠢᠨ ᠬᠤᠷᠢᠶᠠᠨ ᠤ ᠡᠯ᠎ᠡ ᠵᠦᠢᠯ ᠤᠨ ᠳᠦᠷᠢᠮ ᠲᠣᠭᠲᠠᠭᠠᠯ ᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠎ᠡ᠃    ︽ᠬᠢᠲᠠᠳ ᠡᠮᠨᠡᠯᠭᠡ ᠶᠢᠨ ᠬᠤᠷᠢᠶᠠᠨ ᠤ ᠡᠮᠴᠢᠯᠡᠭᠡᠨ ᠤ ᠲᠥᠬᠦᠭᠡᠷᠦᠮᠵᠢ ᠶᠢ ᠳᠣᠭᠢᠷᠠᠭᠤᠯᠬᠤ ᠪᠠᠷᠢᠮᠵᠢᠶ᠎ᠠ︾ ᠶᠣᠰᠣᠭᠠᠷ ᠬᠢᠲᠠᠳ ᠡᠮᠨᠡᠯᠭᠡ ᠶᠢᠨ ᠣᠨᠣᠰᠢᠯᠠᠨ ᠡᠮᠨᠡᠬᠦ ᠲᠥᠬᠦᠭᠡᠷᠦᠮᠵᠢ ᠲᠣᠨᠣᠭᠯᠠᠯ ᠤᠨ ᠡᠷᠴᠢᠮ ᠢ ᠴᠢᠩᠭᠠᠷᠠᠭᠤᠯᠤᠨ᠎ᠠ᠃     ᠬᠢᠲᠠᠳ ᠡᠮᠨᠡᠯᠭᠡ ᠶᠢᠨ ᠰᠤᠪᠢᠯᠠᠯᠲᠠ ᠶᠢᠨ ᠮᠡᠷᠭᠡᠵᠢᠯ ᠢ ᠢᠳᠡᠪᠬᠢᠲᠡᠶ ᠬᠡᠷᠡᠭᠯᠡᠵᠦ᠂ ᠴᠢᠨᠠᠷ ᠰᠠᠶᠢᠲᠠᠶ ᠰᠤᠪᠢᠯᠠᠯᠲᠠ ᠶᠢᠨ ᠦᠢᠯᠡᠴᠢᠯᠡᠭᠡ ᠶᠢ ᠪᠠᠶᠢᠭᠤᠯᠤᠨ᠎ᠠ᠃8 ᠬᠢᠲᠠᠳ ᠡᠮ ᠡᠮᠨᠡᠯᠭᠡ ᠶᠢᠨ ᠰᠣᠶᠣᠯ ᠢ ᠪᠠᠳᠠᠷᠠᠭᠤᠯᠤᠨ᠎ᠠ      ᠠᠵᠢᠯᠲᠠᠨ ᠠᠵᠢᠯᠴᠢᠨ ᠤ ᠦᠵᠡᠯ ᠰᠠᠨᠠᠭ᠎ᠠ ᠤᠯᠤᠰ ᠲᠦᠷᠦ ᠶᠢᠨ ᠬᠥᠮᠦᠵᠢᠯ ᠪᠠ ᠡᠮᠴᠢ ᠶᠢᠨ ᠮᠣᠷᠠᠯ ᠰᠤᠷᠲᠠᠯ ᠤᠨ ᠬᠥᠮᠦᠵᠢᠯ ᠢ ᠴᠢᠩᠭᠠᠳᠬᠠᠨ᠎ᠠ᠃    ᠴᠢᠨᠠᠷ ᠰᠠᠶᠢᠲᠠᠶ ᠦᠢᠯᠡᠴᠢᠯᠡᠭᠡ ᠶᠢ ᠭᠦᠨᠵᠡᠭᠡᠶ ᠥᠷᠨᠢᠭᠦᠯᠵᠦ᠂ ᠠᠮᠠᠯᠠᠯᠲᠠ ᠶᠢᠨ ᠦᠢᠯᠡᠴᠢᠯᠡᠭᠡ ᠪᠠ ᠠᠷᠠᠳ ᠲᠤ ᠲᠥᠬᠦᠮ ᠦᠵᠡᠭᠦᠯᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃    ᠬᠢᠲᠠᠳ ᠡᠮ ᠡᠮᠨᠡᠯᠭᠡ ᠶᠢᠨ ᠰᠣᠶᠣᠯ ᠤᠨ ᠪᠠᠶᠢᠭᠤᠯᠤᠯᠲᠠ ᠶᠢ ᠴᠢᠩᠭᠠᠳᠬᠠᠨ᠂ ᠡᠮᠴᠢᠯᠡᠭᠡᠨ ᠤ ᠪᠠᠶᠢᠭᠤᠯᠤᠮᠵᠢ ᠶᠢᠨ ᠣᠷᠴᠢᠨ ᠲᠣᠭᠤᠷᠢᠨ ᠲᠤ ᠬᠢᠲᠠᠳ ᠮᠣᠩᠭᠤᠯ ᠡᠮ ᠡᠮᠨᠡᠯᠭᠡ ᠶᠢᠨ ᠰᠣᠶᠣᠯ ᠢ ᠬᠠᠷᠠᠭᠤᠯᠤᠨ᠎ᠠ᠃9 ᠬᠢᠲᠠᠳ ᠡᠮ ᠡᠮᠨᠡᠯᠭᠡ ᠶᠢᠨ ᠬᠦᠭᠵᠢᠯᠲᠡ ᠳᠤ ᠰᠠᠶᠢᠨ ᠨᠦᠬᠦᠴᠡᠯ ᠪᠦᠷᠢᠯᠳᠦᠭᠦᠯᠵᠦ ᠥᠭᠭᠦᠨ᠎ᠡ ᠬᠢᠲᠠᠳ ᠡᠮ ᠡᠮᠨᠡᠯᠭᠡ ᠶᠢᠨ ᠠᠵᠢᠯ ᠢ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠨ᠎ᠠ    ᠨᠠᠮ ᠪᠠ ᠤᠯᠤᠰ ᠤᠨ ᠬᠢᠲᠠᠳ ᠡᠮ ᠡᠮᠨᠡᠯᠭᠡ ᠶᠢᠨ ᠠᠵᠢᠯ ᠤᠨ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠢᠲᠠᠳ ᠡᠮ ᠡᠮᠨᠡᠯᠭᠡ ᠶᠢᠨ ᠦᠢᠯᠡᠰ ᠢ ᠬᠠᠮᠠᠭᠠᠯᠠᠬᠤ᠂ ᠲᠡᠳᠬᠦᠨ ᠳᠡᠮᠵᠢᠬᠦ᠂ ᠬᠥᠭᠵᠢᠭᠦᠯᠬᠦ ᠲᠤᠰᠢᠶᠠᠯ ᠬᠠᠷᠢᠭᠤᠴᠠᠯᠭ᠎ᠠ ᠪᠠᠨ ᠬᠠᠤᠯᠢ ᠶᠣᠰᠣᠭᠠᠷ ᠦᠨᠡᠨ ᠬᠦ ᠭᠦᠢᠴᠡᠳᠬᠡᠨ᠎ᠡ᠃ᠬᠢᠲᠠᠳ ᠡᠮ ᠡᠮᠨᠡᠯᠭᠡ ᠶᠢᠨ ᠦᠢᠯᠡᠰ ᠲᠠᠬᠢ ᠣᠷᠣᠭᠤᠯᠤᠯᠲᠠ ᠪᠠᠨ ᠨᠡᠮᠡᠭᠳᠡᠭᠦᠯᠦᠨ᠎ᠡ᠃    ᠲᠣᠭᠲᠠᠪᠤᠷᠢᠲᠠᠶ ᠡᠳ᠋ ᠤᠨ ᠵᠠᠰᠠᠭ ᠤᠨ ᠣᠷᠣᠭᠤᠯᠤᠯᠲᠠ ᠶᠢᠨ ᠲᠣᠭᠲᠠᠴᠠ ᠶᠢ ᠪᠠᠶᠢᠭᠤᠯᠵᠤ᠂ ᠠᠯᠪᠠᠨ ᠠᠴᠠ ᠪᠠᠶᠢᠭᠤᠯᠤᠭᠰᠠᠨ ᠬᠢᠲᠠᠳ ᠡᠮᠨᠡᠯᠭᠡ ᠶᠢᠨ ᠬᠤᠷᠢᠶ᠎ᠠ ᠶᠢᠨ ᠣᠷᠣᠭᠤᠯᠤᠯᠲᠠ ᠳᠤ ᠬᠡᠯᠪᠠᠶᠢᠯᠭᠡᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠬᠢᠲᠠᠳ ᠡᠮ ᠡᠮᠨᠡᠯᠭᠡ ᠶᠢᠨ ᠲᠤᠬᠢᠷᠡᠬᠤ ᠮᠡᠷᠭᠡᠵᠢᠯ ᠬᠢᠭᠡᠳ ᠦᠢᠯᠡᠴᠢᠯᠡᠭᠡ ᠬᠠᠩᠭᠠᠬᠤ ᠶᠢ ᠵᠣᠷᠢᠭᠵᠢᠭᠤᠯᠤᠨ᠎ᠠ᠃ᠬᠢᠲᠠᠳ ᠡᠮ ᠡᠮᠨᠡᠯᠭᠡ ᠶᠢᠨ ᠦᠢᠯᠡᠰ ᠤᠨ ᠬᠠᠮᠢᠶᠠᠷᠤᠯᠲᠠ ᠶᠢᠨ ᠪᠠᠶᠢᠭᠤᠯᠤᠯ ᠢ ᠲᠡᠭᠦᠯᠳᠡᠷᠵᠢᠭᠦᠯᠦᠨ᠎ᠡ    ᠬᠤᠯᠪᠣᠭᠳᠠᠯ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠤᠯᠠᠮ ᠨᠢᠭᠡ ᠠᠯᠬᠤᠮ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠬᠠᠭᠤᠯᠬᠤ ᠡᠷᠴᠢᠮ ᠢᠶᠠᠨ ᠴᠢᠩᠭᠠᠷᠠᠭᠤᠯᠤᠨ᠂ ᠬᠢᠲᠠᠳ ᠡᠮ ᠡᠮᠨᠡᠯᠭᠡ ᠶᠢᠨ ᠦᠢᠯᠡᠰ ᠤᠨ ᠬᠥᠭᠵᠢᠯᠲᠡ ᠶᠢ ᠠᠬᠢᠭᠤᠯᠵᠤ᠂ ᠬᠢᠲᠠᠳ ᠡᠮ ᠡᠮᠨᠡᠯᠭᠡ ᠶᠢᠨ ᠦᠢᠯᠡᠰ ᠤᠨ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃    ᠬᠢᠲᠠᠳ ᠡᠮ ᠡᠮᠨᠡᠯᠭᠡ ᠶᠢᠨ ᠬᠦᠭᠵᠢᠯᠲᠡ ᠶᠢ ᠳᠡᠮᠵᠢᠬᠦ ᠲᠦᠷᠦ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠎ᠡ    ᠠᠵᠢᠯ ᠲᠥᠷᠥᠯ ᠤᠨ ᠣᠨᠴᠠᠯᠢᠭ ᠢ ᠦᠨᠳᠦᠰᠦᠯᠡᠨ᠂ ᠬᠢᠲᠠᠳ ᠡᠮ ᠡᠮᠨᠡᠯᠭᠡ ᠶᠢᠨ ᠦᠢᠯᠡᠰ ᠤᠨ ᠬᠥᠭᠵᠢᠯᠲᠡ ᠶᠢ ᠲᠡᠳᠬᠦᠬᠦ ᠪᠣᠳᠠᠲᠠᠶ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠰᠤᠳᠤᠯᠤᠨ ᠨᠠᠶᠢᠳᠠᠪᠤᠷᠢᠵᠢᠭᠤᠯᠵᠤ᠂ ᠡᠮᠴᠢᠯᠡᠭᠡᠨ ᠤ ᠪᠠᠲᠤᠯᠠᠭ᠎ᠠ ᠶᠢᠨ ᠰᠢᠰᠲ᠋ᠧᠮᠵᠢ ᠶᠢᠨ ᠪᠠᠶᠢᠭᠤᠯᠤᠯᠲᠠ ᠳᠤ᠂ ᠣᠯᠠᠨ ᠲᠦᠮᠡᠨ ᠤ ᠬᠡᠷᠡᠭᠯᠡᠬᠦ ᠳᠤ ᠠᠰᠢᠭᠲᠠᠶ ᠬᠢᠲᠠᠳ ᠡᠮ ᠡᠮᠨᠡᠯᠭᠡ ᠶᠢᠨ ᠲᠥᠷᠥᠯ ᠵᠦᠢᠯ ᠢ ᠦᠨᠳᠦᠰᠦᠨ ᠡᠮᠴᠢᠯᠡᠭᠡᠨ ᠤ ᠳᠠᠭᠠᠳᠬᠠᠯ ᠤᠨ ᠵᠠᠷᠤᠴᠠᠭᠤᠯᠭ᠎ᠠ ᠶᠢᠨ ᠬᠡᠪᠴᠢᠶᠡᠨ ᠳᠤ ᠣᠷᠣᠭᠤᠯᠤᠨ᠎ᠠ᠃   
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号