ᠵᠢᠦ ᠶᠤᠸᠠᠨ ᠲᠣᠭᠤᠷᠢᠭ ᠤᠨ ᠬᠢᠲᠠᠳ ᠡᠮ ᠡᠮᠨᠡᠯᠭᠡ ᠶᠢᠨ ᠠᠵᠢᠯ ᠤᠨ ᠬᠠᠮᠲᠤᠷᠠᠭᠰᠠᠨ ᠬᠤᠷᠠᠯ ᠤᠨ ᠳᠦᠷᠢᠮ ᠢ ᠪᠠᠶᠢᠭᠤᠯᠬᠤ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2023/6/27
ᠲᠣᠭᠲᠠᠭᠠᠭᠰᠠᠨ ᠠᠬᠤᠢ ᠪᠠᠶᠢᠳᠠᠯ   ᠨᠠᠮ ᠪᠠ ᠤᠯᠤᠰ ᠤᠨ ᠬᠢᠲᠠᠳ ᠡᠮ ᠡᠮᠨᠡᠯᠭᠡ ᠪᠠ ᠦᠨᠳᠦᠰᠦᠲᠡᠨ ᠤ ᠡᠮ ᠡᠮᠨᠡᠯᠭᠡ ᠶᠢᠨ ᠦᠢᠯᠡᠰ ᠤᠨ ᠬᠥᠭᠵᠢᠯᠲᠡ ᠶᠢ ᠲᠡᠳᠬᠦᠨ ᠳᠡᠮᠵᠢᠬᠦ ᠶᠡᠭᠡ ᠲᠥᠯᠥᠪ ᠴᠢᠭᠯᠡᠯᠲᠡ ᠶᠢ ᠲᠤᠤᠱᠯᠠᠭᠤᠯᠬᠤ ᠶᠢᠨ ᠲᠥᠯᠥᠭᠡ᠂ ︽ᠬᠢᠲᠠᠳ ᠡᠮ ᠡᠮᠨᠡᠯᠭᠡ ᠮᠣᠩᠭᠤᠯ ᠡᠮ ᠡᠮᠨᠡᠯᠭᠡ ᠶᠢ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠦᠨ ᠬᠥᠭᠵᠢᠭᠦᠯᠬᠦ ᠶᠢ ᠠᠬᠢᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠡᠷᠡᠭᠵᠢᠭᠦᠯᠬᠦ ᠰᠠᠨᠠᠯ ︽ᠬᠢᠲᠠᠳ ᠡᠮ ᠡᠮᠨᠡᠯᠭᠡ ᠶᠢ ᠠᠬᠢᠭᠤᠯᠬᠤ ᠲᠤᠬᠠᠶ ᠮᠣᠩᠭᠤᠯ ᠡᠮ ᠡᠮᠨᠡᠯᠭᠡ ᠶᠢᠨ ᠤᠨᠴᠠᠯᠢᠭᠳᠤ ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠨᠦᠭᠦᠳ ᠤᠨ ᠲᠤᠬᠠᠶ ᠮᠡᠳᠡᠭᠳᠡᠯ︾᠂ ︽ᠪᠤᠭᠤᠲᠤ ᠬᠤᠲᠠ ᠶᠢᠨ ᠮᠣᠩᠭᠤᠯ ᠡᠮ ᠡᠮᠨᠡᠯᠭᠡ ᠬᠢᠲᠠᠳ ᠡᠮ ᠡᠮᠨᠡᠯᠭᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠬᠥᠭᠵᠢᠯᠲᠡ ᠶᠢᠨ ᠲᠤᠬᠠᠶ ᠪᠤᠭᠤᠲᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠡᠷᠡᠭᠵᠢᠭᠦᠯᠬᠦ ᠰᠠᠨᠠᠯ︾ ︵ᠪᠣᠭᠤᠳᠤ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠤᠨ ᠲᠠᠷᠬᠠᠭᠠᠭᠰᠠᠨ︹ 2018︺ 48 ᠳ᠋ᠤᠭᠠᠷ ᠲᠣᠭᠠᠲᠤ︶ ︽ᠪᠤᠭᠤᠲᠤ ᠬᠤᠲᠠ ᠶᠢᠨ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠦᠨ ᠬᠥᠭᠵᠢᠭᠦᠯᠬᠦ ᠶᠢ ᠠᠬᠢᠭᠤᠯᠬᠤ ᠠᠷᠭ᠎ᠠ ᠬᠡᠮᠵᠢᠶ᠎ᠡ ᠨᠦᠭᠦᠳ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾ ︵ᠪᠤᠭᠤᠲᠤ ᠬᠤᠲᠠ ᠶᠢᠨ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠲᠠᠷᠬᠠᠭᠠᠭᠰᠠᠨ ︹ 2022 ︺ 1 ᠳ᠋ᠦᠭᠡᠷ ᠲᠣᠭᠠᠲᠤ︶ ᠤᠨ ᠬᠡᠷᠡᠭᠵᠢᠭᠦᠯᠬᠦ ᠰᠠᠨᠠᠯ ᠤᠨ ᠵᠣᠷᠢᠭ ᠰᠠᠨᠠᠭ᠎ᠠ᠂ ᠬᠢᠲᠠᠳ ᠡᠮ ᠡᠮᠨᠡᠯᠭᠡ ᠶᠢᠨ ᠠᠵᠢᠯ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠰᠠᠯᠠᠭ᠎ᠠ ᠮᠥᠴᠢᠷ ᠤᠨ ᠬᠤᠭᠤᠷᠣᠨᠳᠣ ᠪᠠᠨ ᠵᠣᠬᠢᠴᠠᠯᠳᠤᠨ ᠬᠠᠮᠵᠢᠯᠴᠠᠬᠤ ᠶᠢ ᠴᠢᠩᠭᠠᠷᠠᠭᠤᠯᠤᠨ᠂ ᠪᠥᠬᠦ ᠲᠣᠭᠤᠷᠢᠭ ᠤᠨ ᠬᠢᠲᠠᠳ ᠡᠮ ᠡᠮᠨᠡᠯᠭᠡ ᠶᠢᠨ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠵᠦ᠂ ᠮᠠᠨ ᠤ ᠲᠣᠭᠤᠷᠢᠭ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠲᠣᠭᠤᠷᠢᠭ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠵᠢᠦ ᠶᠤᠸᠠᠨ ᠲᠣᠭᠤᠷᠢᠭ ᠤᠨ ᠬᠢᠲᠠᠳ ᠡᠮ ᠡᠮᠨᠡᠯᠭᠡ ᠶᠢᠨ ᠠᠵᠢᠯ ᠤᠨ ᠬᠠᠮᠲᠤᠷᠠᠭᠰᠠᠨ ᠬᠤᠷᠠᠯ ︵ᠬᠠᠮᠲᠤᠷᠠᠭᠰᠠᠨ ᠬᠤᠷᠠᠯ ᠭᠡᠵᠦ ᠲᠣᠪᠴᠢᠯᠠᠨ᠎ᠠ︶ ᠤᠨ ᠲᠦᠷᠢᠮ ᠢ ᠪᠠᠶᠢᠭᠤᠯᠤᠨ᠎ᠠ᠃ᠠᠵᠢᠯ ᠤᠨ ᠵᠣᠷᠢᠯᠭ᠎ᠠ ᠵᠢᠴᠢ ᠡᠭᠦᠷᠭᠡ    ᠵᠣᠷᠢᠯᠭ᠎ᠠ᠄ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ᠂ ᠬᠢᠲᠠᠳ ᠡᠮ ᠡᠮᠨᠡᠯᠭᠡ ᠶᠢᠨ ᠠᠵᠢᠯ ᠤᠨ ᠬᠤᠯᠪᠣᠭᠳᠠᠯ ᠪᠥᠬᠦᠶ ᠠᠰᠠᠭᠤᠳᠠᠯ ᠢ ᠭᠦᠨᠵᠡᠭᠡᠶ ᠰᠤᠳᠤᠯᠵᠤ ᠬᠠᠮᠢᠶ᠎ᠠ ᠪᠥᠬᠦᠶ ᠢᠵᠢ ᠪᠥᠷᠢᠳᠦᠭᠦᠯᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠬᠤ ᠪᠤᠶᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢᠨ ᠰᠠᠨᠠᠭᠤᠯᠭ᠎ᠠ ᠳᠤᠷᠠᠳᠤᠨ᠎ᠠ᠃ ᠬᠠᠮᠲᠤᠷᠠᠭᠰᠠᠨ ᠬᠤᠷᠠᠯ ᠤᠨ ᠠᠯᠪᠠᠨ ᠬᠡᠷ ᠲᠤ ᠬᠠᠮᠲᠤᠷᠠᠭᠰᠠᠨ ᠬᠤᠷᠠᠯ ᠢᠶᠠᠷ ᠶᠠᠷᠢᠯᠴᠠᠬᠤ ᠴᠢᠬᠤᠯᠠᠲᠠᠶ ᠵᠥᠪᠯᠡᠬᠦ ᠰᠡᠳᠦᠪ ᠢ ᠴᠠᠭ ᠲᠤᠬᠠᠶ ᠳᠤᠨᠢ ᠳᠤᠷᠠᠳᠴᠤ᠂ ᠬᠠᠮᠲᠤᠷᠠᠭᠰᠠᠨ ᠬᠤᠷᠠᠯ ᠢᠶᠠᠷ ᠲᠣᠭᠲᠠᠭᠠᠭᠰᠠᠨ ᠠᠵᠢᠯ ᠤᠨ ᠡᠭᠦᠷᠭᠡ ᠪᠠ ᠵᠥᠪᠯᠡᠨ ᠲᠣᠭᠲᠠᠭᠠᠭᠰᠠᠨ ᠵᠦᠢᠯᠡᠰ ᠢ ᠬᠢᠨᠠᠮᠠᠭᠠᠶ ᠨᠠᠶᠢᠳᠠᠪᠤᠷᠢᠵᠢᠭᠤᠯᠤᠨ᠎ᠠ᠃ ᠮᠡᠳᠡᠭᠡ ᠵᠠᠩᠭᠢ ᠪᠠᠨ ᠬᠠᠷᠢᠯᠴᠠᠨ ᠨᠡᠪᠲᠡᠷᠡᠯᠴᠡᠵᠦ᠂ ᠬᠠᠷᠢᠯᠴᠠᠨ ᠳᠡᠮᠵᠢᠵᠦ᠂ ᠨᠢᠭᠲᠠ ᠬᠠᠮᠵᠢᠯᠴᠠᠨ᠂ ᠨᠡᠶᠢᠯᠡᠮᠡᠯ ᠬᠦᠴᠦᠨ ᠢ ᠪᠣᠶ ᠪᠣᠯᠭᠠᠵᠤ᠂ ᠬᠠᠮᠲᠤᠷᠠᠭᠰᠠᠨ ᠬᠤᠷᠠᠯ ᠤᠨ ᠦᠢᠯᠡᠳᠦᠯ ᠢ ᠭᠦᠢᠴᠡᠳ ᠪᠠᠳᠠᠷᠠᠭᠤᠯᠤᠨ᠂ ᠬᠠᠮᠲᠤᠷᠠᠭᠰᠠᠨ ᠬᠤᠷᠠᠯ ᠤᠨ ᠠᠯᠪᠠᠨ ᠬᠡᠷ ᠨᠢ ᠴᠠᠭ ᠲᠤᠬᠠᠶ ᠳᠤᠨᠢ ᠡᠯ᠎ᠡ ᠪᠦᠷᠢᠯᠳᠦᠬᠦᠨ ᠨᠢᠭᠡᠴᠡ ᠳᠤ ᠬᠤᠯᠪᠣᠭᠳᠠᠯ ᠪᠥᠬᠦᠶ ᠪᠠᠶᠢᠳᠠᠯ ᠢ ᠮᠡᠳᠡᠭᠳᠡᠬᠦ ᠬᠡᠷᠡᠭᠲᠡᠶ᠃    ᠡᠭᠦᠷᠭᠡ᠄ ᠵᠢᠦ ᠶᠤᠸᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠤᠳᠤᠷᠢᠳᠤᠯᠭ᠎ᠠ ᠳᠣᠤᠷ᠎ᠠ᠂ ᠬᠢᠲᠠᠳ ᠡᠮ ᠡᠮᠨᠡᠯᠭᠡ ᠶᠢᠨ ᠠᠵᠢᠯ ᠢ ᠨᠢᠭᠡᠳᠦᠯᠲᠡᠶ ᠲᠥᠯᠥᠪᠯᠡᠨ ᠵᠣᠬᠢᠴᠠᠭᠤᠯᠤᠨ᠎ᠠ᠃ ᠪᠥᠬᠦ ᠲᠣᠭᠤᠷᠢᠭ ᠤᠨ ᠬᠢᠲᠠᠳ ᠡᠮ ᠡᠮᠨᠡᠯᠭᠡ ᠶᠢᠨ ᠠᠵᠢᠯ ᠢ ᠪᠥᠬᠦ ᠲᠠᠯ᠎ᠠ ᠪᠠᠷ ᠵᠢᠯᠣᠭᠤᠳᠤᠨ᠎ᠠ᠃ ᠬᠢᠲᠠᠳ ᠡᠮ ᠡᠮᠨᠡᠯᠭᠡ ᠶᠢᠨ ᠦᠢᠯᠡᠰ ᠤᠨ ᠥᠭᠡᠷᠡᠴᠢᠯᠡᠯᠲᠡ ᠬᠥᠭᠵᠢᠯᠲᠡ ᠶᠢ ᠠᠬᠢᠭᠤᠯᠬᠤ ᠴᠢᠭᠯᠡᠯᠲᠡ ᠠᠷᠭ᠎ᠠ ᠪᠤᠳᠤᠯᠭ᠎ᠠ ᠶᠢ ᠰᠤᠳᠤᠯᠤᠨ᠎ᠠ᠃ ᠬᠤᠯᠪᠣᠭᠳᠠᠯ ᠪᠥᠬᠦᠢ ᠲᠥᠷᠥ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠶᠢ ᠵᠢᠯᠣᠭᠤᠳᠬᠤ᠂ ᠰᠢᠮᠳᠠᠭᠤᠯᠤᠨ ᠪᠠᠶᠢᠴᠠᠭᠠᠨ᠎ᠠ᠃ ᠬᠢᠲᠠᠳ ᠡᠮ ᠡᠮᠨᠡᠯᠭᠡ ᠶᠢᠨ ᠦᠢᠯᠡᠰ ᠤᠨ ᠥᠭᠡᠷᠡᠴᠢᠯᠡᠯᠲᠡ ᠬᠥᠭᠵᠢᠯᠲᠡ ᠶᠢᠨ ᠳᠤᠮᠳᠠᠬᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ ᠰᠢᠢᠳᠪᠤᠷᠢᠯᠡᠨ᠎ᠡ᠃  ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠵᠦᠢᠯᠡᠰ ᠢ ᠪᠡᠶᠡᠯᠡᠭᠦᠯᠦᠨ᠎ᠡ᠃ ᠠᠭᠤᠯᠭ᠎ᠠ ᠶᠢᠨ ᠲᠠᠶᠢᠯᠤᠮᠵᠢ    ᠬᠠᠮᠲᠤᠷᠠᠭᠰᠠᠨ ᠬᠤᠷᠠᠯ ᠭᠡᠳᠡᠭ ᠨᠢ ᠪᠦᠯᠬᠦᠮ ᠪᠤᠶᠤ ᠰᠠᠶᠢᠨ ᠳᠤᠷ᠎ᠠ ᠠᠴᠠ ᠪᠠᠨ ᠰᠠᠨᠠᠭᠠᠴᠢᠯᠠᠵᠤ ᠵᠣᠬᠢᠶᠠᠨ ᠪᠠᠶᠢᠭᠤᠯᠤᠭᠰᠠᠨ᠂ ᠴᠢᠯᠥᠭᠡᠲᠡᠶ ᠪᠠᠷ ᠣᠷᠣᠯᠴᠠᠬᠤ ᠬᠤᠷᠠᠯ ᠢ ᠵᠢᠭᠠᠵᠤ ᠪᠠᠶᠢᠨ᠎ᠠ᠃ ᠬᠠᠮᠲᠤᠷᠠᠭᠰᠠᠨ ᠬᠤᠷᠠᠯᠳᠤᠭᠠᠨ ᠤ ᠵᠣᠷᠢᠯᠭ᠎ᠠ ᠨᠢ ᠬᠠᠮᠲᠤᠷᠠᠭᠰᠠᠨ ᠬᠤᠷᠠᠯᠳᠤᠭᠠᠨ ᠢ ᠬᠤᠷᠠᠯᠳᠤᠭᠤᠯᠬᠤ ᠬᠡᠯᠪᠡᠷᠢ ᠪᠠᠷ ᠳᠠᠮᠵᠢᠭᠤᠯᠤᠨ ᠬᠠᠷᠢᠯᠴᠠᠭ᠎ᠠ ᠪᠠ ᠨᠡᠪᠲᠡᠷᠡᠯᠴᠡᠭᠡ ᠪᠠᠨ ᠴᠢᠩᠭᠠᠳᠬᠠᠵᠤ᠂ ᠲᠤᠷᠰᠢᠯᠭ᠎ᠠ ᠪᠠᠨ ᠬᠠᠷᠢᠯᠴᠠᠨ ᠰᠤᠷᠤᠯᠴᠠᠨ ᠲᠣᠯᠢᠯᠠᠵᠤ᠂ ᠰᠢᠨ᠎ᠡ ᠲᠤᠷᠰᠢᠯᠭ᠎ᠠ᠂ ᠰᠢᠨ᠎ᠡ ᠠᠷᠭ᠎ᠠ ᠶᠢ ᠰᠤᠳᠤᠯᠤᠨ ᠰᠦᠪᠡᠭᠴᠢᠯᠡᠬᠦ ᠶᠢᠨ ᠲᠥᠯᠥᠭᠡ ᠶᠤᠮ᠃ ᠠᠭᠤᠯᠭ᠎ᠠ ᠶᠢᠨ ᠲᠠᠶᠢᠯᠤᠮᠵᠢ     ᠵᠢᠤ ᠶᠤᠸᠠᠨ ᠲᠣᠭᠤᠷᠢᠭ ᠤᠨ ᠬᠢᠲᠠᠳ ᠡᠮ ᠡᠮᠨᠡᠯᠭᠡ ᠶᠢᠨ ᠠᠵᠢᠯ ᠤᠨ ᠬᠠᠮᠲᠤᠷᠠᠭᠰᠠᠨ ᠬᠤᠷᠠᠯ ᠨᠢ ᠵᠠᠷᠴᠢᠮ ᠳᠡᠭᠡᠷ᠎ᠡ ᠪᠠᠨ ᠵᠢᠯ ᠪᠦᠷᠢ ᠨᠢᠭᠡ ᠤᠳᠠᠭ᠎ᠠ ᠬᠠᠮᠲᠤᠷᠠᠭᠰᠠᠨ ᠬᠤᠷᠠᠯ ᠤᠨ ᠪᠥᠬᠦᠳᠡ ᠬᠤᠷᠠᠯ ᠬᠤᠷᠠᠯᠳᠤᠭᠤᠯᠵᠤ᠂ ᠠᠵᠢᠯ ᠤᠨ ᠬᠡᠷᠡᠭᠴᠡᠭᠡ ᠪᠠᠨ ᠦᠨᠳᠦᠰᠦᠯᠡᠨ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠲᠤᠰᠬᠠᠶ ᠰᠡᠳᠦᠪᠲᠦ ᠬᠤᠷᠠᠯ ᠬᠤᠷᠠᠯᠳᠤᠭᠤᠯᠵᠤ᠂ ᠴᠤᠭᠯᠠᠭᠤᠯᠤᠭᠴᠢ ᠪᠤᠶᠤ ᠴᠤᠭᠯᠠᠭᠤᠯᠤᠭᠴᠢ ᠠᠴᠠ ᠳᠡᠳ᠋ ᠴᠤᠭᠯᠠᠭᠤᠯᠤᠭᠴᠢ ᠳᠤ ᠨᠠᠶᠢᠳᠠᠵᠤ ᠡᠷᠭᠢᠯᠡᠭᠦᠯᠦᠨ᠎ᠡ᠃ ᠪᠦᠷᠢᠯᠳᠦᠬᠦᠨ ᠨᠢᠭᠡᠴᠢ ᠨᠦᠭᠦᠳ ᠠᠵᠢᠯ ᠤᠨ ᠬᠡᠷᠡᠭᠴᠡᠭᠡ ᠪᠠᠨ ᠦᠨᠳᠦᠰᠦᠯᠡᠨ ᠬᠤᠷᠠᠯ ᠬᠤᠷᠠᠯᠳᠤᠭᠤᠯᠬᠤ ᠰᠠᠨᠠᠭᠤᠯᠭ᠎ᠠ ᠳᠤᠷᠠᠳᠴᠤ ᠪᠣᠯᠤᠨ᠎ᠠ᠃ ᠪᠣᠳᠠᠲᠠᠶ ᠠᠵᠢᠯ ᠤᠨ ᠵᠦᠢᠯᠡᠰ ᠢ ᠰᠤᠳᠤᠯᠬᠤ ᠦᠶ᠎ᠡ ᠳᠤ᠂ ᠪᠠᠶᠢᠳᠠᠯ ᠢ ᠨᠢ ᠦᠵᠡᠵᠦ ᠪᠠᠶᠢᠭᠠᠳ ᠬᠡᠰᠡᠭ ᠪᠦᠷᠢᠯᠳᠦᠬᠦᠨ ᠨᠢᠭᠡᠴᠢ ᠶᠢ ᠬᠤᠷᠠᠯ ᠳᠤ ᠣᠷᠣᠯᠴᠠᠭᠤᠯᠵᠤ ᠪᠣᠯᠤᠨ᠎ᠠ᠂ ᠪᠤᠰᠤᠳ ᠨᠢᠭᠡᠴᠢ ᠪᠠ ᠲᠤᠰᠬᠠᠶ ᠮᠡᠷᠭᠡᠵᠢᠯᠲᠡᠨ ᠢ ᠤᠷᠢᠵᠤ ᠬᠤᠷᠠᠯ ᠳᠤ ᠣᠷᠣᠯᠴᠠᠭᠤᠯᠤᠭᠰᠠᠨ ᠴᠤ ᠪᠣᠯᠤᠨ᠎ᠠ᠃ ᠬᠠᠮᠲᠤᠷᠠᠭᠰᠠᠨ ᠬᠤᠷᠠᠯᠳᠤᠭᠠᠨ ᠢ ᠬᠤᠷᠠᠯᠳᠤᠭᠤᠯᠬᠤ ᠠᠴᠠ ᠡᠮᠦᠨ᠎ᠡ᠂ ᠬᠤᠯᠪᠣᠭᠠᠴᠢᠨ ᠤ ᠬᠤᠷᠠᠯᠳᠤᠭᠠᠨ ᠢ ᠬᠤᠷᠠᠯᠳᠤᠭᠤᠯᠵᠤ ᠬᠠᠮᠲᠤᠷᠠᠭᠰᠠᠨ ᠬᠤᠷᠠᠯᠳᠤᠭᠠᠨ ᠤ ᠵᠥᠪᠯᠡᠬᠦ ᠰᠡᠳᠦᠪ ᠪᠠ ᠬᠠᠮᠲᠤᠷᠠᠭᠰᠠᠨ ᠬᠤᠷᠠᠯᠳᠤᠭᠠᠨ ᠳᠤ ᠳᠡᠪᠰᠢᠭᠦᠯᠦᠨ ᠵᠥᠪᠯᠡᠨ ᠲᠣᠭᠲᠠᠭᠠᠬᠤ ᠴᠢᠬᠤᠯᠠᠲᠠᠶ ᠵᠦᠢᠯᠡᠰ ᠵᠢᠴᠢ ᠪᠤᠰᠤᠳ ᠬᠤᠯᠪᠣᠭᠳᠠᠯ ᠪᠦᠬᠦᠢ ᠵᠦᠢᠯᠡᠰ ᠢ ᠰᠤᠳᠤᠯᠤᠨ ᠶᠠᠷᠢᠯᠴᠠᠨ᠎ᠠ᠃ ᠬᠠᠮᠲᠤᠷᠠᠭᠰᠠᠨ ᠬᠤᠷᠠᠯ ᠨᠢ ᠲᠣᠪᠴᠢ ᠲᠡᠮᠳᠡᠭᠯᠡᠯ ᠤᠨ ᠬᠡᠯᠪᠡᠷᠢ ᠪᠠᠷ ᠬᠤᠷᠠᠯ ᠤᠨ ᠵᠥᠪᠯᠡᠨ ᠲᠣᠭᠲᠠᠭᠠᠭᠰᠠᠨ ᠵᠦᠢᠯᠡᠰ ᠢ ᠲᠣᠳᠣᠷᠬᠠᠶᠢᠯᠠᠵᠤ᠂ ᠬᠤᠯᠪᠣᠭᠳᠠᠯ ᠪᠥᠬᠦᠶ ᠨᠢᠭᠡᠴᠡ ᠳᠤ ᠳᠠᠷᠤᠮᠠᠯᠯᠠᠨ ᠲᠠᠷᠬᠠᠭᠠᠬᠤ ᠶᠢᠨ ᠬᠠᠮᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠳᠤ ᠬᠠᠭᠤᠯᠤᠨ ᠮᠡᠳᠡᠭᠦᠯᠵᠦ᠂ ᠴᠢᠬᠤᠯᠠ ᠶᠡᠭᠡ ᠵᠦᠢᠯᠡᠰ ᠢ ᠲᠠᠰ ᠳᠠᠷᠠᠭᠠᠯᠠᠯ ᠢᠶᠠᠷ ᠮᠡᠳᠡᠭᠦᠯᠦᠨ ᠵᠥᠪᠰᠢᠶᠡᠷᠡᠭᠦᠯᠦᠨ᠎ᠡ᠃    
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号