ᠵᠢᠶᠠᠨ ᠬᠤᠸᠠ ᠭᠡᠷ ᠬᠤᠷᠢᠶᠠᠯᠠᠯ ᠤᠨ ᠬᠢᠨ ᠰᠢᠳᠤᠷᠭᠤ ᠲᠣᠮᠣ ᠡᠮ ᠤᠨ ᠥᠷᠥᠭᠡ ᠲᠠᠢ ᠬᠠᠮᠲᠤᠷᠠᠨ ᠬᠠᠷᠢᠶ᠎ᠠ ᠣᠷᠣᠨ ᠤ ᠰᠠᠭᠤᠭᠠᠯᠢ ᠠᠷᠠᠳ ᠳᠤ ᠵᠢᠷᠤᠮ ᠤᠨ  ᠡᠮᠴᠢᠯᠡᠭᠡᠨ ᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/6/28
    ᠭᠡᠷ ᠬᠤᠷᠢᠶᠠᠯᠠᠯ ᠤᠨ ᠰᠠᠭᠤᠭᠠᠯᠢ ᠠᠷᠠᠳ ᠲᠤ ᠨᠠᠩ ᠰᠠᠶᠢᠨ ᠦᠢᠯᠡᠴᠢᠯᠡᠵᠦ᠂ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠂ ᠡᠷᠡᠭᠦᠯ ᠮᠡᠨᠳᠦ ᠶᠢᠨ ᠮᠡᠳᠡᠯᠭᠡ ᠶᠢᠨ ᠣᠶᠢᠯᠠᠭᠠᠭᠳᠠᠬᠤᠨ ᠢ ᠲᠦᠭᠡᠮᠡᠯᠵᠢᠭᠦᠯᠵᠦ᠂ ᠭᠡᠷ ᠬᠤᠷᠢᠶᠠᠯᠠᠯ ᠤᠨ ᠰᠠᠭᠤᠭᠠᠯᠢ ᠠᠷᠠᠳ ᠤᠨ ᠪᠡᠶ᠎ᠡ ᠮᠠᠬᠠᠪᠣᠳ ᠤᠨ ᠡᠪᠡᠳᠴᠢᠨ ᠡᠮᠭᠡᠭ ᠢ ᠣᠶᠢᠷ᠎ᠠ ᠬᠠᠪᠢ ᠳᠤᠨᠢ ᠣᠨᠣᠰᠢᠯᠠᠨ ᠡᠮᠨᠡᠬᠦ ᠬᠦᠰᠡᠯ ᠶᠢ ᠬᠠᠩᠭᠠᠬᠤ ᠶᠢᠨ ᠲᠥᠯᠥᠭᠡ᠂ ᠣᠶᠢᠷ᠎ᠠ ᠳᠤ᠂ ᠵᠢᠶᠠᠨ ᠬᠤᠸᠠ ᠭᠡᠷ ᠬᠤᠷᠢᠶᠠᠯᠠᠯ ᠤᠨ ᠬᠢᠨ ᠬᠠᠷᠢᠶᠠᠲᠤ ᠣᠷᠣᠨ ᠤ ᠪᠠᠨ ᠰᠢᠳᠤᠷᠭᠤ ᠲᠣᠮᠣ ᠡᠮ ᠤᠨ ᠥᠷᠥᠭᠡ ᠲᠠᠢ ᠬᠠᠮᠲᠤᠷᠠᠨ ᠵᠢᠷᠤᠮ ᠤᠨ ᠡᠮᠴᠢᠯᠡᠭᠡᠨ ᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ᠃    ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠲᠤ᠂ ᠡᠮᠴᠢ ᠪᠠᠰᠠ ᠰᠠᠭᠤᠭᠠᠯᠢ ᠠᠷᠠᠳ ᠲᠤ ᠴᠢᠰᠤᠨ ᠳᠠᠷᠤᠯᠲᠠ ᠶᠢ ᠬᠡᠮᠵᠢᠬᠦ ᠵᠡᠷᠭᠡ ᠰᠠᠭᠤᠷᠢ ᠪᠠᠶᠢᠴᠠᠭᠠᠯᠲᠠ ᠶᠢ ᠨᠠᠷᠢᠨ ᠨᠢᠮᠪᠠᠶ ᠬᠢᠵᠦ᠂ ᠰᠠᠭᠤᠭᠠᠯᠢ ᠠᠷᠠᠳ ᠤᠨ ᠳᠤᠷᠠᠳᠤᠭᠰᠠᠨ ᠠᠰᠠᠭᠤᠳᠠᠯ ᠢ ᠬᠦᠯᠢᠴᠡᠩᠭᠦᠶ ᠪᠠᠷ ᠨᠠᠷᠢᠨ ᠨᠢᠮᠪᠠᠶ ᠬᠠᠷᠢᠭᠤᠯᠬᠤ ᠶᠢᠨ ᠬᠠᠮᠲᠤ ᠠᠰᠠᠭᠤᠨ ᠣᠨᠣᠰᠢᠯᠠᠬᠤ ᠪᠠᠷ ᠢᠷᠡᠭᠰᠡᠨ ᠰᠠᠭᠤᠭᠠᠯᠢ ᠠᠷᠠᠳ ᠲᠤ ᠥᠪᠡᠷ ᠤᠨ ᠪᠡᠶ᠎ᠡ ᠶᠢᠨ ᠡᠷᠡᠭᠦᠯ ᠴᠢᠭᠢᠷᠠᠭ ᠤᠨ ᠪᠠᠶᠢᠳᠠᠯ ᠢᠶᠠᠨ ᠭᠦᠢᠴᠡᠳ ᠲᠠᠨᠢᠵᠤ᠂ ᠡᠪᠡᠳᠴᠢᠨ ᠡᠮᠭᠡᠭ ᠢ ᠡᠷᠲᠡ ᠰᠡᠷᠭᠡᠶᠢᠯᠡᠵᠦ᠂ ᠡᠷᠲᠡ ᠢᠯᠡᠷᠡᠭᠦᠯᠦᠨ᠂ ᠡᠷᠲᠡ ᠡᠮᠨᠡᠨ ᠵᠠᠰᠠᠵᠤ᠂ ᠰᠠᠶᠢᠨ ᠰᠠᠶᠢᠬᠠᠨ ᠠᠮᠢᠳᠤᠷᠠᠯ ᠤᠨ ᠳᠠᠳᠬᠠᠯ ᠲᠠᠢ ᠪᠠᠶᠢᠵᠤ᠂ ᠦᠷᠭᠦᠯᠵᠢ ᠲᠣᠬᠢᠶᠠᠯᠳᠤᠬᠤ ᠡᠪᠡᠳᠴᠢᠨ ᠤ ᠡᠭᠦᠰᠬᠦ ᠨᠤᠷᠮ᠎ᠠ ᠶᠢ ᠪᠠᠭᠤᠷᠠᠭᠤᠯᠬᠤ ᠶᠢ ᠰᠠᠨᠠᠭᠤᠯᠵᠠᠶ᠃ ᠳᠠᠷᠠᠭ᠎ᠠ ᠨᠢ ᠡᠮᠴᠢ ᠰᠤᠪᠢᠯᠠᠭᠴᠢᠳ ᠰᠠᠭᠤᠭᠠᠯᠢ ᠠᠷᠠᠳ ᠤᠨ ᠪᠡᠶ᠎ᠡ ᠮᠠᠬᠠᠪᠣᠳ ᠤᠨ ᠪᠠᠶᠢᠳᠠᠯ ᠵᠢᠴᠢ ᠡᠳᠦᠷ ᠲᠤᠲᠤᠮ ᠤᠨ ᠠᠮᠢᠳᠤᠷᠠᠯ ᠤᠨ ᠵᠠᠩ ᠳᠠᠳᠬᠠᠯ ᠢ ᠨᠠᠷᠢᠨ ᠠᠰᠠᠭᠤᠨ ᠯᠠᠪᠯᠠᠵᠤ᠂ ᠡᠪᠡᠳᠴᠢᠨ ᠤ ᠪᠠᠶᠢᠳᠠᠯ ᠢ ᠬᠦᠯᠢᠴᠡᠩᠭᠦᠶ ᠪᠠᠷ ᠵᠠᠳᠠᠯᠤᠨ ᠰᠢᠨᠵᠢᠯᠡᠵᠦ᠂ ᠠᠮᠢᠳᠤᠷᠠᠯ ᠤᠨ ᠳᠤᠮᠳᠠ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠢ ᠬᠡᠷᠬᠢᠨ ᠠᠩᠬᠠᠷᠬᠤ ᠲᠤᠬᠠᠶ ᠨᠠᠷᠢᠨ ᠲᠠᠶᠢᠯᠪᠤᠷᠢᠯᠠᠵᠤ᠂ ᠪᠠᠰᠠ ᠠᠰᠠᠭᠤᠳᠠᠯ ᠲᠠᠢ ᠰᠠᠭᠤᠭᠠᠯᠢ ᠠᠷᠠᠳ ᠤᠨ ᠲᠠᠷᠠᠭᠠᠴᠢ ᠶᠢᠨ ᠠᠯᠬᠤᠮ ᠤᠨ ᠡᠮᠴᠢᠯᠡᠭᠡᠨ ᠤ ᠴᠢᠭᠯᠡᠯ ᠢ ᠵᠢᠭᠠᠨ ᠵᠢᠯᠣᠭᠤᠳᠪᠠ᠃    ᠲᠣᠰ ᠤᠳᠠᠭᠠᠨ ᠤ ᠵᠢᠷᠤᠮ ᠤᠨ ᠡᠮᠴᠢᠯᠡᠭᠡᠨ ᠤ ᠠᠵᠢᠯᠯᠠᠭ᠎ᠠ ᠶᠢ ᠥᠷᠨᠢᠭᠦᠯᠦᠭᠰᠡᠨ ᠨᠢ ᠰᠠᠭᠤᠭᠠᠯᠢ ᠠᠷᠠᠳ ᠤᠨ ᠬᠠᠯᠠᠭᠤᠨ ᠬᠦᠷᠢᠶᠡᠯᠡᠯ ᠪᠠ ᠰᠠᠶᠢᠨ ᠦᠨᠡᠯᠡᠯᠲᠡ ᠶᠢ ᠣᠯᠵᠤ᠂ ᠰᠠᠭᠤᠭᠠᠯᠢ ᠠᠷᠠᠳ ᠤᠨ ᠡᠪᠡᠳᠴᠢᠨ ᠡᠮᠭᠡᠭ ᠢ ᠰᠡᠷᠭᠡᠶᠢᠯᠡᠨ ᠵᠠᠰᠠᠬᠤ ᠮᠡᠳᠡᠯᠭᠡ ᠶᠢ ᠨᠡᠮᠡᠭᠳᠡᠭᠦᠯᠦᠨ᠂ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠤᠬᠠᠮᠰᠠᠷ ᠢ ᠳᠡᠭᠡᠭᠰᠢᠯᠡᠭᠦᠯᠵᠦ᠂ ᠰᠠᠭᠤᠭᠠᠯᠢ ᠠᠷᠠᠳ ᠤᠨ ᠬᠡᠷ ᠤᠨ ᠡᠭᠦᠳᠡᠨ ᠳᠤ ᠳᠥᠭᠦᠮ ᠳᠥᠲᠡ᠂ ᠪᠦᠷᠢᠨ ᠭᠦᠢᠴᠡᠳ ᠦᠢᠯᠡᠴᠢᠯᠡᠭᠡ ᠡᠳ᠋ᠯᠡᠭᠦᠯᠵᠦ᠂ ᠰᠠᠭᠤᠭᠠᠯᠢ ᠠᠷᠠᠳ ᠤᠨ ᠵᠣᠯ ᠵᠢᠷᠭᠠᠯ ᠤᠨ ᠰᠡᠳᠬᠢᠭᠳᠡᠯ ᠪᠠ ᠬᠠᠷᠢᠶᠠᠯᠠᠭᠳᠠᠬᠤ ᠰᠡᠳᠬᠢᠭᠳᠡᠯ ᠢ ᠳᠡᠭᠡᠭᠰᠢᠯᠡᠭᠦᠯᠦᠭᠰᠡᠨ ᠪᠠᠶᠢᠨ᠎ᠠ᠃   
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号