【 ᠨᠤᠭᠤᠭᠠᠨ ᠴᠢᠬᠢ ᠶᠢ ᠳᠡᠳᠬᠦᠨ ᠳᠤᠰᠠᠯᠠᠬᠤ 】 ᠬᠦᠴᠢᠷᠳᠡᠯ ᠳᠤ ᠲᠤᠯᠭᠠᠷᠠᠭᠰᠠᠨ ᠬᠡᠦᠬᠡᠳ ᠲᠤ ᠰᠤᠷᠤᠯᠭ᠎ᠠ ᠶᠢᠨ ᠬᠦᠰᠡᠯ ᠢ ᠨᠢ ᠭᠡᠷᠡᠯᠳᠦᠭᠦᠯᠦᠨ᠎ᠡ
ᠨᠡᠶᠢᠲᠡᠯᠡᠭᠰᠡᠨ ᠴᠠᠭ᠄
2023/6/8
    ᠨᠢᠯᠬ᠎ᠠ ᠨᠠᠬᠢᠶ᠎ᠠ ᠶᠢ ᠲᠡᠳᠬᠦᠵᠦ᠂ ᠬᠠᠪᠤᠷ ᠤᠨ ᠭᠡᠷᠡᠯ ᠢ ᠬᠠᠳᠠᠭᠠᠯᠠᠨ᠎ᠠ᠃ ᠨᠢᠭᠡ ᠰᠤᠷᠤᠭᠴᠢ ᠶᠢ ᠬᠠᠪᠰᠤᠷᠴᠤ᠂ ᠨᠢᠭᠡ ᠬᠡᠰᠡᠭ ᠬᠦᠰᠡᠯ ᠡᠷᠡᠮᠡᠯᠵᠡᠯ ᠢ ᠣᠯᠤᠨ᠎ᠠ᠃ 2023 ᠣᠨ ᠤ 6 ᠰᠠᠷ᠎ᠠ ᠶᠢᠨ 5᠎ ᠤ ᠡᠳᠦᠷ᠂ ᠵᠥᠩ ᠾᠦᠢ ᠨᠡᠶᠢᠭᠡᠮ ᠲᠣᠭᠤᠷᠢᠭ ᠤᠨ ᠬᠢᠨ ᠬᠠᠷᠢᠶᠠᠲᠤ ᠣᠷᠣᠨ ᠤ ᠪᠠᠨ ᠬᠦᠴᠢᠷᠳᠡᠯ ᠳᠤ ᠲᠤᠯᠭᠠᠷᠠᠭᠰᠠᠨ ᠬᠡᠤᠬᠡᠳ ᠰᠢᠶᠤᠤ ᠦ᠋ ︵ᠨᠢᠭᠤᠴᠢᠯᠠᠭᠰᠠᠨ ᠨᠡᠷ᠎ᠡ︶᠎ ᠶᠢ ᠬᠠᠪᠰᠤᠷᠤᠨ 2023 ᠣᠨ ᠤ ᠪᠠᠭ᠎ᠠ ᠰᠤᠷᠭᠠᠭᠤᠯᠢ ᠶᠢᠨ ᠨᠢᠭᠡᠳᠦᠭᠡᠷ ᠣᠨ ᠤ ᠰᠢᠨ᠎ᠡ ᠰᠣᠷᠣᠭᠴᠢ ᠶᠢᠨ ᠰᠤᠷᠭᠠᠭᠤᠯᠢ ᠳᠤ ᠣᠷᠣᠬᠤ ᠰᠦᠯᠵᠢᠶᠡᠨ ᠳᠡᠭᠡᠷ᠎ᠡ ᠤᠷᠢᠳᠴᠢᠯᠠᠨ ᠨᠡᠷ᠎ᠡ ᠮᠡᠳᠡᠭᠡᠯᠡᠬᠦ ᠶᠢᠨ ᠠᠵᠢᠯ ᠢ ᠪᠡᠶᠡᠯᠡᠭᠦᠯᠪᠡ᠃    ᠰᠢᠶᠤᠤ ᠡᠦ ︵ᠨᠢᠭᠤᠴᠢᠯᠠᠭᠰᠠᠨ ᠨᠡᠷ᠎ᠡ︶ ᠪᠣᠯ ᠬᠠᠷᠢᠶᠠᠲᠤ ᠣᠷᠣᠨ ᠤ ᠰᠤᠷᠭᠠᠭᠤᠯᠢ ᠳᠤ ᠣᠷᠣᠬᠤ ᠨᠠᠰᠤᠨ ᠤ ᠬᠡᠤᠬᠡᠳ ᠮᠥᠨ᠂ ᠲᠡᠭᠦᠨ ᠤ ᠠᠪᠤ ᠨᠢ  ᠵᠠᠪᠰᠠᠷᠯᠠᠯᠳᠤ ᠮᠠᠷᠲᠠᠮᠠᠲᠠᠭᠠᠶ ᠡᠪᠡᠳᠴᠢᠨ ᠳᠤ ᠨᠡᠷᠪᠡᠭᠳᠡᠨ᠂ ᠡᠵᠢ ᠨᠢ ᠣᠶᠤᠨ ᠮᠡᠳᠡᠷᠡᠯ ᠤᠨ ᠵᠡᠮᠳᠡᠭ ᠪᠣᠯᠬᠤᠷ ᠨᠢᠭᠡ ᠬᠡᠷ ᠪᠠᠷ ᠢᠶᠠᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠨᠥᠬᠦᠪᠥᠷᠢ ᠵᠢᠴᠢ ᠠᠲᠠᠷ ᠢ ᠲᠡᠭᠦᠵᠦ ᠠᠮᠢᠳᠤᠷᠠᠬᠤ ᠪᠣᠯᠬᠤᠷ ᠬᠡᠷ ᠪᠦᠯᠢ ᠶᠢᠨ ᠨᠥᠬᠦᠴᠡᠯ ᠨᠢ ᠲᠦᠢᠯ ᠤᠨ ᠬᠦᠴᠢᠷᠲᠡᠶ ᠶᠤᠮ᠃ ᠡᠷᠦᠬᠡ ᠠᠮᠠ ᠪᠠ ᠠᠵᠤ ᠠᠬᠤᠶ ᠶᠢᠨ ᠲᠠᠯ᠎ᠠ ᠶᠢᠨ ᠠᠰᠠᠭᠤᠳᠠᠯ ᠠᠴᠠ ᠪᠣᠯᠵᠤ᠂ ᠰᠢᠶᠤᠤ ᠡᠦ ︵ᠨᠢᠭᠤᠴᠢᠯᠠᠭᠰᠠᠨ ᠨᠡᠷ᠎ᠡ︶᠎ ᠶᠢᠨ ᠰᠤᠷᠤᠯᠴᠠᠬᠤ ᠵᠠᠮ ᠬᠠᠷᠰᠢ ᠰᠠᠭᠠᠳ ᠲᠤ ᠤᠴᠠᠷᠠᠵᠠᠶ᠃ ᠲᠡᠳᠡᠨ ᠤ ︽ᠰᠤᠷᠭᠠᠭᠤᠯᠢ ᠳᠤ ᠣᠷᠣᠬᠤ ᠳᠤ ᠬᠦᠴᠢᠷ︾ ᠪᠠᠶᠢᠬᠤ ᠠᠰᠠᠭᠤᠳᠠᠯ ᠢ ᠬᠠᠪᠰᠤᠷᠤᠨ ᠰᠢᠢᠳᠪᠤᠷᠢᠯᠡᠬᠦ ᠶᠢᠨ ᠲᠥᠯᠥᠭᠡ᠂ 2023 ᠣᠨ ᠤ ᠡᠬᠢᠨ ᠪᠠᠷ᠂ ᠵᠥᠩ ᠬᠤᠶ ᠨᠡᠶᠢᠭᠡᠮ ᠲᠣᠭᠤᠷᠢᠭ ᠤᠨ ᠬᠢᠨ ᠬᠠᠮᠲᠤᠷᠠᠭᠰᠠᠨ ᠨᠠᠮ ᠤᠨ ᠬᠤᠷᠢᠶᠠᠨ ᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠨᠣᠭᠤᠭᠠᠨ ᠴᠢᠬᠢ ᠶᠢ ᠲᠡᠳᠬᠦᠨ ᠳᠡᠮᠵᠢᠬᠦ ᠳᠥᠰᠦᠪ ᠢ ᠲᠣᠭᠲᠠᠭᠠᠨ᠂ ᠨᠡᠶᠢᠭᠡᠮ ᠲᠣᠭᠤᠷᠢᠭ ᠤᠨ ᠬᠠᠮᠲᠤ ᠪᠠᠷ ᠪᠠᠶᠢᠭᠤᠯᠤᠭᠰᠠᠨ ᠨᠢᠭᠡᠴᠡ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢ ᠳᠠᠶᠢᠴᠢᠯᠠᠨ ᠲᠠᠨᠢᠵᠤ ᠬᠠᠮᠲᠤ ᠪᠠᠷ ᠠᠰᠠᠭᠤᠳᠠᠯ ᠢ ᠬᠠᠪᠰᠤᠷᠤᠨ ᠰᠢᠢᠳᠪᠤᠷᠢᠯᠡᠵᠠᠢ᠃ ᠡᠨᠡ ᠬᠦ ᠪᠠᠶᠢᠳᠠᠯ ᠢ ᠣᠶᠢᠯᠠᠭᠠᠭᠰᠠᠨ ᠤ ᠳᠠᠷᠠᠭ᠎ᠠ᠂ ᠲᠣᠭᠤᠷᠢᠭ ᠤᠨ ᠮᠥᠩᠭᠦᠨ ᠭᠦᠢᠯᠭᠡᠭᠡᠨ ᠤ ᠠᠯᠪᠠᠨ ᠬᠡᠷ ᠳᠠᠷᠤᠶ ᠲᠦᠷᠭᠡᠨ ᠳᠠᠭᠠᠵᠤ᠂ ᠣᠯᠠᠨ ᠤᠳᠠᠭ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠨᠡᠪᠲᠡᠷᠡᠯᠴᠡᠨ ᠵᠣᠬᠢᠴᠠᠭᠤᠯᠵᠤ᠂ ᠡᠴᠦᠰ ᠲᠡᠭᠡᠨ ᠰᠢᠶᠤᠤ ᠦ᠋ ᠶᠢ ᠬᠠᠪᠰᠤᠷᠤᠨ ︽ᠰᠤᠷᠭᠠᠭᠤᠯᠢ ᠳᠤ ᠣᠷᠣᠬᠤ ᠳᠤ ᠬᠦᠴᠢᠷ︾ ᠠᠰᠠᠭᠤᠳᠠᠯ ᠢ ᠨᠢ ᠰᠢᠢᠳᠪᠤᠷᠢᠯᠡᠵᠣ ᠥᠭᠭᠦᠭᠰᠡᠨ ᠪᠠᠶᠢᠨ᠎ᠠ᠃    ᠳᠠᠷᠠᠭᠠᠴᠢ ᠶᠢᠨ ᠠᠯᠬᠤᠮ ᠳᠤ᠂ ᠵᠦᠩ ᠬᠤᠢ ᠨᠡᠶᠢᠭᠡᠮ ᠲᠣᠭᠤᠷᠢᠭ ᠪᠣᠯᠤᠨ ᠲᠣᠭᠤᠷᠢᠭ ᠤᠨ ᠮᠥᠩᠭᠦᠨ ᠭᠦᠢᠯᠭᠡᠭᠡᠨ ᠤ ᠠᠯᠪᠠᠨ ᠭᠡᠷ ᠦᠷᠭᠦᠯᠵᠢᠯᠡᠨ ᠬᠤᠣᠰᠯᠠᠨ ᠪᠠᠶᠢᠭᠤᠯᠬᠤ ᠪᠠᠷ ᠳᠠᠮᠵᠢᠨ ᠬᠦᠴᠦᠷᠬᠡᠭ ᠶᠡᠭᠡ ᠨᠠᠮ ᠤᠨ ᠪᠠᠶᠢᠭᠤᠯᠤᠯᠲᠠ ᠶᠢᠨ ᠬᠠᠮᠲᠤᠷᠠᠯ ᠤᠨ ᠬᠦᠴᠦᠨ ᠢ ᠨᠢᠭᠲᠠᠷᠠᠭᠤᠯᠵᠤ᠂ ᠬᠦᠴᠢᠷᠳᠡᠯ ᠳᠤ ᠲᠤᠯᠭᠠᠷᠠᠭᠰᠠᠨ ᠬᠡᠦᠬᠡᠳ ᠢ ᠬᠠᠯᠠᠮᠵᠢᠯᠠᠨ ᠬᠠᠶᠢᠷᠠᠯᠠᠬᠤ ᠰᠠᠶᠢᠨ ᠳᠤᠷ᠎ᠠ ᠠᠴᠠ ᠪᠠᠨ ᠬᠠᠪᠰᠤᠷᠤᠨ ᠲᠡᠳᠬᠦᠬᠦ ᠠᠵᠢᠯᠯᠠᠭ᠎ᠠ ᠶᠢ ᠦᠷᠭᠦᠯᠵᠢᠯᠡᠨ ᠪᠠᠶᠢᠩᠭᠤᠵᠢᠭᠤᠯᠤᠨ ᠥᠷᠨᠢᠭᠦᠯᠵᠦ᠂ ᠪᠠᠭ᠎ᠠ ᠰᠠᠭ᠎ᠠ ᠬᠠᠶᠢᠷ᠎ᠠ ᠬᠠᠯᠠᠮᠵᠢ ᠪᠠᠷ ᠬᠠᠯᠠᠭᠤᠨ ᠳᠤᠯᠠᠭᠠᠨ ᠪᠣᠯᠭᠠᠵᠤ᠂ ᠲᠡᠳᠡᠨ ᠤ ᠦᠰᠦᠨ ᠪᠤᠶᠢᠵᠢᠵᠤ ᠴᠢᠳᠠᠪᠤᠷᠢᠲᠠᠨ ᠪᠣᠯᠬᠤ ᠵᠠᠮ ᠢ ᠭᠡᠷᠡᠯᠲᠦᠭᠦᠯᠦᠨ᠎ᠡ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号