ᠯᠦ ᠶᠤᠸᠠᠨ ᠨᠡᠶᠢᠭᠡᠮ ᠲᠣᠭᠤᠷᠢᠭ᠄ ᠬᠤᠭ ᠨᠣᠪᠰᠢ ᠶᠢ ᠲᠥᠷᠥᠯ ᠬᠤᠪᠢᠶᠠᠵᠤ ᠣᠷᠴᠢᠨ ᠠᠬᠤᠶ ᠢ ᠬᠠᠮᠠᠭᠠᠯᠠᠨ᠎ᠠ
ᠨᠡᠶᠢᠲᠡᠯᠡᠭᠰᠡᠨ ᠴᠠᠭ᠄
2023/7/11
C:\Users\Administrator\Desktop\新闻照片\1.jpg
    ᠰᠠᠭᠤᠭᠠᠯᠢ ᠠᠷᠠᠳ ᠤᠨ ᠬᠤᠭ ᠨᠣᠪᠰᠢ ᠶᠢ ᠲᠥᠷᠥᠯ ᠬᠤᠪᠢᠶᠠᠬᠤ ᠲᠤᠬᠠᠶ ᠣᠶᠢᠯᠠᠭᠠᠯᠲᠠ ᠶᠢ ᠴᠢᠩᠭᠠᠳᠬᠠᠵᠤ᠂ ᠣᠷᠴᠢᠨ ᠠᠬᠤᠶ ᠶᠢᠨ ᠬᠠᠮᠠᠭᠠᠯᠠᠯᠲᠠ ᠶᠢᠨ ᠣᠶᠢᠯᠠᠭᠠᠭᠳᠠᠬᠤᠨ ᠢ ᠬᠥᠮᠦᠰ ᠤᠨ ᠰᠡᠳᠬᠢᠯ ᠳᠤ ᠬᠠᠳᠠᠩᠰᠢᠭᠤᠯᠵᠤ᠂ ᠪᠣᠬᠢᠷᠲᠤᠯ ᠥᠬᠡᠶ᠂ ᠨᠡᠭᠦᠷᠡᠰᠦᠲᠥ᠋ᠷᠥᠭᠴᠢ ᠪᠠᠭ᠎ᠠ᠂ ᠣᠷᠴᠢᠨ ᠠᠬᠤᠶ ᠶᠢᠨ ᠬᠠᠮᠠᠭᠠᠯᠠᠯᠲᠠ ᠶᠢᠨ ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠬᠤ ᠶᠢᠨ ᠲᠥᠯᠥᠭᠡ᠂ 7 ᠰᠠᠷ᠎ᠠ ᠶᠢᠨ 6 ᠤ ᠡᠳᠦᠷ᠂ ᠯᠦ ᠶᠤᠸᠠᠨ ᠨᠡᠶᠢᠭᠡᠮ ᠲᠣᠭᠤᠷᠢᠭ ᠤᠨ ᠬᠢᠨ ︽ᠬᠤᠭ ᠨᠣᠪᠰᠢ ᠶᠢ ᠲᠥᠷᠥᠯ ᠬᠤᠪᠢᠶᠠᠬᠤ᠂ ᠣᠷᠴᠢᠨ ᠠᠬᠤᠶ ᠢ ᠬᠠᠮᠠᠭᠠᠯᠠᠬᠤ︾ ᠢᠶᠠᠷ ᠭᠤᠤᠯ ᠰᠡᠳᠦᠪ ᠪᠣᠯᠭᠠᠭᠰᠠᠨ ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ᠃    ᠠᠵᠢᠯᠯᠠᠭ᠎ᠠ ᠶᠢᠨ ᠳᠤᠮᠳᠠ᠂ ᠨᠡᠶᠢᠭᠡᠮ ᠲᠣᠭᠤᠷᠢᠭ ᠤᠨ ᠠᠵᠢᠯᠲᠠᠳ ᠬᠠᠷᠢᠶ᠎ᠠ ᠣᠷᠣᠨ ᠤ ᠪᠠᠨ ᠬᠤᠳᠠᠯᠳᠤᠭᠠᠨ ᠤ ᠳᠡᠯᠭᠡᠭᠦᠷ ᠲᠤ ᠬᠦᠷᠴᠦ᠂ ᠤᠬᠠᠭᠤᠯᠭ᠎ᠠ ᠶᠢᠨ ᠭᠠᠷ ᠳᠡᠪᠲᠡᠷ ᠢᠶᠠᠨ ᠠᠰᠢᠭᠯᠠᠨ᠂ ᠬᠤᠳᠠᠯᠳᠤᠭᠠᠨ ᠤ ᠡᠷᠦᠬᠡ ᠳᠤ ᠬᠤᠭ ᠨᠣᠪᠰᠢ ᠶᠢ ᠲᠥᠷᠥᠯ ᠬᠤᠪᠢᠶᠠᠬᠤ ᠶᠢᠨ ᠴᠢᠬᠤᠯᠠ ᠴᠢᠨᠠᠷ ᠵᠢᠴᠢ  ᠳᠦᠷᠪᠡᠨ ᠲᠥᠷᠥᠯ ᠬᠤᠪᠢᠶᠠᠵᠤ ᠲᠠᠯᠪᠢᠬᠤ ᠠᠷᠭ᠎ᠠ ᠶᠢ ᠲᠠᠶᠢᠯᠪᠤᠷᠢᠯᠠᠨ ᠥᠭᠴᠦ᠂ ᠲᠣᠭᠤᠭᠠᠨ ᠬᠡᠷ ᠤᠨ ᠬᠤᠭ ᠨᠣᠪᠰᠢ ᠶᠢ ᠰᠢᠢᠳᠪᠤᠷᠢᠯᠡᠬᠦ ᠤᠷ᠎ᠠ ᠮᠡᠷᠭᠡᠵᠢᠯ ᠢ ᠬᠦᠯᠢᠴᠡᠩᠭᠦᠶ ᠪᠠᠷ ᠲᠦᠭᠡᠮᠡᠯᠵᠢᠭᠦᠯᠬᠦ ᠶᠢᠨ ᠬᠠᠮᠲᠤ᠂ ᠣᠯᠠᠨ ᠤ ᠳᠤᠷᠠᠳᠤᠭᠰᠠᠨ ᠡᠳᠦᠷ ᠲᠤᠲᠤᠮ ᠤᠨ ᠬᠤᠭ ᠨᠣᠪᠰᠢ ᠶᠢ ᠲᠥᠷᠥᠯ ᠬᠤᠪᠢᠶᠠᠬᠤ ᠠᠰᠠᠭᠤᠳᠠᠯ ᠳᠤ ᠢᠳᠡᠪᠬᠢᠲᠡᠶ ᠬᠠᠷᠢᠭᠤᠯᠲᠠ ᠥᠭᠴᠦ᠂ ᠣᠯᠠᠨ ᠢ ᠬᠥᠲᠥᠯᠥᠨ ᠵᠢᠯᠣᠭᠤᠳᠴᠤ ᠪᠠᠶᠢᠭᠠᠳ ᠬᠤᠭ ᠨᠣᠪᠰᠢ ᠶᠢ ᠲᠥᠷᠥᠯ ᠬᠤᠪᠢᠶᠠᠬᠤ ᠦᠢᠯᠡᠳᠦᠯᠭᠡ ᠶᠢᠨ ᠠᠵᠢᠯᠯᠠᠭ᠎ᠠ ᠳᠤ ᠢᠳᠡᠪᠬᠢᠲᠡᠶ ᠣᠷᠣᠯᠴᠠᠭᠤᠯᠤᠨ᠎ᠠ᠃
C:\Users\Administrator\Desktop\新闻照片\2.jpg
    ᠳᠠᠷᠠᠭᠠᠴᠢ ᠶᠢᠨ ᠠᠯᠬᠤᠮ ᠳᠤ᠂ ᠯᠦ ᠶᠤᠸᠠᠨ ᠨᠡᠶᠢᠭᠡᠮ ᠲᠣᠭᠤᠷᠢᠭ ᠤᠨ ᠬᠢᠨ ︽ᠤᠯᠠᠭᠠᠨ ᠬᠤᠶᠠᠭ︾᠂ ᠨᠠᠮ ᠤᠨ ᠭᠡᠰᠢᠭᠦᠨ ᠰᠠᠶᠢᠨ ᠳᠤᠷ᠎ᠠ ᠶᠢᠨ ᠠᠵᠢᠯᠯᠠᠭᠴᠢ ᠵᠡᠷᠭᠡ ᠬᠦᠴᠦᠨ ᠤ ᠬᠤᠭ ᠨᠣᠪᠰᠢ ᠶᠢ ᠲᠦᠷᠦᠯ ᠬᠤᠪᠢᠶᠠᠬᠤ ᠠᠵᠢᠯ ᠳᠠᠬᠢ ᠳᠠᠶᠢᠴᠢᠨ ᠪᠠᠬᠢᠯᠡᠯᠲᠡ ᠶᠢᠨ ᠦᠢᠯᠡᠳᠦᠯ ᠪᠣᠯᠤᠨ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠬᠤᠭ ᠨᠣᠪᠰᠢ ᠶᠢ ᠲᠥᠷᠥᠯ ᠬᠤᠪᠢᠶᠠᠬᠤ ᠤᠬᠠᠭᠤᠯᠭ᠎ᠠ ᠶᠢᠨ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠬᠤᠭ ᠨᠣᠪᠰᠢ ᠶᠢ ᠲᠥᠷᠥᠯ ᠬᠤᠪᠢᠶᠠᠬᠤ ᠳᠤ ᠬᠥᠮᠦᠨ ᠪᠦᠬᠦᠨ ᠣᠷᠣᠯᠴᠠᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠵᠤ᠂ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠪᠠ ᠬᠠᠨᠤᠮᠵᠢ ᠶᠢᠨ ᠬᠡᠮᠵᠢᠶ᠎ᠡ ᠶᠢ ᠦᠨᠡᠨᠬᠦ ᠨᠡᠮᠡᠭᠳᠡᠭᠦᠯᠦᠨ᠎ᠡ᠃   
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号