︽ᠪᠣᠯᠪᠠᠰᠤᠨ ᠦᠢᠯᠡᠳᠦᠯᠭᠡ︾ ᠠᠮᠠᠨ ᠬᠥᠨᠳᠡᠢ ᠶᠢᠨ ᠵᠢᠷᠤᠮ ᠤᠨ ᠡᠮᠴᠢᠯᠡᠭᠡ ᠶᠢ ᠬᠥᠳᠡᠭᠡ ᠲᠣᠰᠬᠤᠨ ᠳᠤ ᠬᠦᠷᠭᠡᠵᠦ᠂ ᠡᠷᠡᠭᠦᠯ ᠮᠡᠨᠳᠦ ᠶᠢ ᠬᠠᠮᠠᠭᠠᠯᠠᠨ᠎ᠠ
ᠨᠡᠶᠢᠲᠡᠯᠡᠭᠰᠡᠨ ᠴᠠᠭ᠄
2023/7/12
C:\Users\Administrator\Desktop\新闻照片\10.jpg
    ᠰᠢᠳᠦ ᠪᠠᠨ ᠬᠠᠶᠢᠷᠠᠯᠠᠬᠤ᠂ ᠰᠢᠳᠦ ᠪᠠᠨ ᠬᠠᠮᠠᠭᠠᠯᠠᠬᠤ ᠮᠡᠳᠡᠯᠭᠡ ᠶᠢ ᠲᠦᠭᠡᠮᠡᠯᠵᠢᠭᠦᠯᠵᠦ᠂ ᠠᠮᠠᠨ ᠬᠥᠨᠳᠡᠶ ᠶᠢᠨ ᠡᠷᠡᠭᠦᠯ ᠮᠡᠨᠳᠦ ᠶᠢᠨ ᠣᠶᠢᠯᠠᠭᠠᠭᠳᠠᠬᠤᠨ ᠢ ᠤᠯᠠᠮᠵᠢᠯᠠᠨ᠂ ᠲᠣᠰᠬᠤᠨ ᠤ ᠠᠷᠠᠳ ᠤᠨ ᠠᠮᠠᠨ ᠬᠥᠨᠳᠡᠶ ᠶᠢᠨ ᠡᠷᠡᠭᠦᠯᠵᠢᠯ ᠤᠨ ᠤᠬᠠᠮᠰᠠᠷ ᠢ ᠳᠡᠭᠡᠭᠰᠢᠯᠡᠭᠦᠯᠬᠦ ᠶᠢᠨ ᠲᠥᠯᠥᠭᠡ᠂ 7 ᠰᠠᠷ᠎ᠠ ᠶᠢᠨ 7 ᠤ ᠡᠳᠦᠷ ᠤᠨ ᠦᠳᠡ ᠶᠢᠨ ᠡᠮᠦᠨ᠎ᠡ᠂ ᠰᠠᠨ ᠳ᠋ᠤᠤ ᠱᠠ ᠾᠧ ᠲᠣᠰᠬᠤᠨ ᠵᠢᠩ ᠵᠦᠤᠤ ᠠᠮᠠᠨ ᠬᠥᠨᠳᠡᠶ ᠶᠢᠨ ᠡᠮᠨᠡᠯᠭᠡ ᠶᠢᠨ ᠬᠤᠷᠢᠶ᠎ᠠ ᠲᠠᠢ ᠬᠠᠮᠲᠤᠷᠠᠨ ᠪᠣᠯᠪᠠᠰᠤᠨ ᠦᠢᠯᠡᠳᠦᠯᠭᠡ ᠶᠢᠨ ᠥᠷᠲᠡᠭᠡ ᠳᠤ ᠠᠮᠠᠨ ᠬᠥᠨᠳᠡᠶ ᠶᠢᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠥᠷᠨᠢᠭᠦᠯᠪᠡ᠃    ᠲᠣᠰ ᠤᠳᠠᠭᠠᠨ ᠤ ᠠᠯᠪᠠᠨ ᠵᠢᠷᠤᠮ ᠤᠨ ᠡᠮᠴᠢᠯᠡᠭᠡ ᠳᠤ ᠠᠮᠠᠨ ᠬᠥᠨᠳᠡᠶ ᠶᠢᠨ ᠰᠢᠳᠦᠨ ᠤ ᠪᠠᠶᠢᠴᠠᠭᠠᠯᠲᠠ᠂ ᠬᠢᠮᠡᠯ ᠰᠢᠳᠦᠨ ᠤ ᠣᠨᠣᠰᠢᠯᠠᠯᠲᠠ᠂ ᠠᠮᠠᠨ ᠬᠥᠨᠳᠡᠶ ᠶᠢᠨ ᠪᠠᠶᠢᠴᠠᠭᠠᠯᠲᠠ ᠵᠡᠷᠭᠡ ᠲᠥᠷᠥᠯ ᠵᠦᠢᠯ ᠪᠠᠭᠲᠠᠨ᠎ᠠ᠃ ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠲᠤ᠂ ᠰᠤᠪᠢᠯᠠᠭᠴᠢᠳ ᠲᠣᠰᠬᠤᠨ ᠤ ᠠᠷᠠᠳ ᠤᠨ ᠰᠢᠳᠦᠨ ᠤ ᠪᠠᠶᠢᠳᠠᠯ ᠢ ᠨᠠᠷᠢᠨ ᠪᠠᠶᠢᠴᠠᠭᠠᠵᠤ᠂ ᠡᠳᠦᠷ ᠲᠤᠲᠤᠮ ᠤᠨ ᠰᠢᠳᠦᠨ ᠤ ᠡᠷᠡᠭᠦᠯᠵᠢᠯ᠂ ᠠᠮᠠᠨ ᠬᠥᠨᠳᠡᠶ ᠶᠢᠨ ᠡᠪᠡᠳᠴᠢᠨ ᠢ ᠤᠷᠢᠳᠴᠢᠯᠠᠨ ᠰᠡᠷᠭᠡᠶᠢᠯᠡᠬᠦ ᠵᠡᠷᠭᠡ ᠲᠠᠯ᠎ᠠ ᠶᠢᠨ ᠶᠡᠷᠦ ᠶᠢᠨ ᠮᠡᠳᠡᠯᠭᠡ ᠶᠢ ᠬᠦᠯᠢᠴᠡᠩᠭᠦᠶ ᠪᠠᠷ ᠲᠠᠶᠢᠯᠪᠤᠷᠢᠯᠠᠵᠤ᠂ ᠲᠣᠰᠬᠤᠨ ᠤ ᠠᠷᠠᠳ ᠢ ᠬᠥᠲᠥᠯᠥᠨ ᠵᠢᠯᠣᠭᠤᠳᠴᠤ ᠪᠠᠶᠢᠭᠠᠳ ᠵᠥᠪ ᠣᠨᠣᠪᠴᠢᠲᠠᠶ ᠰᠢᠳᠦ ᠱᠤᠸᠠᠰᠠᠳᠠᠬᠤ ᠳᠠᠳᠬᠠᠯ ᠲᠠᠢ ᠪᠣᠯᠭᠠᠬᠤ ᠶᠢᠨ ᠬᠠᠮᠲᠤ ᠠᠳᠠᠯᠢ ᠪᠤᠰᠤ ᠪᠠᠶᠢᠳᠠᠯ ᠳᠤ ᠴᠢᠭᠯᠡᠭᠦᠯᠦᠨ ᠡᠮᠨᠡᠨ ᠵᠠᠰᠠᠬᠤ ᠰᠠᠨᠠᠭᠤᠯᠭ᠎ᠠ ᠪᠠ ᠲᠥᠰᠦᠯ ᠳᠤᠷᠠᠳᠤᠭᠤᠯᠪᠠ᠃ ᠡᠭᠦᠨ ᠠᠴᠠ ᠭᠠᠳᠠᠨ᠎ᠠ ᠪᠠᠰᠠ ᠠᠮᠠᠨ ᠬᠥᠨᠳᠡᠶ ᠶᠢᠨ ᠡᠷᠡᠭᠦᠯ ᠬᠠᠮᠠᠭᠠᠯᠠᠯ᠂ ᠰᠢᠳᠦᠨ ᠤ ᠰᠡᠷᠭᠡᠶᠢᠯᠡᠯᠲᠡ᠂ ᠨᠠᠰᠤᠲᠠᠶᠢᠴᠤᠳ ᠤᠨ ᠰᠢᠳᠦᠨ ᠤ ᠡᠷᠡᠭᠦᠯ ᠬᠠᠮᠠᠭᠠᠯᠠᠯ ᠵᠡᠷᠭᠡ ᠲᠠᠯ᠎ᠠ ᠶᠢᠨ ᠮᠡᠳᠡᠯᠭᠡ ᠶᠢ ᠨᠠᠷᠢᠨ ᠨᠢᠮᠪᠠᠶ ᠲᠠᠶᠢᠯᠪᠤᠷᠢᠯᠠᠵᠠᠶ᠃
C:\Users\Administrator\Desktop\新闻照片\11.jpg
    ᠲᠣᠰᠬᠤᠨ ᠤ ᠠᠷᠠᠳ ᠳ᠋ᠦ᠋ ᠠᠪᠤᠭᠠᠶ ᠣᠶᠢᠷ᠎ᠠ ᠳᠤ ᠰᠢᠳᠦ ᠡᠪᠡᠳᠦᠨ ᠭᠠᠴᠢᠭᠳᠠᠨ᠂ ᠪᠠᠶᠢᠴᠠᠭᠠᠯᠲᠠ ᠪᠠᠷ ᠳᠡᠮᠵᠢᠨ᠂ ᠡᠮᠴᠢ ᠠᠴᠠ ᠡᠮ ᠬᠡᠷᠡᠭᠯᠡᠬᠦ ᠲᠤᠬᠠᠶ ᠰᠠᠨᠠᠭᠤᠯᠭ᠎ᠠ ᠭᠠᠷᠭᠠᠭᠰᠠᠨ ᠪᠥᠭᠡᠳ ᠲᠡᠭᠦᠨ ᠳᠤ ᠦᠷᠭᠦᠯᠵᠢᠯᠡᠨ ᠡᠮᠨᠡᠭᠦᠯᠬᠦ ᠲᠤᠬᠠᠶ ᠰᠠᠨᠠᠯ ᠳᠤᠷᠠᠳᠤᠭᠰᠠᠨ ᠪᠠᠶᠢᠨ᠎ᠠ᠃   ᠲᠣᠰ ᠤᠳᠠᠭᠠᠨ ᠤ ᠠᠵᠢᠯᠯᠠᠭ᠎ᠠ ᠨᠢ ᠲᠣᠰᠬᠤᠨ ᠤ ᠠᠷᠠᠳ ᠲᠤ ᠠᠮᠠᠨ ᠬᠥᠨᠳᠡᠶ ᠶᠢᠨ ᠡᠮᠴᠢᠯᠡᠭᠡᠨ ᠤ ᠦᠢᠯᠡᠴᠢᠯᠡᠭᠡ ᠶᠢ ᠰᠦᠢᠳᠬᠡᠯ ᠬᠤᠷᠢᠶᠠᠬᠤ ᠥᠬᠡᠶ ᠪᠠᠷ ᠡᠳ᠋ᠯᠡᠭᠦᠯᠵᠦ᠂ ᠲᠣᠰᠬᠤᠨ ᠤ ᠠᠷᠠᠳ ᠤᠨ ᠠᠮᠠᠨ ᠬᠥᠨᠳᠡᠶ ᠶᠢᠨ ᠡᠷᠡᠭᠦᠯᠵᠢᠯ ᠤᠨ ᠤᠬᠠᠮᠰᠠᠷ ᠢ ᠴᠢᠩᠭᠠᠷᠠᠭᠤᠯᠤᠭᠰᠠᠨ ᠢᠶᠠᠷ ᠪᠠᠷᠠᠬᠤ ᠥᠬᠡᠶ ᠪᠠᠰᠠ ᠲᠣᠰᠬᠤᠨ ᠤ ᠠᠷᠠᠳ ᠤᠨ ᠡᠷᠡᠭᠦᠯ ᠮᠡᠨᠳᠦ ᠶᠢᠨ ᠬᠡᠷᠡᠭᠴᠡᠭᠡ ᠶᠢ ᠬᠠᠩᠭᠠᠵᠤ᠂ ᠡᠷᠡᠭᠦᠯ ᠮᠡᠨᠳᠦ ᠶᠢᠨ ᠮᠡᠳᠡᠯᠭᠡ ᠶᠢ ᠬᠥᠳᠡᠭᠡ ᠲᠣᠰᠬᠤᠨ ᠳᠤ ᠠᠪᠠᠴᠢᠨ᠂ ᠡᠷᠡᠭᠦᠯ ᠮᠡᠨᠳᠦ ᠶᠢᠨ ᠪᠣᠳᠠᠲᠤ ᠠᠰᠢᠭ ᠲᠤᠰᠠ ᠶᠢ ᠲᠣᠰᠬᠤᠨ ᠤ ᠠᠷᠠᠳ ᠲᠤ ᠬᠦᠷᠲᠡᠭᠡᠬᠦ ᠶᠢ ᠦᠨᠡᠨ ᠬᠦ ᠪᠡᠶᠡᠯᠡᠭᠦᠯᠦᠭᠰᠡᠨ ᠪᠠᠶᠢᠨ᠎ᠠ᠃
C:\Users\Administrator\Desktop\新闻照片\12.jpg   
   
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号