ᠵᠢᠤ ᠶᠤᠸᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠰᠠᠶᠢᠬᠠᠨ ᠲᠣᠮᠢᠯᠠᠭᠰᠠᠨ ᠰᠠᠯᠪᠤᠷᠢ ᠲᠡᠨᠦᠭᠦᠯ ᠨᠣᠬᠠᠶ ᠶᠢ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠥᠷᠨᠢᠭᠦᠯᠪᠡ
ᠨᠡᠶᠢᠲᠡᠯᠡᠭᠰᠡᠨ ᠴᠠᠭ᠄
2023/7/14
    ᠬᠠᠷᠢᠶᠠᠲᠤ ᠣᠷᠣᠨ ᠤ ᠨᠣᠬᠠᠶ ᠲᠡᠵᠢᠭᠡᠬᠦ ᠡᠮᠬᠢ ᠳᠢᠭᠯᠢᠮ ᠢ ᠤᠯᠠᠮ ᠨᠢᠭᠡ ᠠᠯᠬᠤᠮ ᠵᠢᠷᠤᠮᠵᠢᠭᠤᠯᠵᠤ᠂ ᠲᠡᠨᠦᠭᠦᠯ ᠨᠣᠬᠠᠶ ᠶᠢᠨ ᠠᠷᠠᠳ ᠢ ᠦᠢᠮᠡᠭᠦᠯᠭᠦ ᠶᠢ ᠪᠦᠲᠦᠮᠵᠢᠲᠡᠶ ᠪᠠᠷ ᠦᠨᠳᠦᠰᠦ ᠠᠴᠠ ᠨᠢ ᠵᠠᠰᠠᠵᠤ᠂ ᠣᠯᠠᠨ ᠨᠡᠶᠢᠲᠡ ᠶᠢᠨ ᠠᠮᠤᠷ ᠲᠦᠪᠰᠢᠨ ᠢ ᠪᠠᠲᠤᠯᠠᠬᠤ ᠶᠢᠨ ᠲᠤᠰᠠᠳᠠ᠂ ᠬᠠᠷᠢᠶᠠᠲᠤ ᠣᠷᠣᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠲᠠᠰᠤᠷᠠᠯᠲᠠ ᠥᠬᠡᠶ ᠰᠠᠶᠢᠵᠢᠷᠠᠭᠤᠯᠤᠨ᠎ᠠ᠃ 7 ᠰᠠᠷ᠎ᠠ ᠶᠢᠨ 10 ᠤ ᠡᠳᠦᠷ ᠰᠠᠶᠢᠬᠠᠨ ᠲᠣᠮᠢᠯᠠᠭᠰᠠᠨ ᠰᠠᠯᠪᠤᠷᠢ ᠵᠠᠯᠠᠭᠤᠴᠤᠳ ᠤᠨ ᠨᠡᠶᠢᠭᠡᠮ ᠲᠣᠭᠤᠷᠢᠭ ᠲᠠᠢ ᠬᠠᠮᠲᠤᠷᠠᠨ ᠬᠠᠷᠢᠶ᠎ᠠ ᠣᠷᠣᠨ ᠤ ᠪᠠᠨ ᠲᠡᠨᠦᠭᠦᠯ ᠨᠣᠬᠠᠶ ᠶᠢ ᠲᠥᠪᠯᠡᠷᠡᠭᠦᠯᠦᠨ ᠪᠠᠷᠢᠪᠴᠢᠯᠠᠵᠠᠶ᠃    ᠴᠡᠭᠴᠡᠯᠡᠨ ᠵᠠᠰᠠᠬᠤ ᠶᠠᠪᠤᠴᠠ ᠳᠤ᠂ ᠲᠣᠮᠢᠯᠠᠭᠰᠠᠨ ᠰᠠᠯᠪᠤᠷᠢ ᠶᠢᠨ ᠠᠷᠠᠳ ᠤᠨ ᠴᠠᠭᠳᠠᠭ᠎ᠠ ᠨᠣᠬᠠᠶ ᠶᠢ ᠭᠡᠮᠲᠦᠭᠡᠬᠦ ᠥᠬᠡᠶ ᠪᠠᠶᠢᠬᠤ ᠵᠠᠷᠴᠢᠮ ᠢ ᠪᠠᠷᠢᠮᠲᠠᠯᠠᠨ᠂ ᠪᠠᠷᠢᠪᠴᠢᠯᠠᠬᠤ ᠪᠠᠭᠠᠵᠢ ᠶᠢ ᠠᠰᠢᠭᠯᠠᠨ ᠥᠳᠥᠭᠡᠨ ᠪᠠᠷᠢᠪᠴᠢᠯᠠᠬᠤ᠂ ᠪᠦᠰᠡᠯᠡᠨ ᠪᠠᠷᠢᠪᠴᠢᠯᠠᠬᠤ ᠵᠡᠷᠭᠡ ᠣᠯᠠᠨ ᠵᠦᠢᠯ ᠤᠨ ᠠᠷᠭ᠎ᠠ ᠪᠠᠷ ᠬᠠᠷᠢᠶᠠᠲᠤ ᠣᠷᠣᠨ ᠤ ᠲᠡᠨᠦᠭᠦᠯ ᠨᠣᠬᠠᠶ ᠶᠢ ᠲᠥᠪᠯᠡᠷᠡᠭᠦᠯᠦᠨ ᠪᠠᠷᠢᠪᠴᠢᠯᠠᠵᠤ᠂ ᠠᠮᠤᠷ ᠲᠦᠪᠰᠢᠨ ᠪᠣᠯᠪᠠᠰᠤᠨ ᠢ ᠢᠮᠠᠭᠲᠠ ᠲᠤᠤᠱᠯᠠᠭᠤᠯᠵᠤ᠂ ᠲᠣᠰ ᠤᠳᠠᠭᠠᠨ ᠤ ᠠᠵᠢᠯᠯᠠᠭ᠎ᠠ ᠳᠤ ᠨᠡᠶᠢᠲᠡ 4 ᠲᠡᠨᠦᠭᠦᠯ ᠨᠣᠬᠠᠶ ᠶᠢ ᠪᠠᠷᠢᠪᠴᠢᠯᠠᠪᠠ᠃    ᠳᠠᠷᠠᠭᠠᠴᠢ ᠶᠢᠨ ᠠᠯᠬᠤᠮ ᠳᠤ᠂ ᠵᠢᠤ ᠶᠤᠸᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠲᠡᠨᠦᠭᠦᠯ ᠨᠣᠬᠠᠢ ᠶᠢ ᠴᠡᠭᠴᠡᠯᠡᠨ ᠵᠠᠰᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠲᠣᠭᠤᠷᠢᠨ ᠴᠠᠭᠳᠠᠬᠤ ᠪᠠᠷ ᠳᠠᠮᠵᠢᠨ ᠲᠡᠨᠦᠭᠦᠯ ᠨᠣᠬᠠᠢ ᠶᠢᠨ ᠪᠠᠷ᠎ᠠ ᠶᠢ ᠴᠠᠭ ᠲᠤᠬᠠᠢ ᠳᠤᠨᠢ ᠢᠯᠡᠷᠡᠭᠦᠯᠵᠦ᠂ ᠬᠠᠷᠢᠶ᠎ᠠ ᠣᠷᠣᠨ ᠳᠠᠭᠠᠨ ᠲᠡᠨᠦᠭᠦᠯ ᠨᠣᠬᠠᠢ ᠶᠢ ᠪᠠᠷᠢᠪᠴᠢᠯᠠᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠪᠣᠯᠪᠠᠰᠤᠨ ᠪᠤᠰᠤ ᠪᠠᠷ ᠨᠣᠬᠠᠢ ᠲᠡᠵᠢᠭᠡᠭᠰᠡᠨ ᠰᠠᠭᠤᠭᠠᠯᠢ ᠠᠷᠠᠳ ᠲᠤ ᠦᠷᠭᠦᠯᠵᠢᠯᠡᠭᠰᠡᠨ ᠴᠢᠨᠠᠷᠲᠠᠢ ᠬᠥᠮᠦᠵᠢᠯ ᠪᠠ ᠢᠳᠬᠠᠯ ᠬᠢᠵᠦ᠂ ᠠᠮᠤᠷ ᠲᠦᠪᠰᠢᠨ᠂ ᠡᠶ᠎ᠡ ᠵᠣᠬᠢᠴᠠᠩᠭᠤᠢ᠂ ᠡᠷᠡᠭᠦᠯ ᠰᠠᠷᠠᠭᠤᠯ ᠠᠮᠢᠳᠤᠷᠠᠯ ᠤᠨ ᠣᠷᠴᠢᠨ ᠲᠣᠭᠤᠷᠢᠨ ᠢ ᠪᠤᠢ ᠪᠣᠯᠭᠠᠨ᠎ᠠ᠃   
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号