ᠵᠢᠩ ᠪᠥᠸᠧ ᠱᠢ ᠲᠣᠰᠬᠤᠨ ᠳᠤ ︽ᠨᠢᠳᠦ ᠪᠠᠨ ᠬᠠᠶᠢᠷᠠᠯᠠᠬᠤ ᠵᠢᠷᠤᠮ ᠤᠨ ᠡᠮᠴᠢᠯᠡᠭᠡ︾᠎ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/7/19
C:\Users\Administrator\Desktop\新闻照片\1.jpg
    ᠨᠢᠳᠦ ᠪᠣᠯ ᠪᠢᠳᠡᠨ ᠤ ᠤᠶᠤᠨ ᠰᠠᠨᠠᠭᠠᠨ ᠤ ᠴᠣᠩᠬᠤ᠂ ᠪᠢᠳᠡᠨ ᠤ ᠦᠵᠡᠰᠬᠦᠯᠡᠩᠲᠦ ᠰᠠᠶᠢᠬᠠᠨ ᠰᠢᠨ᠎ᠡ ᠶᠢᠷᠲᠢᠨᠴᠦ ᠳᠤ ᠨᠡᠪᠲᠡᠷᠡᠬᠦ ᠬᠥᠭᠦᠷᠭᠡ ᠮᠥᠨ᠃ ᠨᠢᠳᠦᠨ ᠤ ᠰᠠᠯᠠᠭᠠᠨ ᠤ ᠡᠪᠡᠳᠴᠢᠨ ᠢ ᠰᠡᠷᠭᠡᠶᠢᠯᠡᠬᠦ ᠮᠡᠳᠡᠯᠭᠡ ᠶᠢ ᠲᠦᠭᠡᠮᠡᠯᠵᠢᠭᠦᠯᠵᠦ᠂ ᠲᠣᠰᠬᠤᠨ ᠤ ᠰᠠᠭᠤᠭᠠᠯᠢ ᠠᠷᠠᠳ ᠤᠨ ᠨᠢᠳᠦ ᠪᠠᠨ ᠬᠠᠶᠢᠷᠠᠯᠠᠬᠤ᠂ ᠰᠢᠨᠵᠢᠯᠡᠬᠦ ᠤᠬᠠᠭᠠᠨᠴᠢ ᠪᠠᠷ ᠨᠢᠳᠦ ᠪᠠᠨ ᠬᠡᠷᠡᠭᠯᠡᠬᠦ ᠤᠬᠠᠮᠰᠠᠷ ᠢ ᠳᠡᠭᠡᠭᠰᠢᠯᠡᠭᠦᠯᠬᠦ ᠶᠢᠨ ᠲᠥᠯᠥᠭᠡ᠂ 7 ᠰᠠᠷ᠎ᠠ ᠶᠢᠨ 13᠎ ᠤ ᠦᠳᠡ ᠶᠢᠨ ᠡᠮᠦᠨ᠎ᠡ᠂ ᠵᠢᠩ ᠪᠥᠸᠧ ᠱᠢ ᠶᠢᠨ ᠨᠠᠮ ᠤᠨ ᠶᠡᠷᠦᠩᠬᠡᠢ ᠡᠭᠦᠷ ᠤᠨ ᠬᠢᠨ ᠪᠤᠭᠤᠲᠤ ᠶᠢᠨ ᠴᠤᠤ ᠵᠢᠤᠢ ᠨᠢᠳᠦᠨ ᠤ ᠡᠮᠨᠡᠯᠭᠡ ᠶᠢᠨ ᠬᠤᠷᠢᠶ᠎ᠠ ᠲᠠᠢ ᠬᠠᠮᠲᠤᠷᠠᠨ ᠨᠢᠳᠦ ᠪᠠᠨ ᠬᠠᠶᠢᠷᠠᠯᠠᠬᠤ ᠵᠢᠷᠤᠮ ᠤᠨ ᠡᠮᠴᠢᠯᠡᠭᠡᠨ ᠤ ᠠᠵᠢᠯᠯᠠᠭ᠎ᠠ ᠥᠷᠨᠢᠭᠦᠯᠪᠡ᠃    ᠲᠣᠰ ᠤᠳᠠᠭᠠᠨ ᠤ ᠵᠢᠷᠤᠮ ᠤᠨ ᠡᠮᠴᠢᠯᠡᠭᠡᠨ ᠤ ᠠᠵᠢᠯᠯᠠᠭ᠎ᠠ ᠶᠢᠨ ᠭᠤᠤᠯ ᠦᠢᠯᠡᠴᠢᠯᠡᠭᠡᠨ ᠤ ᠵᠦᠢᠯᠡᠰ ᠲᠤ᠄ ᠨᠡᠶᠢᠭᠡᠮ ᠲᠣᠭᠤᠷᠢᠭ ᠤᠨ ᠢᠳᠡᠷ ᠥᠲᠡᠯᠦᠭᠡ ᠨᠠᠰᠤᠨ ᠤ ᠬᠥᠮᠦᠰ ᠲᠤ ᠰᠦᠢᠳᠬᠡᠯ ᠬᠤᠷᠢᠶᠠᠬᠤ ᠥᠬᠡᠶ ᠪᠠᠷ ᠴᠠᠭᠠᠨ ᠬᠠᠷᠠᠩ᠂ ᠴᠡᠩᠬᠡᠷ ᠬᠠᠷᠠᠩ᠂ ᠨᠢᠳᠦᠨ ᠤ ᠢᠷᠣᠭᠠᠷ ᠤᠨ ᠡᠪᠡᠳᠴᠢᠨ᠂ ᠨᠢᠳᠦᠨ ᠤ ᠬᠡᠰᠡᠭ ᠤᠨ ᠡᠪ ᠥᠬᠡᠶ ᠪᠠᠶᠢᠳᠠᠯ ᠵᠡᠷᠭᠡ ᠡᠯ᠎ᠡ ᠵᠦᠢᠯ ᠤᠨ ᠨᠢᠳᠦᠨ ᠤ ᠰᠠᠯᠠᠭᠠᠨ ᠤ ᠡᠪᠡᠳᠴᠢᠨ ᠡᠮᠭᠡᠭ ᠤᠨ ᠣᠨᠣᠰᠢᠯᠠᠯᠲᠠ ᠬᠢᠬᠦ ᠶᠢᠨ ᠬᠠᠮᠲᠤ ᠬᠤᠯᠪᠣᠭᠳᠠᠯ ᠪᠥᠬᠦᠶ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠵᠤ᠂ ᠲᠣᠰᠬᠤᠨ ᠤ ᠰᠠᠭᠤᠭᠠᠯᠢ ᠠᠷᠠᠳ ᠲᠤ ᠬᠤᠯᠪᠣᠭᠳᠠᠯ ᠪᠥᠬᠦᠶ ᠡᠪᠡᠳᠴᠢᠨ ᠡᠮᠭᠡᠭ ᠤᠨ ᠤᠬᠠᠭᠤᠯᠭ᠎ᠠ ᠬᠢᠨ᠎ᠠ᠃ ᠡᠯ᠎ᠡ ᠲᠥᠷᠥᠯ ᠤᠨ ᠤᠬᠠᠭᠤᠯᠭ᠎ᠠ ᠶᠢᠨ ᠮᠠᠲ᠋ᠧᠷᠢᠶᠠᠯ ᠢ 80 ᠭᠠᠷᠤᠶ ᠬᠤᠪᠢ ᠲᠠᠷᠬᠠᠭᠠᠵᠤ᠂ ᠡᠯ᠎ᠡ ᠲᠥᠷᠥᠯ ᠤᠨ ᠡᠮ ᠤᠨ ᠵᠦᠢᠯ ᠢ ᠨᠡᠶᠢᠲᠡ 700 ᠭᠠᠷᠤᠶ ᠲᠥᠭᠦᠷᠢᠭ ᠲᠠᠷᠬᠠᠭᠠᠵᠤ᠂ 100 ᠭᠠᠷᠤᠶ ᠬᠥᠮᠦᠨ ᠠᠴᠠ ᠠᠰᠠᠭᠤᠨ ᠯᠠᠪᠯᠠᠬᠤ ᠶᠢ ᠭᠥᠯᠢᠶᠡᠨ ᠠᠪᠴᠤ᠂ ᠠᠵᠢᠯᠯᠠᠭ᠎ᠠ ᠨᠢ ᠲᠣᠰᠬᠤᠨ ᠤ ᠰᠠᠭᠤᠭᠠᠯᠢ ᠠᠷᠠᠳ ᠤᠨ ᠬᠦᠷᠢᠶᠡᠯᠡᠯ ᠢ ᠶᠡᠬᠡᠳᠡ ᠣᠯᠵᠤ᠂ ᠶᠡᠭᠡ ᠬᠡᠮᠵᠢᠶᠡᠨ ᠤ ᠨᠠᠰᠤᠲᠠᠶᠢᠴᠤᠳ ᠢ ᠲᠡᠳᠡᠨ ᠣᠷᠣᠯᠴᠠᠭᠤᠯᠵᠤ᠂ ᠠᠵᠢᠯᠯᠠᠭ᠎ᠠ ᠨᠢ ᠮᠠᠰᠢ ᠰᠠᠶᠢᠨ ᠦᠷ᠎ᠡ ᠪᠦᠲᠦᠮᠵᠢ ᠣᠯᠤᠭᠰᠠᠨ ᠪᠠᠶᠢᠨ᠎ᠠ᠃    ᠲᠣᠰ ᠤᠳᠠᠭᠠᠨ ᠤ ᠨᠢᠳᠦ ᠪᠠᠨ ᠬᠠᠶᠢᠷᠠᠯᠠᠬᠤ ᠬᠥᠳᠡᠯᠭᠡᠭᠡᠨ ᠢᠶᠠᠷ ᠳᠡᠮᠵᠢᠨ᠂ ᠨᠢᠭᠡ ᠲᠠᠯ᠎ᠠ ᠪᠠᠷ ᠡᠪᠡᠳᠴᠢᠲᠡᠨ ᠤ ᠨᠢᠳᠦᠨ ᠤ ᠡᠪᠡᠳᠴᠢᠨ ᠢ ᠴᠠᠭ ᠲᠤᠬᠠᠶ ᠳᠤᠨᠢ ᠣᠯᠵᠤ ᠮᠡᠳᠡᠵᠦ ᠪᠣᠯᠬᠤ ᠪᠥᠭᠡᠳ ᠨᠥᠭᠦᠭᠡ ᠲᠠᠯ᠎ᠠ ᠪᠠᠷ ᠪᠠᠰᠠ ᠲᠣᠰᠬᠤᠨ ᠤ ᠰᠠᠭᠤᠭᠠᠯᠢ ᠠᠷᠠᠳ ᠤᠨ ᠨᠢᠳᠦᠨ ᠤ ᠡᠷᠡᠭᠦᠯ ᠮᠡᠨᠳᠦ ᠶᠢ ᠬᠠᠮᠠᠭᠠᠯᠠᠬᠤ ᠰᠤᠪᠢᠯᠠᠯᠲᠠ ᠶᠢᠨ ᠶᠡᠷᠦ ᠶᠢᠨ ᠮᠡᠳᠡᠯᠭᠡ ᠶᠢ ᠳᠡᠭᠡᠭᠰᠢᠯᠡᠭᠦᠯᠵᠦ ᠪᠣᠯᠤᠨ᠎ᠠ᠃ ᠨᠠᠰᠤᠲᠠᠶᠢᠴᠤᠳ ᠢ ᠬᠠᠪᠰᠤᠷᠤᠨ ᠠᠮᠢᠳᠤᠷᠠᠯ ᠤᠨ ᠳᠤᠮᠳᠠ ᠥᠪᠡᠷ ᠤᠨ ᠨᠢᠳᠦᠨ ᠤ ᠡᠪᠡᠳᠴᠢᠨ ᠡᠮᠭᠡᠭ ᠢ ᠴᠢᠬᠤᠯᠠᠴᠢᠯᠠᠬᠤ ᠬᠡᠮᠵᠢᠶ᠎ᠡ ᠶᠢ ᠨᠢ ᠳᠡᠭᠡᠭᠰᠢᠯᠡᠭᠦᠯᠵᠦ᠂ ᠨᠡᠶᠢᠭᠡᠮ ᠳᠠᠶᠠᠭᠠᠷ ᠤᠨ ᠨᠢᠳᠦ ᠪᠠᠨ ᠬᠠᠶᠢᠷᠠᠯᠠᠵᠤ ᠨᠢᠳᠦ ᠪᠠᠨ ᠬᠠᠮᠠᠭᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠨ᠎ᠠ᠃   
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号