ᠪᠣᠯᠪᠠᠰᠤᠨ ᠪᠠᠭ᠎ᠠ ᠬᠠᠮᠠᠭᠠᠯᠠᠭᠴᠢ ᠣᠷᠴᠢᠨ ᠲᠣᠭᠤᠷᠢᠨ ᠢ ᠬᠠᠮᠠᠭᠠᠯᠠᠶ᠎ᠠ
ᠨᠡᠶᠢᠲᠡᠯᠡᠭᠰᠡᠨ ᠴᠠᠭ᠄
2023/7/21
C:\Users\Administrator\Desktop\新闻照片\60.jpg
    ᠵᠤᠨ ᠤ ᠠᠮᠠᠷᠠᠯᠲᠠ ᠬᠦᠷᠴᠦ ᠢᠷᠡᠬᠦ ᠳᠤ᠂ ᠬᠡᠦᠬᠡᠳ ᠤᠨ ᠨᠡᠶᠢᠭᠡᠮ ᠤᠨ ᠦᠢᠯᠡᠳᠦᠯᠭᠡ ᠶᠢᠨ ᠥᠩᠭᠡᠷᠡᠯᠲᠡ ᠶᠢ ᠪᠠᠶᠠᠯᠢᠭᠵᠢᠭᠤᠯᠵᠤ᠂ ᠪᠣᠯᠪᠠᠰᠤᠨ ᠡᠶ᠎ᠡ ᠵᠣᠬᠢᠴᠠᠯ ᠲᠠᠢ ᠨᠡᠶᠢᠭᠡᠮ ᠲᠣᠭᠤᠷᠢᠭ ᠤᠨ ᠣᠷᠴᠢᠨ ᠨᠥᠬᠦᠴᠡᠯ ᠢ ᠡᠭᠦᠳᠦᠨ ᠪᠠᠶᠢᠭᠤᠯᠬᠤ ᠬᠡᠷᠡᠭᠲᠡᠢ᠃ 7 ᠰᠠᠷ᠎ᠠ ᠶᠢᠨ 16 ᠤ ᠡᠳᠦᠷ ᠤᠨ ᠦᠳᠡ ᠶᠢᠨ ᠡᠮᠦᠨ᠎ᠡ᠂ ᠰᠢᠩ ᠶᠤᠸᠠᠨ ᠨᠡᠶᠢᠭᠡᠮ ᠲᠣᠭᠤᠷᠢᠭ ᠤᠨ ᠬᠡᠷ ᠤᠨ ᠠᠬᠠᠮᠠᠳ ᠤᠨ ᠰᠤᠷᠭᠠᠭᠤᠯᠢ ᠡᠯ ᠳ᠋ᠤᠤ ᠱᠠ ᠾᠧ ᠪᠠᠭ᠎ᠠ ᠰᠤᠷᠭᠠᠭᠤᠯᠢ ᠲᠠᠢ ᠬᠠᠮᠲᠤᠷᠠᠨ ︽ᠪᠣᠯᠪᠠᠰᠤᠨ ᠪᠠᠭ᠎ᠠ ᠬᠠᠮᠠᠭᠠᠯᠠᠭᠴᠢ ᠣᠷᠴᠢᠨ ᠠᠬᠤᠶ ᠶᠢ ᠬᠠᠮᠠᠭᠠᠯᠠᠬᠤ ᠳᠤ ᠪᠢ ᠤᠷᠢᠳᠠᠪᠠᠷ ᠬᠡᠷᠡᠭᠵᠢᠭᠦᠯᠬᠦ︾ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ᠃    ᠪᠠᠭ᠎ᠠ ᠲᠣᠭᠤᠷᠢᠭ ᠤᠨ ᠭᠤᠣᠯ ᠵᠠᠮ᠂ ᠨᠣᠭᠤᠭᠠᠷᠠᠭᠤᠯᠤᠯᠲᠠ ᠶᠢᠨ ᠪᠦᠰᠡ᠂ ᠠᠰᠠᠷ ᠤᠨ ᠵᠠᠮ᠂ ᠠᠭᠤᠳᠠᠮ ᠲᠠᠯᠠᠪᠠᠢ ᠳᠤ ᠁ ᠰᠠᠶᠢᠨ ᠳᠤᠷ᠎ᠠ ᠶᠢᠨ ᠪᠢᠴᠢᠬᠠᠨ ᠦᠢᠯᠡᠴᠢᠯᠡᠭᠴᠢᠳ ᠥᠨᠴᠥᠭ ᠪᠤᠯᠤᠩ ᠦᠯᠡᠳᠡᠭᠡᠬᠦ ᠦᠭᠡᠢ ᠪᠠᠷ ᠬᠤᠭ ᠨᠣᠪᠰᠢ ᠶᠢᠨ ᠦᠷᠦᠯᠪᠢ ᠪᠠᠷ ᠬᠤᠭ ᠨᠣᠪᠰᠢ ᠶᠢ ᠬᠤᠭ ᠤᠨ ᠤᠭᠤᠲᠠᠨ ᠳᠤ ᠲᠡᠭᠦᠵᠦ ᠣᠷᠣᠭᠤᠯᠪᠠ᠂ ᠲᠡᠳᠡ ᠪᠦᠯᠬᠦᠮᠳᠡᠨ ᠬᠠᠮᠵᠢᠯᠴᠠᠬᠤ ᠵᠣᠷᠢᠭ ᠰᠠᠨᠠᠭ᠎ᠠ ᠶᠢ ᠭᠦᠢᠴᠡᠳ ᠪᠠᠳᠠᠷᠠᠭᠤᠯᠵᠤ᠂ ᠠᠰᠠᠷ ᠤᠨ ᠬᠤᠩᠭᠢᠯ ᠤᠨ ᠳᠣᠲᠣᠷᠠᠬᠢ ᠠᠰᠠᠷ ᠤᠨ ᠱᠠᠲᠤᠨ ᠤ ᠲᠦᠰᠢᠭᠦᠷ᠂ ᠨᠢᠭᠡᠴᠢ ᠶᠢᠨ ᠡᠭᠦᠳᠡᠨ ᠤ ᠪᠠᠷᠢᠭᠤᠯ ᠢ ᠮᠠᠰᠢ ᠲᠦᠷᠭᠡᠨ ᠢᠶᠠᠷ ᠴᠡᠪᠡᠷ ᠴᠡᠮᠴᠡᠭᠡᠷ ᠵᠦᠯᠭᠦᠪᠡ᠃ ᠡᠪᠡᠰᠦᠨ ᠳᠣᠲᠣᠷ᠎ᠠ᠂ ᠠᠭᠤᠳᠠᠮ ᠲᠠᠯᠠᠪᠠᠢ ᠳᠤ᠂ ᠠᠰᠠᠷ ᠤᠨ ᠭᠤᠳᠤᠮᠵᠢᠨ ᠳᠤ ᠪᠥᠷ ᠰᠢᠨ᠎ᠡ ᠳᠦᠷᠰᠦ ᠪᠠᠶᠢᠳᠠᠯ ᠲᠠᠢ ᠪᠣᠯᠵᠠᠢ᠃ ︽ᠣᠷᠴᠢᠨ ᠲᠤᠬᠤᠷᠢᠨ ᠢ ᠬᠠᠶᠢᠷᠠᠯᠠᠬᠤ ᠤᠬᠠᠮᠰᠠᠷ ᠢ ᠬᠠᠷᠠᠬᠠᠨ ᠪᠠᠭ᠎ᠠ ᠠᠴᠠ ᠨᠢ ᠠᠳᠬᠤᠬᠤ ᠬᠡᠷᠡᠭᠲᠡᠶ︾ ᠭᠡᠵᠦ ᠠᠩᠭᠢ ᠳᠠᠭᠠᠭᠤᠯᠤᠭᠰᠠᠨ ᠪᠠᠭᠰᠢ ᠲᠥᠪ ᠴᠢᠩᠭ᠎ᠠ ᠢᠶᠠᠷ ᠶᠠᠷᠢᠪᠠ᠃
C:\Users\Administrator\Desktop\新闻照片\61.jpg
    ︽ᠠᠪᠠᠭ᠎ᠠ ᠡ᠂ ᠨᠣᠯᠮᠤᠭᠰᠠᠨ ᠴᠡᠷ ᠢᠶᠠᠨ ᠴᠠᠭᠠᠰᠤᠨ ᠠᠯᠴᠢᠭᠤᠷ ᠢᠶᠠᠷ ᠪᠣᠭᠤᠵᠤ ᠬᠤᠭ ᠤᠨ ᠰᠠᠪᠠ ᠪᠠᠨ ᠭᠡᠭᠡᠬᠦ ᠬᠡᠷᠡᠭᠲᠡᠢ ᠰᠢᠤ︕︾ ︽ᠠᠨᠢᠶ᠎ᠠ ᠡ᠂ ᠨᠣᠬᠠᠶ ᠪᠠᠨ ᠲᠣᠭᠤᠷᠢᠭᠤᠯᠬᠤ ᠳᠤ ᠳᠡᠭᠡᠰᠦ ᠪᠠᠨ ᠲᠠᠲᠠᠬᠤ ᠬᠡᠷᠡᠭᠲᠡᠢ ᠰᠢᠤ︕︾ ᠭᠡᠵᠦ ᠪᠢᠴᠢᠬᠠᠨ ᠰᠠᠶᠢᠨ ᠳᠤᠷ᠎ᠠ ᠶᠢᠨ ᠦᠢᠯᠡᠴᠢᠯᠡᠭᠴᠢᠳ ᠲᠣᠭᠤᠷᠢᠭ ᠤᠨ ᠣᠷᠴᠢᠨ ᠲᠣᠭᠤᠷᠢᠨ ᠢ ᠴᠡᠪᠡᠷᠰᠢᠭᠦᠯᠵᠦ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠤ ᠪᠣᠯᠪᠠᠰᠤᠨ ᠠᠮᠢᠳᠤᠷᠠᠯ ᠤᠨ ᠶᠡᠷᠦ ᠶᠢᠨ ᠮᠡᠳᠡᠯᠭᠡ ᠶᠢ ᠳᠠᠮᠵᠢᠭᠤᠯᠪᠠ᠃ ᠰᠠᠢᠨ ᠳᠤᠷᠠᠴᠤᠳ ᠤᠨ ᠱᠢᠨᠵᠢᠯᠡᠬᠦ ᠤᠬᠠᠭᠠᠨ ᠢ ᠲᠦᠭᠡᠮᠡᠯᠵᠢᠭᠦᠯ ᠪᠠᠷ ᠳᠠᠮᠵᠢᠨ ᠰᠠᠭᠤᠭᠠᠯᠢ ᠠᠷᠠᠳ ᠭᠠᠵᠠᠷ ᠰᠠᠢ ᠦᠭᠡᠢ ᠨᠤᠯᠮᠤᠬᠤ ᠦᠢᠯᠡ ᠠᠵᠢᠯᠯᠠᠭ᠎ᠠ ᠨᠢ ᠡᠷᠡᠭᠦᠯ ᠬᠠᠮᠠᠭᠠᠯᠠᠯ ᠦᠭᠡᠢ ᠭᠡᠳᠡᠭ ᠢ ᠲᠠᠨᠢᠵᠤ ᠣᠯᠪᠠ᠂  ᠨᠣᠬᠠᠶ ᠪᠠᠨ ᠲᠣᠭᠤᠷᠢᠭᠤᠯᠵᠤ ᠪᠠᠶᠢᠭ᠎ᠠ ᠰᠠᠭᠤᠭᠠᠯᠢ ᠠᠷᠠᠳ ᠡᠩᠬᠦᠷᠡᠶ ᠠᠮᠢᠲᠠᠨ ᠤ ᠢᠶᠠᠨ ᠳᠡᠭᠡᠰᠦ ᠶᠢ ᠥᠯᠥ ᠬᠥᠲᠥᠯᠬᠦ ᠨᠢ ᠪᠤᠰᠤᠳ ᠬᠥᠮᠦᠨ ᠳᠤ ᠶᠠᠷᠰᠢᠭ ᠲᠦᠪᠡᠭ ᠠᠪᠴᠢᠷᠠᠭᠰᠠᠨ ᠢ ᠲᠠᠨᠢᠭᠰᠠᠨ ᠪᠥᠭᠡᠳ ᠬᠤᠶᠢᠰᠢᠳᠠ ᠴᠥᠮ ᠥᠪᠡᠷ ᠤᠨ ᠦᠢᠯᠡ ᠠᠵᠢᠯᠯᠠᠭ᠎ᠠ ᠪᠠᠨ ᠪᠠᠶᠢᠴᠠᠭᠠᠨ ᠦᠵᠡᠵᠦ᠂ ᠪᠣᠯᠪᠠᠰᠤᠨ ᠬᠤᠲᠠ ᠶᠢᠨ ᠠᠷᠠᠳ ᠪᠣᠯᠬᠤ ᠪᠠᠷ ᠴᠢᠷᠮᠠᠶᠢᠨ᠎ᠠ ᠭᠡᠵᠦ ᠠᠮᠠᠯᠠᠭᠰᠠᠨ ᠪᠠᠶᠢᠨ᠎ᠠ᠃    ᠲᠣᠰ ᠤᠳᠠᠭᠠᠨ ᠤ ᠠᠵᠢᠯᠯᠠᠭ᠎ᠠ ᠳᠤ᠂ ᠰᠠᠶᠢᠨ ᠳᠤᠷ᠎ᠠ ᠶᠢᠨ ᠪᠠᠭ᠎ᠠ ᠠᠵᠢᠯᠯᠠᠭᠴᠢᠳ ᠵᠢᠵᠢᠭ ᠲᠣᠭᠤᠷᠢᠭ ᠤᠨ ᠳᠣᠲᠣᠭᠠᠳᠤ ᠶᠢᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ᠪᠠ ᠬᠠᠮᠠᠭᠠᠯᠠᠬᠤ ᠳᠤ ᠣᠷᠣᠯᠴᠠᠬᠤ ᠪᠠᠷ ᠳᠠᠮᠵᠢᠭᠤᠯᠤᠨ ᠂ ᠬᠡᠤᠬᠡᠳ ᠤᠨ ︽ᠣᠷᠴᠢᠨ ᠲᠣᠭᠤᠷᠢᠨ ᠢ ᠬᠠᠶᠢᠷᠠᠯᠠᠵᠤ᠂ ᠥᠪᠡᠷ ᠤᠨ ᠪᠡᠶ᠎ᠡ ᠠᠴᠠ ᠪᠠᠨ ᠡᠬᠢᠯᠡᠨ ᠬᠢᠬᠦ︾ ᠬᠠᠷᠢᠭᠤᠴᠠᠯᠭᠠᠲᠤ ᠤᠬᠠᠮᠰᠠᠷ ᠢ ᠬᠥᠮᠦᠵᠢᠭᠦᠯᠵᠦ᠂ ᠬᠡᠤᠬᠡᠳ ᠢ ᠬᠥᠲᠥᠯᠦᠨ ᠵᠢᠯᠣᠭᠤᠳᠴᠤ ᠪᠠᠶᠢᠭᠠᠳ ᠬᠠᠷᠠᠬᠠᠨ ᠪᠠᠭ᠎ᠠ ᠠᠴᠠ ᠪᠠᠨ ᠣᠷᠴᠢᠨ ᠲᠣᠭᠤᠷᠢᠨ ᠢ ᠬᠠᠶᠢᠷᠠᠯᠠᠵᠤ᠂ ᠬᠥᠳᠡᠯᠮᠦᠷᠢ ᠳᠤ ᠬᠠᠶᠢᠷᠠᠲᠠᠶ ᠪᠣᠯᠭᠠᠵᠤ᠂ ᠨᠡᠶᠢᠭᠡᠮ ᠤᠨ ᠦᠢᠯᠡᠳᠦᠯᠭᠡ ᠶᠢᠨ ᠠᠭᠤᠯᠭ᠎ᠠ ᠶᠢ ᠪᠠᠶᠠᠯᠢᠭᠵᠢᠭᠤᠯᠤᠭᠰᠠᠨ ᠢᠶᠠᠷ ᠪᠠᠷᠠᠬᠤ ᠥᠬᠡᠶ ᠪᠠᠰᠠ ᠨᠠᠩ ᠣᠯᠠᠨ ᠰᠠᠭᠤᠭᠠᠯᠢ ᠠᠷᠠᠳ ᠢ ᠪᠣᠯᠪᠠᠰᠤᠨ ᠨᠡᠶᠢᠭᠡᠮ ᠲᠣᠭᠤᠷᠢᠭ ᠤᠨ ᠪᠥᠲᠥᠭᠡᠨ ᠪᠠᠶᠢᠭᠤᠯᠤᠯᠲᠠ ᠳᠤ ᠣᠷᠣᠯᠴᠠᠭᠤᠯᠵᠤ᠂ ᠪᠣᠯᠪᠠᠰᠤᠨ ᠡᠶ᠎ᠡ ᠵᠣᠬᠢᠴᠠᠯ ᠲᠠᠢ ᠨᠡᠶᠢᠭᠡᠮ ᠲᠣᠭᠤᠷᠢᠭ ᠤᠨ ᠠᠭᠤᠷ ᠠᠮᠢᠰᠬᠤᠯ ᠢ ᠪᠣᠶ ᠪᠣᠯᠭᠠᠪᠠ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号