ᠷᠦᠩ ᠮᠤᠤ ᠨᠡᠶᠢᠭᠡᠮ ᠲᠣᠭᠤᠷᠢᠭ᠄ ᠵᠤᠨ ᠤ ᠤᠯᠠᠷᠢᠯ ᠳᠤ ᠰᠡᠷᠢᠭᠦᠨ ᠢ ᠬᠦᠷᠭᠡᠵᠦ᠂ ᠬᠠᠶᠢᠷ᠎ᠠ ᠬᠠᠯᠠᠮᠵᠢ ᠶᠢ ᠬᠦᠷᠲᠡᠨ᠎ᠡ
ᠨᠡᠶᠢᠲᠡᠯᠡᠭᠰᠡᠨ ᠴᠠᠭ᠄
2023/7/27
C:\Users\Administrator\Desktop\新闻照片\30.jpg
    7 ᠰᠠᠷ᠎ᠠ ᠶᠢᠨ 26᠎ ᠤ ᠡᠳᠦᠷ᠂ ᠷᠦᠩ ᠮᠤᠤ ᠨᠡᠶᠢᠭᠡᠮ ᠲᠣᠭᠤᠷᠢᠭ ᠤᠨ ᠨᠠᠮ ᠤᠯᠠᠨ ᠲᠦᠮᠡᠨ ᠤ ᠦᠢᠯᠡᠴᠢᠯᠡᠭᠡᠨ ᠤ ᠲᠥᠪ ᠬᠠᠷᠢᠶ᠎ᠠ ᠲᠣᠭᠤᠷᠢᠭ ᠤᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠳ ᠢ ᠰᠡᠷᠢᠭᠦᠴᠡᠭᠦᠯᠬᠦ ᠠᠵᠢᠯᠯᠠᠭ᠎ᠠ ᠥᠷᠨᠢᠭᠦᠯᠵᠦ᠂ ᠳᠡᠳᠡᠨ ᠳᠤ ᠨᠡᠶᠢᠭᠡᠮ ᠲᠣᠭᠤᠷᠢᠭ ᠤᠨ ᠬᠠᠶᠢᠷ᠎ᠠ ᠬᠠᠯᠠᠮᠵᠢ ᠪᠣᠯᠤᠨ ᠰᠡᠷᠢᠭᠦᠴᠡᠭᠦᠯᠬᠦ ᠲᠣᠬᠤᠨᠢᠭᠤᠯᠬᠤ ᠪᠣᠳᠠᠰ ᠬᠦᠷᠭᠡᠵᠡᠢ᠃    ᠠᠭᠠᠭᠢᠮ᠎ᠠ ᠬᠠᠯᠠᠭᠤᠨ ᠵᠤᠨ ᠤ ᠤᠯᠠᠷᠢᠯ ᠳᠤ ᠬᠠᠯᠠᠭᠤᠨ ᠳᠠᠪᠠᠯᠭᠠᠨ ᠣᠶᠢᠯᠤᠨ ᠳᠠᠪᠠᠯᠭᠠᠯᠠᠵᠤ᠂ ᠣᠶᠢᠷ᠎ᠠ ᠶᠢᠨ ᠡᠳᠦᠷ ᠤᠳ ᠲᠤ ᠪᠥᠬᠦ ᠤᠯᠤᠰ ᠤᠨ ᠣᠯᠠᠨ ᠭᠠᠵᠠᠷ ᠤᠨ ᠬᠢᠨ ᠥᠨᠳᠥᠷ ᠬᠠᠯᠠᠭᠤᠨ ᠤ ᠵᠠᠭᠪᠤᠷ ᠡᠬᠢᠯᠡᠵᠦ᠂ ᠮᠠᠨ ᠤ ᠣᠯᠠᠨ ᠲᠦᠮᠡᠨ ᠳᠤ ᠪᠣᠳᠠᠲᠠᠶ ᠠᠵᠢᠯ ᠬᠢᠵᠦ ᠥᠭᠬᠦ ᠶᠢ ᠭᠦᠨᠵᠡᠭᠡᠶ ᠳᠥᠯᠭᠢᠨ ᠠᠬᠢᠭᠤᠯᠵᠤ᠂ ᠬᠠᠯᠠᠭᠤᠨ ᠢ ᠰᠡᠷᠭᠡᠶᠢᠯᠡᠨ ᠬᠠᠯᠠᠭᠤᠨ ᠢ ᠪᠠᠭᠤᠷᠠᠭᠤᠯᠬᠤ ᠠᠵᠢᠯ ᠢ ᠦᠨᠡᠨ ᠬᠦ ᠰᠠᠶᠢᠲᠤᠷ ᠬᠢᠬᠦ ᠶᠢᠨ ᠲᠥᠯᠥᠭᠡ᠂ ᠷᠦᠩ ᠮᠤᠤ ᠨᠡᠶᠢᠭᠡᠮ ᠲᠣᠭᠤᠷᠢᠭ ᠤᠨ ᠬᠢᠨ ︽ᠵᠣᠨ ᠰᠡᠷᠢᠭᠦᠨ ᠢ ᠬᠦᠷᠭᠡᠬᠦ︾ ᠠᠵᠢᠯᠯᠠᠭ᠎ᠠ ᠶᠢ ᠡᠬᠢᠯᠡᠭᠦᠯᠵᠦ᠂ ᠨᠢᠭᠡᠳᠦᠭᠡᠷ ᠹᠷᠣᠨᠲ ᠲᠤ ᠠᠵᠢᠯᠯᠠᠵᠤ ᠪᠠᠶᠢᠭ᠎ᠠ ᠴᠡᠪᠡᠷᠯᠡᠭᠴᠢ ᠳᠤ ᠨᠣᠭᠤᠭᠠᠨ ᠪᠤᠷᠴᠠᠭ᠂ ᠤᠳᠪᠠᠯᠠ ᠴᠡᠴᠡᠭ᠂ ᠭᠠᠰᠢᠭᠤᠨ ᠴᠠᠶ᠂ ᠮᠥᠰᠥᠨ ᠰᠢᠬᠢᠷ ᠵᠡᠷᠭᠡ ᠬᠠᠯᠠᠭᠤᠨ ᠢ ᠰᠡᠷᠭᠡᠶᠢᠯᠡᠨ ᠬᠠᠯᠠᠭᠤᠨ ᠢ ᠠᠷᠢᠯᠭᠠᠬᠤ ᠬᠡᠷᠡᠭᠰᠡᠯ ᠢ ᠬᠦᠷᠭᠡᠨ ᠥᠭᠴᠦ᠂ ᠲᠡᠳᠡᠨ ᠳᠤ ᠭᠦᠨ ᠵᠤᠵᠠᠭᠠᠨ ᠬᠠᠯᠠᠮᠵᠢᠯᠠᠯ ᠪᠠ ᠲᠠᠯᠠᠷᠬᠠᠯ ᠢᠶᠠᠨ ᠢᠯᠡᠳᠬᠡᠵᠡᠶ᠃
C:\Users\Administrator\Desktop\新闻照片\31.jpg
    ︽ᠪᠢᠳᠡ ᠰᠡᠷᠢᠭᠦᠨ ᠢ ᠠᠮᠲᠠᠯᠠᠵᠤ᠂ ᠨᠡᠶᠢᠭᠡᠮ ᠲᠣᠭᠤᠷᠢᠭ ᠤᠨ ᠬᠠᠯᠠᠭᠤᠨ ᠳᠤᠯᠠᠭᠠᠨ ᠢ ᠮᠡᠳᠡᠷᠡᠵᠦ᠂ ᠠᠵᠢᠯ ᠢᠶᠠᠨ ᠰᠠᠶᠢᠨ ᠬᠢᠬᠦ ᠢᠲᠡᠭᠡᠯ ᠵᠣᠷᠢᠭ ᠨᠡᠩ ᠲᠡᠭᠦᠯᠳᠡᠷ ᠪᠣᠯᠵᠠᠶ︾ ᠭᠡᠵᠦ ᠯᠢ ᠡᠪᠦᠭᠡᠨ ᠪᠠᠶᠠᠷᠲᠠᠶ ᠪᠠᠷ ᠬᠡᠯᠡᠪᠡ᠃ ᠵᠣᠨ ᠤ ᠡᠳᠦᠷ ᠤᠨ ᠰᠡᠷᠢᠭᠦᠴᠡᠭᠦᠯᠬᠦ ᠠᠵᠢᠯᠯᠠᠭ᠎ᠠ ᠨᠢ ᠬᠡᠷ ᠤᠨ ᠭᠠᠳᠠᠨᠠᠬᠢ ᠠᠵᠢᠯᠲᠠᠳ ᠲᠤ ᠰᠡᠷᠢᠭᠦᠴᠡᠯ ᠪᠠ ᠬᠠᠯᠠᠮᠵᠢᠯᠠᠯ ᠬᠦᠷᠲᠡᠭᠡᠭᠰᠡᠨ ᠢᠶᠠᠷ ᠪᠠᠷᠠᠬᠤ ᠥᠬᠡᠶ᠂ ᠨᠠᠩ ᠴᠤ ᠣᠯᠠᠨ ᠤ ᠠᠵᠢᠯ ᠤᠨ ᠡᠷᠴᠢ ᠵᠣᠷᠢᠭ ᠢ ᠬᠥᠪᠴᠢᠯᠡᠵᠦ᠂ ᠬᠤᠲᠠ ᠶᠢᠨ ᠪᠣᠯᠪᠠᠰᠤᠨ ᠬᠡᠪ ᠰᠤᠷᠲᠠᠯ ᠳᠤ ᠥᠩᠭᠡ ᠬᠡᠷᠡᠯ ᠨᠡᠮᠡᠷᠢᠯᠡᠭᠰᠡᠨ ᠪᠠᠶᠢᠨ᠎ᠠ᠃    ᠭᠡᠷ ᠤᠨ ᠭᠠᠳᠠᠨᠠᠬᠢ ᠠᠵᠢᠯᠲᠠᠳ ᠲᠠᠢ ᠰᠡᠳᠬᠢᠯ ᠵᠢᠷᠦᠬᠡ ᠪᠠᠨ ᠬᠤᠯᠪᠣᠵᠤ᠂ ᠠᠭᠠᠭᠢᠮ᠎ᠠ ᠬᠠᠯᠠᠭᠤᠨ ᠨᠡᠷᠡᠨ ᠳᠤ ᠰᠡᠷᠢᠭᠦᠴᠡᠯ ᠢ ᠬᠦᠷᠭᠡᠨ᠎ᠡ᠂ ᠪᠢᠳᠡ ᠶᠡᠷᠤ ᠠᠴᠠ ᠪᠠᠨ ᠠᠵᠢᠯᠯᠠᠭᠰᠠᠭᠠᠷ ᠢᠷᠡᠵᠦ᠂ ᠰᠡᠷᠢᠭᠦᠴᠡᠯ ᠢ ᠬᠦᠷᠭᠡᠬᠦ ᠠᠵᠢᠯᠯᠠᠭ᠎ᠠ ᠪᠠᠷ ᠳᠠᠮᠵᠢᠭᠤᠯᠤᠨ ᠭᠡᠷ ᠤᠨ ᠭᠠᠳᠠᠨᠠᠬᠢ ᠠᠵᠢᠯᠳᠠᠨ ᠨᠢᠭᠡᠪᠦᠷᠢ ᠳᠤ ᠨᠡᠶᠢᠭᠡᠮ ᠲᠣᠭᠤᠷᠢᠭ ᠪᠣᠯᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠬᠠᠯᠠᠮᠵᠢᠯᠠᠯ ᠢ ᠮᠡᠳᠡᠷᠡᠭᠦᠯᠵᠦ᠂ ᠥᠷᠭᠡᠨ ᠤᠯᠠᠨ ᠰᠠᠭᠤᠭᠠᠯᠢ ᠠᠷᠠᠳ ᠢ ᠤᠬᠠᠮᠰᠠᠷ ᠠᠴᠠ ᠪᠠᠨ ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠤᠰᠴᠤ᠂ ᠨᠠᠮ ᠢᠶᠠᠨ ᠲᠠᠭᠠᠬᠤ ᠶᠢ ᠬᠦᠳᠦᠯᠦᠨ ᠳᠠᠭᠠᠭᠤᠯᠬᠤ ᠶᠢ ᠬᠦᠰᠡᠵᠦ ᠪᠠᠶᠢᠨ᠎ᠠ᠃
C:\Users\Administrator\Desktop\新闻照片\32.jpg   
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号