ᠵᠢᠦ ᠶᠤᠸᠠᠨ ᠤ ᠣᠶ ᠰᠢᠭᠤᠶ ᠡᠪᠡᠰᠦ ᠪᠡᠯᠴᠢᠭᠡᠷ ᠤᠨ ᠬᠤᠪᠢᠶᠠᠷᠢ ᠲᠣᠪᠴᠢᠶ᠎ᠠ ᠶᠢᠨ ᠨᠤᠲᠤᠭ ᠪᠡᠯᠴᠢᠭᠡᠷ ᠤᠨ ᠥᠷᠲᠡᠭᠡ 2023 ᠣᠨ ᠤ ᠨᠤᠲᠤᠭ ᠪᠡᠯᠴᠢᠭᠡᠷ ᠤᠨ ᠴᠠᠷᠴᠠᠬᠠᠶ ᠶᠢ ᠤᠰᠠᠳᠬᠠᠬᠤ ᠠᠵᠢᠯ ᠢ ᠢᠳᠡᠪᠬᠢᠲᠡᠶ ᠥᠷᠨᠢᠭᠦᠯᠪᠡ
ᠨᠡᠶᠢᠲᠡᠯᠡᠭᠰᠡᠨ ᠴᠠᠭ᠄
2023/7/28
C:\Users\Administrator\Desktop\新闻照片\图片1.jpg
    ᠵᠢᠦ ᠶᠤᠸᠠᠨ ᠤ ᠤᠢ ᠰᠢᠭᠤᠢ ᠡᠪᠡᠰᠦ ᠪᠡᠯᠴᠢᠭᠡᠷ ᠤᠨ ᠬᠤᠪᠢᠶᠠᠷᠢ ᠲᠣᠪᠴᠢᠶ᠎ᠠ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ︾ ᠭᠡᠬᠦ ᠤᠢᠢᠯᠠᠭᠠᠭᠳᠠᠬᠤᠨ ᠢ ᠢᠳᠡᠪᠬᠢᠲᠡᠢ ᠦᠢᠯᠡᠳᠦᠯᠭᠡᠵᠢᠭᠦᠯᠵᠦ᠂ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠳᠠ᠂ ᠵᠢᠦ ᠶᠤᠸᠠᠨ ᠲᠣᠭᠤᠷᠢᠭ ᠤᠨ ᠨᠤᠲᠤᠭ ᠪᠡᠯᠴᠢᠭᠡᠷ ᠤᠨ ᠠᠮᠢ ᠠᠬᠤᠢ ᠶᠢᠨ ᠠᠮᠤᠷ ᠲᠦᠪᠰᠢᠨ ᠤ ᠵᠠᠰᠠᠯᠲᠠ ᠶᠢᠨ ᠡᠯ᠎ᠡ ᠵᠦᠢᠯ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ 7 ᠰᠠᠷ᠎ᠠ ᠠᠴᠠ ᠡᠬᠢᠯᠡᠨ᠂ ᠵᠢᠦ ᠶᠤᠸᠠᠨ ᠤᠢ ᠰᠢᠭᠤᠢ ᠡᠪᠡᠰᠦ ᠪᠡᠯᠴᠢᠭᠡᠷ ᠤᠨ ᠬᠤᠪᠢᠶᠠᠷᠢ ᠲᠣᠪᠴᠢᠶ᠎ᠠ ᠶᠢᠨ ᠨᠤᠲᠤᠭ ᠪᠡᠯᠴᠢᠭᠡᠷ ᠤᠨ ᠦᠷᠳᠡᠭᠡ ᠲᠠᠯ᠎ᠠ ᠨᠤᠲᠤᠭ ᠤᠨ ᠴᠠᠷᠴᠠᠬᠠᠢ ᠶᠢ ᠤᠰᠠᠳᠬᠠᠬᠤ ᠠᠵᠢᠯ ᠢ ᠪᠦᠬᠦ ᠲᠠᠯ᠎ᠠ ᠪᠠᠷ ᠡᠮᠬᠢ ᠵᠢᠷᠤᠮ ᠲᠠᠢ ᠥᠷᠨᠢᠭᠦᠯᠵᠡᠢ᠃
C:\Users\Administrator\Desktop\新闻照片\图片2.jpg
    ᠲᠠᠯ᠎ᠠ ᠨᠤᠲᠤᠭ ᠤᠨ ᠴᠠᠷᠴᠠᠬᠠᠶ ᠶᠢᠨ ᠬᠥᠨᠥᠭᠡᠯ ᠭᠤᠣᠯᠳᠠᠯᠭ᠎ᠠ ᠲᠠᠢ ᠡᠭᠦᠰᠦᠭᠰᠡᠨ ᠠᠭᠠᠷᠤᠲᠠᠢ ᠰᠤᠮᠤ ᠶᠢ ᠬᠢᠨᠠᠨ ᠪᠠᠶᠢᠴᠠᠭᠠᠵᠤ ᠲᠣᠭᠤᠷᠢᠨ ᠪᠠᠶᠢᠴᠠᠭᠠᠬᠤ ᠪᠠᠷ ᠳᠡᠮᠵᠢᠨ᠂ ᠮᠠᠨ ᠤ ᠲᠣᠭᠤᠷᠢᠭ ᠤᠨ ᠲᠠᠯ᠎ᠠ ᠨᠤᠲᠤᠭ ᠤᠨ ᠴᠠᠷᠴᠠᠬᠠᠶ ᠶᠢᠨ ᠬᠥᠨᠥᠭᠡᠯ ᠢ ᠨᠢᠭᠡᠨᠲᠡ ᠬᠥᠮᠦᠨ ᠤ ᠬᠦᠴᠦ ᠪᠠᠷ ᠤᠰᠠᠳᠬᠠᠬᠤ ᠪᠠᠷᠢᠮᠵᠢᠶ᠎ᠠ ᠳᠤ ᠬᠦᠷᠴᠦ᠂ ᠲᠥᠪᠯᠡᠷᠡᠭᠦᠯᠦᠨ ᠵᠠᠯᠭᠠᠯᠳᠤᠭᠤᠯᠬᠤ᠂ ᠭᠤᠤᠯᠳᠠᠯᠭ᠎ᠠ ᠲᠠᠢ ᠰᠡᠷᠭᠡᠶᠢᠯᠡᠨ ᠵᠠᠰᠠᠬᠤ ᠵᠠᠷᠴᠢᠮ ᠶᠣᠰᠣᠭᠠᠷ᠂ ᠲᠣᠰ ᠤᠳᠠᠭᠠᠨ ᠤ ᠲᠠᠯ᠎ᠠ ᠨᠤᠲᠤᠭ ᠤᠨ ᠴᠠᠷᠴᠠᠬᠠᠶ ᠶᠢ ᠤᠰᠠᠳᠬᠠᠬᠤ ᠠᠵᠢᠯ ᠳᠤ ᠵᠢᠯᠣᠭᠤᠴᠢ ᠥᠬᠡᠶ ᠨᠢᠰᠬᠡᠯ ᠪᠠ ᠬᠥᠮᠦᠨ ᠤ ᠬᠦᠴᠦ ᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠴᠠᠷᠴᠠᠬᠠᠶ ᠶᠢ ᠵᠠᠰᠠᠬᠤ ᠡᠮ ᠰᠦᠷᠴᠢᠵᠦ᠂ ᠠ ᠬᠦᠶ ᠭᠧᠦ ᡁᠢ ᠬᠤᠸᠠ ᠭᠤᠤ ᠬᠥᠷᠬᠦ 3000 ᠮᠥ ᠲᠠᠯ᠎ᠠ ᠨᠤᠲᠤᠭ ᠤᠨ ᠴᠠᠷᠴᠠᠬᠠᠶ ᠶᠢ ᠤᠰᠠᠳᠬᠠᠬᠤ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠠᠮᠢ ᠠᠬᠤᠶ ᠶᠢᠨ ᠣᠷᠴᠢᠨ ᠲᠣᠭᠤᠷᠢᠨ ᠪᠠ ᠲᠠᠯ᠎ᠠ ᠨᠤᠲᠤᠭ ᠤᠨ ᠡᠬᠢ ᠪᠠᠶᠠᠯᠢᠭ ᠢ ᠪᠦᠲᠦᠮᠵᠢᠲᠡᠶ ᠬᠠᠮᠠᠭᠠᠯᠠᠭᠰᠠᠨ ᠪᠠᠶᠢᠨ᠎ᠠ᠃    ᠲᠠᠷᠠᠭᠠᠴᠢ ᠶᠢᠨ ᠠᠯᠬᠤᠮ ᠳᠤ᠂ ᠵᠢᠦ ᠶᠤᠸᠠᠨ ᠤ ᠣᠶ ᠰᠢᠭᠤᠶ ᠡᠪᠡᠰᠦ ᠪᠡᠯᠴᠢᠭᠡᠷ ᠤᠨ ᠬᠤᠪᠢᠶᠠᠷᠢ ᠲᠣᠪᠴᠢᠶ᠎ᠠ ᠶᠢᠨ ᠬᠢᠨ ᠨᠤᠲᠤᠭ ᠪᠡᠯᠴᠢᠭᠡᠷ ᠤᠨ ᠬᠥᠨᠥᠭᠡᠯᠲᠡᠶ ᠠᠮᠢᠳᠤ ᠪᠣᠳᠠᠰ ᠢ ᠰᠡᠷᠭᠡᠶᠢᠯᠡᠨ ᠡᠵᠡᠮᠳᠡᠬᠦ ᠴᠢᠳᠠᠪᠤᠷᠢ ᠪᠠᠨ ᠦᠨᠡᠨ ᠬᠦ ᠳᠡᠭᠡᠭᠰᠢᠯᠡᠭᠦᠯᠵᠦ᠂ ᠨᠤᠲᠤᠭ ᠪᠡᠯᠴᠢᠭᠡᠷ ᠤᠨ ᠬᠥᠨᠥᠭᠡᠯᠲᠡᠶ ᠠᠮᠢᠳᠤ ᠪᠣᠳᠠᠰ ᠢ ᠰᠡᠷᠭᠡᠶᠢᠯᠡᠨ ᠵᠠᠰᠠᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠲᠦᠷᠭᠡᠪᠴᠢᠯᠡᠨ ᠪᠠᠶᠢᠭᠤᠯᠵᠤ᠂ ᠪᠥᠬᠦ ᠲᠣᠭᠤᠷᠢᠭ ᠤᠨ ᠨᠤᠲᠤᠭ ᠪᠡᠯᠴᠢᠭᠡᠷ ᠤᠨ ᠠᠮᠢ ᠠᠬᠤᠶ ᠶᠢᠨ ᠠᠮᠤᠷ ᠲᠦᠪᠰᠢᠨ ᠢ ᠬᠠᠮᠠᠭᠠᠯᠠᠬᠤ ᠪᠣᠯᠤᠨ᠎ᠠ᠃   
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号