ᠯᠦ ᠶᠤᠸᠠᠨ ᠨᠡᠶᠢᠭᠡᠮ ᠲᠣᠭᠤᠷᠢᠭ᠄ ᠠᠰᠠᠷᠠᠨ ᠲᠡᠵᠢᠭᠡᠬᠦ ᠬᠥᠮᠦᠨ ᠥᠬᠡᠶ ᠬᠡᠤᠬᠡᠳ ᠢ ᠬᠠᠯᠠᠮᠵᠢᠯᠠᠨ ᠬᠠᠶᠢᠷᠠᠯᠠᠵᠤ  ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ︽ᠢᠵᠢᠯᠢ ᠲᠥᠪᠲᠦ ᠲᠣᠭᠤᠷᠢᠭ︾ ᠢ ᠰᠠᠶᠢᠲᠤᠷ ᠵᠢᠷᠤᠨ᠎ᠠ
ᠨᠡᠶᠢᠲᠡᠯᠡᠭᠰᠡᠨ ᠴᠠᠭ᠄
2023/7/28
C:\Users\Administrator\Desktop\新闻照片\图片4.png
    ︽ᠠᠪᠠᠭ᠎ᠠ ᠠᠨᠢᠶ᠎ᠠ ᠶᠢᠨ ᠮᠢᠨᠢ ᠲᠤᠰᠠᠯᠠᠮᠵᠢ ᠶᠢᠨ ᠮᠥᠩᠭᠦ ᠭᠤᠶᠤᠴᠢᠯᠠᠭᠰᠠᠨ ᠳᠤ ᠲᠠᠯᠠᠷᠬᠠᠵᠤ ᠪᠠᠶᠢᠨ᠎ᠠ᠂ ᠬᠤᠵᠢᠮ ᠪᠢ ᠯᠠᠪᠲᠠᠶ ᠰᠠᠶᠢᠨ ᠰᠤᠷᠤᠯᠴᠠᠵᠤ᠂ ᠴᠢᠷᠮᠠᠶᠢᠨ ᠠᠮᠢᠳᠤᠷᠠᠵᠤ᠂ ᠲᠠ ᠨᠠᠷ ᠢ ᠬᠥᠰᠡᠷᠳᠡᠭᠦᠯᠬᠦ ᠥᠬᠡᠶ︾ ᠭᠡᠵᠡᠶ᠃ ᠣᠶᠢᠷ᠎ᠠ ᠳᠤ᠂ ᠯᠦ ᠶᠤᠸᠠᠨ ᠨᠡᠶᠢᠭᠡᠮ ᠲᠣᠭᠤᠷᠢᠭ ᠤᠨ ᠠᠵᠢᠯᠲᠠᠨ ᠰᠢᠶᠤᠤ ᠵᠢᠶᠦ᠋ᠨ ︵ᠪᠤᠷᠤᠭᠤᠯᠠᠭᠰᠠᠨ ᠨᠡᠷ᠎ᠡ︶ ᠤ ᠬᠡᠷ ᠲᠤ ᠬᠦᠷᠴᠦ ᠬᠠᠷᠢᠭᠤ ᠰᠤᠷᠪᠤᠯᠵᠢᠯᠠᠬᠤ ᠦᠶ᠎ᠡ ᠳᠤ᠂ ᠪᠠᠭ᠎ᠠ ᠰᠤᠷᠭᠠᠭᠤᠯᠢ ᠳᠤ ᠰᠤᠷᠤᠯᠴᠠᠵᠤ ᠪᠠᠶᠢᠭ᠎ᠠ ᠲᠡᠷᠡ ᠲᠠᠯᠠᠷᠬᠠᠯ ᠢᠶᠠᠨ ᠶᠠᠷᠢᠭᠰᠠᠭᠠᠷ ᠢᠷᠡᠵᠡᠶ᠃    ᠰᠢᠶᠤᠤ ᠵᠢᠶᠦ᠋ᠨ ᠤ ᠠᠪᠤ ᠨᠢ ᠪᠠᠷᠢᠯᠭ᠎ᠠ ᠶᠢᠨ ᠭᠠᠵᠠᠷ ᠬᠥᠯᠥᠰᠥᠨ ᠠᠵᠢᠯ ᠬᠢᠵᠦ᠂ ᠠᠵᠢᠯ ᠤᠨ ᠶᠠᠳᠠᠷᠠᠯ ᠵᠦᠳᠡᠷᠡᠯ ᠠᠴᠠ ᠪᠣᠯᠵᠤ ᠲᠡᠷᠡ ᠭᠡᠨᠡᠳᠲᠡ ᠳᠣᠲᠣᠷ᠎ᠠ ᠨᠢ ᠡᠪ ᠦᠭᠡᠶᠢᠷᠡᠵᠦ᠂ ᠳᠣᠣᠷ᠎ᠠ ᠪᠠᠨ ᠮᠡᠳᠡᠭᠡ ᠠᠯᠳᠠᠪᠠ ᠁ ᠠᠵᠢᠯᠴᠢᠨ ᠪᠣᠯᠤᠨ ᠭᠡᠷ ᠤᠨ ᠬᠥᠮᠦᠰ ᠨᠢ ᠡᠮᠨᠡᠯᠭᠡ ᠳᠤ ᠬᠦᠷᠭᠡᠵᠦ ᠲᠦᠷᠭᠡᠨ ᠠᠪᠤᠷᠬᠠᠰᠠᠨ ᠪᠣᠯᠪᠠᠴᠤ ᠡᠴᠦᠰ ᠳᠤ ᠪᠠᠨ ᠲᠡᠭᠦᠨ ᠤ ᠠᠮᠢ ᠨᠠᠰᠤ ᠶᠢ ᠠᠪᠤᠷᠠᠵᠤ ᠳᠡᠶᠢᠯᠦᠭᠰᠡᠨ ᠦᠭᠡᠶ ᠁ ᠡᠶᠢᠮᠦᠷᠬᠦᠦ ᠭᠡᠷ ᠪᠦᠯᠢ ᠶᠢᠨ ᠬᠤᠪᠢᠷᠠᠯᠲᠠ ᠨᠢ ᠰᠢᠶᠤᠤ ᠵᠢᠶᠦ᠋ᠨ ᠤ ᠭᠡᠷ ᠲᠤ ᠠᠪᠴᠤ ᠬᠡᠯᠡᠪᠡᠯ ᠨᠢᠭᠡᠨ ᠯᠤᠲᠤ ᠶᠡᠭᠡ ᠴᠡᠯᠮᠡᠭ ᠡᠳᠦᠷ ᠠᠶᠤᠩᠭ᠎ᠠ ᠨᠢᠵᠢᠭᠢᠨᠡᠭᠰᠡᠨ ᠶᠠᠪᠤᠳᠠᠯ ᠪᠣᠯᠤᠨ᠎ᠠ᠂ ᠤᠴᠢᠷ ᠨᠢ ᠰᠢᠶᠤᠤ ᠵᠢᠶᠦ᠋ᠨ ᠤ ᠡᠵᠢ ᠨᠢ ᠪᠠᠰᠠ ᠣᠶᠤᠨ ᠤ ᠭᠤᠷᠪᠠᠳᠤᠭᠠᠷ ᠳᠡᠰ ᠤᠨ ᠵᠡᠮᠳᠡᠭ ᠬᠥᠮᠦᠨ ᠳᠤ ᠨᠡᠷᠪᠡᠭᠳᠡᠵᠦ ᠪᠠᠶᠢᠨ᠎ᠠ᠂ ᠤᠴᠢᠷ ᠨᠢ ᠰᠢᠶᠤᠤ ᠵᠢᠶᠦ᠋ᠨ ᠤ ᠡᠵᠢ ᠨᠢ ᠪᠠᠰᠠ ᠣᠶᠤᠨ ᠴᠢᠳᠠᠪᠤᠷᠢ ᠶᠢᠨ ᠭᠤᠷᠪᠠᠳᠤᠭᠠᠷ ᠳᠡᠰ ᠤᠨ ᠵᠡᠮᠳᠡᠭ ᠬᠥᠮᠦᠨ᠂ ᠰᠢᠶᠤᠤ ᠵᠢᠶᠦ᠋ᠨ ᠬᠡᠷ ᠤᠨ ᠠᠮᠢᠳᠤᠷᠠᠯ ᠤᠨ ᠭᠤᠤᠯ ᠢᠷᠡᠯᠲᠡ ᠪᠠᠨ ᠠᠯᠳᠠᠵᠤ᠂ ᠵᠥᠪᠬᠡᠨ ᠰᠢᠶᠤᠤ ᠵᠢᠶᠦ᠋ᠨ ᠤ ᠡᠭᠡᠴᠢ ᠳᠤ ᠲᠦᠰᠢᠭᠯᠡᠨ ᠬᠦᠴᠦ ᠶᠠᠪᠤᠵᠤ ᠬᠡᠷ ᠤᠨ ᠠᠮᠢᠳᠤᠷᠠᠯ ᠢᠶᠠᠨ ᠠᠷᠭᠠᠴᠠᠬᠤ ᠠᠴᠠ ᠥᠭᠡᠷ᠎ᠡ ᠠᠷᠭ᠎ᠠ ᠥᠬᠡᠶ ᠪᠣᠯᠵᠠᠶ᠃
C:\Users\Administrator\Desktop\新闻照片\图片5.jpg
    ᠰᠢᠶᠤᠤ ᠵᠢᠶᠦ᠋ᠨ ᠤ ᠬᠤᠪᠢ ᠵᠠᠶᠠᠭ᠎ᠠ ᠬᠥᠮᠦᠰ ᠤᠨ ᠰᠡᠳᠬᠢᠯ ᠢ ᠬᠥᠳᠡᠯᠭᠡᠨ᠎ᠡ᠃ ᠨᠡᠶᠢᠭᠡᠮ ᠲᠣᠭᠤᠷᠢᠭ᠂ ᠵᠡᠭᠡᠯᠢ ᠭᠤᠳᠤᠮᠵᠢ᠂ ᠠᠷᠠᠳ ᠤᠨ ᠶᠠᠪᠤᠳᠠᠯ ᠤᠨ ᠲᠣᠪᠴᠢᠶ᠎ᠠ ᠰᠢᠶᠤᠤ ᠵᠢᠶᠦ᠋ᠨ ᠤ ᠬᠡᠷᠡᠭ ᠢ ᠮᠡᠳᠡᠭᠰᠡᠨ ᠤ ᠳᠠᠷᠠᠭ᠎ᠠ᠂ ᠪᠠᠴᠢᠮ ᠠᠪᠤᠷᠠᠯᠳᠠ ᠶᠢᠨ ᠠᠵᠢᠯᠯᠠᠭ᠎ᠠ ᠥᠷᠨᠢᠭᠦᠯᠵᠦ᠂ ᠲᠡᠭᠦᠨ ᠳᠤ ᠲᠤᠰᠠᠯᠠᠮᠵᠢ ᠦᠵᠡᠭᠦᠯᠪᠡ᠃ ᠰᠢᠶᠤᠤ ᠵᠢᠶᠦ᠋ᠨ ᠢ ᠠᠯᠢ ᠲᠦᠷᠭᠡᠨ ᠢᠶᠠᠷ ᠠᠪᠤᠷᠠᠨ ᠲᠤᠰᠠᠯᠠᠬᠤ ᠶᠢᠨ ᠲᠥᠯᠥᠭᠡ᠂ ᠵᠡᠭᠡᠯᠢ ᠭᠤᠳᠤᠮᠵᠢ ᠵᠢᠴᠢ ᠨᠡᠶᠢᠭᠡᠮ ᠲᠣᠭᠤᠷᠢᠭ ᠤᠨ ᠠᠵᠢᠯᠲᠠᠳ ᠲᠡᠷᠡ ᠳᠠᠷᠤᠢ ᠳᠤᠨᠢ ᠰᠢᠶᠤᠤ ᠵᠢᠶᠦ᠋ᠨ ᠤ ᠡᠭᠡᠴᠢ ᠲᠠᠢ ᠨᠢ ᠬᠠᠷᠢᠯᠴᠠᠵᠤ᠂ ᠰᠢᠶᠤᠤ ᠵᠢᠶᠦ᠋ᠨ ᠤ ᠭᠡᠷ ᠲᠤ ᠬᠦᠷᠴᠦ ᠲᠡᠳᠡᠨ ᠢ ᠬᠠᠪᠰᠤᠷᠤᠨ ᠬᠡᠷᠡᠭ ᠳᠡᠭᠡᠷ᠎ᠡ ᠪᠠᠨ ᠠᠰᠠᠷᠠᠨ ᠲᠡᠵᠢᠭᠡᠬᠦ ᠬᠥᠮᠦᠨ ᠦᠭᠡᠢ ᠬᠡᠦᠬᠡᠳ ᠤᠨ ᠦᠨᠳᠦᠰᠦᠨ ᠠᠮᠢᠳᠤᠷᠠᠯ ᠤᠨ ᠨᠥᠬᠦᠪᠥᠷᠢ ᠭᠤᠶᠤᠴᠢᠯᠠᠬᠤ ᠮᠠᠲ᠋ᠧᠷᠢᠶᠠᠯ ᠢ ᠪᠡᠯᠡᠳᠬᠡᠵᠦ᠂ ᠲᠡᠷᠡ ᠳᠠᠷᠤᠢ ᠳᠤᠨᠢ ᠵᠢᠤ ᠶᠤᠸᠠᠨ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠳᠤ ᠲᠤᠰᠢᠶᠠᠵᠤ ᠬᠢᠨᠠᠨ ᠵᠥᠪᠰᠢᠶᠡᠷᠡᠭᠦᠯᠵᠦ ᠲᠠᠬᠢᠨ ᠬᠢᠨᠠᠭᠤᠯᠪᠠ᠃ ᠳᠠᠬᠢᠨ ᠬᠢᠨᠠᠬᠤ ᠶᠠᠪᠤᠴᠠ ᠪᠠᠷ ᠳᠡᠮᠵᠢᠨ᠂ ᠰᠢᠶᠤᠤ ᠵᠢᠶᠦ᠋ᠨ ᠮᠠᠰᠢ ᠲᠦᠷᠭᠡᠨ ᠢᠶᠠᠷ ᠠᠮᠢᠳᠤᠷᠠᠯ ᠤᠨ ᠨᠥᠬᠦᠪᠥᠷᠢ ᠪᠠᠨ ᠤᠯᠪᠠ᠃    ᠰᠢᠶᠤᠤ ᠵᠢᠶᠦ᠋ᠨ ᠤ ᠡᠭᠡᠴᠢ ᠨᠢ ᠲᠡᠳᠡᠨ ᠢ ᠬᠠᠪᠰᠤᠷᠴᠤ ᠪᠠᠶᠢᠭ᠎ᠠ ᠨᠡᠶᠢᠭᠡᠮ ᠲᠣᠭᠤᠷᠢᠭ ᠤᠨ ᠠᠵᠢᠯᠲᠠᠳ ᠲᠤ ᠣᠯᠠᠨ ᠤᠳᠠᠭ᠎ᠠ ᠲᠠᠯᠠᠷᠬᠠᠯ ᠢᠶᠠᠨ ᠢᠯᠡᠳᠬᠡᠵᠡᠶ᠂ ︽ᠡᠶᠢᠮᠦ ᠲᠦᠷᠭᠡᠨ ᠡᠷᠡᠮᠡᠯᠵᠡᠵᠦ ᠣᠯᠤᠨ᠎ᠠ ᠭᠡᠵᠦ ᠪᠣᠳᠣᠵᠤ ᠣᠯᠤᠭᠰᠠᠨ ᠦᠭᠡᠶ᠂ ᠶᠠᠭᠠᠬᠢᠵᠤ ᠬᠡᠯᠡᠬᠦ ᠪᠠᠨ ᠤᠯᠬᠤ ᠦᠭᠡᠶ ᠪᠠᠶᠢᠨ᠎ᠠ᠂ ᠤᠯᠤᠰ ᠪᠠ ᠵᠠᠰᠠᠭ ᠤᠨ ᠣᠷᠳᠣᠨ᠂ ᠨᠡᠶᠢᠭᠡᠮ ᠲᠣᠭᠤᠷᠢᠭ ᠲᠤ ᠦᠨᠡᠬᠡᠷ ᠲᠠᠯᠠᠷᠬᠠᠵᠤ ᠪᠠᠶᠢᠨ᠎ᠠ᠂ ᠲᠠ ᠨᠠᠷ ᠲᠤ ᠲᠠᠯᠠᠷᠬᠠᠵᠤ ᠪᠠᠶᠢᠨ᠎ᠠ︾ ᠭᠡᠵᠦ ᠬᠡᠯᠡᠪᠡ᠃   
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号