ᠵᠢᠥ ᠶᠤᠸᠠᠨ ᠲᠣᠭᠤᠷᠢᠭ ᠤᠨ ᠵᠠᠰᠠᠭ ᠤᠨ ᠣᠷᠳᠣᠨ 2023 ᠣᠨ ᠤ 6 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/7/6
    7 ᠰᠠᠷ᠎ᠠ ᠶᠢᠨ 6᠎ ᠤ ᠡᠳᠦᠷ᠂ ᠵᠠᠰᠠᠭ ᠤᠨ ᠣᠷᠳᠣᠨ 2023 ᠣᠨ ᠤ 6 ᠳ᠋ᠤᠭᠠᠷ ᠤᠳᠠᠭ᠎ᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠬᠤᠷᠠᠯᠳᠤᠭᠤᠯᠪᠠᠨᠢᠭᠡ᠂ ᠬᠤᠷᠠᠯ ᠤᠨ ᠠᠭᠤᠯᠭ᠎ᠠᠬᠤᠷᠠᠯ ᠤᠨ ᠰᠤᠷᠤᠯᠴᠠᠯᠭ᠎ᠠ    7 ᠰᠠᠷ᠎ᠠ ᠶᠢᠨ 6᠎ ᠤ ᠡᠳᠦᠷ᠂ ᠲᠤᠭᠤᠷᠢᠭ ᠤᠨ ᠵᠠᠰᠠᠭ ᠤᠨ ᠣᠷᠳᠣᠨ 2023 ᠣᠨ ᠤ 6 ᠳ᠋ᠤᠭᠠᠷ ᠤᠳᠠᠭᠠᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ  ᠳᠠᠮᠵᠢᠭᠤᠯᠤᠨ ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ ᠤ ᠬᠠᠤᠯᠢᠵᠢᠯ ᠤᠨ ᠵᠠᠰᠠᠭ ᠤᠨ ᠣᠷᠳᠣᠨ ᠤ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠠᠵᠢᠯ ᠤᠨ ᠬᠤᠯᠪᠣᠭᠳᠠᠯ ᠪᠥᠬᠦᠶ ᠵᠦᠢᠯᠡᠰ ᠢ ᠰᠤᠳᠤᠯᠵᠤ᠂ ︽ᠵᠢᠦ ᠶᠤᠸᠠᠨ ᠲᠣᠭᠤᠷᠢᠭ ᠤᠨ 2023 ᠣᠨ ᠤ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠠᠵᠢᠯᠯᠠᠭ᠎ᠠ ᠶᠢᠨ ᠲᠥᠰᠦᠯ︾᠎ ᠢ ᠨᠠᠶᠢᠷᠠᠭᠤᠯᠤᠨ ᠵᠣᠬᠢᠶᠠᠬᠤ ᠬᠤᠯᠪᠣᠭᠳᠠᠯ ᠪᠥᠬᠦᠶ ᠵᠦᠢᠯᠡᠰ ᠢ ᠰᠤᠳᠤᠯᠵᠤ᠂ 2023 ᠣᠨ ᠤ ᠵᠢᠥ ᠶᠤᠸᠠᠨ ᠲᠣᠭᠤᠷᠢᠭ ᠤᠨ ᠨᠠᠰᠤᠨ ᠳᠤ ᠥᠯᠥ ᠭᠦᠷᠦᠭᠰᠡᠳ ᠤᠨ ᠦᠵᠡᠯ ᠰᠠᠨᠠᠭ᠎ᠠ ᠶᠣᠰᠣ ᠮᠣᠷᠠᠯ ᠤᠨ ᠪᠠᠶᠢᠭᠤᠯᠤᠯᠲᠠ ᠶᠢᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠰᠢᠶᠠᠨ ᠤ ᠬᠡᠪᠴᠢᠶᠡᠨ ᠤ ᠪᠠᠶᠢᠭᠠᠯᠢ ᠶᠢᠨ ᠭᠠᠮᠰᠢᠭ ᠤᠨ ᠶᠡᠷᠦᠩᠬᠡᠶᠢᠯᠡᠭᠰᠡᠨ ᠠᠶᠤᠯ ᠲᠦᠭᠰᠢᠭᠦᠷᠢ ᠶᠢᠨ ᠨᠡᠶᠢᠳᠡᠮ ᠪᠠᠶᠢᠴᠠᠭᠠᠯᠲᠠ ᠶᠢᠨ ᠦᠷ᠎ᠡ ᠪᠦᠲᠦᠭᠡᠯ ᠤᠨ ᠬᠡᠷᠡᠭᠯᠡᠯᠲᠡ ᠶᠢᠨ ᠲᠤᠷᠰᠢᠯᠲᠠ ᠶᠢᠨ ᠴᠡᠭ ᠤᠨ ᠠᠵᠢᠯ ᠤᠨ ᠬᠠᠷᠢᠭᠤ ᠮᠡᠳᠡᠭᠦᠯᠦᠯᠲᠡ ᠵᠡᠷᠭᠡ ᠬᠤᠯᠪᠣᠭᠳᠠᠯ ᠪᠥᠬᠦᠶ ᠵᠦᠢᠯᠡᠰ ᠢ ᠰᠣᠨᠣᠰᠴᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃     ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠯᠢᠦ ᠰᠢᠶᠤᠤ ᠫᠢᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃ᠬᠤᠷᠠᠯ ᠠᠴᠠ ᠴᠢᠬᠤᠯᠠᠴᠢᠯᠠᠭᠰᠠᠨ ᠨᠢ᠂    ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠳᠡᠭᠡᠳᠦ ᠬᠡᠮᠵᠢᠶᠡᠨ ᠤ ᠤᠯᠤᠰ ᠲᠦᠷᠦ ᠶᠢᠨ ᠬᠠᠷᠢᠭᠤᠴᠠᠯᠭᠠᠲᠤ ᠰᠡᠳᠬᠢᠯᠭᠡ ᠪᠠᠷ ᠲᠠᠷᠢᠬᠢ ᠲᠣᠯᠣᠭᠠᠢ ᠪᠠᠨ ᠵᠡᠪᠰᠡᠭᠯᠡᠵᠦ᠂ ᠦᠢᠯᠡᠳᠦᠯᠭᠡ ᠪᠠᠨ ᠵᠢᠯᠤᠭᠤᠳᠤᠭᠤᠯᠵᠤ᠂ ᠠᠵᠢᠯ ᠢᠶᠠᠨ ᠠᠬᠢᠭᠤᠯᠬᠤ ᠬᠡᠷᠡᠭᠲᠡᠢ᠃ ᠵᠢᠱᠢᠶ᠎ᠡ ᠦᠵᠡᠭᠦᠯᠵᠦ ᠡᠭᠦᠳᠦᠨ ᠪᠠᠶᠢᠭᠤᠯᠬᠤ ᠠᠵᠢᠯ ᠢ ᠰᠠᠶᠢᠲᠤᠷ ᠠᠳᠬᠤᠬᠤ ᠰᠠᠨᠠᠭᠠᠴᠢᠯᠠᠭᠠᠲᠤ ᠴᠢᠨᠠᠷ ᠪᠣᠯᠤᠨ ᠬᠠᠨᠳᠤᠯᠭᠠᠲᠤ ᠴᠢᠨᠠᠷ ᠢ ᠴᠢᠩᠭᠠᠳᠬᠠᠵᠤ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠨᠢᠭᠡᠴᠡ ᠶᠢᠨ ᠭᠤᠣᠯ ᠬᠠᠷᠢᠭᠤᠴᠠᠯᠭᠠᠲᠠᠨ ᠰᠠᠨᠠᠭᠠᠴᠢᠯᠠᠭ᠎ᠠ ᠠᠴᠠ ᠪᠠᠨ ᠭᠠᠷᠳᠠᠵᠤ᠂ ᠪᠡᠶ᠎ᠡ ᠪᠠᠷ ᠢᠶᠠᠨ ᠪᠡᠯᠡᠳᠬᠡᠵᠦ᠂ ᠠᠵᠢᠯ ᠤᠨ ᠭᠤᠣᠯᠳᠠᠯᠭ᠎ᠠ ᠪᠠᠨ ᠲᠤᠪᠤᠶᠢᠯᠭᠠᠨ᠂ ᠡᠭᠦᠳᠦᠨ ᠪᠠᠶᠢᠭᠤᠯᠬᠤ ᠬᠠᠷᠢᠭᠤᠴᠠᠯᠭ᠎ᠠ ᠪᠠᠨ ᠨᠠᠷᠢᠨ ᠨᠢᠮᠪᠠᠢ ᠨᠠᠶᠢᠳᠠᠪᠤᠷᠢᠵᠢᠭᠤᠯᠵᠤ᠂ ᠬᠠᠤᠯᠢᠵᠢᠯ ᠤᠨ ᠵᠠᠰᠠᠭ ᠤᠨ ᠣᠷᠳᠣᠨ ᠢ ᠡᠭᠦᠳᠦᠨ ᠪᠠᠶᠢᠭᠤᠯᠬᠤ ᠡᠯ᠎ᠡ ᠵᠦᠢᠯ ᠤᠨ ᠠᠵᠢᠯ ᠤᠨ ᠪᠣᠳᠠᠲᠤ ᠦᠷ᠎ᠡ ᠪᠦᠲᠦᠮᠵᠢ ᠤᠯᠬᠤ᠂ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ ᠨᠠᠶᠢᠳᠠᠪᠤᠷᠢᠵᠢᠭᠤᠯᠤᠯᠲᠠ ᠶᠢ ᠴᠢᠩᠭᠠᠳᠬᠠᠨ ᠨᠢᠭᠲᠠ ᠬᠠᠮᠵᠢᠯᠴᠠᠵᠤ᠂ ᠡᠭᠦᠷᠭᠡ ᠶᠢᠨ ᠬᠤᠪᠢᠶᠠᠷᠢᠯᠠᠯᠲᠠ ᠲᠠᠢ ᠬᠠᠷᠭᠤᠭᠤᠯᠵᠤ᠂ ᠠᠷᠭ᠎ᠠ ᠬᠡᠮᠵᠢᠶ᠎ᠡ ᠪᠠᠨ ᠤᠯᠠᠮ ᠴᠢᠨᠠᠭᠰᠢᠳᠠ ᠨᠠᠷᠢᠯᠢᠬᠵᠢᠭᠤᠯᠵᠤ᠂ ᠬᠠᠷᠠᠯᠲᠠ ᠪᠠᠨ ᠵᠠᠳᠠᠯᠵᠤ᠂ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠠᠵᠢᠯᠯᠠᠭ᠎ᠠ ᠶᠢᠨ ᠥᠨᠳᠥᠷ ᠪᠦᠲᠦᠮᠵᠢᠲᠡᠢ ᠥᠷᠨᠢᠬᠦ ᠶᠢ ᠪᠠᠲᠤᠯᠠᠬᠤ ᠬᠡᠷᠡᠭᠲᠡᠢ᠃ ᠬᠠᠮᠵᠢᠯᠴᠠᠭ᠎ᠠ ᠪᠠᠨ ᠴᠢᠩᠭᠠᠳᠬᠠᠵᠤ᠂ ᠨᠠᠰᠤᠨ ᠳᠤ ᠥᠯᠥ ᠭᠦᠷᠦᠭᠰᠡᠳ ᠢ ᠬᠠᠯᠠᠮᠵᠢᠯᠠᠨ ᠬᠠᠶᠢᠷᠠᠯᠠᠬᠤ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠰᠠᠶᠢᠲᠤᠷ ᠬᠢᠵᠦ᠂ ᠨᠡᠶᠢᠭᠡᠮ ᠤᠨ ᠰᠣᠶᠣᠯ ᠤᠨ ᠣᠷᠴᠢᠨ ᠲᠣᠭᠤᠷᠢᠨ ᠢ ᠲᠠᠰᠤᠷᠠᠯᠲᠠ ᠥᠬᠡᠶ ᠰᠢᠯᠢᠳᠡᠭᠵᠢᠭᠦᠯᠦᠨ᠂ ᠨᠠᠰᠤᠨ ᠳᠤ ᠥᠯᠥ ᠭᠦᠷᠦᠭᠰᠡᠳ ᠤᠨ ᠦᠵᠡᠯ ᠰᠠᠨᠠᠭ᠎ᠠ ᠶᠣᠰᠣ ᠮᠣᠷᠠᠯ ᠤᠨ ᠪᠠᠶᠢᠭᠤᠯᠤᠯᠲᠠ ᠶᠢᠨ ᠠᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠬᠦᠴᠦ ᠪᠠᠨ ᠬᠠᠮᠲᠤᠳᠬᠠᠨ ᠠᠬᠢᠭᠤᠯᠬᠤ ᠬᠡᠷᠡᠭᠲᠡᠶ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号