︽ᠦᠨᠳᠦᠰᠦᠨ ᠱᠠᠲᠤᠨ ᠤ ᠬᠥᠳᠡᠯᠦᠯ ᠪᠠᠶᠢᠳᠠᠯ︾ ᠡᠷᠡᠭᠦᠯ ᠮᠡᠨᠳᠦ ᠵᠢᠨ‌ᠵᠢᠷᠤᠮ ᠤᠨ ᠡᠮᠴᠢᠯᠡᠭᠡ ᠶᠢ ᠬᠥᠳᠡᠭᠡ ᠲᠣᠰᠬᠤᠨ ᠳᠤ ᠬᠢᠵᠦ ᠠᠷᠠᠳ ᠤᠨ ᠰᠡᠳᠬᠢᠯ ᠢ ᠳᠣᠭᠳᠣᠯᠤᠭᠤᠯᠤᠨ᠎ᠠ
ᠨᠡᠶᠢᠲᠡᠯᠡᠭᠰᠡᠨ ᠴᠠᠭ᠄
2023/7/7
C:\Users\Administrator\Desktop\新闻照片\图片1.jpg
    ᠲᠣᠰᠬᠤᠨ ᠤ ᠠᠷᠠᠳ ᠤᠨ ᠡᠷᠡᠭᠦᠯ ᠮᠡᠨᠳᠦ ᠠᠮᠢᠳᠤᠷᠠᠬᠤ ᠤᠨ ᠬᠡᠷᠡᠭᠴᠡᠭᠡ ᠶᠢ ᠬᠠᠩᠭᠠᠵᠤ᠂ ᠲᠣᠰᠬᠤᠨ ᠤ ᠠᠷᠠᠳ ᠤᠨ ᠡᠷᠡᠭᠦᠯ ᠮᠡᠨᠳᠦ ᠶᠢᠨ ᠵᠢᠭᠠᠯᠲᠠ ᠲᠤᠭ᠎ᠠ ᠪᠣᠯᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ ᠣᠶᠢᠷ᠎ᠠ ᠳᠤ᠂ ᠬᠤᠸᠠᠩ ᠼᠤᠤ ᠸᠠ ᠲᠣᠰᠬᠤᠨ ᠪᠤᠭᠤᠲᠤ ᠶᠢᠨ ᠯᠢ ᠷᠧᠨ ᠡᠮᠨᠡᠯᠭᠡ ᠶᠢᠨ ᠬᠤᠷᠢᠶ᠎ᠠ ᠲᠠᠢ ᠬᠠᠮᠲᠤᠷᠠᠨ ᠵᠣᠨ ᠤ ᠤᠯᠠᠷᠢᠯ ᠤᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠥᠷᠨᠢᠭᠦᠯᠪᠡ᠃    ᠣᠶᠢᠯᠠᠭᠠᠭᠰᠠᠨ ᠢᠶᠠᠷ᠂ ᠲᠣᠰ ᠤᠳᠠᠭᠠᠨ ᠤ ᠵᠢᠷᠤᠮ ᠤᠨ ᠡᠮᠴᠢᠯᠡᠭᠡ ᠳᠤ ᠵᠢᠷᠦᠬᠡᠨ ᠤ ᠳᠣᠲᠣᠷ ᠰᠠᠯᠠᠭ᠎ᠠ᠂ ᠭᠠᠳᠠᠷ ᠰᠠᠯᠠᠭ᠎ᠠ᠂ ᠰᠢᠩᠭᠡᠭᠡᠯᠲᠡ ᠶᠢᠨ ᠳᠣᠲᠣᠷ ᠰᠠᠯᠠᠭ᠎ᠠ᠂ ᠬᠤᠰᠬᠢᠨᠠᠭ ᠭᠡᠳᠡᠰᠦᠨ ᠤ ᠰᠠᠯᠠᠭ᠎ᠠ᠂ ᠶᠠᠰᠤᠨ ᠤ ᠰᠠᠯᠠᠭ᠎ᠠ᠂ ᠬᠢᠲᠠᠳ ᠡᠮᠨᠡᠯᠭᠡ ᠶᠢᠨ ᠰᠠᠯᠠᠭ᠎ᠠ᠂ ᠡᠮᠡᠭᠲᠡᠶ ᠶᠢᠨ ᠰᠠᠯᠠᠭ᠎ᠠ ᠵᠡᠷᠭᠡ ᠣᠯᠠᠨ ᠲᠤᠰᠬᠠᠶ ᠮᠡᠷᠭᠡᠵᠢᠯᠲᠡᠨ ᠲᠤᠬᠠᠶ ᠶᠢᠨ ᠲᠠᠯᠠᠪᠤᠷ ᠲᠤ ᠰᠠᠭᠤᠵᠤ ᠣᠨᠣᠰᠢᠯᠠᠬᠤ ᠶᠢᠨ ᠬᠠᠮᠲᠤ ᠪᠠᠰᠠ ᠰᠦᠢᠳᠬᠡᠯ ᠬᠤᠷᠢᠶᠠᠬᠤ ᠥᠬᠡᠶ ᠪᠠᠷ ᠴᠢᠰᠤᠨ ᠰᠢᠬᠢᠷ ᠢ ᠬᠡᠮᠵᠢᠬᠦ᠂ ᠴᠢᠰᠤᠨ ᠳᠠᠷᠤᠯᠲᠠ ᠶᠢ ᠬᠡᠮᠵᠢᠬᠦ᠂ ᠬᠢᠲᠠᠳ ᠡᠮᠨᠡᠯᠭᠡ ᠶᠢᠨ ᠰᠤᠳᠠᠯ ᠪᠠᠷᠢᠬᠤ᠂ ᠡᠯᠢᠭᠡ ᠰᠥᠰᠥ ᠨᠦᠢᠷ ᠳᠡᠯᠢᠭᠦᠦ ᠬᠡᠪᠡᠯᠢ ᠶᠢᠨ ᠬᠡᠰᠡᠭ ᠤᠨ B ᠬᠡᠲᠦ ᠳᠣᠯᠭᠢᠶᠠᠨ ᠤ ᠪᠠᠶᠢᠴᠠᠭᠠᠯᠲᠠ ᠬᠠᠩᠭᠠᠭᠰᠠᠨ ᠪᠠᠶᠢᠨ᠎ᠠ᠃
C:\Users\Administrator\Desktop\新闻照片\图片2.jpg
    ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠲᠤ᠂ ᠵᠢᠷᠤᠮ ᠤᠨ ᠡᠮᠴᠢᠯᠡᠭᠡ ᠳᠤ ᠣᠷᠣᠯᠴᠠᠬᠤ ᠪᠠᠷ ᠢᠷᠡᠭᠰᠡᠨ ᠭᠠᠴᠠᠭᠠᠨ ᠤ ᠠᠷᠠᠳ ᠲᠠᠰᠤᠷᠠᠯᠲᠠ ᠦᠭᠡᠢ ᠴᠤᠪᠤᠷᠠᠵᠤ᠂ ᠡᠮᠨᠡᠯᠭᠡ ᠶᠢᠨ ᠠᠵᠢᠯᠲᠠᠳ ᠡᠮᠨᠡᠭᠦᠯᠬᠦ ᠪᠠᠷ ᠢᠷᠡᠭᠰᠡᠨ ᠭᠠᠴᠠᠭᠠᠨ ᠤ ᠠᠷᠠᠳ ᠤᠨ ᠴᠢᠰᠤᠨ ᠳᠠᠷᠤᠯᠲᠠ ᠶᠢ ᠬᠡᠮᠵᠢᠬᠦ᠂ ᠴᠢᠰᠤᠨ ᠰᠢᠬᠢᠷ ᠢ ᠬᠡᠮᠵᠢᠬᠦ ᠶᠢᠨ ᠲᠥᠯᠥᠭᠡ᠂ ᠠᠰᠠᠭᠤᠵᠤ ᠣᠨᠣᠰᠢᠯᠠᠬᠤ᠂ ᠨᠠᠷᠢᠨ ᠪᠠᠶᠢᠴᠠᠭᠠᠬᠤ᠂ ᠥᠩᠭᠡᠷᠡᠭᠰᠡᠨ ᠤ ᠡᠪᠡᠳᠴᠢᠨ ᠤ ᠲᠡᠦᠬᠡ ᠶᠢ ᠬᠢᠨᠠᠮᠠᠭᠠᠶ ᠰᠣᠨᠣᠰᠬᠤ ᠵᠡᠷᠭᠡ ᠠᠷᠭ᠎ᠠ ᠮᠠᠶ᠋ᠢᠭ ᠢᠶᠠᠷ ᠭᠠᠴᠠᠭᠠᠨ ᠤ ᠠᠷᠠᠳ ᠤᠨ ᠠᠰᠠᠭᠤᠳᠠᠯ ᠢ ᠨᠠᠷᠢᠨ ᠨᠢᠮᠪᠠᠶ ᠲᠠᠶᠢᠯᠪᠤᠷᠢᠯᠠᠵᠤ᠂ ᠣᠨᠣᠰᠢᠯᠠᠭᠰᠠᠨ ᠰᠠᠨᠠᠯ ᠭᠠᠷᠭᠠᠵᠤ᠂ ᠵᠦᠢ ᠵᠣᠬᠢᠰᠲᠠᠶ ᠣᠨᠣᠰᠢᠯᠠᠨ ᠡᠮᠨᠡᠬᠦ ᠰᠠᠨᠠᠭᠤᠯᠭ᠎ᠠ ᠭᠠᠷᠭᠠᠬᠤ ᠶᠢᠨ ᠬᠠᠮᠲᠤ ᠦᠷᠭᠦᠯᠵᠢᠯᠡᠨ ᠪᠠᠶᠢᠴᠠᠭᠠᠬᠤ ᠪᠠ ᠡᠮᠨᠡᠨ ᠵᠠᠰᠠᠬᠤ ᠳᠤ ᠠᠩᠬᠠᠷᠬᠤ ᠵᠦᠢᠯ ᠤᠳ ᠢ ᠵᠠᠬᠢᠳᠠᠭ᠃    ᠲᠣᠰ ᠤᠳᠠᠭᠠᠨ ᠤ ᠠᠵᠢᠯᠯᠠᠭ᠎ᠠ ᠳᠤ ᠨᠡᠶᠢᠲᠡ 100 ᠭᠠᠷᠤᠶ ᠬᠥᠮᠦᠨ ᠤᠳᠠᠭ᠎ᠠ ᠵᠠᠯᠭᠠᠨ ᠡᠮᠨᠡᠭᠦᠯᠵᠡᠶ᠃ ᠵᠢᠷᠤᠮ ᠤᠨ ᠡᠮᠴᠢᠯᠡᠭᠡᠨ ᠤ ᠠᠵᠢᠯᠯᠠᠭ᠎ᠠ ᠨᠢ ᠭᠠᠴᠠᠭᠠᠨ ᠤ ᠠᠷᠠᠳ ᠲᠤ ᠡᠮᠨᠡᠯᠭᠡ ᠶᠢᠨ ᠦᠢᠯᠡᠴᠢᠯᠡᠭᠡ ᠬᠠᠩᠭᠠᠵᠤ᠂ ᠣᠯᠠᠨ ᠲᠦᠮᠡᠨ ᠤ ᠡᠷᠡᠭᠦᠯ ᠮᠡᠨᠳᠦ ᠶᠢ ᠬᠠᠮᠠᠭᠠᠯᠠᠬᠤ ᠤᠬᠠᠮᠰᠠᠷ ᠢ ᠨᠡᠮᠡᠭᠳᠡᠭᠦᠯᠦᠨ ᠭᠠᠴᠠᠭᠠᠨ ᠤ ᠠᠷᠠᠳ ᠤᠨ ᠬᠦᠷᠢᠶᠡᠯᠡᠯ ᠢ ᠶᠡᠬᠡᠳᠡ ᠣᠯᠤᠭᠰᠠᠨ ᠪᠠᠶᠢᠨ᠎ᠠ᠃ ᠬᠤᠸᠠᠩ ᠼᠤᠤ ᠸᠠ ᠲᠣᠰᠬᠤᠨ ᠤ ᠨᠠᠮ ᠤᠨ ᠡᠭᠦᠷ ᠤᠨ ᠱᠦᠵᠢ ᠬᠤᠤ ᠵᠢᠶᠠᠨ ᠴᠦᠨ᠂ ᠬᠤᠶᠢᠰᠢᠳᠠ ᠡᠶᠢᠮᠦᠷᠬᠦ ᠵᠢᠷᠤᠮ ᠤᠨ ᠡᠮᠴᠢᠯᠡᠭᠡᠨ ᠤ ᠠᠵᠢᠯᠯᠠᠭ᠎ᠠ ᠶᠢ ᠦᠷᠭᠦᠯᠵᠢ ᠵᠣᠬᠢᠶᠠᠨ ᠪᠠᠶᠢᠭᠤᠯᠵᠤ᠂ ᠡᠮ ᠡᠮᠨᠡᠯᠭᠡ ᠶᠢᠨ ᠦᠢᠯᠡᠴᠢᠯᠡᠭᠡ ᠶᠢ ᠦᠨᠳᠦᠰᠦᠨ ᠱᠠᠲᠤᠨ ᠳᠤ ᠪᠠᠭᠤᠯᠭᠠᠵᠤ᠂ ᠤᠯᠠᠨ ᠲᠦᠮᠡᠨ ᠤ ᠳᠤᠲᠠᠭᠤ ᠠᠯᠬᠤᠵᠤ᠂ ᠢᠯᠡᠭᠦᠬᠡᠨ ᠠᠰᠢᠭ ᠬᠦᠷᠳᠡᠬᠦ ᠶᠢ ᠪᠡᠶᠡᠯᠡᠭᠦᠯᠦᠨ᠎ᠡ ᠭᠡᠵᠦ ᠢᠯᠡᠳᠬᠡᠪᠡ᠃   
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号